ᠬᠠᠤᠯᠢ ᠴᠠᠭᠠᠵᠠ ᠶ᠋ᠢᠨ ᠦᠢᠯᠡᠴᠢᠯᠡᠭᠡ ᠨᠢ ᠰᠢᠨᠵᠢᠯᠡᠬᠦ ᠤᠬᠠᠭᠠᠨ ᠮᠡᠷᠭᠡᠵᠢᠯ ᠦ᠋ᠨ ᠬᠦᠴᠦᠨ ᠢ᠋ ᠠᠳᠭᠤᠵᠠᠢ — ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠡᠷᠴᠢᠮᠵᠢᠭᠦᠯᠦᠨ ᠬᠦᠷᠭᠡᠬᠦ ᠰᠢᠨ᠎ᠡ ᠬᠡᠯᠪᠡᠷᠢ ᠶ᠋ᠢ ᠡᠬᠢᠯᠡᠭᠦᠯᠪᠡ
2020.09.07 ᠲᠣᠰ ᠥᠷᠲᠡᠭᠡᠨ ᠦ ᠨᠠᠢᠷᠠᠭᠤᠯᠤᠭᠴᠢ

ᠣᠢᠷ᠎ᠠ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠡᠷᠴᠢᠮᠵᠢᠭᠦᠯᠦᠭᠰᠡᠨ ᠲᠤᠰᠠᠯᠠᠬᠤ ᠬᠦᠷᠭᠡᠬᠦ ᠲᠤᠬᠠᠢᠯᠠᠭᠰᠠᠨ ᠠᠵᠢᠯ ᠤ᠋ᠨ ᠡᠬᠢᠯᠡᠯᠲᠡ ᠶ᠋ᠢᠨ ᠶᠣᠰᠣᠯᠠᠯ ᠵᠢᠴᠢ ᠠᠵᠢᠯ ᠤ᠋ᠨ ᠪᠣᠯᠪᠠᠰᠤᠷᠠᠯ ᠤ᠋ᠨ ᠬᠤᠷᠠᠯ ᠬᠢᠪᠡ ᠃ ᠬᠣᠲᠠ ᠶ᠋ᠢᠨ  ᠳᠤᠮᠳᠠ ᠬᠣᠷᠢᠶ᠎ᠠ ᠢ᠋ᠢᠨ  ᠰᠢᠭᠦᠨ ᠲᠠᠰᠤᠯᠬᠤ ᠺᠣᠮᠢᠰ ᠤ᠋ᠨ ᠲᠤᠰᠭᠠᠢ ᠲᠤᠰᠢᠶᠠᠯᠲᠤ ᠭᠡᠰᠢᠭᠦᠨ ᠵᠢᠶᠧ ᠵᠢᠦᠢ ᠨᠢᠩ ᠬᠤᠷᠠᠯ ᠳ᠋ᠤ᠌ ᠣᠷᠣᠯᠴᠠᠵᠤ ᠂ ᠵᠠᠷᠭᠤ ᠶ᠋ᠢᠨ ᠦᠢᠯᠡᠴᠢᠯᠡᠭᠡᠨ ᠦ᠌ ᠲᠥᠪ ᠦ᠋ᠨ ᠡᠷᠬᠢᠯᠡᠭᠴᠢ ᠯᠢᠦ ᠵᠢᠶᠠᠨ ᠸᠸᠨ ᠬᠤᠷᠠᠯ ᠡᠷᠬᠢᠯᠡᠵᠦ ᠂ ᠡᠯ᠎ᠡ ᠲᠤᠬᠠᠢᠯᠠᠭᠰᠠᠨ ᠠᠵᠢᠯ ᠤ᠋ᠨ ᠰᠠᠯᠠᠭ᠎ᠠ ᠮᠥᠴᠢᠷ ᠦ᠋ᠨ ᠪᠢᠴᠢᠭᠡᠴᠢ ᠬᠤᠷᠠᠯ ᠳ᠋ᠤ᠌ ᠣᠷᠣᠯᠴᠠᠪᠠ ᠃

 ᠬᠤᠷᠠᠯ ᠳᠡᠭᠡᠷ᠎ᠡ ᠂ ᠵᠢᠶᠧ ᠨᠢᠩ  ᠪᠠᠢᠷᠢᠯᠠᠭᠤᠯᠤᠯᠲᠠ ᠶ᠋ᠢᠨ ᠢᠯᠡᠳᠭᠡᠯ ᠬᠢᠪᠡ ᠃ ᠲᠡᠷᠡ ᠴᠢᠬᠤᠯᠠᠴᠢᠯᠠᠭᠰᠠᠨ ᠨᠢ ᠂ ᠣᠢᠷ᠎ᠠ ᠶ᠋ᠢᠨ ᠵᠢᠯ ᠳ᠋ᠦ᠍ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠨᠢ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ᠋ ᠥᠨᠳᠥᠷ ᠵᠡᠷᠭᠡ ᠶ᠋ᠢᠨ  ᠰᠢᠭᠦᠬᠦ ᠬᠣᠷᠢᠶᠠᠨ ᠤ᠋ 《 ᠨᠢᠭᠡ ᠯᠡ ᠥᠷᠲᠡᠭᠡᠨ ᠦ᠌ ᠬᠡᠯᠪᠡᠷᠢ ᠶ᠋ᠢᠨ ᠵᠠᠷᠭᠤ ᠶ᠋ᠢᠨ ᠦᠢᠯᠡᠴᠢᠯᠡᠭᠡᠨ ᠦ᠌ ᠲᠥᠪ》 ᠦ᠋ᠨ ᠪᠠᠢᠭᠤᠯᠤᠯᠲᠠ ᠶ᠋ᠢᠨ ᠬᠠᠷᠠᠯᠲᠠ ᠶ᠋ᠢᠨ ᠱᠠᠭᠠᠷᠳᠠᠯᠭ᠎ᠠ ᠶ᠋ᠢ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠵᠤ ᠂ ᠬᠠᠤᠯᠢ ᠪᠠᠷᠢᠬᠤ ᠳ᠋ᠠᠭᠠᠨ ᠠᠷᠠᠳ ᠲᠤ᠌ ᠳᠥᠭᠥᠮ ᠦᠵᠡᠭᠦᠯᠬᠦ ᠂ ᠲᠥᠪ ᠭᠣᠣᠯᠴᠢ ᠥᠨᠳᠥᠷ ᠪᠦᠲᠦᠮᠵᠢᠲᠡᠢ ᠪᠠᠢᠬᠤ ᠪᠠᠷ ᠵᠠᠷᠴᠢᠮ ᠪᠣᠯᠭᠠᠬᠤ ᠶ᠋ᠢ ᠪᠠᠷᠢᠮᠲᠠᠯᠠᠵᠤ ᠂ 《 ᠨᠢᠭᠡ ᠯᠡ ᠥᠷᠲᠡᠭᠡ ᠪᠡᠷ ᠬᠠᠮᠲᠤᠷᠠᠨ ᠭᠦᠢᠴᠡᠳᠭᠡᠬᠦ》《 ᠨᠢᠭᠡᠳᠦᠭᠡᠷ ᠨᠣᠮᠧᠷᠲᠦ ᠶᠡᠷᠦᠩᠬᠡᠢᠯᠡᠨ ᠭᠦᠢᠴᠡᠳᠭᠡᠬᠦ 》 ᠣᠳᠣᠬᠢᠴᠢᠯᠠᠭᠰᠠᠨ ᠵᠠᠷᠭᠤ ᠶ᠋ᠢ ᠬᠦᠴᠦᠯᠡᠨ ᠪᠠᠢᠭᠤᠯᠤᠨ᠎ᠠ ᠃

 ᠳᠡᠭᠡᠳᠦ ᠱᠠᠲᠤᠨ ᠤ᠋  ᠰᠢᠭᠦᠬᠦ ᠬᠣᠷᠢᠶᠠᠨ ᠤ᠋ ᠲᠣᠬᠢᠷᠠᠭᠤᠯᠤᠭᠰᠠᠨ ᠪᠠᠢᠷᠢᠯᠠᠭᠤᠯᠤᠯᠲᠠ ᠶᠣᠰᠣᠭᠠᠷ ᠂ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠵᠠᠷᠭᠤ ᠶ᠋ᠢᠨ ᠦᠢᠯᠡᠴᠢᠯᠡᠭᠡᠨ ᠦ᠌ ᠲᠥᠪ ᠲᠦᠷᠦᠭᠦᠯᠡᠨ ᠠᠵᠢᠯᠯᠠᠭ᠎ᠠ ᠬᠢᠵᠦ ᠂ 《 ᠢᠨᠲ᠋ᠸᠷ ᠰᠦᠯᠵᠢᠶ᠎ᠡ +》 ᠶ᠋ᠢᠨ ᠰᠢᠨᠵᠢᠯᠡᠬᠦ ᠤᠬᠠᠭᠠᠨ ᠮᠡᠷᠭᠡᠵᠢᠯ ᠦ᠋ᠨ ᠬᠦᠴᠦᠨ ᠢ᠋ ᠰᠠᠨᠠᠭᠠᠴᠢᠯᠠᠭ᠎ᠠ ᠠ᠋ᠴᠠ ᠪᠠᠨ ᠲᠡᠳᠡᠨ ᠣᠷᠣᠭᠤᠯᠵᠤ ᠂ ᠲᠥᠪᠯᠡᠷᠡᠭᠦᠯᠦᠨ ᠡᠷᠴᠢᠮᠵᠢᠭᠦᠯᠵᠦ ᠬᠦᠷᠭᠡᠬᠦ ᠲᠥᠪ ᠪᠠᠢᠭᠤᠯᠵᠤ ᠂ ᠡᠯᠧᠺᠲ᠋ᠷᠣᠨ ᠳ᠋ᠢᠶᠠᠩᠬᠤᠸᠠ ᠂ ᠡᠯᠧᠺᠲ᠋ᠷᠣᠨ  ᠰᠢᠥᠳᠠᠨ ᠵᠦᠢᠯ ᠵᠡᠷᠭᠡ ᠬᠦᠷᠭᠡᠬᠦ ᠠᠷᠭ᠎ᠠ ᠮᠠᠶᠢᠭ ᠢ᠋ ᠡᠩ ᠲᠡᠷᠢᠭᠦᠨ ᠳ᠋ᠦ᠍ ᠰᠣᠩᠭᠣᠬᠤ ᠶ᠋ᠢᠨ ᠬᠠᠮᠲᠤ ᠂ ᠥᠨᠳᠥᠷ ᠪᠦᠲᠦᠮᠵᠢᠲᠡᠢ ᠪᠡᠷ ᠭᠡᠷ ᠲᠤᠨᠢ ᠬᠦᠷᠭᠡᠬᠦ ᠪᠠ  ᠰᠢᠥᠳᠠᠨ ᠤ᠋ ᠬᠦᠷᠭᠡᠬᠦ ᠵᠠᠩᠭᠢᠯᠠᠭ᠎ᠠ ᠶ᠋ᠢ ᠲᠥᠪᠯᠡᠷᠡᠭᠦᠯᠵᠦ ᠪᠠᠢᠭᠠᠳ ᠲᠤᠬᠠᠢᠯᠠᠭᠰᠠᠨ ᠠᠵᠢᠯ ᠤ᠋ᠨ ᠲᠢᠩᠬᠢᠮ ᠢ᠋ ᠬᠠᠮᠵᠢᠨ ᠠᠯᠪᠠᠨ ᠵᠠᠷ ᠭᠠᠷᠭᠠᠬᠤ ᠬᠡᠷᠡᠭᠲᠡᠢ ᠬᠦᠷᠭᠡᠬᠦ ᠬᠤᠭᠤᠴᠠᠭᠠᠨ ᠳ᠋ᠤ᠌ ᠂ ᠡᠷᠴᠢᠮᠵᠢᠭᠦᠯᠦᠨ ᠬᠦᠷᠭᠡᠬᠦ ᠲᠥᠪ ᠡᠴᠡ ᠪᠦᠬᠦᠯᠢ ᠴᠣᠭᠴᠠ ᠪᠠᠷ ᠨᠢ ᠲᠣᠬᠢᠷᠠᠭᠤᠯᠤᠨ ᠡᠵᠡᠮᠳᠡᠬᠦ ᠪᠠ ᠴᠠᠭ ᠲᠤᠬᠠᠢ ᠳ᠋ᠤᠨᠢ ᠮᠥᠷᠳᠡᠭᠦᠯᠦᠨ᠎ᠡ ᠃ ᠬᠦᠷᠭᠡᠵᠦ ᠳᠠᠭᠤᠰᠤᠭᠰᠠᠨ ᠤ᠋ ᠳᠠᠷᠠᠭ᠎ᠠ ᠂ ᠬᠦᠷᠭᠡᠭᠰᠡᠨ ᠮᠡᠳᠡᠭᠦᠯᠦᠯᠲᠡ ᠶ᠋ᠢᠨ ᠪᠢᠴᠢᠭ ᠪᠠ ᠬᠦᠷᠭᠡᠭᠰᠡᠨ ᠬᠠᠷᠢᠭᠤ ᠪᠠᠷᠢᠮᠲᠠ ᠵᠡᠷᠭᠡ ᠮᠠᠲ᠋ᠧᠷᠢᠶᠠᠯ ᠢ᠋ ᠠᠶᠠᠨᠳᠠᠭᠠᠨ ᠪᠣᠢ ᠪᠣᠯᠭᠠᠵᠤ ᠂ ᠬᠡᠷᠡᠭ ᠢ᠋ ᠳᠠᠭᠠᠭᠠᠨ ᠬᠢᠭᠴᠢ ᠳ᠋ᠦ᠍ ᠬᠠᠷᠢᠭᠤ ᠲᠤᠰᠭᠠᠵᠤ ᠂ ᠬᠦᠷᠭᠡᠬᠦ ᠬᠠᠮᠢᠶᠠᠷᠤᠯᠲᠠ ᠶ᠋ᠢᠨ ᠪᠦᠬᠦ ᠶᠠᠪᠤᠴᠠ ᠂ ᠬᠦᠷᠭᠡᠬᠦ ᠠᠷᠭ᠎ᠠ ᠮᠠᠶᠢᠭ ᠢ᠋ ᠪᠦᠷᠢᠨ ᠪᠦᠷᠬᠦᠭᠦᠯᠬᠦ ᠂ ᠬᠦᠷᠭᠡᠬᠦ ᠶᠠᠪᠤᠴᠠ ᠶ᠋ᠢ ᠪᠦᠬᠦᠨ ᠢ᠋ ᠦᠯᠡᠳᠡᠭᠡᠨ ᠬᠣᠴᠣᠷᠭᠠᠵᠤ ᠂  ᠰᠢᠭᠦᠨ ᠲᠠᠰᠤᠯᠤᠯᠲᠠ ᠶ᠋ᠢᠨ ᠲᠤᠰᠠᠯᠠᠬᠤ ᠠᠵᠢᠯ ᠢ᠋ ᠨᠡᠩ ᠲᠤᠰᠭᠠᠢᠵᠢᠭᠤᠯᠵᠤ ᠂ ᠳᠦᠷᠢᠮᠵᠢᠭᠦᠯᠬᠦ ᠶ᠋ᠢᠨ ᠬᠠᠮᠲᠤ ᠂ ᠬᠢᠵᠠᠭᠠᠷ ᠲᠠᠢ  ᠰᠢᠭᠦᠨ ᠲᠠᠰᠤᠯᠬᠤ ᠬᠦᠴᠦᠨ ᠵᠦᠢᠯ ᠢ᠋  ᠶᠠᠷᠰᠢᠭ ᠲᠦᠪᠡᠭ ᠲᠡᠢ ᠪᠣᠯᠭᠠᠵᠠᠢ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )