《  ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠰᠢᠨ᠎ᠡ ᠶ᠋ᠢ ᠡᠭᠦᠳᠬᠦ ᠪᠡᠷ ᠰᠢᠭᠦᠨ ᠲᠠᠰᠤᠯᠬᠤ ᠭᠦᠢᠴᠡᠳᠭᠡᠬᠦ ᠠᠵᠢᠯ》 ᠤ᠋ᠨ ᠬᠥᠳᠡᠯᠭᠡᠭᠦᠷ
2020.09.07 ᠲᠣᠰ ᠥᠷᠲᠡᠭᠡᠨ᠎ᠦ ᠨᠠᠢᠷᠠᠭᠤᠯᠤᠭᠴᠢ

ᠬᠠᠮᠤᠭ ᠳᠡᠭᠡᠳᠦ  ᠰᠢᠭᠦᠬᠦ ᠬᠣᠷᠢᠶᠠᠨ ᠤ᠋ ᠳᠠᠷᠤᠮᠠᠯᠯᠠᠨ ᠶᠠᠪᠤᠭᠤᠯᠤᠭᠰᠠᠨ 《 2020 ᠣᠨ ᠤ᠋  ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠠᠵᠢᠯ ᠤ᠋ᠨ ᠭᠣᠣᠯᠳᠠᠯᠭ᠎ᠠ》 ᠶ᠋ᠢ ᠭᠦᠨᠵᠡᠭᠡᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ  ᠰᠢᠭᠦᠬᠦ ᠬᠣᠷᠢᠶᠠᠨ ᠠ᠋ᠴᠠ ᠳᠤᠷᠠᠳᠤᠭᠰᠠᠨ 《  ᠰᠢᠨ᠎ᠡ ᠶ᠋ᠢ ᠡᠭᠦᠳᠬᠦ ᠬᠠᠮᠢᠶᠠᠷᠤᠯᠲᠠ ᠶ᠋ᠢᠨ ᠣᠨ》 ᠤ᠋ ᠠᠵᠢᠯᠯᠠᠭᠠᠨ ᠤ᠋ ᠬᠠᠷᠠᠯᠲᠠ ᠪᠠ ᠪᠦᠬᠦ ᠬᠣᠲᠠ ᠶ᠋ᠢᠨ  ᠰᠢᠭᠦᠬᠦ ᠬᠣᠷᠢᠶᠠᠨ ᠤ᠋ ᠬᠣᠷᠢᠶᠠᠨ ᠳᠠᠷᠤᠭ᠎ᠠ ᠶ᠋ᠢᠨ ᠠᠵᠢᠯ ᠤ᠋ᠨ ᠬᠤᠷᠠᠯᠳᠤᠭᠠᠨ ᠤ᠋ ᠵᠣᠷᠢᠭ ᠰᠠᠨᠠᠭ᠎ᠠ ᠶ᠋ᠢ ᠢᠳᠡᠪᠬᠢᠲᠡᠢ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢᠨ ᠲᠥᠯᠥᠭᠡ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠦ᠋ᠨ ᠶᠡᠷᠦᠩᠬᠡᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠪᠡᠷ ᠤᠳᠤᠷᠢᠳᠤᠮᠵᠢ ᠪᠣᠯᠭᠠᠵᠤ ᠂ 《ᠴᠢᠨᠠᠷ ᠢ᠋  ᠳᠡᠭᠡᠭᠰᠢᠯᠡᠭᠦᠯᠵᠦ ᠦᠷ᠎ᠡ ᠪᠦᠲᠦᠮᠵᠢ ᠶ᠋ᠢ ᠨᠡᠮᠡᠭᠳᠡᠭᠦᠯᠦᠨ᠎ᠡ》 ᠪᠡᠷ ᠨᠢᠭᠲᠠ ᠤᠶᠠᠯᠳᠤᠭᠤᠯᠤᠨ᠎ᠠ ᠃
 《  ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ》 ᠶ᠋ᠢᠨ ᠠᠰᠠᠭᠤᠳᠠ ᠢ᠋ ᠰᠢᠢᠳᠪᠦᠷᠢᠯᠡᠪᠡ
 ᠨᠢᠭᠡ ᠳ᠋ᠦ᠍ 《 ᠬᠣᠷᠸ᠎ᠠ ᠂ ᠳᠤᠮᠳᠠ ᠦᠵᠡᠯᠲᠡ ᠂ ᠬᠤᠮᠠᠬᠢ ᠲᠠᠯ᠎ᠠ ᠂ ᠥᠪᠴᠢ ᠪᠦᠷᠬᠦᠭᠰᠡᠨ 《 ᠭᠤᠷᠪᠠᠨ ᠬᠥᠨᠳᠡᠯᠡᠨ 》 ᠲᠣᠭᠲᠠᠯᠴᠠᠭ᠎ᠠ ᠶ᠋ᠢ ᠬᠦᠴᠦᠯᠡᠨ ᠪᠠᠢᠭᠤᠯᠵᠤ ᠂ ᠬᠣᠷᠸ᠎ᠠ ᠲᠠᠯ᠎ᠠ ᠠ᠋ᠴᠠ ᠪᠠᠢᠳᠠᠯ ᠢ᠋ ᠴᠢᠬᠤᠯᠠᠴᠢᠯᠠᠵᠤ ᠂ ᠳᠤᠮᠳᠠ ᠲᠠᠯ᠎ᠠ ᠠ᠋ᠴᠠ ᠭᠦᠢᠴᠡᠳᠭᠡᠬᠦ ᠲᠣᠭ᠎ᠠ ᠶ᠋ᠢ ᠴᠢᠬᠤᠯᠠᠴᠢᠯᠠᠨ ᠂ ᠬᠤᠮᠠᠬᠢ ᠲᠠᠯ᠎ᠠ ᠠ᠋ᠴᠠ ᠨᠠᠢᠳᠠᠪᠤᠷᠢᠵᠢᠭᠤᠯᠤᠯᠲᠠ ᠶ᠋ᠢ ᠠᠳᠭᠤᠨ ᠂ 《 ᠬᠡᠨ ᠬᠠᠮᠢᠶᠠᠷᠴᠤ ᠂ ᠶᠠᠭᠤ ᠶ᠋ᠢ ᠬᠠᠮᠢᠶᠠᠷᠬᠤ 》 ᠠᠰᠠᠭᠤᠳᠠᠯ ᠢ᠋  ᠰᠢᠢᠳᠪᠦᠷᠢᠯᠡᠵᠦ᠂  ᠰᠢᠭᠦᠨ ᠲᠠᠰᠤᠯᠬᠤ ᠪᠠ ᠭᠦᠢᠴᠡᠳᠭᠡᠬᠦ ᠶ᠋ᠢ ᠵᠣᠬᠢᠴᠠᠭᠤᠯᠬᠤ ᠂ ᠴᠢᠬᠤᠯᠠ ᠶᠡᠬᠡ ᠬᠥᠨᠳᠡᠭᠡᠲᠡᠢ ᠬᠡᠷᠡᠭ ( ᠶᠠᠪᠤᠳᠠᠯ) ᠤ᠋ᠨ ᠬᠠᠮᠢᠶᠠᠷᠤᠯᠲᠠ ᠂ ᠦᠢᠯᠡᠴᠢᠯᠡᠭᠡᠨ ᠦ᠌ ᠪᠠᠲᠤᠯᠠᠭ᠎ᠠ ᠬᠢᠨᠠᠨ ᠭᠦᠢᠴᠡᠳᠭᠡᠬᠦ ᠠᠵᠢᠯ ᠤ᠋ᠨ ᠬᠣᠯᠪᠣᠭᠠᠯᠠᠨ ᠬᠥᠳᠡᠯᠦᠯᠴᠡᠬᠦ ᠲᠣᠭᠲᠠᠴᠠ ᠶ᠋ᠢᠨ 《 ᠭᠤᠷᠪᠠᠨ ᠭᠤᠯᠳᠤ 》 ᠰᠢᠰᠲ᠋ᠧᠮ ᠢ᠋ ᠪᠠᠢᠭᠤᠯᠵᠤ ᠂ ᠬᠡᠷᠬᠢᠨ  ᠰᠢᠢᠳᠪᠦᠷᠢᠯᠡᠬᠦ ᠪᠣᠢ ᠃ ᠬᠣᠶᠠᠷ ᠲᠤ᠌   ᠰᠢᠭᠦᠨ ᠲᠠᠰᠤᠯᠤᠯᠲᠠ ᠶ᠋ᠢᠨ ᠠᠵᠢᠯᠯᠠᠭᠠᠨ ᠤ᠋ ᠪᠠᠢᠳᠠᠯ ᠢ᠋ ᠵᠠᠳᠠᠯᠤᠨ  ᠰᠢᠨᠵᠢᠯᠡᠬᠦ ᠪᠡᠷ ᠭᠠᠷᠳᠠᠴᠠ ᠪᠣᠯᠭᠠᠨ ᠪᠦᠬᠦ ᠲᠠᠯ᠎ᠠ ᠶ᠋ᠢ ᠰᠦᠪᠡᠭᠴᠢᠯᠡᠬᠦ ᠠᠵᠢᠯ ᠪᠣᠯᠭᠠᠵᠤ ᠂  ᠰᠢᠭᠦᠨ ᠲᠠᠰᠤᠯᠬᠤ ᠭᠦᠢᠴᠡᠳᠭᠡᠬᠦ ᠠᠵᠢᠯ ᠤ᠋ᠨ ᠪᠠᠢᠳᠠᠯ ᠢ᠋ ᠰᠠᠷ᠎ᠠ ᠨᠡᠪᠲᠡᠷᠡᠭᠦᠯᠵᠦ ᠂ ᠭᠠᠷᠠᠭ ᠤ᠋ᠨ ᠮᠡᠳᠡᠭᠡᠯᠡᠯ ᠢ᠋ ᠭᠦᠢᠴᠡᠳ ᠮᠡᠳᠡᠭᠦᠯᠬᠦ ᠶ᠋ᠢ ᠪᠠᠷᠢᠮᠲᠠᠯᠠᠵᠤ ᠂ ᠪᠦᠬᠦ ᠬᠣᠲᠠ ᠶ᠋ᠢᠨ  ᠰᠢᠭᠦᠬᠦ ᠬᠣᠷᠢᠶ᠎ᠠ ᠳᠡᠭᠡᠷ᠎ᠡ ᠳᠣᠣᠷ᠎ᠠ ᠬᠡᠷᠡᠭ  ᠰᠢᠢᠳᠪᠦᠷᠢᠯᠡᠬᠦ ᠶ᠋ᠢ ᠠᠳᠭᠤᠬᠤ ᠶᠠᠰᠤ ᠴᠢᠨᠠᠷ ᠦᠷ᠎ᠡ ᠪᠦᠲᠦᠮᠵᠢ ᠶ᠋ᠢ ᠴᠢᠬᠤᠯᠠᠴᠢᠯᠠᠬᠤ ᠠᠵᠢᠯ ᠤ᠋ᠨ ᠠᠭᠤᠷ ᠠᠮᠢᠰᠭᠤᠯ ᠢ᠋ ᠪᠦᠷᠢᠯᠳᠦᠭᠦᠯᠬᠦ ᠬᠡᠷᠡᠭᠲᠡᠢ ᠂ ᠭᠤᠷᠪᠠ ᠳ᠋ᠤ᠌ ᠥᠭᠡᠷᠡᠴᠢᠯᠡᠯᠲᠡ ᠂ ᠮᠡᠳᠡᠭᠡ ᠵᠠᠩᠭᠢᠴᠢᠯᠠᠯᠲᠠ ᠶ᠋ᠢᠨ ᠰᠡᠳᠭᠢᠬᠦᠢ ᠪᠡᠷ ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠳᠦᠷᠢᠮ ᠦ᠋ᠨ ᠬᠡᠯᠪᠡᠷᠢ ᠪᠡᠨ ᠬᠤᠪᠢᠷᠠᠭᠤᠯᠬᠤ ᠶ᠋ᠢ ᠠᠬᠢᠭᠤᠯᠵᠤ ᠂  ᠰᠢᠭᠦᠬᠦ ᠬᠣᠷᠢᠶᠠᠨ ᠤ᠋ ᠲᠢᠩᠬᠢᠮ ᠦ᠋ᠨ ᠳᠠᠷᠤᠭ᠎ᠠ ᠶ᠋ᠢᠨ ᠬᠢᠨᠠᠯᠲᠠ ᠬᠠᠮᠢᠶᠠᠷᠤᠯᠲᠠ ᠶ᠋ᠢᠨ ᠳᠤᠲᠠᠮᠠᠭ ᠪᠠᠢᠬᠤ ᠠᠰᠠᠭᠤᠳᠠᠯ ᠢ᠋ ᠬᠦᠴᠦᠯᠡᠨ  ᠰᠢᠢᠳᠪᠦᠷᠢᠯᠡᠵᠦ ᠂ ᠮᠡᠳᠡᠭᠡ ᠵᠠᠩᠭᠢᠵᠢᠯᠲᠠ ᠳ᠋ᠤ᠌  ᠲᠦᠰᠢᠭᠯᠡᠵᠦ ᠂ 《 ᠳᠥᠷᠪᠡᠨ ᠲᠥᠷᠥᠯ ᠦ᠋ᠨ ᠬᠡᠷᠡᠭ》 ᠦ᠋ᠨ ᠬᠢᠨᠠᠯᠲᠠ ᠬᠠᠮᠢᠶᠠᠷᠤᠯᠲᠠ ᠶ᠋ᠢᠨ ᠠᠷᠭ᠎ᠠ》 ᠶ᠋ᠢ ᠴᠢᠩᠭ᠎ᠠ ᠲᠤᠤᠱᠯᠠᠭᠤᠯᠤᠨ ᠨᠠᠢᠳᠠᠪᠤᠷᠢᠵᠢᠭᠤᠯᠵᠤ ᠂ ᠬᠦᠨᠳᠦ ᠶᠡᠬᠡ ᠬᠥᠨᠳᠡᠭᠡᠲᠡᠢ ᠬᠡᠷᠡᠭ ᠢ᠋  ᠰᠢᠢᠳᠪᠦᠷᠢᠯᠡᠬᠦ《 ᠭᠤᠷᠪᠠᠨ ᠵᠡᠷᠭᠡᠪᠡᠷ 》 ᠲᠣᠭᠲᠠᠴᠠ ᠶ᠋ᠢ ᠭᠦᠨᠵᠡᠭᠡᠢ ᠨᠠᠢᠳᠠᠪᠤᠷᠢᠵᠢᠭᠤᠯᠪᠠ ᠂ᠳᠥᠷᠪᠡ ᠳ᠋ᠦ᠍  ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠬᠢᠨᠠᠨ ᠵᠢᠯᠣᠭᠣᠳᠬᠤ ᠲᠣᠭᠲᠠᠴᠠ ᠶ᠋ᠢ ᠦᠷᠭᠦᠯᠵᠢᠯᠡᠨ ᠲᠡᠭᠦᠯᠳᠡᠷᠵᠢᠭᠦᠯᠵᠦ ᠂ ᠬᠡᠷᠡᠭ ᠢ᠋ ᠳᠠᠭᠤᠰᠭᠠᠬᠤ ᠡᠭᠦᠷᠭᠡ ᠶ᠋ᠢᠨ ᠬᠥᠳᠡᠯᠦᠩᠭᠦᠢ ᠵᠢᠯᠣᠭᠣᠳᠤᠯᠭ᠎ᠠ ᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠬᠡᠷᠡᠭ  ᠰᠢᠢᠳᠪᠦᠷᠢᠯᠡᠭᠰᠡᠨ ᠴᠢᠨᠠᠷ ᠦᠷ᠎ᠡ ᠪᠦᠲᠦᠮᠵᠢ ᠶ᠋ᠢ ᠴᠠᠭ ᠲᠤᠬᠠᠢ ᠳ᠋ᠤᠨᠢ ᠮᠥᠷᠳᠡᠨ ᠳᠠᠭᠠᠵᠤ ᠂ ᠬᠡᠷᠡᠭ ᠢ᠋ ᠤᠷᠲᠤ ᠬᠤᠭᠤᠴᠠᠭ᠎ᠠ ᠪᠠᠷ ᠦᠯᠦ ᠳᠠᠭᠤᠰᠭᠠᠭᠰᠠᠨ ᠬᠡᠷᠡᠭ ᠢ᠋ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠣᠭᠣᠳᠬᠤ ᠵᠡᠷᠭᠡ ᠡᠯ᠎ᠡ ᠵᠦᠢᠯ ᠦ᠋ᠨ  ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠳᠦᠷᠢᠮ ᠢ᠋ ᠪᠦᠲᠦᠮᠵᠢᠲᠡᠢ ᠨᠠᠢᠳᠠᠪᠤᠷᠢᠵᠢᠭᠤᠯᠬᠤ ᠬᠡᠷᠡᠭᠲᠡᠢ ᠂ ᠲᠠᠪᠤ ᠳ᠋ᠤ᠌   ᠰᠢᠭᠦᠨ ᠲᠠᠰᠤᠯᠤᠯᠲᠠ ᠶ᠋ᠢᠨ ᠦᠷ᠎ᠡ ᠪᠦᠲᠦᠮᠵᠢ ᠶ᠋ᠢ  ᠰᠢᠯᠭᠠᠨ ᠲᠣᠭᠲᠠᠭᠠᠬᠤ ᠠᠵᠢᠯ ᠢ᠋  ᠰᠢᠨᠵᠢᠯᠡᠬᠦ ᠤᠬᠠᠭᠠᠨᠴᠢ ᠪᠠᠷ ᠠᠬᠢᠭᠤᠯᠵᠤ ᠂ ᠬᠡᠷᠡᠭ  ᠰᠢᠢᠳᠪᠦᠷᠢᠯᠡᠭᠰᠡᠨ ᠲᠣᠭ᠎ᠠ ᠬᠡᠮᠵᠢᠶ᠎ᠡ ᠂ ᠬᠡᠷᠡᠭ  ᠰᠢᠢᠳᠪᠦᠷᠢᠯᠡᠭᠰᠡᠨ ᠶᠠᠰᠤ ᠴᠢᠨᠠᠷ ᠦᠷ᠎ᠡ ᠪᠦᠲᠦᠮᠵᠢ ᠂ ᠠᠵᠢᠯᠲᠠᠨ ᠤ᠋ ᠲᠥᠷᠥᠯ ᠢᠯᠭᠠᠯ ᠂ ᠠᠵᠢᠯ ᠤ᠋ᠨ ᠪᠠᠢᠷᠢ ᠶ᠋ᠢᠨ ᠣᠨᠴᠠᠯᠢᠭ ᠵᠢᠴᠢ ᠬᠡᠷᠡᠭ ᠦ᠋ᠨ ᠲᠥᠷᠥᠯ ᠬᠡᠯᠪᠡᠷᠢ ᠶ᠋ᠢ ᠠᠩᠭᠢᠯᠠᠨ ᠱᠠᠲᠤ ᠬᠤᠪᠢᠶᠠᠨ ᠴᠢᠩᠭ᠎ᠠ ᠂ ᠬᠠᠨᠳᠤᠯᠭᠠᠲᠤ ᠴᠢᠨᠠᠷ ᠢ᠋ᠶ᠋ᠠᠷ ᠴᠢᠩᠭ᠎ᠠ ᠂ ᠳᠡᠰ ᠦ᠋ᠨ ᠵᠥᠷᠢᠶ᠎ᠡ ᠨᠢ ᠵᠦᠢ ᠵᠣᠬᠢᠰᠲᠠᠢ ᠂ ᠳᠥᠭᠥᠮ ᠲᠦᠳᠡ ᠬᠡᠷᠡᠭᠵᠢᠭᠦᠯᠦᠭᠳᠡᠬᠦ ᠠᠵᠢᠯ ᠤ᠋ᠨ ᠠᠮᠵᠢᠯᠲᠠ ᠪᠦᠲᠦᠮᠵᠢ ᠶ᠋ᠢ ᠰᠢᠯᠭᠠᠨ ᠬᠢᠨᠠᠬᠤ ᠠᠷᠭ᠎ᠠ ᠶ᠋ᠢ ᠲᠣᠭᠲᠠᠭᠠᠵᠤ ᠂ ᠵᠥᠪ ᠣᠨᠣᠪᠴᠢᠲᠠᠢ ᠤᠳᠤᠷᠢᠳᠤᠮᠵᠢ ᠶ᠋ᠢ ᠪᠦᠷᠢᠯᠳᠦᠭᠦᠯᠵᠦ ᠂ ᠠᠷᠠᠳ ᠣᠯᠠᠨ ᠤ᠋ ᠰᠡᠳᠭᠢᠯ ᠬᠠᠨᠤᠮᠵᠢᠲᠠᠢ ᠪᠠᠢᠬᠤ ᠬᠡᠮᠵᠢᠶ᠎ᠡ ᠪᠠ ᠬᠡᠷᠡᠭᠯᠡᠯᠲᠡ ᠪᠡᠷ ᠱᠢᠭᠦᠨ ᠲᠠᠰᠤᠯᠤᠭᠰᠠᠨ ᠪᠠᠢᠨ᠎ᠠ ᠃
 《 ᠬᠡᠷᠡᠭ  ᠰᠢᠢᠳᠪᠦᠷᠢᠯᠡᠭᠰᠡᠨ ᠦᠷ᠎ᠡ ᠪᠦᠲᠦᠮᠵᠢ 》  ᠶ᠋ᠢᠨ ᠠᠰᠠᠭᠤᠳᠠᠯ ᠢ᠋  ᠰᠢᠢᠳᠪᠦᠷᠢᠯᠡᠪᠡ
 ᠬᠡᠷᠡᠭ  ᠰᠢᠳᠭᠡᠬᠦ ᠶᠠᠪᠤᠴᠠ ᠶ᠋ᠢ ᠰᠠᠢᠲᠤᠷ ᠬᠠᠮᠢᠶᠠᠷᠴᠤ ᠂  ᠰᠢᠭᠦᠨ ᠭᠦᠢᠴᠡᠳᠭᠡᠵᠦ ᠬᠡᠷᠡᠭ  ᠰᠢᠢᠳᠭᠡᠬᠦ ᠠᠵᠢᠯ ᠤ᠋ᠨ ᠥᠨᠳᠥᠷ ᠪᠦᠲᠦᠮᠵᠢᠲᠡᠢ ᠠᠵᠢᠯᠯᠠᠭᠠᠨ ᠢ᠋ ᠪᠡᠶᠡᠯᠡᠭᠦᠯᠦᠨ᠎ᠡ ᠃ ᠨᠢᠭᠡ ᠳ᠋ᠦ᠍ ᠲᠦᠪᠡᠭᠲᠡᠢ ᠪᠠ ᠬᠢᠯᠪᠠᠷ ᠬᠡᠷᠡᠭ ᠢ᠋ ᠰᠠᠯᠭᠠᠬᠤ ᠲᠣᠭᠲᠠᠴᠠ ᠶ᠋ᠢ ᠭᠦᠨᠵᠡᠭᠡᠢᠷᠡᠭᠦᠯᠵᠦ ᠂ 《 ᠳᠥᠭᠥᠮ ᠬᠡᠷᠡᠭ ᠢ᠋ ᠲᠦᠷᠭᠡᠨ ᠰᠢᠢᠳᠪᠦᠷᠢᠯᠡᠵᠦ ᠂ ᠬᠦᠴᠢᠷ ᠬᠡᠷᠡᠭ ᠢ᠋ ᠨᠠᠷᠢᠯᠢᠭ  ᠰᠢᠭᠦᠬᠦ》 ᠭᠦᠢᠴᠡᠳᠭᠡᠬᠦ  ᠪᠠᠢᠷᠢᠰᠢᠯ ᠢ᠋ ᠲᠦᠷᠭᠡᠪᠴᠢᠯᠡᠨ ᠪᠣᠢ ᠪᠣᠯᠭᠠᠨ᠎ᠠ ᠂ᠬᠣᠶᠠᠷ ᠲᠤ᠌ 《 ᠬᠡᠷᠡᠭ ᠢ᠋ ᠲᠡᠩᠴᠡᠭᠦᠷᠢᠲᠡᠢ ᠳᠠᠭᠤᠰᠭᠠᠬᠤ 》 ᠠᠵᠢᠯ ᠤ᠋ᠨ ᠲᠣᠭᠲᠠᠴᠠ ᠶ᠋ᠢ ᠲᠡᠭᠦᠯᠳᠡᠷᠵᠢᠭᠦᠯᠵᠦ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠪᠦᠬᠦᠯᠢ ᠴᠣᠭᠴᠠ ᠶ᠋ᠢᠨ ᠬᠡᠷᠡᠭ ᠠᠬᠢᠴᠠ ᠶ᠋ᠢ  ᠪᠦᠲᠦᠮᠵᠢᠲᠡᠢ  ᠰᠢᠢᠳᠪᠦᠷᠢᠯᠡᠬᠦ  ᠶ᠋ᠢ ᠬᠠᠮᠢᠶᠠᠷᠤᠨ᠎ᠠ ; ᠭᠤᠷᠪᠠ ᠳ᠋ᠤ᠌ 《 ᠳᠠᠭᠤ ᠦᠭᠡᠢ ᠪᠣᠯᠭᠠᠬᠤ ᠬᠢᠨᠠᠯᠲᠠ ᠬᠠᠮᠢᠶᠠᠷᠤᠯᠲᠠ 》 ᠪᠠ 《 ᠠᠮᠠ ᠪᠠᠷ ᠬᠡᠷᠡᠭ ᠳᠠᠭᠤᠰᠭᠠᠭᠰᠠᠨ 》 ᠠᠵᠢᠯ ᠤ᠋ᠨ ᠨᠠᠢᠳᠠᠪᠤᠷᠢᠵᠢᠭᠤᠯᠤᠯᠲᠠ ᠶ᠋ᠢᠨ ᠡᠷᠴᠢᠮ ᠢ᠋ ᠬᠦᠴᠦᠲᠡᠢ ᠠᠳᠭᠤᠵᠤ ᠂ ᠬᠡᠷᠡᠭ  ᠰᠢᠢᠳᠪᠦᠷᠢᠯᠡᠬᠦ ᠶᠠᠪᠤᠴᠠ ᠶ᠋ᠢᠨ ᠵᠠᠩᠭᠢᠯᠠᠭ᠎ᠠ ᠴᠡᠭ ᠪᠠ  ᠰᠢᠭᠦᠨ  ᠰᠢᠢᠳᠪᠦᠷᠢᠯᠡᠬᠦ ᠦᠶᠡᠯᠡᠯ ᠢ᠋ ᠪᠦᠲᠦᠮᠵᠢᠲᠡᠢ ᠬᠠᠮᠢᠶᠠᠷᠤᠨ ᠡᠵᠡᠮᠳᠡᠨ᠎ᠡ ᠂ ᠳᠥᠷᠪᠡ ᠳ᠋ᠦ᠍  ᠳᠥᠭᠥᠮ ᠵᠢᠷᠤᠮ ᠂ ᠲᠦᠷᠭᠡᠨ ᠲᠠᠰᠤᠯᠬᠤ ᠳᠡᠰ ᠳᠠᠷᠠᠭᠠᠯᠠᠯ ᠢ᠋ ᠬᠡᠷᠡᠭᠵᠢᠭᠦᠯᠬᠦ ᠶ᠋ᠢ ᠪᠥᠬᠥ ᠲᠠᠯ᠎ᠠ ᠪᠠᠷ ᠠᠬᠢᠭᠤᠯᠵᠤ ᠂ ᠬᠡᠷᠡᠭ  ᠰᠢᠢᠳᠪᠦᠷᠢᠯᠡᠬᠦ ᠳᠠᠷᠤᠯᠲᠠ ᠶ᠋ᠢ ᠪᠦᠲᠦᠮᠵᠢᠲᠡᠢ ᠨᠠᠮᠳᠠᠭᠤᠯᠪᠠ ᠂ ᠲᠠᠪᠤ ᠳ᠋ᠤ᠌ ᠂ ᠡᠯ᠎ᠡ ᠬᠠᠮᠲᠤᠷᠠᠨ ᠵᠥᠪᠯᠡᠬᠦ ᠲᠢᠩᠬᠢᠮ ᠢ᠋ ᠢᠳᠡᠪᠬᠢᠲᠡᠢ ᠵᠢᠯᠣᠭᠣᠳᠴᠤ  ᠰᠢᠭᠦᠨ ᠲᠠᠰᠤᠯᠬᠤ ᠬᠠᠮᠢᠶᠠᠷᠤᠯᠲᠠ ᠶ᠋ᠢᠨ  ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ᠌ ᠭᠦᠢᠴᠡᠳᠭᠡᠯᠭᠡᠵᠦ ᠂ ᠬᠡᠷᠡᠭ ᠢ᠋ ᠳᠠᠭᠤᠰᠭᠠᠭᠰᠠᠨ ᠠᠵᠢᠯ ᠤ᠋ᠨ ᠬᠠᠷᠠᠯᠲᠠᠲᠤ ᠬᠠᠮᠢᠶᠠᠷᠤᠯᠲᠠ ᠂ ᠱᠢᠭᠦᠨ ᠲᠠᠰᠤᠯᠬᠤ ᠬᠤᠭᠤᠴᠠᠭᠠᠨ ᠤ᠋ ᠬᠠᠮᠢᠶᠠᠷᠤᠯᠲᠠ ᠪᠠ ᠬᠦᠷᠭᠡᠬᠦ ᠬᠠᠮᠢᠶᠠᠷᠤᠯᠲᠠ ᠶ᠋ᠢ ᠬᠡᠷᠡᠭᠵᠢᠭᠦᠯᠵᠦ ᠂ 《 ᠬᠤᠳᠠᠯ ᠬᠠᠭᠤᠷᠮᠠᠭ  ᠰᠢᠯᠲᠠᠭᠠᠨ 》  ᠢ᠋ᠶ᠋ᠠᠷ  ᠰᠢᠭᠦᠨ ᠲᠠᠰᠤᠯᠬᠤ ᠶ᠋ᠢ  ᠬᠣᠢᠰᠢᠯᠠᠭᠤᠯᠬᠤ᠂ 1 ᠰᠠᠷ᠎ᠠ ᠬᠡᠲᠦᠷᠡᠲᠡᠯ᠎ᠡ ᠬᠦᠷᠭᠡᠭᠰᠡᠨ ᠦᠭᠡᠢ ᠪᠠ ᠤᠷᠢᠳᠠᠪᠡᠷ ᠮᠡᠳᠡᠭᠦᠯᠵᠦ ᠳᠠᠷᠠᠭ᠎ᠠ ᠨᠢ ᠬᠦᠷᠭᠡᠭᠰᠡᠨ ᠵᠡᠷᠭᠡ ᠦᠵᠡᠭᠳᠡᠯ ᠭᠠᠷᠬᠤ ᠠ᠋ᠴᠠ ᠵᠠᠢᠯᠠᠰᠬᠢᠨ᠎ᠡ ᠃
 《 ᠬᠡᠷᠡᠭ  ᠰᠢᠢᠳᠪᠦᠷᠢᠯᠡᠭᠰᠡᠨ ᠶᠠᠰᠤ ᠴᠢᠨᠠᠷ 》  ᠤ᠋ᠨ ᠠᠰᠠᠭᠤᠳᠠᠯ ᠢ᠋  ᠰᠢᠢᠳᠪᠦᠷᠢᠯᠡᠪᠡ
