ᠲᠡᠷᠢᠭᠦᠨ ᠦ᠌ ᠰᠢᠭᠦᠬᠦ ᠬᠣᠷᠢᠶᠠᠨ ᠤ᠋ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠶ᠋ᠢᠨ ᠠᠵᠢᠯ ᠤ᠋ᠨ ᠲᠤᠷᠰᠢᠯᠭ᠎ᠠ ᠶ᠋ᠢ ᠰᠤᠷᠤᠯᠴᠠᠵᠤ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠶ᠋ᠢᠨ ᠠᠵᠢᠯ ᠢ᠋ ᠤᠯᠠᠮ ᠨᠢᠭᠡ ᠠᠯᠬᠤᠮ ᠠᠬᠢᠭᠤᠯᠬᠤ ᠶ᠋ᠢᠨ ᠲᠥᠯᠥᠭᠡ ᠂ 6 ᠰᠠᠷ᠎ᠠ ᠶ᠋ᠢᠨ 12 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠶ᠋ᠢᠨ ᠬᠣᠶᠠᠳᠤᠭᠠᠷ ᠬᠠᠮᠲᠤᠷᠠᠨ ᠵᠥᠪᠯᠡᠬᠦ ᠲᠢᠩᠬᠢᠮ ᠦ᠋ᠨ ᠳᠥᠷᠪᠡᠨ ᠬᠥᠮᠦᠨ ᠲᠦᠩᠯᠢᠶᠣᠣ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠂ ᠲᠦᠩᠯᠢᠶᠣᠣ ᠬᠣᠲᠠ ᠶ᠋ᠢᠨ ᠵᠠᠷᠤᠳ ᠬᠣᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠳ᠋ᠤ᠌ ᠬᠦᠷᠴᠦ ᠢᠷᠭᠡᠨ ᠦ᠌ ᠬᠡᠷᠡᠭ ᠦ᠋ᠨ ᠳᠥᠭᠥᠮ ᠰᠢᠭᠦᠯᠲᠡ ᠶ᠋ᠢᠨ ᠬᠤᠪᠢᠶᠠᠷᠢ ᠤᠷᠤᠰᠭᠠᠯ ᠤ᠋ᠨ ᠥᠭᠡᠷᠡᠴᠢᠯᠡᠯᠲᠡ ᠪᠠ ᠳᠥᠭᠥᠮ ᠰᠢᠭᠦᠯᠲᠡ ᠶ᠋ᠢ ᠰᠤᠷᠤᠯᠴᠠᠨ ᠪᠠᠢᠴᠠᠭᠠᠪᠠ ᠃
6 ᠰᠠᠷ᠎ᠠ ᠶ᠋ᠢᠨ 12 ᠤ᠋ ᠡᠳᠦᠷ ᠦ᠋ᠨ ᠦᠳᠡ ᠶ᠋ᠢᠨ ᠡᠮᠦᠨ᠎ᠡ ᠂ ᠲᠦᠩᠯᠢᠶᠣᠣ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠶᠠᠷᠢᠯᠴᠠᠬᠤ ᠬᠤᠷᠠᠯ ᠢ᠋ ᠵᠣᠬᠢᠶᠠᠨ ᠪᠠᠢᠭᠤᠯᠤᠨ ᠬᠤᠷᠠᠯᠳᠤᠭᠤᠯᠵᠤ ᠂ ᠲᠤᠰ ᠬᠣᠷᠢᠶᠠᠨ ᠤ᠋ ᠢᠷᠭᠡᠨ ᠦ᠌ ᠬᠡᠷᠡᠭ ᠦ᠋ᠨ ᠲᠦᠷᠭᠡᠨ ᠰᠢᠭᠦᠬᠦ ᠪᠦᠯᠬᠦᠮ ᠦ᠋ᠨ ᠳᠠᠷᠤᠭ᠎ᠠ ᠱᠢ ᠭᠦᠸᠧ ᠯᠢᠶᠠᠩ ᠲᠦᠷᠭᠡᠨ ᠰᠢᠭᠦᠬᠦ ᠪᠦᠯᠬᠦᠮ ᠦ᠋ᠨ ᠠᠵᠢᠯᠲᠠᠨ ᠢ᠋ ᠲᠣᠬᠢᠷᠠᠭᠤᠯᠬᠤ ᠂ ᠬᠡᠷᠡᠭ ᠲᠣᠭᠲᠠᠭᠠᠬᠤ ᠂ ᠬᠡᠷᠡᠭ ᠦ᠋ᠨ ᠬᠡᠪᠴᠢᠶ᠎ᠡ ᠂ ᠰᠢᠭᠦᠬᠦ ᠵᠠᠭᠪᠤᠷ ᠂ ᠡᠯᠧᠺᠲ᠋ᠷᠣᠨ ᠮᠡᠷᠭᠡᠵᠢᠯ ᠦ᠋ᠨ ᠬᠡᠷᠡᠭᠯᠡᠯᠲᠡ ᠪᠠ ᠠᠵᠢᠯᠯᠠᠭᠠᠨ ᠤ᠋ ᠦᠷ᠎ᠡ ᠪᠦᠲᠦᠮᠵᠢ ᠵᠡᠷᠭᠡ ᠲᠠᠯ᠎ᠠ ᠶ᠋ᠢᠨ ᠪᠠᠢᠳᠠᠯ ᠢ᠋ ᠲᠠᠨᠢᠯᠴᠠᠭᠤᠯᠪᠠ ᠃ 12 ᠤ᠋ ᠡᠳᠦᠷ ᠦ᠋ᠨ ᠦᠳᠡ ᠶ᠋ᠢᠨ ᠬᠣᠢᠨ᠎ᠠ ᠂ ᠲᠦᠩᠯᠢᠶᠣᠣ ᠬᠣᠲᠠ ᠶ᠋ᠢᠨ ᠵᠠᠷᠤᠳ ᠬᠣᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠶᠠᠷᠢᠯᠴᠠᠬᠤ ᠬᠤᠷᠠᠯ ᠬᠢᠵᠦ ᠂ ᠲᠤᠰ ᠬᠣᠷᠢᠶᠠᠨ ᠤ᠋ ᠳᠡᠳ᠋ ᠳᠠᠷᠤᠭ᠎ᠠ ᠹᠧᠩ ᠹᠦ ᠯᠢᠨ ᠰᠢᠨᠵᠢᠯᠡᠨ ᠪᠠᠢᠴᠠᠭᠠᠬᠤ ᠳᠤᠭᠤᠢᠯᠠᠩ ᠳ᠋ᠤ᠌ ᠵᠠᠷᠤᠳ ᠬᠣᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠲᠦᠷᠭᠡᠨ ᠰᠢᠭᠦᠬᠦ ᠪᠦᠯᠬᠦᠮ ᠦ᠋ᠨ ᠠᠵᠢᠯᠯᠠᠭᠠᠨ ᠤ᠋ ᠪᠠᠢᠳᠠᠯ ᠢ᠋ ᠲᠠᠨᠢᠯᠴᠠᠭᠤᠯᠪᠠ ᠃
ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠪᠠᠢᠴᠠᠭᠠᠬᠤ ᠳᠤᠭᠤᠢᠯᠠᠩ ᠨᠢ ᠲᠦᠩᠯᠢᠶᠣᠣ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠰᠢᠭᠦᠬᠦ ᠬᠣᠷᠢᠶ᠎ᠠ ᠂ ᠵᠠᠷᠤᠳ ᠬᠣᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠶ᠋ᠢᠨ ᠶᠠᠷᠰᠢᠭ ᠲᠦᠪᠡᠭᠲᠡᠢ ᠪᠠ ᠳᠥᠭᠥᠮ ᠬᠡᠷᠡᠭ ᠢ᠋ ᠲᠦᠷᠭᠡᠨ ᠬᠢᠨᠠᠭᠰᠠᠨ ᠠᠵᠢᠯ ᠤ᠋ᠨ ᠪᠠᠢᠳᠠᠯ ᠢ᠋ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠲᠦᠪᠡᠭᠲᠡᠢ ᠪᠠ ᠳᠥᠭᠥᠮ ᠬᠡᠷᠡᠭ ᠢ᠋ ᠰᠠᠯᠭᠠᠬᠤ ᠬᠢᠨᠠᠨ ᠲᠣᠳᠣᠯᠠᠬᠤ ᠠᠷᠭ᠎ᠠ ᠂ ᠵᠠᠷᠭᠤ ᠶ᠋ᠢᠨ ᠳᠡᠰ ᠳᠠᠷᠠᠭᠠᠯᠠᠯ ᠢ᠋ ᠳᠥᠭᠥᠮᠴᠢᠯᠡᠬᠦ ᠂ ᠠᠵᠢᠯᠲᠠᠨ ᠤ᠋ ᠡᠭᠦᠷᠭᠡ ᠬᠠᠷᠢᠭᠤᠴᠠᠯᠭ᠎ᠠ ᠶ᠋ᠢᠨ ᠬᠤᠪᠢᠶᠠᠷᠢᠯᠠᠯ ᠂ ᠮᠡᠳᠡᠭᠡ ᠵᠠᠩᠭᠢᠵᠢᠯᠳᠠ ᠂ ᠰᠢᠭᠦᠨ ᠲᠠᠰᠤᠯᠤᠯᠲᠠ ᠶ᠋ᠢᠨ ᠪᠢᠴᠢᠭ ᠬᠠᠷ᠎ᠠ ᠶ᠋ᠢᠨ ᠥᠭᠡᠷᠡᠴᠢᠯᠡᠯᠲᠡ ᠂ ᠰᠢᠭᠦᠨ ᠲᠠᠰᠤᠯᠤᠯᠲᠠ ᠶ᠋ᠢᠨ ᠶᠠᠰᠤ ᠴᠢᠨᠠᠷ ᠢ᠋ ᠪᠠᠲᠤᠯᠠᠬᠤ ᠵᠡᠷᠭᠡ ᠠᠰᠠᠭᠤᠳᠠᠯ ᠤ᠋ᠨ ᠲᠤᠬᠠᠢ ᠭᠦᠨᠵᠡᠭᠡᠢ ᠱᠢᠨᠵᠢᠯᠡᠨ ᠶᠠᠷᠢᠯᠴᠠᠭᠰᠠᠨ ᠪᠠᠢᠨ᠎ᠠ ᠃ ᠡᠨᠡ ᠤᠳᠠᠭᠠᠨ ᠤ᠋ ᠪᠠᠢᠴᠠᠭᠠᠯᠲᠠ ᠪᠠᠷ ᠳᠠᠮᠵᠢᠨ ᠂ ᠰᠢᠯᠭᠠᠨ ᠪᠠᠢᠴᠠᠭᠠᠬᠤ ᠳᠤᠭᠤᠢᠯᠠᠩ ᠤ᠋ᠨ ᠬᠢᠨ ᠲᠦᠩᠯᠢᠶᠣᠣ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠳᠥᠭᠥᠮ ᠬᠡᠷᠡᠭ ᠢ᠋ ᠲᠦᠷᠭᠡᠨ ᠰᠢᠭᠦᠬᠦ ᠠᠵᠢᠯ ᠤ᠋ᠨ ᠳᠤᠮᠳᠠᠬᠢ ᠡᠷᠬᠢᠮ ᠨᠠᠨᠳᠢᠨ ᠲᠤᠷᠰᠢᠯᠭ᠎ᠠ ᠶ᠋ᠢ ᠰᠤᠷᠤᠯᠴᠠᠨ ᠂ ᠡᠩ ᠦ᠋ᠨ ᠢᠷᠭᠡᠨ ᠦ᠌ ᠬᠡᠷᠡᠭ ᠢ᠋ ᠲᠦᠷᠭᠡᠨ ᠰᠢᠭᠦᠬᠦ ᠠᠵᠢᠯ ᠤ᠋ᠨ 《 ᠬᠡᠷᠡᠭ ᠣᠯᠠᠨ ᠬᠥᠮᠦᠨ ᠴᠥᠭᠡᠨ 》 ᠪᠠᠢᠬᠤ ᠵᠥᠷᠢᠴᠡᠯ ᠢ᠋ ᠨᠠᠮᠳᠠᠭᠤᠯᠬᠤ ᠳᠤᠮᠳᠠᠬᠢ ᠴᠢᠬᠤᠯᠠ ᠶᠡᠬᠡ ᠠᠴᠢ ᠬᠣᠯᠪᠣᠭᠳᠠᠯ ᠪᠠ ᠰᠢᠭᠦᠨ ᠲᠠᠰᠤᠯᠤᠯᠲᠠ ᠶ᠋ᠢᠨ ᠦᠷ᠎ᠡ ᠪᠦᠲᠦᠮᠵᠢ ᠶ᠋ᠢ ᠳᠡᠭᠡᠭᠰᠢᠯᠡᠭᠦᠯᠬᠦ ᠲᠠᠯ᠎ᠠ ᠪᠠᠷ ᠬᠢ ᠪᠣᠳᠠᠲᠤ ᠦᠷ᠎ᠡ ᠪᠦᠲᠦᠮᠵᠢ ᠶ᠋ᠢ ᠪᠡᠶ᠎ᠡ ᠪᠡᠷ ᠢ᠋ᠶ᠋ᠡᠨ ᠮᠡᠳᠡᠷᠡᠵᠡᠢ ᠃
ᠬᠤᠢᠰᠢᠲᠠ ᠶ᠋ᠢᠨ ᠠᠵᠢᠯ ᠤ᠋ᠨ ᠳᠤᠮᠳᠠ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠢᠷᠭᠡᠨ ᠦ᠌ ᠬᠡᠷᠡᠭ ᠦ᠋ᠨ ᠲᠦᠪᠡᠭᠲᠡᠢ ᠪᠠ ᠳᠥᠭᠥᠮ ᠬᠡᠷᠡᠭ ᠢ᠋ ᠲᠦᠷᠭᠡᠨ ᠰᠠᠯᠭᠠᠬᠤ ᠂ ᠳᠥᠭᠥᠮ ᠬᠡᠷᠡᠭ ᠢ᠋ ᠲᠦᠷᠭᠡᠨ ᠰᠢᠭᠦᠬᠦ ᠠᠵᠢᠯ ᠤ᠋ᠨ ᠲᠣᠭᠲᠠᠴᠠ ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠵᠢᠱ᠌ᠢᠶ᠎ᠡ ᠦᠵᠡᠭᠦᠯᠦᠨ ᠵᠠᠭᠠᠯᠳᠤᠬᠤ ᠠᠷᠭ᠎ᠠ ᠮᠠᠶᠢᠭ ᠢ᠋ ᠰᠦᠪᠡᠭᠴᠢᠯᠡᠨ ᠬᠡᠷᠡᠭᠵᠢᠭᠦᠯᠵᠦ ᠂ ᠡᠩ ᠦ᠋ᠨ ᠢᠷᠭᠡᠨ ᠦ᠌ ᠪᠠ ᠬᠤᠳᠠᠯᠳᠤᠭᠠᠨ ᠤ᠋ ᠬᠡᠷᠡᠭ ᠢ᠋ ᠬᠠᠤᠯᠢ ᠶᠣᠰᠣᠭᠠᠷ ᠲᠦᠷᠭᠡᠨ ᠰᠢᠭᠦᠨ ᠰᠢᠢᠳᠪᠦᠷᠢᠯᠡᠬᠦ ᠶ᠋ᠢᠨ ᠬᠠᠮᠲᠤ ᠂ ᠪᠦᠬᠦ ᠬᠣᠲᠠ ᠶ᠋ᠢᠨ ᠬᠡᠪᠴᠢᠶᠡᠨ ᠳ᠋ᠦ᠍ 《 ᠳᠥᠭᠥᠮ ᠬᠡᠷᠡᠭ ᠢ᠋ ᠲᠦᠷᠭᠡᠨ ᠰᠢᠭᠦᠨ ᠲᠠᠰᠤᠯᠬᠤ ᠂ ᠬᠦᠨᠳᠦ ᠬᠡᠷᠡᠭ ᠢ᠋ ᠨᠠᠷᠢᠨ ᠬᠢᠨᠠᠬᠤ》 ᠶ᠋ᠢ ᠲᠦᠯᠬᠢᠨ ᠠᠬᠢᠭᠤᠯᠵᠤ ᠂ ᠰᠢᠭᠦᠨ ᠲᠠᠰᠤᠯᠤᠯᠲᠠ ᠶ᠋ᠢᠨ ᠡᠬᠢ ᠪᠠᠶᠠᠯᠢᠭ ᠢ᠋ ᠪᠦᠲᠦᠮᠵᠢᠲᠡᠢ ᠡᠮᠬᠢᠯᠡᠨ ᠨᠡᠢᠯᠡᠭᠦᠯᠵᠦ ᠂ ᠲᠠᠰᠤᠯᠠᠭᠰᠠᠨ ᠦᠭᠡᠢ ᠬᠡᠮᠵᠢᠶᠡᠨ ᠳ᠋ᠦ᠍ ᠬᠦᠷᠭᠡᠨ᠎ᠡ ᠃
ᠦᠨᠡᠯᠡᠬᠦ 0ᠦᠨᠡᠯᠡᠯᠲᠡ ᠲᠠᠢ