ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠵᠠᠷᠭᠤᠯᠳᠤᠬᠤ ᠠ᠋ᠴᠠ ᠡᠮᠦᠨ᠎ᠡ ᠡᠶᠡᠳᠡᠭᠦᠯᠬᠦ ᠭᠠᠳᠠᠭᠰᠢ ᠨᠡᠬᠡᠮᠵᠢᠯᠡᠬᠦ ᠠᠪᠴᠠᠭᠠᠨ ᠤ᠋ ᠡᠷᠬᠡ ᠶ᠋ᠢᠨ ᠵᠢᠭᠤᠷᠠᠯᠳᠤᠭᠠᠨ ᠤ᠋ ᠬᠡᠷᠡᠭ
2020.09.07 ᠲᠣᠰ ᠥᠷᠲᠡᠭᠡᠨ᠎ᠦ ᠨᠠᠢᠷᠠᠭᠤᠯᠤᠭᠴᠢ

ᠣᠢᠷ᠎ᠠ ᠳ᠋ᠤ᠌ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢ 《 ᠠᠷᠠᠳ ᠤ᠋ᠨ ᠰᠢᠭᠦᠬᠦ ᠬᠣᠷᠢᠶᠠᠨ ᠤ᠋ ᠡᠶᠡᠳᠡᠭᠦᠯᠬᠦ ᠲᠠᠪᠴᠠᠩ》 ᠢ᠋ᠶ᠋ᠠᠷ ᠳᠠᠮᠵᠢᠨ  ᠭᠠᠳᠠᠭᠰᠢ ᠥᠷᠢ ᠨᠡᠬᠡᠮᠵᠢᠯᠡᠨ ᠬᠤᠷᠢᠶᠠᠬᠤ ᠵᠢᠭᠤᠷᠠᠯᠳᠤᠭᠠᠨ ᠤ᠋ ᠬᠡᠷᠡᠭ ᠢ᠋ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠡᠶᠡᠳᠡᠭᠦᠯᠦᠭᠴᠢ ᠳ᠋ᠦ᠍ ᠨᠠᠢᠳᠠᠨ ᠡᠶᠡᠳᠡᠭᠦᠯᠦᠭᠦᠯᠦᠭᠰᠡᠨ ᠪᠠᠢᠨ᠎ᠠ ᠃ ᠭᠠᠭᠴᠠ ᠬᠦ᠌ ᠨᠢᠭᠡ ᠴᠠᠭ ᠪᠣᠯᠤᠭ᠎ᠠ ᠦᠭᠡᠢ ᠪᠡᠷ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠢ᠋ ᠡᠶᠡᠳᠦᠭᠦᠯᠵᠦ ᠂ ᠲᠡᠷᠡ ᠳᠠᠷᠤᠢ ᠳ᠋ᠤᠨᠢ ᠭᠦᠢᠴᠡᠳᠭᠡᠯᠭᠡᠵᠦ ᠂ ᠵᠥᠷᠢᠴᠡᠯ ᠵᠢᠭᠤᠷᠠᠯᠳᠤᠭᠠᠨ ᠢ᠋ ᠥᠨᠳᠥᠷ ᠪᠦᠲᠦᠮᠵᠢᠲᠡᠢ ᠪᠥᠭᠡᠳ ᠳᠥᠭᠥᠮ ᠲᠦᠳᠡ ᠶ᠋ᠢ ᠵᠠᠭᠠᠯᠳᠤᠬᠤ ᠠ᠋ᠴᠠ ᠡᠮᠦᠨ᠎ᠡ ᠂ ᠡᠭᠦᠨ ᠦ᠌ ᠬᠠᠮᠲᠤ ᠲᠤᠬᠠᠢ ᠶ᠋ᠢᠨ ᠬᠥᠮᠦᠨ ᠳ᠋ᠦ᠍ 3000 ᠭᠠᠷᠤᠢ ᠲᠥᠭᠥᠷᠢᠭ ᠦ᠋ᠨ ᠵᠠᠷᠭᠤ ᠶ᠋ᠢᠨ ᠰᠦᠢᠳᠭᠡᠯ ᠢ᠋ ᠠᠷᠪᠢᠯᠠᠵᠤ ᠥᠭᠪᠡ ᠃
 ᠬᠡᠷᠡᠭ ᠦ᠋ᠨ ᠪᠠᠢᠳᠠᠯ ᠤ᠋ᠨ ᠬᠠᠷᠢᠭᠤᠯᠲᠠ
 ᠣᠷᠳᠣᠰ ᠬᠣᠲᠠ ᠶ᠋ᠢᠨ ᠨᠢᠭᠡᠨ ᠲᠣᠨᠣᠭ ᠲᠥᠬᠥᠭᠡᠷᠦᠮᠵᠢ ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠥᠪᠥᠷ ᠮᠣᠩᠭᠣᠯ ᠤ᠋ᠨ ᠨᠢᠭᠡᠨ ᠨᠡᠭᠦᠷᠡᠰᠦᠨ ᠦ᠌ ᠪᠦᠯᠦᠭᠯᠡᠯ ᠦ᠋ᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳ᠋ᠤ᠌ ᠰᠡᠯᠪᠢᠨ ᠵᠠᠰᠠᠬᠤ ᠲᠤᠬᠠᠢᠯᠠᠭᠰᠠᠨ ᠠᠵᠢᠯ ᠬᠠᠩᠭᠠᠵᠤ᠂ ᠰᠡᠯᠪᠢᠨ ᠵᠠᠰᠠᠬᠤ ᠵᠠᠷᠤᠳᠠᠯ ᠨᠡᠢᠲᠡ 146700 ᠲᠥᠭᠥᠷᠢᠭ ᠪᠣᠯᠳᠠᠭ᠃ ᠰᠡᠭᠦᠯᠡᠷ ᠨᠢ ᠲᠤᠰ ᠲᠣᠨᠣᠭᠯᠠᠯ ᠤ᠋ᠨ ᠺᠣᠮᠫᠠᠨᠢ ᠨᠢ ᠡᠵᠡᠩᠨᠡᠯᠲᠡ ᠨᠢ ᠮᠠᠭᠤ ᠪᠣᠯᠤᠭᠰᠠᠨ ᠠ᠋ᠴᠠ ᠳᠠᠮᠫᠤᠷᠠᠵᠤ ᠢᠯᠭᠠᠷᠠᠭᠤᠯᠤᠨ ᠪᠣᠳᠣᠵᠤ ᠂ ᠥᠪᠥᠷ ᠮᠣᠩᠭᠣᠯ ᠤ᠋ᠨ ᠨᠢᠭᠡᠨ ᠬᠠᠤᠯᠢᠴᠢ ᠶ᠋ᠢᠨ ᠬᠡᠷᠡᠭ ᠡᠷᠬᠢᠯᠡᠬᠦ ᠭᠠᠵᠠᠷ ᠲᠤᠰ ᠲᠣᠨᠣᠭᠯᠠᠯ ᠤ᠋ᠨ ᠺᠣᠮᠫᠠᠨᠢ ᠶ᠋ᠢᠨ ᠬᠠᠮᠢᠶᠠᠷᠤᠭᠴᠢ ᠪᠣᠯᠵᠤ 2020 ᠣᠨ ᠤ᠋ 4 ᠰᠠᠷ᠎ᠠ ᠶ᠋ᠢᠨ 24  ᠦ᠌ ᠡᠳᠦᠷ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠳ᠋ᠤ᠌ ᠵᠠᠭᠠᠯᠳᠤᠯᠭ᠎ᠠ ᠬᠢᠵᠦ ᠂ ᠥᠪᠥᠷ ᠮᠣᠩᠭᠣᠯ ᠤ᠋ᠨ ᠨᠢᠭᠡᠨ ᠨᠡᠭᠦᠷᠡᠰᠦᠨ ᠦ᠌ ᠪᠦᠯᠦᠭᠯᠡᠯ ᠦ᠋ᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶ᠋ᠢ ᠲᠤᠰ ᠰᠡᠯᠪᠢᠨ ᠵᠠᠰᠠᠬᠤ ᠵᠠᠷᠤᠳᠠᠯ ᠢ᠋ ᠪᠤᠴᠠᠭᠠᠵᠤ ᠥᠭᠬᠦ ᠶ᠋ᠢ ᠱᠠᠭᠠᠷᠳᠠᠪᠠ ᠃
 ᠵᠢᠭᠤᠷᠠᠯᠳᠤᠭᠠᠨ ᠢ᠋ ᠡᠶᠡᠳᠡᠭᠦᠯᠬᠦ ᠶᠠᠪᠤᠴᠠ
 ᠰᠢᠶᠸ  ᠺᠧ ᠨᠢᠩ ᠬᠡᠷᠡᠭ ᠤ᠋ᠨ ᠪᠠᠢᠳᠠᠯ ᠢ᠋ ᠣᠯᠤᠭᠰᠠᠨ ᠠ᠋ᠴᠠ ᠰᠡᠭᠦᠯᠡᠷ᠂ ᠨᠠᠷᠢᠨ ᠨᠢᠮᠪᠠᠢ ᠬᠡᠷᠡᠭ ᠵᠠᠷᠭᠤ ᠢ᠋ᠢᠨ ᠮᠠᠲ᠋ᠧᠷᠢᠶᠠᠯ ᠢ᠋ ᠡᠷᠢᠵᠦ᠂ ᠦᠨᠡᠨᠴᠢ ᠪᠡᠷ ᠬᠡᠷᠡᠭ ᠤ᠋ᠨ ᠪᠠᠢᠳᠠᠯ ᠢ᠋ ᠡᠮᠬᠢᠯᠡᠵᠦ᠂ ᠵᠢᠭᠤᠷᠠᠯᠳᠤᠭᠠᠨ ᠲᠥᠰᠦᠪᠯᠡᠬᠦ ᠬᠠᠤᠯᠢ ᠴᠠᠭᠠᠵᠠ ᠢ᠋ᠢᠨ ᠬᠠᠷᠢᠴᠠᠭ᠎ᠠ ᠶ᠋ᠢ ᠲᠣᠳᠤᠯᠠᠵᠤ᠂ ᠬᠤᠶᠠᠷ ᠲᠠᠯ᠎ᠠ ᠢ᠋ᠢᠨ ᠮᠠᠷᠭᠤᠯᠳᠠᠬᠤ ᠲᠥᠪᠯᠡᠷᠡᠯ ᠤ᠋ᠨ ᠴᠡᠭ ᠢ᠋  ᠣᠨᠢᠰᠤᠯᠠᠵᠠᠢ᠃  ᠡᠨᠡ ᠬᠤᠭᠤᠴᠠᠭᠠᠨ ᠳ᠋ᠤ᠌ ᠂ ᠲᠡᠷᠡ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠲᠡᠢ ᠣᠯᠠᠨ ᠤᠳᠠᠭ᠎ᠠ ᠤᠲᠠᠰᠤ ᠨᠡᠪᠲᠡᠷᠡᠵᠦ ᠂  ᠰᠢᠢᠳᠪᠦᠷᠢᠯᠡᠬᠦ ᠠᠷᠭ᠎ᠠ ᠪᠠᠨ ᠵᠥᠪᠳᠡᠯᠴᠡᠨ ᠂ ᠥᠪᠡᠷ ᠦ᠋ᠨ ᠡᠯᠪᠡᠭ ᠪᠠᠶᠠᠯᠢᠭ ᠠᠵᠢᠯ ᠤ᠋ᠨ  ᠲᠤᠷᠰᠢᠯᠭ᠎ᠠ ᠪᠠᠷ ᠢ᠋ᠶ᠋ᠠᠨ ᠡᠶᠡᠳᠡᠭᠦᠯᠭᠡ ᠶ᠋ᠢ ᠢᠳᠡᠪᠬᠢᠲᠡᠢ ᠵᠣᠬᠢᠶᠠᠨ ᠪᠠᠢᠭᠤᠯᠵᠠᠢ ᠃ ᠬᠠᠮᠤᠭ ᠰᠡᠭᠦᠯ ᠳ᠋ᠦ᠍ ᠨᠢ ᠥᠪᠥᠷ ᠮᠣᠩᠭᠣᠯ ᠤ᠋ᠨ ᠨᠢᠭᠡᠨ ᠨᠡᠭᠦᠷᠡᠰᠦᠨ ᠦ᠌  ᠪᠦᠯᠦᠭᠯᠡᠯ ᠤ᠋ᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠠᠷᠭᠤᠯᠳᠤᠬᠤ ᠠ᠋ᠴᠠ ᠡᠮᠦᠨ᠎ᠡ ᠡᠶᠡᠳᠡᠭᠦᠯᠬᠦ ᠶ᠋ᠢ  ᠵᠥᠪᠰᠢᠶᠡᠷᠡᠭᠰᠡᠨ ᠤ᠋ ᠬᠠᠮᠲᠤ ᠲᠤᠬᠠᠢ ᠶ᠋ᠢᠨ ᠭᠠᠵᠠᠷ ᠲᠤᠨᠢ ᠥᠭᠭᠦᠭᠦᠯᠬᠦ ᠡᠭᠦᠷᠭᠡ ᠪᠡᠨ ᠪᠠᠶᠠᠯᠠᠭᠦᠯᠪᠠ᠃
 ᠲᠤᠰ ᠬᠡᠷᠡᠭ ᠪᠣᠯ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ 《  ᠨᠢᠭᠡ ᠥᠷᠲᠡᠭᠡ》 ᠶ᠋ᠢᠨ ᠣᠯᠠᠨ ᠡᠱᠢᠲᠦ ᠵᠢᠭᠤᠷᠠᠯᠳᠤᠭᠠᠨ ᠢ᠋ ᠰᠢᠢᠳᠪᠦᠷᠢᠯᠡᠬᠦ ᠠᠵᠢᠯ ᠥᠷᠨᠢᠭᠦᠯᠦᠭᠰᠡᠨ ᠡᠴᠡ  ᠨᠠᠭᠠᠰᠢ ᠂ 《 ᠠᠷᠠᠳ ᠤ᠋ᠨ  ᠰᠢᠭᠦᠬᠦ ᠬᠣᠷᠢᠶᠠᠨ ᠤ᠋ ᠡᠶᠡᠳᠡᠭᠦᠯᠬᠦ ᠲᠠᠪᠴᠠᠩ》 ᠳ᠋ᠤ᠌  ᠲᠦᠰᠢᠭᠯᠡᠨ ᠵᠠᠷᠭᠤ ᠠ᠋ᠴᠠ ᠡᠮᠦᠨ᠎ᠡ ᠡᠶᠡᠳᠡᠭᠦᠯᠬᠦ ᠬᠡᠷᠡᠭ ᠬᠢᠵᠦ ᠂ ᠡᠶᠡᠳᠡᠭᠦᠯᠬᠦ ᠦᠶᠡᠯᠡᠯ ᠨᠢ ᠣᠬᠣᠷ ᠂ ᠦᠷ᠎ᠡ ᠪᠦᠲᠦᠮᠵᠢ ᠨᠢ ᠥᠨᠳᠥᠷ ᠂ ᠥᠪᠡᠷ ᠦ᠋ᠨ ᠥᠷᠲᠡᠭ ᠨᠢ ᠳᠣᠣᠷ᠎ᠠ ᠪᠠᠢᠵᠤ ᠂  ᠮᠠᠰᠢ ᠰᠠᠢᠨ ᠨᠡᠢᠭᠡᠮ ᠦ᠋ᠨ ᠦᠷ᠎ᠡ ᠪᠦᠲᠦᠮᠵᠢ ᠣᠯᠤᠭᠰᠠᠨ ᠪᠠᠢᠨ᠎ᠠ ᠃
 ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠵᠠᠷᠭᠤ ᠶ᠋ᠢᠨ ᠪᠤᠰᠤ ᠵᠢᠭᠤᠷᠠᠯᠳᠤᠭᠠᠨ ᠢ᠋  ᠰᠢᠢᠳᠪᠦᠷᠢᠯᠡᠬᠦ ᠲᠣᠭᠲᠠᠴᠠ ᠶ᠋ᠢ ᠡᠮᠦᠨ᠎ᠡ ᠲᠠᠯᠪᠢᠬᠤ ᠶ᠋ᠢ ᠪᠠᠷᠢᠮᠲᠠᠯᠠᠵᠤ ᠂ ᠵᠠᠷᠭᠤ ᠶ᠋ᠢᠨ ᠡᠮᠦᠨ᠎ᠡ ᠦᠵᠦᠭᠦᠷ ᠲᠡᠬᠢ ᠣᠯᠠᠨ  ᠡᠰᠢᠲᠦ ᠵᠢᠭᠤᠷᠠᠯᠳᠤᠭᠠᠨ ᠤ᠋ ᠶᠡᠬᠡ  ᠪᠠᠢᠷᠢᠰᠢᠯ ᠢ᠋ ᠪᠦᠲᠦᠭᠡᠨ ᠪᠠᠢᠭᠤᠯᠵᠤ ᠂ 《 ᠠᠷᠠᠳ ᠤ᠋ᠨ  ᠰᠢᠭᠦᠬᠦ ᠬᠣᠷᠢᠶᠠᠨ ᠤ᠋ ᠡᠶᠡᠳᠡᠭᠦᠯᠬᠦ ᠲᠠᠪᠴᠠᠩ》 ᠳ᠋ᠤ᠌  ᠲᠦᠰᠢᠭᠯᠡᠨ ᠂ ᠰᠦᠯᠵᠢᠶᠡᠨ ᠳᠡᠭᠡᠷ᠎ᠡ ᠡᠶᠡᠳᠡᠭᠦᠯᠬᠦ ᠠᠵᠢᠯ ᠢ᠋ ᠪᠥᠬᠥ ᠲᠠᠯ᠎ᠠ ᠪᠠᠷ ᠥᠷᠨᠢᠭᠦᠯᠵᠦ ᠂ ᠲᠣᠮᠢᠯᠠᠬᠤ ᠪᠠ ᠨᠠᠢᠳᠠᠵᠤ ᠡᠶᠡᠳᠡᠭᠦᠯᠬᠦ ᠠᠵᠢᠯ ᠢ᠋ ᠴᠢᠩᠭᠠᠳᠭᠠᠵᠤ ᠂ ᠡᠶᠡᠳᠡᠭᠦᠯᠬᠦ ᠳᠦᠷᠢᠮ ᠦ᠋ᠨ ᠲᠠᠲᠠᠬᠤ ᠬᠦᠴᠦᠨ ᠢ᠋  ᠳᠡᠭᠡᠭᠰᠢᠯᠡᠭᠦᠯᠵᠦ ᠂ ᠠᠷᠠᠳ ᠣᠯᠠᠨ ᠤ᠋ ᠵᠠᠷᠭᠤ ᠶ᠋ᠢᠨ ᠪᠤᠰᠤ ᠠᠷᠭ᠎ᠠ ᠬᠡᠯᠪᠡᠷᠢ ᠶ᠋ᠢ ᠰᠣᠩᠭᠣᠬᠤ ᠶ᠋ᠢ ᠵᠣᠷᠢᠭᠵᠢᠭᠤᠯᠤᠨ ᠳᠡᠮᠵᠢᠨ᠎ᠡ ᠃
 ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠢᠮᠠᠭᠲᠠ 《 ᠠᠷᠠᠳ ᠲᠤ᠌ ᠦᠢᠯᠡᠴᠢᠯᠡᠬᠦ ᠶ᠋ᠢᠨ ᠬᠦᠴᠢᠷ ᠠᠰᠠᠭᠤᠳᠠᠯ ᠢ᠋  ᠰᠢᠢᠳᠪᠦᠷᠢᠯᠡᠬᠦ》  ᠶ᠋ᠢ ᠬᠣᠶᠠᠷ 《 ᠨᠢᠭᠡ ᠥᠷᠲᠡᠭᠡᠨ ᠦ᠌ ᠮᠠᠶᠢᠭ 》  ᠤ᠋ᠨ ᠵᠠᠷᠭᠤ ᠶ᠋ᠢᠨ ᠦᠢᠯᠡᠴᠢᠯᠡᠭᠡᠨ ᠦ᠌ ᠠᠵᠢᠯ ᠢ᠋ ᠥᠷᠨᠢᠭᠦᠯᠬᠦ ᠶ᠋ᠢᠨ ᠭᠠᠷᠲᠠᠬᠤ ᠴᠡᠭ ᠪᠠ ᠪᠠᠭᠤᠬᠤ ᠴᠡᠭ ᠪᠣᠯᠭᠠᠵᠤ ᠂ ᠵᠠᠷᠭᠤᠯᠳᠤᠬᠤ ᠠ᠋ᠴᠠ ᠡᠮᠦᠨ᠎ᠡ ᠡᠶᠡᠳᠡᠭᠦᠯᠬᠦ ᠂ ᠰᠦᠯᠵᠢᠶᠡᠨ ᠳᠡᠭᠡᠷ᠎ᠡ ᠡᠶᠡᠳᠡᠭᠦᠯᠬᠦ ᠂  ᠰᠦᠯᠵᠢᠶᠡᠨ  ᠳᠡᠭᠡᠷ᠎ᠡ  ᠬᠡᠷᠡᠭ  ᠪᠣᠯᠭᠠᠬᠤ᠂ᠬᠢᠯᠢ ᠠᠯᠤᠰᠯᠠᠨ ᠬᠡᠷᠡᠭ ᠪᠣᠯᠭᠠᠬᠤ ᠂  ᠲᠥᠪᠯᠡᠷᠡᠭᠦᠯᠦᠨ ᠬᠦᠷᠭᠡᠬᠦ ᠵᠡᠷᠭᠡ ᠣᠳᠣᠬᠢᠴᠢᠯᠠᠭᠰᠠᠨ ᠵᠠᠷᠭᠤ ᠶ᠋ᠢᠨ ᠦᠢᠯᠡᠴᠢᠯᠡᠭᠡᠨ ᠦ᠌ ᠠᠵᠢᠯ ᠢ᠋ ᠤᠯᠠᠮ ᠨᠢᠭᠡ ᠠᠯᠬᠤᠮ ᠬᠠᠢᠨ ᠰᠦᠪᠡᠭᠴᠢᠯᠡᠵᠦ ᠂ ᠠᠷᠠᠳ ᠤ᠋ᠨ  ᠰᠢᠭᠦᠬᠦ ᠬᠣᠷᠢᠶ᠎ᠠ ᠶ᠋ᠢᠨ ᠲᠤᠬᠠᠢ ᠶ᠋ᠢᠨ ᠬᠥᠮᠦᠨ ᠢ᠋ ᠪᠠᠲᠤᠯᠠᠬᠤ ᠶᠠᠪᠤᠳᠠᠯ ᠢ᠋ ᠦᠨᠡᠨᠬᠦ ᠴᠢᠩᠭᠠᠳᠭᠠᠪᠠ ᠃
 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )