ᠣᠢᠷ᠎ᠠ ᠶ᠋ᠢᠨ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠪᠣᠳᠠᠰ ᠤ᠋ᠨ ᠡᠷᠬᠡ ᠪᠣᠯᠤᠨ ᠪᠠᠷᠢᠯᠭ᠎ᠠ ᠶ᠋ᠢᠨ ᠠᠵᠢᠯ ᠤ᠋ᠨ ᠬᠠᠮᠲᠤᠷᠠᠨ ᠵᠥᠪᠯᠡᠬᠦ ᠲᠢᠩᠬᠢᠮ ᠬᠠᠮᠲᠤᠷᠠᠨ ᠣᠲᠣᠭ ᠬᠣᠰᠢᠭᠤᠨ ᠤ᠋ ᠰᠢᠭᠦᠬᠦ ᠬᠣᠷᠢᠶ᠎ᠠ ᠳ᠋ᠤ᠌ ᠬᠦᠷᠴᠦ ᠲᠤᠬᠠᠢᠯᠠᠭᠰᠠᠨ ᠠᠵᠢᠯ ᠢ᠋ ᠵᠢᠯᠣᠭᠣᠳᠬᠤ ᠠᠵᠢᠯ ᠥᠷᠨᠢᠭᠦᠯᠵᠦ ᠪᠠᠢᠨ᠎ᠠ ᠂ ᠡᠨᠡ ᠪᠣᠯ ᠬᠠᠮᠲᠤᠷᠠᠨ ᠵᠥᠪᠯᠡᠬᠦ ᠲᠢᠩᠬᠢᠮ ᠨᠢ ᠬᠣᠷᠢᠶᠠᠨ ᠳ᠋ᠠᠭᠠᠨ ᠲᠣᠬᠢᠷᠠᠭᠤᠯᠤᠭᠰᠠᠨ ᠣᠲᠣᠭ ᠬᠣᠰᠢᠭᠤᠨ ᠤ᠋ ᠰᠢᠭᠦᠬᠦ ᠬᠣᠷᠢᠶ᠎ᠠ ᠲᠠᠢ ᠂ ᠳᠡᠭᠡᠷ᠎ᠡ ᠬᠠᠭᠠᠰ ᠵᠢᠯ ᠦ᠋ᠨ ᠠᠵᠢᠯ ᠢ᠋ᠶ᠋ᠠᠨ ᠪᠥᠬᠥ ᠲᠠᠯ᠎ᠠ ᠪᠠᠷ ᠳ᠋ᠦᠩᠨᠡᠭᠰᠡᠨ ᠦ᠌ ᠳᠠᠷᠠᠭ᠎ᠠ ᠂ ᠱᠢᠭᠦᠨ ᠲᠠᠰᠤᠯᠬᠤ ᠠᠵᠢᠯ ᠢ᠋ ᠵᠢᠯᠣᠭᠣᠳᠬᠤ ᠨᠢᠭᠡᠳᠦᠭᠡᠷ ᠥᠷᠲᠡᠭᠡ ᠪᠣᠯᠤᠨ᠎ᠠ ᠃
ᠶᠠᠷᠢᠯᠴᠠᠬᠤ ᠬᠤᠷᠠᠯ ᠳᠡᠭᠡᠷ᠎ᠡ ᠂ ᠣᠲᠣᠭ ᠬᠣᠰᠢᠭᠤᠨ ᠤ᠋ ᠰᠢᠭᠦᠬᠦ ᠬᠣᠷᠢᠶ᠎ᠠ ᠶ᠋ᠢᠨ ᠰᠢᠭᠦᠨ ᠲᠠᠰᠤᠯᠬᠤ ᠵᠥᠪᠯᠡᠯ ᠦ᠋ᠨ ᠲᠤᠰᠭᠠᠢ ᠲᠤᠰᠢᠶᠠᠯᠲᠤ ᠭᠡᠰᠢᠭᠦᠨ ᠰᠣᠳᠤ ᠡᠴᠡ ᠣᠲᠣᠭ ᠬᠣᠰᠢᠭᠤᠨ ᠤ᠋ ᠰᠢᠭᠦᠬᠦ ᠬᠣᠷᠢᠶ᠎ᠠ ᠶ᠋ᠢᠨ 2020 ᠣᠨ ᠤ᠋ 1 ᠰᠠᠷ᠎ᠠ ᠠ᠋ᠴᠠ 7 ᠰᠠᠷ᠎ᠠ ᠬᠦᠷᠲᠡᠯᠡᠬᠢ ᠬᠡᠷᠡᠭ ᠢ᠋ ᠬᠦᠯᠢᠶᠡᠨ ᠠᠪᠤᠭᠰᠠᠨ ᠪᠠᠢᠳᠠᠯ ᠢ᠋ ᠲᠠᠨᠢᠯᠴᠠᠭᠤᠯᠬᠤ ᠶ᠋ᠢᠨ ᠬᠠᠮᠲᠤ ᠭᠣᠣᠯᠳᠠᠯᠭ᠎ᠠ ᠲᠠᠢ ᠬᠢᠨᠠᠨ ᠰᠢᠯᠭᠠᠬᠤ ᠭᠦᠢᠴᠡᠳᠭᠡᠯ ᠲᠣᠭ᠎ᠠ ᠶ᠋ᠢ ᠪᠡᠶᠡᠯᠡᠭᠦᠯᠦᠭᠰᠡᠨ ᠪᠠᠢᠳᠠᠯ ᠵᠢᠴᠢ ᠥᠭᠡᠷᠡᠴᠢᠯᠡᠯᠲᠡ ᠬᠢᠭᠰᠡᠨ ᠬᠡᠷᠡᠭ ᠦ᠋ᠨ ᠲᠣᠭ᠎ᠠ ᠪᠠᠷᠢᠮᠲᠠ ᠶ᠋ᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠪᠡ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠪᠣᠳᠠᠰ ᠤ᠋ᠨ ᠡᠷᠬᠡ ᠪᠣᠯᠤᠨ ᠪᠠᠷᠢᠯᠭ᠎ᠠ ᠶ᠋ᠢᠨ ᠠᠵᠢᠯ ᠤ᠋ᠨ ᠬᠠᠮᠲᠤᠷᠠᠨ ᠵᠥᠪᠯᠡᠬᠦ ᠲᠢᠩᠬᠢᠮ ᠦ᠋ᠨ ᠰᠢᠭᠦᠨ ᠲᠠᠰᠤᠯᠬᠤ ᠳᠠᠷᠤᠭ᠎ᠠ ᠰᠢᠤᠸᠠᠢ ᠴᠦᠨ ᠮᠧᠢ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ 2020 ᠣᠨ ᠳ᠋ᠤ᠌ ᠬᠢᠨᠠᠨ ᠰᠢᠯᠭᠠᠬᠤ ᠭᠦᠢᠴᠡᠳᠭᠡᠯ ᠲᠣᠭ᠎ᠠ ᠳ᠋ᠤ᠌ ᠲᠣᠬᠢᠷᠠᠭᠤᠯᠤᠯᠲᠠ ᠬᠢᠵᠦ᠂ ᠣᠲᠣᠭ ᠬᠣᠰᠢᠭᠤᠨ ᠤ᠋ ᠰᠢᠭᠦᠬᠦ ᠬᠣᠷᠢᠶ᠎ᠠ ᠶ᠋ᠢᠨ ᠭᠦᠢᠴᠡᠳᠭᠡᠬᠦ ᠲᠣᠭ᠎ᠠ ᠶ᠋ᠢᠨ ᠲᠣᠭ᠎ᠠ ᠪᠠᠷᠢᠮᠲᠠ ᠳ᠋ᠤ᠌ ᠵᠠᠳᠠᠯᠤᠯᠲᠠ ᠬᠢᠵᠡᠢ᠃ ᠰᠢᠤᠸᠠᠢ ᠴᠦᠨ ᠮᠧᠢ ᠵᠢᠭᠠᠵᠤ ᠭᠠᠷᠭᠠᠭᠰᠠᠨ ᠨᠢ ᠂ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠵᠦ ᠂ ᠪᠦᠬᠦ ᠣᠷᠣᠨ ᠲᠣᠭᠠᠨ ᠤ᠋ ᠰᠢᠭᠦᠭᠴᠢ ᠲᠤᠰᠢᠶᠠᠯᠲᠠᠨ《 ᠱᠢᠭᠦᠭᠴᠢ ᠨᠢᠭᠡᠪᠦᠷᠢ ᠪᠣᠯ ᠴᠥᠮ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠳ᠋ᠤ᠌ ᠬᠠᠷᠢᠭᠤᠴᠠᠬᠤ ᠬᠥᠮᠦᠨ ᠮᠥᠨ 》 ᠭᠡᠬᠦ ᠦᠵᠡᠯ ᠤᠬᠠᠮᠰᠠᠷ ᠢ᠋ ᠪᠣᠢ ᠪᠣᠯᠭᠠᠵᠤ ᠂ ᠬᠢᠨᠠᠨ ᠰᠢᠯᠭᠠᠬᠤ ᠭᠦᠢᠴᠡᠳᠭᠡᠬᠦ ᠲᠣᠭ᠎ᠠ ᠳ᠋ᠤ᠌ ᠲᠣᠬᠢᠷᠠᠭᠤᠯᠤᠯᠲᠠ ᠬᠢᠭᠰᠡᠨ ᠪᠠᠢᠳᠠᠯ ᠢ᠋ ᠦᠨᠳᠦᠰᠦᠯᠡᠨ ᠂ ᠬᠡᠷᠡᠭ ᠢ᠋ ᠡᠶᠡᠳᠡᠭᠦᠯᠬᠦ ᠬᠦᠴᠦᠯᠡᠴᠡ ᠪᠡᠨ ᠨᠡᠮᠡᠭᠳᠡᠭᠦᠯᠵᠦ ᠂ ᠰᠢᠭᠦᠨ ᠲᠠᠰᠤᠯᠤᠭᠰᠠᠨ ᠤ᠋ ᠳᠠᠷᠠᠭᠠᠬᠢ ᠬᠠᠤᠯᠢ ᠲᠠᠢᠯᠪᠤᠷᠢᠯᠠᠬᠤ ᠠᠵᠢᠯ ᠢ᠋ ᠰᠠᠢᠲᠤᠷ ᠬᠢᠵᠦ ᠂ ᠰᠢᠭᠦᠨ ᠲᠠᠰᠤᠯᠤᠯᠲᠠ ᠶ᠋ᠢ ᠳᠠᠭᠠᠵᠤ ᠵᠠᠷᠭᠤᠯᠳᠤᠬᠤ ᠪᠠᠨ ᠵᠣᠭᠰᠣᠭᠠᠬᠤ ᠨᠣᠷᠮ᠎ᠠ ᠶ᠋ᠢ ᠳᠡᠭᠡᠭᠰᠢᠯᠡᠭᠦᠯᠦᠨ᠎ᠡ ᠃ ᠬᠡᠷᠡᠭ ᠦ᠋ᠨ ᠵᠢᠷᠤᠮ ᠤ᠋ᠨ ᠪᠣᠭᠣᠮᠲᠠ ᠶ᠋ᠢ ᠴᠢᠩᠭ᠎ᠠ ᠡᠵᠡᠮᠳᠡᠵᠦ ᠂ ᠬᠡᠷᠡᠭ ᠨᠢ ᠵᠢᠷᠤᠮ ᠤ᠋ᠨ ᠥ ᠰᠡᠪ ᠡᠴᠡ ᠪᠣᠯᠵᠤ ᠳᠠᠬᠢᠨ ᠰᠢᠭᠦᠯᠭᠡᠬᠦ ᠪᠡᠷ ᠪᠤᠴᠠᠭᠠᠬᠤ ᠠ᠋ᠴᠠ ᠵᠠᠢᠯᠠᠰᠭᠢᠬᠤ ᠬᠡᠷᠡᠭᠲᠡᠢ ᠃ ᠲᠥᠷᠥᠯ ᠦ᠋ᠨ ᠬᠡᠷᠡᠭ ᠢ᠋ ᠪᠠᠢᠴᠠᠭᠠᠨ ᠡᠷᠢᠬᠦ ᠤᠬᠠᠮᠰᠠᠷ ᠢ᠋ ᠪᠣᠢ ᠪᠣᠯᠭᠠᠵᠤ ᠂ ᠲᠥᠷᠥᠯ ᠦ᠋ᠨ ᠬᠡᠷᠡᠭ ᠢ᠋ ᠪᠠᠢᠴᠠᠭᠠᠨ ᠡᠷᠢᠬᠦ ᠶᠠᠪᠤᠳᠠᠯ ᠢ᠋ ᠰᠢᠭᠦᠨ ᠲᠠᠰᠤᠯᠬᠤ ᠠᠵᠢᠯ ᠤ᠋ᠨ ᠶᠠᠪᠤᠴᠠ ᠳ᠋ᠤ᠌ ᠣᠷᠣᠭᠤᠯᠵᠤ ᠂ ᠬᠠᠤᠯᠢ ᠴᠠᠭᠠᠵᠠ ᠶ᠋ᠢ ᠨᠢᠭᠡᠳᠦᠯᠲᠡᠢ ᠬᠡᠷᠡᠭᠯᠡᠬᠦ ᠶ᠋ᠢ ᠪᠡᠶᠡᠯᠡᠭᠦᠯᠬᠦ ᠬᠡᠷᠡᠭᠲᠡᠢ ᠃ ᠬᠤᠷᠠᠯ ᠳᠡᠭᠡᠷ᠎ᠡ ᠂ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠰᠢᠭᠦᠭᠴᠢ ᠨᠠᠷ ᠪᠠᠰᠠ ᠣᠲᠣᠭ ᠬᠣᠰᠢᠭᠤᠨ ᠤ᠋ ᠰᠢᠭᠦᠬᠦ ᠬᠣᠷᠢᠶ᠎ᠠ ᠶ᠋ᠢᠨ ᠥᠭᠡᠷᠡᠴᠢᠯᠡᠨ ᠵᠠᠰᠠᠭᠳᠠᠭᠰᠠᠨ ᠬᠡᠷᠡᠭ ᠵᠢᠴᠢ ᠲᠦᠪᠡᠭ ᠪᠤᠳᠤᠯᠢᠶᠠᠨᠲᠠᠢ ᠬᠡᠷᠡᠭ ᠦ᠋ᠨ ᠲᠤᠬᠠᠢ ᠰᠤᠳᠤᠯᠤᠨ ᠶᠠᠷᠢᠯᠴᠠᠭᠰᠠᠨ ᠪᠠᠢᠨ᠎ᠠ ᠃
ᠴᠢ ᠫᠠᠨ ᠵᠢᠩ ᠦ᠋ᠨ ᠱᠢᠭᠦᠬᠦ ᠲᠢᠩᠬᠢᠮ ᠦ᠋ᠨ ᠬᠡᠷᠡᠭ ᠦ᠋ᠨ ᠡᠵᠡᠯᠡᠬᠦ ᠬᠠᠷᠢᠴᠠᠯ ᠨᠢ ᠥᠨᠳᠥᠷ ᠂ ᠬᠦᠴᠢᠷ ᠲᠦᠪᠡᠭᠲᠡᠢ ᠪᠤᠳᠤᠯᠢᠶᠠᠨᠲᠠᠢ ᠬᠡᠷᠡᠭ ᠨᠢ ᠣᠯᠠᠨ ᠪᠠᠢᠳᠠᠭ ᠣᠨᠴᠠᠯᠢᠭ ᠲᠤ᠌ ᠴᠢᠭᠯᠡᠭᠦᠯᠦᠨ ᠂ ᠬᠣᠲᠠ ᠶ᠋ᠢᠨ ᠳᠤᠮᠳᠠ ᠵᠡᠷᠭᠡ ᠶ᠋ᠢᠨ ᠱᠢᠭᠦᠬᠦ ᠬᠣᠷᠢᠶ᠎ᠠ ᠶ᠋ᠢᠨ ᠪᠣᠳᠠᠰ ᠤ᠋ᠨ ᠡᠷᠬᠡ ᠪᠣᠯᠤᠨ ᠪᠠᠷᠢᠯᠭ᠎ᠠ ᠶ᠋ᠢᠨ ᠠᠵᠢᠯ ᠤ᠋ᠨ ᠬᠠᠮᠲᠤᠷᠠᠨ ᠵᠥᠪᠯᠡᠬᠦ ᠲᠢᠩᠬᠢᠮ ᠨᠢ ᠴᠢ ᠫᠠᠨ ᠵᠢᠩ ᠦ᠋ᠨ ᠱᠢᠭᠦᠬᠦ ᠲᠢᠩᠬᠢᠮ ᠳ᠋ᠦ᠍ ᠲᠤᠰᠭᠠᠢᠯᠠᠨ ᠬᠦᠷᠴᠦ ᠂ ᠴᠢ ᠫᠠᠨ ᠵᠢᠩ ᠦ᠋ᠨ ᠰᠢᠭᠦᠬᠦ ᠲᠢᠩᠬᠢᠮ ᠲᠡᠢ ᠱᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠬᠦ ᠵᠢᠴᠢ ᠣᠢᠷ᠎ᠠ ᠶ᠋ᠢᠨ ᠬᠤᠭᠤᠴᠠᠭᠠᠨ ᠳ᠋ᠤ᠌ ᠲᠣᠬᠢᠶᠠᠯᠳᠤᠭᠰᠠᠨ ᠰᠢᠨ᠎ᠡ ᠬᠡᠯᠪᠡᠷᠢ ᠶ᠋ᠢᠨ ᠬᠡᠷᠡᠭ ᠪᠠ ᠬᠦᠴᠢᠷ ᠲᠦᠪᠡᠭᠲᠡᠢ ᠬᠡᠷᠡᠭ ᠲᠦ᠍ ᠭᠦᠨᠵᠡᠭᠡᠢ ᠶᠠᠷᠢᠯᠴᠠᠭ᠎ᠠ ᠬᠢᠵᠦ ᠂ ᠲᠠᠨᠢᠯᠲᠠ ᠪᠠᠨ ᠨᠢᠭᠡᠳᠭᠡᠨ ᠂ᠬᠤᠢᠰᠢᠲᠠ ᠶ᠋ᠢᠨ ᠰᠢᠭᠦᠨ ᠲᠠᠰᠤᠯᠤᠯᠲᠠ ᠪᠠᠨ ᠳᠡᠭᠡᠭᠰᠢᠯᠡᠭᠦᠯᠦᠭᠰᠡᠨ ᠪᠠᠢᠨ᠎ᠠ ᠃
ᠦᠨᠡᠯᠡᠬᠦ 0ᠦᠨᠡᠯᠡᠯᠲᠡ ᠲᠠᠢ