 ᠬᠠᠤᠯᠢ ᠴᠠᠭᠠᠵᠠ ᠶ᠋ᠢᠨ ᠣᠨᠴᠠᠭᠠᠢ ᠬᠡᠷᠡᠭ ᠦ᠋ᠨ ᠶᠠᠰᠤ ᠴᠢᠨᠠᠷ ᠤ᠋ᠨ ᠪᠣᠭᠣᠮᠲᠠ ᠶ᠋ᠢ ᠴᠢᠩᠭ᠎ᠠ ᠠᠳᠭᠤᠵᠤ ᠂ ᠲᠠᠰᠤᠯᠤᠨ ᠲᠣᠭᠲᠠᠭᠠᠬᠤ ᠪᠠᠷᠢᠮᠵᠢᠶ᠎ᠠ ᠶ᠋ᠢ ᠨᠢᠭᠡᠳᠭᠡᠪᠡ ᠃ ᠨᠢᠭᠡ ᠳ᠋ᠦ᠍ ᠮᠡᠳᠡᠭᠡ ᠵᠠᠩᠭᠢᠴᠢᠯᠠᠯᠲᠠ ᠳ᠋ᠤ᠌  ᠲᠦᠰᠢᠭᠯᠡᠨ ᠂ ᠲᠥᠷᠥᠯ ᠦ᠋ᠨ ᠬᠡᠷᠡᠭ ᠦ᠋ᠨ ᠡᠷᠢᠬᠦ ᠠᠵᠢᠯ ᠤ᠋ᠨ ᠳᠦᠷᠢᠮ ᠢ᠋ ᠲᠦᠯᠬᠢᠨ ᠠᠬᠢᠭᠤᠯᠤᠨ᠎ᠠ ᠂ ᠬᠣᠶᠠᠷ ᠲᠤ᠌ ᠬᠣᠶᠠᠳᠤᠭᠠᠷ  ᠂ ᠳᠠᠬᠢᠨ  ᠰᠢᠭᠦᠯᠲᠡ ᠶ᠋ᠢᠨ ᠠᠯᠳᠠᠭ᠎ᠠ ᠵᠠᠯᠠᠷᠠᠭᠤᠯᠬᠤ ᠴᠢᠳᠠᠪᠬᠢ ᠶ᠋ᠢ ᠭᠦᠢᠴᠡᠳ ᠪᠠᠳᠠᠷᠠᠭᠤᠯᠵᠤ ᠂ ᠥᠭᠡᠷᠡᠴᠢᠯᠡᠨ ᠬᠤᠪᠢᠷᠠᠭᠤᠯᠤᠭᠰᠠᠨ ᠬᠡᠷᠡᠭ ᠢ᠋ 《ᠬᠥᠭᠵᠢᠯᠲᠡ ᠨᠢ ᠶᠣᠰᠣᠨ ᠳ᠋ᠤ᠌ ᠨᠡᠢᠴᠡᠬᠦ ᠂ ᠥᠭᠡᠷᠡᠴᠢᠯᠡᠨ ᠲᠠᠰᠤᠯᠬᠤ ᠨᠢ ᠦᠨᠳᠦᠰᠦᠯᠡᠯ》 ᠲᠡᠢ ᠪᠠᠢᠬᠤ ᠶ᠋ᠢ ᠪᠡᠶᠡᠯᠡᠭᠦᠯᠦᠨ ᠂ 《ᠶᠣᠰᠣ ᠪᠤᠰᠤ ᠪᠠᠷ ᠬᠥᠭᠵᠢᠭᠦᠯᠦᠭᠰᠡᠨ ᠂ ᠵᠥᠷᠢᠴᠡᠯ ᠨᠢ ᠳᠣᠷᠣᠭᠱᠢ  ᠰᠢᠯᠵᠢᠬᠦ》 ᠵᠡᠷᠭᠡ ᠦᠵᠡᠭᠳᠡᠯ ᠢ᠋ ᠡᠷᠡᠰ ᠬᠣᠷᠢᠭᠯᠠᠨ᠎ᠠ ᠂ ᠭᠤᠷᠪᠠ ᠳ᠋ᠤ᠌ ᠬᠥᠭᠵᠢᠭᠦᠯᠦᠯᠲᠡ ᠥᠭᠡᠷᠡᠴᠢᠯᠡᠯᠲᠡ ᠶ᠋ᠢᠨ ᠬᠡᠷᠡᠭ ᠢ᠋ ᠦᠨᠡᠯᠡᠨ ᠪᠠᠢᠴᠠᠭᠠᠬᠤ ᠡᠷᠴᠢᠮ ᠢ᠋ᠶ᠋ᠡᠨ ᠨᠡᠮᠡᠭᠳᠡᠭᠦᠯᠵᠦ ᠂ ᠥᠭᠡᠷᠡᠴᠢᠯᠡᠯᠲᠡ ᠬᠢᠭᠰᠡᠨ ᠬᠡᠷᠡᠭ ᠢ᠋ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶ᠋ᠢ ᠨᠠᠢᠳᠠᠪᠤᠷᠢᠵᠢᠭᠤᠯᠬᠤ ᠶ᠋ᠢᠨ ᠬᠠᠮᠲᠤ ᠮᠡᠳᠡᠭᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶ᠋ᠢ ᠴᠢᠩᠭᠠᠳᠭᠠᠪᠠ ᠃ ᠳᠥᠷᠪᠡ ᠳ᠋ᠦ᠍ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠲ᠋ᠷ ᠢ᠋ ᠤᠷᠢᠵᠤ ᠦᠨᠡᠯᠡᠨ ᠪᠠᠢᠴᠠᠭᠠᠬᠤ ᠠᠵᠢᠯ ᠤ᠋ᠨ ᠲᠣᠭᠲᠠᠴᠠ ᠶ᠋ᠢ ᠰᠦᠪᠡᠭᠴᠢᠯᠡᠨ ᠪᠠᠢᠭᠤᠯᠪᠠ ᠂ ᠲᠠᠪᠤ ᠳ᠋ᠤ᠌ ᠲᠥᠷᠥᠯ ᠵᠦᠢᠯ ᠦ᠋ᠨ  ᠰᠢᠭᠦᠨ ᠲᠠᠰᠤᠯᠤᠯᠲᠠ ᠶ᠋ᠢᠨ ᠲᠤᠷᠱᠢᠯᠭ᠎ᠠ ᠪᠠᠨ ᠴᠠᠭ ᠲᠤᠬᠠᠢ ᠳ᠋ᠤᠨᠢ ᠳ᠋ᠦᠩᠨᠡᠵᠦ ᠂ ᠲᠥᠷᠥᠯ ᠦ᠋ᠨ ᠬᠡᠷᠡᠭ ᠦ᠋ᠨ ᠵᠢᠯᠣᠭᠣᠳᠤᠯᠭ᠎ᠠ ᠪᠠ  ᠳᠣᠷᠤᠭᠰᠢ ᠵᠢᠯᠣᠭᠣᠳᠤᠯᠭ᠎ᠠ ᠪᠠᠨ ᠴᠢᠩᠭᠠᠳᠭᠠᠪᠠ ᠂ ᠵᠢᠷᠭᠤᠭ᠎ᠠ ᠳ᠋ᠤ᠌  ᠬᠣᠷᠢᠶᠠᠨ ᠳᠠᠷᠤᠭ᠎ᠠ ᠶ᠋ᠢᠨ ᠡᠷᠬᠡ ᠬᠠᠷᠢᠭᠤᠴᠠᠯᠭ᠎ᠠ ᠶ᠋ᠢᠨ ᠬᠠᠮᠢᠶᠠᠷᠤᠯᠲᠠ ᠶ᠋ᠢ ᠴᠢᠩᠭᠠᠳᠭᠠᠵᠤ ᠂ ᠬᠣᠷᠢᠶᠠᠨ ᠳᠠᠷᠤᠭ᠎ᠠ ᠶ᠋ᠢᠨ ᠬᠡᠷᠡᠭ  ᠰᠢᠢᠳᠪᠦᠷᠢᠯᠡᠬᠦ ᠡᠷᠬᠡ ᠪᠠ ᠬᠡᠷᠡᠭ ᠬᠠᠮᠢᠶᠠᠷᠬᠤ ᠡᠷᠬᠡ ᠶ᠋ᠢ  ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠦᠬᠦ ᠶᠠᠪᠤᠴᠠ ᠳ᠋ᠤ᠌ ᠨᠢᠭᠡᠳᠦᠭᠦᠯᠦᠨ᠎ᠡ ᠂ ᠳᠣᠯᠣᠭ᠎ᠠ ᠳ᠋ᠤ᠌ ᠬᠢᠨᠠᠨ ᠬᠠᠮᠢᠶᠠᠷᠬᠤ ᠠᠯᠪᠠᠨ ᠭᠡᠷ ᠦ᠋ᠨ ᠲᠤᠰᠭᠠᠢ ᠬᠠᠷᠢᠭᠤᠴᠠᠯᠭ᠎ᠠ ᠶ᠋ᠢᠨ ᠬᠠᠮᠢᠶᠠᠷᠤᠯᠲᠠ ᠶ᠋ᠢ ᠴᠢᠩᠭᠠᠳᠭᠠᠵᠤ ᠂ ᠬᠠᠮᠢᠶᠠᠷᠤᠯᠲᠠ ᠶ᠋ᠢᠨ ᠡᠷᠬᠡ ᠰᠦᠷ ᠢ᠋ ᠴᠢᠩᠭᠠᠷᠠᠭᠤᠯᠤᠨ ᠂ ᠬᠠᠮᠢᠶᠠᠷᠤᠯᠲᠠ ᠶ᠋ᠢᠨ ᠪᠦᠬᠦ ᠶᠠᠪᠤᠴᠠ ᠶ᠋ᠢ ᠪᠦᠷᠬᠦᠭᠦᠯᠬᠦ ᠶ᠋ᠢ ᠪᠡᠶᠡᠯᠡᠭᠦᠯᠦᠨ᠎ᠡ ᠃
 《 ᠬᠡᠷᠡᠭ  ᠰᠢᠢᠳᠪᠦᠷᠢᠯᠡᠭᠰᠡᠨ ᠦᠷ᠎ᠡ ᠳ᠋ᠦᠩ》ᠦ᠋ᠨ ᠠᠰᠠᠭᠤᠳᠠᠯ ᠢ᠋  ᠰᠢᠢᠳᠪᠦᠷᠢᠯᠡᠬᠦ
 ᠣᠯᠠᠨ ᠲᠦᠮᠡᠨ ᠦ᠌ ᠬᠠᠤᠯᠢ ᠴᠠᠭᠠᠵᠠ ᠶ᠋ᠢᠨ ᠱᠠᠭᠠᠷᠳᠠᠯᠭ᠎ᠠ ᠶ᠋ᠢ ᠭᠦᠨᠵᠡᠭᠡᠢ ᠡᠵᠡᠮᠳᠡᠵᠦ ᠂ ᠣᠯᠠᠨ ᠲᠦᠮᠡᠨ ᠦ᠌ ᠬᠠᠤᠯᠢ ᠴᠠᠭᠠᠵᠠ ᠶ᠋ᠢᠨ ᠬᠦᠯᠢᠶᠡᠨ ᠠᠪᠬᠤ ᠰᠡᠳᠭᠢᠯᠭᠡ ᠶ᠋ᠢ  ᠳᠡᠭᠡᠭᠰᠢᠯᠡᠭᠦᠯᠦᠨ᠎ᠡ᠃ ᠨᠢᠭᠡ ᠳ᠋ᠦ᠍  ᠤᠷᠲᠤ ᠬᠤᠭᠤᠴᠠᠭ᠎ᠠ ᠪᠠᠷ ᠲᠠᠰᠤᠯᠤᠭᠠᠳᠤᠢ ᠬᠡᠷᠡᠭ ᠢ᠋ ᠢᠯᠭᠠᠷᠠᠭᠤᠯᠬᠤ ᠠᠵᠢᠯ ᠢ᠋ ᠥᠷᠨᠢᠭᠦᠯᠵᠦ ᠂ 《 ᠤᠷᠲᠤ ᠬᠤᠭᠤᠴᠠᠭ᠎ᠠ ᠪᠠᠷ ᠲᠠᠰᠤᠯᠤᠭᠠᠳᠤᠢ ᠬᠡᠷᠡᠭ ᠢ᠋ ᠦᠨᠡᠯᠡᠨ ᠪᠠᠢᠴᠠᠭᠠᠬᠤ ᠲᠣᠭᠲᠠᠴᠠ ᠪᠠ 《 ᠥᠩᠭᠡᠨ ᠲᠠᠯ᠎ᠠ ᠶ᠋ᠢ ᠨᠢ ᠵᠠᠰᠠᠵᠤ ᠪᠠᠰᠠ ᠦᠨᠳᠦᠰᠦᠨ ᠡᠴᠡ ᠨᠢ ᠵᠠᠰᠠᠬᠤ 》 ᠤᠷᠲᠤ ᠬᠤᠭᠤᠴᠠᠭᠠᠨ ᠤ᠋ ᠪᠦᠲᠦᠮᠵᠢᠲᠡᠢ ᠲᠣᠭᠲᠠᠴᠠ ᠶ᠋ᠢ ᠰᠦᠪᠡᠭᠴᠢᠯᠡᠨ ᠪᠠᠢᠭᠤᠯᠵᠤ ᠂ ᠬᠤᠷᠠᠮᠳᠤᠭᠤᠯᠤᠭᠰᠠᠨ ᠦᠷ᠎ᠡ ᠪᠦᠲᠦᠭᠡᠯ ᠢ᠋ᠶ᠋ᠡᠨ ᠪᠡᠬᠢᠵᠢᠭᠦᠯᠵᠦ ᠂ ᠳᠠᠷᠤᠭᠳᠠᠮᠠᠯ ᠬᠡᠷᠡᠭ ᠦ᠋ᠨ ᠲᠣᠭ᠎ᠠ ᠬᠡᠮᠵᠢᠶ᠎ᠡ ᠨᠢ ᠳᠠᠬᠢᠨ ᠰᠡᠷᠭᠦᠬᠦ ᠡᠴᠡ ᠵᠠᠢᠯᠠᠰᠬᠢᠬᠦ ᠬᠡᠷᠡᠭᠲᠡᠢ ᠂ ᠬᠣᠶᠠᠷ ᠲᠤ᠌ ᠢᠯᠡ ᠲᠣᠳᠣ ᠪᠠᠷ ᠬᠠᠤᠯᠢ ᠬᠡᠷᠡᠭᠵᠢᠭᠦᠯᠬᠦ ᠶ᠋ᠢ ᠠᠬᠢᠭᠤᠯᠵᠤ ᠂ ᠢᠯᠡ ᠲᠣᠳᠣ ᠂ ᠭᠣᠣᠯᠴᠢ ᠪᠠᠢᠬᠤ ᠶ᠋ᠢ ᠠᠬᠢᠭᠤᠯᠤᠨ ᠂ ᠭᠣᠣᠯᠴᠢ ᠪᠠᠷ ᠨᠡᠢᠲᠡ ᠶ᠋ᠢᠨ ᠢᠲᠡᠭᠡᠮᠵᠢ ᠶ᠋ᠢ  ᠳᠡᠭᠡᠭᠰᠢᠯᠡᠭᠦᠯᠦᠨ᠎ᠡ᠂ ᠭᠤᠷᠪᠠ ᠳ᠋ᠤ᠌ ᠂ ᠣᠯᠠᠨ ᠡᠰᠢᠵᠢᠭᠦᠯᠦᠨ ᠡᠶᠡᠳᠡᠭᠦᠯᠬᠦ ᠪᠠ ᠡᠶᠡᠳᠡᠭᠦᠯᠬᠦ ᠶ᠋ᠢ ᠪᠥᠬᠥ ᠲᠠᠯ᠎ᠠ ᠪᠠᠷ ᠥᠷᠨᠢᠭᠦᠯᠵᠦ ᠂  ᠰᠢᠭᠦᠨ ᠲᠠᠰᠤᠯᠤᠭᠰᠠᠨ ᠤ᠋ ᠳᠠᠷᠠᠭᠠᠬᠢ ᠮᠠᠳᠠᠭ ᠲᠠᠢ ᠠᠰᠠᠭᠤᠳᠠᠯ ᠢ᠋ ᠬᠠᠷᠢᠭᠤᠯᠬᠤ ᠪᠠ ᠵᠠᠬᠢᠳᠠᠯ ᠰᠤᠷᠪᠤᠯᠵᠢᠯᠠᠯ ᠢ᠋ ᠠᠷᠢᠯᠭᠠᠬᠤ ᠠᠵᠢᠯ ᠢ᠋ ᠠᠬᠢᠭᠤᠯᠤᠨ᠎ᠠ ᠃
 ᠬᠢᠷᠢ ᠪᠦᠲᠦᠮᠵᠢ ᠨᠢ ᠥᠩᠭᠡᠷᠡᠭᠡᠭᠰᠡᠨ ᠦ᠌ ᠬᠢ ᠶᠦ᠍ᠮ ᠂ ᠠᠰᠠᠭᠤᠳᠠᠯ ᠨᠢ ᠬᠥᠲᠥᠯᠦᠨ ᠵᠢᠯᠣᠭᠣᠳᠴᠤ  ᠤᠷᠤᠭᠰᠢᠯᠠᠭᠤᠯᠤᠭᠰᠠᠨ ᠶᠤᠮ ᠃ 2020 ᠣᠨ ᠳ᠋ᠤ᠌ ᠂ ᠬᠢᠨᠠᠨ ᠬᠠᠮᠢᠶᠠᠷᠬᠤ ᠠᠯᠪᠠᠨ ᠭᠡᠷ ᠨᠢ ᠮᠥᠨ ᠬᠦ᠌ ᠬᠠᠷᠠᠯᠲᠠ ᠶ᠋ᠢᠨ ᠤᠳᠤᠷᠢᠳᠤᠮᠵᠢ ᠂ ᠠᠰᠠᠭᠤᠳᠠᠯ ᠤ᠋ᠨ ᠤᠳᠤᠷᠢᠳᠤᠮᠵᠢ ᠪᠠ ᠦᠷ᠎ᠡ ᠳ᠋ᠦᠩ ᠦ᠋ᠨ ᠤᠳᠤᠷᠢᠳᠤᠮᠵᠢ ᠶ᠋ᠢ ᠪᠠᠷᠢᠮᠲᠠᠯᠠᠵᠤ ᠂ ᠡᠯ᠎ᠡ ᠵᠦᠢᠯ ᠦ᠋ᠨ  ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠳᠦᠷᠢᠮ ᠢ᠋ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢ ᠬᠦᠴᠦᠲᠡᠢ ᠠᠳᠭᠤᠵᠤ ᠂  ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠲᠠᠯ᠎ᠠ ᠪᠠᠷ ᠢᠳᠡᠪᠬᠢᠲᠡᠢ  ᠰᠢᠨ᠎ᠡ ᠶ᠋ᠢ ᠡᠭᠦᠳᠴᠦ ᠂ ᠲᠡᠷᠢᠭᠦᠨ ᠴᠢᠳᠠᠮᠠᠭᠠᠢ ᠪᠠᠷᠢᠮᠵᠢᠶ᠎ᠠ ᠪᠠ 《 ᠬᠠᠮᠤᠭ ᠤ᠋ᠨ ᠥᠨᠳᠥᠷ ᠪᠠᠷᠢᠮᠵᠢᠶ᠎ᠠ ᠂ ᠬᠠᠮᠤᠭ ᠤ᠋ᠨ ᠴᠢᠩᠭ᠎ᠠ ᠱᠠᠭᠠᠷᠳᠠᠯᠭ᠎ᠠ ᠂ ᠬᠠᠮᠤᠭ ᠤ᠋ᠨ ᠰᠠᠢᠨ ᠦᠷ᠎ᠡ ᠪᠦᠲᠦᠮᠵᠢ》 ᠶ᠋ᠢᠨ ᠶᠣᠰᠣᠭᠠᠷ ᠡᠯ᠎ᠡ ᠵᠦᠢᠯ ᠦ᠋ᠨ ᠠᠵᠢᠯ ᠢ᠋ᠶ᠋ᠠᠨ ᠰᠠᠢᠲᠤᠷ ᠬᠢᠵᠦ ᠂  ᠰᠢᠭᠦᠨ ᠲᠠᠰᠤᠯᠤᠯᠲᠠ ᠶ᠋ᠢᠨ ᠴᠢᠨᠠᠷ ᠦᠷ᠎ᠡ ᠪᠦᠲᠦᠮᠵᠢ ᠶ᠋ᠢ ᠳᠠᠬᠢᠨ  ᠰᠢᠨ᠎ᠡ ᠳᠡᠭᠲᠡᠷ ᠲᠦ᠍ ᠭᠠᠷᠭᠠᠬᠤ ᠶ᠋ᠢ ᠬᠦᠴᠦᠯᠡᠨ ᠠᠬᠢᠭᠤᠯᠤᠨ᠎ᠠ ᠃
 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )