ᠡᠶᠡᠳᠡᠭᠦᠯᠭᠡ ᠶ᠋ᠢ ᠬᠥᠳᠡᠯᠮᠦᠷᠢ ᠢ᠋ᠢᠨ ᠮᠠᠷᠭᠤᠯᠳᠠᠭᠠᠨ ᠤ᠋ ᠬᠡᠷᠡᠭ ᠲᠦ ᠪᠤᠲᠠᠲᠤ ᠦᠷ᠎ᠡ ᠪᠦᠲᠦᠮᠵᠢ ᠪᠠᠳᠠᠷᠠᠭᠤᠯᠪᠠ— ᠬᠣᠲᠠ ᠢ᠋ᠢᠨ ᠳᠤᠮᠳᠠ ᠬᠣᠷᠢᠶᠠᠨ ᠤ᠋ ᠢᠷᠭᠡᠨ ᠤ᠋ ᠬᠡᠷᠡᠭ ᠤ᠋ᠨ ᠬᠣᠶᠠᠳᠤᠭᠠᠷ ᠬᠠᠮᠲᠤᠷᠠᠨ ᠵᠥᠪᠯᠡᠬᠦ ᠲᠢᠩᠬᠢᠮ ᠦ᠋ᠨ ᠡᠶᠡᠳᠡᠭᠦᠯᠬᠦ ᠬᠠᠮᠲᠤᠯᠢᠭ ᠤ᠋ᠨ ᠴᠢᠨᠠᠷᠲᠠᠢ ᠬᠡᠷᠡᠭ ᠦ᠋ᠨ ᠪᠣᠳᠠᠲᠤ ᠲᠡᠮᠳᠡᠭᠯᠡᠯ ᠤ᠋ᠨ ᠲᠦᠷᠭᠡᠨ ᠰᠢᠭᠦᠯᠲᠡ
2020.09.07 ᠲᠣᠰ ᠥᠷᠲᠡᠭᠡᠨ ᠦ ᠨᠠᠢᠷᠠᠭᠤᠯᠤᠭᠴᠢ

5 ᠰᠠᠷ᠎ᠠ ᠶ᠋ᠢᠨ 14  ᠦ᠌ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠢᠷᠭᠡᠨ ᠦ᠌ ᠬᠡᠷᠡᠭ ᠦ᠋ᠨ ᠲᠦᠷᠭᠡᠨ  ᠰᠢᠭᠦᠬᠦ ᠶ᠋ᠢᠨ ᠬᠶᠠᠳᠤᠭᠠᠷ ᠬᠠᠮᠲᠤᠷᠠᠨ ᠵᠥᠪᠯᠡᠬᠦ ᠲᠢᠩᠬᠢᠮ ᠨᠢ ᠶᠠᠮᠠᠷ ᠨᠢᠭᠡᠨ ᠠᠵᠢᠯ ᠮᠡᠷᠭᠡᠵᠢᠯ ᠦ᠋ᠨ ᠰᠤᠷᠭᠠᠭᠤᠯᠢ ᠪᠣᠯᠤᠨ 20 ᠵᠢᠯᠣᠭᠣᠴᠢ ᠶ᠋ᠢᠨ ᠰᠤᠷᠭᠠᠭᠤᠯᠢ ᠶ᠋ᠢᠨ ᠳᠠᠰᠭᠠᠯᠵᠢᠭᠤᠯᠤᠭᠴᠢ ᠶ᠋ᠢᠨ ᠬᠥᠳᠡᠯᠮᠦᠷᠢ ᠶ᠋ᠢᠨ ᠮᠠᠷᠭᠤᠯᠳᠤᠭᠠᠨ ᠤ᠋  ᠰᠢᠷᠢᠰ ᠬᠡᠷᠡᠭ ᠢ᠋ ᠲᠥᠪᠯᠡᠷᠡᠭᠦᠯᠦᠨ ᠡᠶᠡᠳᠡᠭᠦᠯᠵᠡᠢ ᠃ ᠲᠤᠰ ᠬᠡᠷᠡᠭ ᠲᠦ᠍ ᠬᠣᠯᠪᠣᠭᠳᠠᠬᠤ ᠬᠥᠮᠦᠨ ᠦ᠌ ᠲᠣᠭ᠎ᠠ ᠨᠢ ᠨᠡᠯᠢᠶᠡᠳ ᠣᠯᠠᠨ ᠪᠣᠯᠬᠣᠷ ᠬᠥᠳᠡᠯᠮᠦᠷᠢᠴᠢᠨ ᠦ᠌ ᠲᠤᠰ ᠲᠤᠰ ᠤ᠋ᠨ ᠠᠵᠢᠯᠯᠠᠭᠰᠠᠨ ᠵᠢᠯ ᠬᠤᠭᠤᠴᠠᠭ᠎ᠠ ᠂ ᠴᠠᠯᠢᠩ ᠤ᠋ᠨ ᠲᠣᠭ᠎ᠠ ᠪᠠ ᠭᠤᠶᠤᠴᠢᠯᠠᠯ ᠨᠢ ᠪᠦᠷ ᠠᠳᠠᠯᠢ ᠦᠭᠡᠢ ᠪᠠᠢᠵᠤ ᠂  ᠰᠢᠭᠦᠨ  ᠰᠢᠢᠳᠪᠦᠷᠢᠯᠡᠬᠦ ᠳ᠋ᠦ᠍ ᠨᠡᠯᠢᠶᠡᠳ ᠬᠦᠴᠢᠷᠲᠡᠢ ᠪᠠᠢᠳᠠᠭ ᠃ ᠬᠡᠷᠪᠡ ᠨᠢᠭᠡ ᠬᠡᠷᠡᠭ ᠢ᠋ ᠵᠣᠬᠢᠰᠲᠠᠢ ᠰᠢᠢᠳᠪᠦᠷᠢᠯᠡᠵᠦ ᠴᠢᠳᠠᠬᠤ ᠦᠭᠡᠢ ᠪᠣᠯ ᠠᠵᠢᠯᠴᠢᠨ ᠪᠠ ᠬᠥᠷᠥᠩᠭᠡᠲᠡᠨ ᠦ᠌ ᠬᠣᠶᠠᠷ ᠲᠠᠯ᠎ᠠ ᠶ᠋ᠢᠨ ᠬᠠᠤᠯᠢ ᠶᠣᠰᠣᠨ ᠤ᠋ ᠡᠷᠬᠡ  ᠠᠰᠢᠭ ᠢ᠋ ᠨᠥᠯᠥᠭᠡᠯᠡᠬᠦ ᠪᠡᠷ ᠪᠠᠷᠠᠬᠤ ᠦᠭᠡᠢ ᠂ ᠬᠥᠮᠦᠨ ᠬᠡᠷᠡᠭᠯᠡᠬᠦ ᠨᠢᠭᠡᠴᠢ ᠶ᠋ᠢᠨ ᠡᠶ᠎ᠡ ᠵᠣᠬᠢᠴᠠᠯ ᠲᠠᠢ ᠡᠮᠬᠢ ᠵᠢᠷᠤᠮ ᠲᠠᠢ ᠠᠵᠢᠯᠴᠢᠨ ᠬᠡᠷᠡᠭᠯᠡᠬᠦ ᠬᠠᠷᠢᠴᠠᠭ᠎ᠠ ᠶ᠋ᠢ ᠡᠪᠳᠡᠵᠦ ᠂ ᠬᠡᠷᠡᠭ ᠢ᠋  ᠰᠢᠢᠳᠪᠦᠷᠢᠯᠡᠬᠦ ᠨᠡᠢᠭᠡᠮ ᠦ᠋ᠨ ᠦᠷ᠎ᠡ ᠪᠦᠲᠦᠮᠵᠢ ᠶ᠋ᠢ ᠴᠦ᠍ ᠨᠥᠯᠥᠭᠡᠯᠡᠬᠦ ᠪᠣᠯᠤᠨ᠎ᠠ ᠃ ᠬᠡᠷᠡᠭ ᠢ᠋ ᠳᠠᠭᠤᠰᠭᠠᠬᠤ ᠂ ᠤᠴᠢᠷ ᠢ᠋ ᠳᠠᠭᠤᠰᠭᠠᠬᠤ ᠂ ᠬᠥᠮᠦᠨ ᠲᠡᠢ ᠨᠠᠢᠷᠠᠮᠳᠠᠬᠤ ᠶ᠋ᠢ ᠪᠡᠶᠡᠯᠡᠭᠦᠯᠬᠦ ᠶ᠋ᠢᠨ ᠲᠥᠯᠥᠭᠡ ᠂ ᠬᠠᠮᠲᠤᠷᠠᠨ ᠵᠥᠪᠯᠡᠬᠦ ᠲᠢᠩᠬᠢᠮ ᠲᠤᠰ ᠬᠡᠷᠡᠭ ᠲᠦ᠍ ᠲᠢᠩᠬᠢᠮ ᠦ᠋ᠨ ᠡᠮᠦᠨ᠎ᠡ ᠡᠶᠡᠳᠡᠭᠦᠯᠬᠦ ᠠᠵᠢᠯᠯᠠᠭ᠎ᠠ ᠬᠢᠬᠦ ᠪᠡᠷ ᠲᠣᠭᠲᠠᠪᠠ ᠃

 ᠥᠷᠯᠥᠭᠡ ᠶ᠋ᠢᠨ 9 ᠴᠠᠭ ᠄ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠢᠷᠭᠡᠨ ᠦ᠌ ᠬᠡᠷᠡᠭ ᠦ᠋ᠨ ᠲᠦᠷᠭᠡᠨ  ᠰᠢᠭᠦᠯᠲᠡ ᠶ᠋ᠢᠨ ᠬᠣᠶᠠᠳᠤᠭᠠᠷ ᠬᠠᠮᠲᠤᠷᠠᠨ ᠵᠥᠪᠯᠡᠬᠦ ᠲᠢᠩᠬᠢᠮ ᠦ᠋ᠨ 9 ᠠᠵᠢᠯᠲᠠᠨ ᠠᠯᠢ ᠡᠷᠲᠡ ᠠᠵᠢᠯ ᠤ᠋ᠨ ᠪᠠᠢᠷᠢ ᠪᠠᠨ ᠣᠯᠬᠤ ᠪᠠᠷ ᠪᠡᠯᠡᠳᠭᠡᠵᠦ ᠂ 20 ᠬᠥᠳᠡᠯᠮᠦᠷᠢᠴᠢᠨ ᠵᠢᠴᠢ ᠲᠡᠭᠦᠨ ᠦ᠌ ᠵᠠᠷᠭᠤ ᠶ᠋ᠢᠨ ᠣᠷᠣᠯᠠᠭᠴᠢ ᠪᠣᠯᠤᠨ ᠬᠥᠮᠦᠨ ᠬᠡᠷᠡᠭᠯᠡᠬᠦ ᠨᠢᠭᠡᠴᠢ ᠶ᠋ᠢᠨ ᠠᠵᠢᠯᠲᠠᠨ ᠠᠵᠢᠯᠴᠢᠨ ᠂ ᠵᠠᠷᠭᠤ ᠶ᠋ᠢᠨ ᠣᠷᠣᠯᠠᠭᠴᠢ ᠳ᠋ᠤ᠌ ᠨᠠᠢᠳᠠᠵᠤ ᠲᠣᠭᠲᠠᠭᠰᠠᠨ ᠴᠠᠭ ᠲᠠᠭᠠᠨ  ᠰᠢᠭᠦᠯᠲᠡ ᠳ᠋ᠦ᠍ ᠣᠷᠣᠯᠴᠠᠭᠤᠯᠬᠤ ᠭᠡᠵᠦ ᠪᠠᠢᠨ᠎ᠠ ᠃ ᠨᠢᠭᠡ ᠦᠶ᠎ᠡ ᠠᠭᠤᠵᠢᠭᠤ ᠪᠠᠢᠭᠰᠠᠨ 18  ᠳ᠋ᠤᠭᠠᠷ  ᠰᠢᠭᠦᠬᠦ ᠲᠢᠩᠬᠢᠮ ᠬᠥᠮᠦᠰ ᠦ᠋ᠨ ᠠᠩᠬᠠᠷᠤᠯ ᠢ᠋ ᠲᠠᠲᠠᠵᠤ ᠂ ᠡᠩ ᠦ᠋ᠨ ᠴᠠᠭ ᠲᠤ᠌ ᠨᠠᠮ ᠵᠢᠮ ᠡᠮᠬᠢ ᠵᠢᠷᠤᠮ ᠲᠠᠢ  ᠰᠢᠭᠦᠬᠦ ᠲᠢᠩᠬᠢᠮ ᠱᠤᠤᠭᠢᠶᠠᠨ ᠶᠡᠬᠡᠲᠡᠢ ᠪᠠᠢᠯ᠎ᠠ ᠃
  ᠰᠢᠭᠦᠭᠴᠢ ᠄ ᠡᠶᠡᠳᠡᠭᠦᠯᠭᠡ ᠶ᠋ᠢ  ᠵᠥᠪᠰᠢᠶᠡᠷᠡᠭᠦᠯᠵᠦ ᠦᠦ ?
 ᠬᠥᠳᠡᠯᠮᠦᠷᠢᠴᠢᠨ ᠦ᠌ ᠲᠥᠯᠥᠭᠡᠯᠡᠭᠴᠢᠳ ᠦ᠋ᠨ ᠰᠠᠨᠠᠯ ᠄ ᠡᠶᠡᠳᠡᠭᠦᠯᠭᠡ ᠶ᠋ᠢ  ᠵᠥᠪᠰᠢᠶᠡᠷᠡᠵᠦ ᠂ ᠪᠢᠳᠡ ᠬᠥᠳᠡᠯᠮᠦᠷᠢ ᠶ᠋ᠢᠨ ᠬᠠᠷᠢᠴᠠᠭ᠎ᠠ ᠶ᠋ᠢ ᠮᠠᠭᠠᠳᠯᠠᠬᠤ ᠬᠡᠷᠡᠭᠲᠡᠢ ᠪᠥᠭᠡᠳ ᠬᠥᠮᠦᠨ ᠬᠡᠷᠡᠭᠯᠡᠬᠦ ᠨᠢᠭᠡᠴᠢ ᠡᠴᠡ ᠴᠠᠭ ᠨᠡᠮᠡᠵᠦ ᠠᠵᠢᠯᠯᠠᠭᠰᠠᠨ ᠮᠥᠩᠭᠥ ᠂ ᠬᠥᠳᠡᠯᠮᠦᠷᠢ ᠶ᠋ᠢᠨ ᠭᠡᠷ᠎ᠡ ᠲᠣᠭᠲᠠᠭᠠᠳᠤᠢ ᠬᠣᠶᠠᠷ ᠲᠠᠯ᠎ᠠ ᠶ᠋ᠢᠨ ᠴᠠᠯᠢᠩ ᠂ ᠠᠵᠢᠯ ᠠ᠋ᠴᠠ ᠪᠠᠨ ᠪᠠᠭᠤᠵᠤ ᠠᠮᠠᠷᠠᠭᠰᠠᠨ ᠦᠭᠡᠢ ᠠᠮᠠᠷᠠᠯᠲᠠ ᠶ᠋ᠢᠨ ᠴᠠᠯᠢᠩ ᠪᠠ ᠨᠡᠢᠭᠡᠮ ᠦ᠋ᠨ ᠳᠠᠭᠠᠳᠭᠠᠯ  ᠲᠤᠰᠢᠶᠠᠭᠰᠠᠨ ᠦᠭᠡᠢ ᠡᠴᠡ ᠪᠣᠯᠤᠭᠰᠠᠨ ᠬᠣᠬᠢᠷᠠᠯ ᠪᠣᠯᠤᠨ᠎ᠠ ᠃
 ᠬᠥᠮᠦᠨ ᠬᠡᠷᠡᠭᠯᠡᠬᠦ ᠨᠢᠭᠡᠴᠢ ᠶ᠋ᠢᠨ ᠰᠠᠨᠠᠯ ᠄ ᠪᠢᠳᠡ ᠪᠠᠰᠠ ᠡᠶᠡᠳᠡᠭᠦᠯᠬᠦ ᠶ᠋ᠢ  ᠵᠥᠪᠰᠢᠶᠡᠷᠡᠨ᠎ᠡ ᠂ ᠭᠡᠪᠡᠴᠦ ᠬᠥᠳᠡᠯᠮᠦᠷᠢᠴᠢᠨ 2019 ᠣᠨ ᠳ᠋ᠤ᠌ ᠨᠢᠭᠡᠨᠲᠡ ᠠᠵᠢᠯ ᠠ᠋ᠴᠠ ᠪᠠᠨ ᠠᠮᠠᠷᠠᠭᠰᠠᠨ ᠪᠣᠯᠬᠣᠷ ᠲᠤᠰ ᠬᠡᠰᠡᠭ ᠦ᠋ᠨ ᠴᠠᠯᠢᠩ ᠢ᠋ ᠬᠢᠨᠠᠨ ᠬᠠᠰᠤᠬᠤ ᠬᠡᠷᠡᠭᠲᠡᠢ ᠂ ᠡᠭᠡᠯᠵᠢ ᠨᠡᠮᠡᠵᠦ ᠠᠵᠢᠯᠯᠠᠭᠰᠠᠨ ᠰᠦᠢᠳᠭᠡᠯ ᠪᠠ ᠨᠡᠢᠭᠡᠮ ᠦ᠋ᠨ ᠳᠠᠭᠠᠳᠭᠠᠯ ᠤ᠋ᠨ ᠰᠦᠢᠳᠭᠡᠯ  ᠲᠤᠰᠢᠶᠠᠬᠤ ᠶ᠋ᠢ  ᠵᠥᠪᠰᠢᠶᠡᠷᠡᠭᠦᠯᠵᠦ ᠦᠭᠡᠢ ᠃
 ᠰᠢᠭᠦᠭᠴᠢ ᠨᠢ ᠬᠣᠶᠠᠷ ᠲᠠᠯ᠎ᠠ ᠶ᠋ᠢᠨ ᠡᠶᠡᠳᠡᠭᠦᠯᠭᠡ ᠶ᠋ᠢᠨ ᠰᠠᠨᠠᠯ ᠳ᠋ᠤ᠌ ᠨᠡᠯᠢᠶᠡᠳ ᠶᠡᠬᠡ ᠵᠥᠷᠢᠴᠡᠯ  ᠣᠷᠤᠰᠢᠵᠤ ᠪᠠᠢᠬᠤ ᠶ᠋ᠢ ᠮᠡᠳᠡᠭᠰᠡᠨ ᠦ᠌ ᠳᠠᠷᠠᠭ᠎ᠠ ᠂ ᠮᠠᠷᠭᠤᠯᠳᠤᠭᠠᠨ ᠤ᠋ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ᠋ ᠨᠠᠷᠢᠨ ᠶᠠᠷᠢᠵᠤ ᠂ ᠬᠣᠶᠠᠷ ᠲᠠᠯ᠎ᠠ ᠶ᠋ᠢᠨ ᠠᠰᠢᠭ ᠣᠷᠣᠯᠭ᠎ᠠ ᠣᠯᠵᠤ ᠠᠯᠳᠠᠬᠤ ᠶ᠋ᠢ ᠪᠦᠬᠦ ᠲᠠᠯ᠎ᠠ ᠪᠠᠷ ᠵᠠᠳᠠᠯᠤᠭᠰᠠᠨ ᠰᠠᠭᠤᠷᠢᠨ ᠳᠡᠭᠡᠷ᠎ᠡ ᠂ ᠪᠣᠳᠠᠲᠠᠢ ᠡᠶᠡᠳᠡᠭᠦᠯᠭᠡ ᠶ᠋ᠢᠨ ᠲᠥᠰᠦᠯ ᠢ᠋ ᠳᠤᠷᠠᠳᠤᠨ ᠭᠠᠷᠭᠠᠵᠤ ᠲᠤᠬᠠᠢ ᠶ᠋ᠢᠨ ᠬᠥᠮᠦᠨ ᠳ᠋ᠦ᠍ ᠯᠠᠪᠯᠠᠯᠲᠠ ᠪᠣᠯᠭᠠᠪᠠ ᠃

 ᠦᠳᠡ ᠶ᠋ᠢᠨ ᠡᠮᠦᠨᠡᠬᠢ 11 ᠴᠠᠭ 30 ᠮᠢᠨᠦ᠋ᠲ ᠲᠦ᠍ ᠄ ᠨᠢᠭᠡ ᠡᠭᠡᠯᠵᠢ ᠶ᠋ᠢᠨ ᠰᠣᠯᠢᠯᠴᠠᠭᠠᠨ ᠤ᠋ ᠰᠠᠨᠠᠯ ᠢ᠋ᠶ᠋ᠠᠷ ᠳᠠᠮᠵᠢᠨ ᠂ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠲᠤᠰ ᠬᠡᠷᠡᠭ ᠢ᠋ ᠡᠶᠡᠳᠡᠭᠦᠯᠦᠨ  ᠰᠢᠢᠳᠪᠦᠷᠢᠯᠡᠬᠦ ᠶ᠋ᠢ ᠦᠨᠳᠦᠰᠦᠨ ᠳ᠋ᠡᠭᠡᠨ  ᠵᠥᠪᠰᠢᠶᠡᠷᠡᠵᠡᠢ᠃ ᠡᠶᠡᠳᠡᠭᠦᠯᠬᠦ ᠲᠥᠰᠦᠯ ᠡᠴᠡ ᠪᠣᠯᠵᠤ ᠬᠥᠮᠦᠨ ᠬᠡᠷᠡᠭᠯᠡᠬᠦ ᠨᠢᠭᠡᠴᠢ ᠶ᠋ᠢᠨ ᠬᠠᠮᠢᠶ᠎ᠠ ᠪᠦᠬᠦᠢ ᠤᠳᠤᠷᠢᠳᠤᠯᠭ᠎ᠠ ᠬᠢᠨᠠᠨ  ᠵᠥᠪᠰᠢᠶᠡᠷᠡᠭᠦᠯᠵᠦ ᠴᠢᠬᠤᠯᠠᠲᠠᠢ ᠪᠠᠢᠵᠤ ᠂ ᠬᠠᠮᠲᠤᠷᠠᠨ ᠵᠥᠪᠯᠡᠬᠦ ᠲᠢᠩᠬᠢᠮ ᠨᠢ ᠬᠥᠮᠦᠨ ᠬᠡᠷᠡᠭᠯᠡᠬᠦ ᠨᠢᠭᠡᠴᠢ ᠶ᠋ᠢᠨ ᠰᠠᠨᠠᠯ ᠢ᠋ ᠬᠤᠷᠢᠶᠠᠭᠰᠠᠨ ᠤ᠋ ᠳᠠᠷᠠᠭ᠎ᠠ ᠂ ᠰᠤᠷᠭᠠᠭᠤᠯᠢ ᠶ᠋ᠢᠨ ᠬᠣᠯᠪᠣᠭᠳᠠᠯ ᠪᠦᠬᠦᠢ ᠤᠳᠤᠷᠢᠳᠤᠯᠭ᠎ᠠ ᠳ᠋ᠤ᠌ ᠮᠡᠳᠡᠭᠳᠡᠨ  ᠰᠢᠭᠦᠯᠲᠡ ᠳ᠋ᠦ᠍ ᠣᠷᠣᠯᠴᠠᠭᠤᠯᠤᠨ ᠡᠶᠡᠳᠡᠭᠦᠯᠬᠦ ᠠᠵᠢᠯ ᠳ᠋ᠤ᠌ ᠣᠷᠣᠯᠴᠠᠭᠤᠯᠬᠤ ᠬᠡᠷᠡᠭᠲᠡᠢ ᠃ ᠰᠤᠷᠭᠠᠭᠤᠯᠢ ᠶ᠋ᠢᠨ ᠲᠠᠯ᠎ᠠ ᠶ᠋ᠢᠨ ᠤᠳᠤᠷᠢᠳᠤᠯᠭ᠎ᠠ  ᠰᠢᠭᠦᠬᠦ ᠲᠢᠩᠬᠢᠮ ᠳ᠋ᠦ᠍ ᠬᠦᠷᠦᠭᠰᠡᠨ ᠦ᠌ ᠳᠠᠷᠠᠭ᠎ᠠ ᠬᠡᠷᠡᠭ ᠢ᠋ ᠳᠠᠭᠠᠭᠠᠨ  ᠰᠢᠢᠳᠪᠦᠷᠢᠯᠡᠬᠦ  ᠰᠢᠭᠦᠭᠴᠢ ᠬᠡᠷᠡᠭ ᠦ᠋ᠨ ᠪᠣᠳᠠᠲᠤ ᠶᠠᠪᠤᠳᠠᠯ ᠂ ᠬᠠᠤᠯᠢ ᠴᠠᠭᠠᠵᠠ ᠶ᠋ᠢᠨ ᠲᠣᠭᠲᠠᠭᠠᠯ ᠂ ᠦᠢᠯᠡᠳᠦᠯᠭᠡ ᠬᠢᠬᠦ ᠠᠷᠭ᠎ᠠ ᠂  ᠠᠰᠢᠭ ᠲᠤᠰᠠ ᠶ᠋ᠢ  ᠰᠢᠯᠭᠠᠳᠠᠭ ᠵᠡᠷᠭᠡ ᠠᠰᠠᠭᠤᠳᠠᠯ ᠢ᠋ ᠳᠠᠬᠢᠨᠲᠠ ᠭᠦᠨᠵᠡᠭᠡᠢ ᠵᠠᠳᠠᠯᠤᠭᠰᠠᠨ ᠤ᠋ ᠳᠠᠷᠠᠭ᠎ᠠ ᠰᠤᠷᠭᠠᠭᠤᠯᠢ ᠶ᠋ᠢᠨ ᠲᠠᠯ᠎ᠠ ᠶ᠋ᠢᠨ ᠤᠳᠤᠷᠢᠳᠤᠯᠭ᠎ᠠ ᠬᠣᠶᠠᠷ ᠲᠠᠯ᠎ᠠ ᠶ᠋ᠢᠨ ᠡᠶᠡᠳᠡᠭᠦᠯᠭᠡ ᠶ᠋ᠢᠨ ᠰᠠᠨᠠᠯ ᠢ᠋  ᠵᠥᠪᠰᠢᠶᠡᠷᠡᠨ᠎ᠡ ᠭᠡᠵᠦ ᠢᠯᠡᠷᠬᠡᠢᠯᠡᠪᠡ ᠃ ᠭᠡᠲᠡᠯ᠎ᠡ ᠡᠨᠳᠡ ᠬᠦᠷᠦᠭᠡᠳ ᠡᠶᠡᠳᠡᠭᠦᠯᠦᠭᠡᠳ ᠪᠦᠲᠦᠭᠰᠡᠨ ᠦᠭᠡᠢ ᠂ ᠰᠤᠷᠭᠠᠭᠤᠯᠢ ᠶ᠋ᠢᠨ ᠲᠠᠯ᠎ᠠ ᠠ᠋ᠴᠠ ᠬᠥᠳᠡᠯᠮᠦᠷᠢᠴᠢᠨ ᠲᠡᠢ ᠡᠶᠡᠳᠡᠭᠦᠯᠭᠡ ᠶ᠋ᠢᠨ ᠬᠡᠯᠡᠯᠴᠡᠭᠡᠷ ᠲᠣᠭᠲᠠᠬᠤ ᠶ᠋ᠢᠨ ᠲᠥᠯᠥᠭᠡ ᠂ ᠨᠢᠭᠡᠨ ᠬᠥᠳᠡᠯᠮᠦᠷᠢᠴᠢᠨ ᠳ᠋ᠦ᠍ ᠡᠪᠡᠳᠴᠢᠯᠡᠭᠰᠡᠨ ᠬᠤᠭᠤᠴᠠᠭᠠᠨ ᠳ᠋ᠠᠬᠢ ᠬᠥᠳᠡᠯᠮᠦᠷᠢ ᠶ᠋ᠢᠨ ᠬᠥᠯᠥᠰᠥ ᠣᠯᠭᠣᠮᠵᠢ ᠶ᠋ᠢ ᠦᠭᠭᠦᠭᠰᠡᠨ ᠲᠤᠬᠠᠢ ᠶᠠᠷᠢᠭᠰᠠᠨ ᠪᠣᠯᠪᠠᠴᠤ ᠲᠤᠰ ᠬᠥᠳᠡᠯᠮᠦᠷᠢᠴᠢᠨ ᠰᠤᠷᠭᠠᠭᠤᠯᠢ ᠶ᠋ᠢᠨ ᠬᠢᠨ ᠡᠪᠡᠳᠴᠢᠯᠡᠭᠰᠡᠨ ᠬᠤᠭᠤᠴᠠᠭᠠᠨ ᠳ᠋ᠤ᠌ ᠵᠠᠷᠤᠴᠠᠭᠤᠯᠤᠭᠰᠠᠨ ᠬᠥᠳᠡᠯᠮᠦᠷᠢ ᠶ᠋ᠢᠨ ᠬᠥᠯᠥᠰᠥ ᠣᠯᠭᠣᠮᠵᠢ ᠶ᠋ᠢ ᠦᠭᠭᠦᠭᠰᠡᠨ ᠦᠭᠡᠢ ᠪᠥᠭᠡᠳ ᠲᠡᠭᠦᠨ ᠦ᠌ ᠵᠠᠷᠤᠴᠠᠭᠤᠯᠤᠭᠰᠠᠨ ᠡᠮᠨᠡᠯᠭᠡ ᠶ᠋ᠢᠨ ᠵᠠᠷᠤᠳᠠᠯ ᠢ᠋ ᠳᠠᠩᠰᠠᠨ ᠠ᠋ᠴᠠ ᠭᠠᠷᠭᠠᠵᠤ ᠳᠡᠢᠯᠦᠭᠰᠡᠨ ᠦᠭᠡᠢ ᠭᠡᠵᠦ ᠦᠵᠡᠪᠡ ᠃
 ᠦᠳᠡ ᠶ᠋ᠢᠨ 13 ᠴᠠᠭ ᠲᠤ᠌ ᠄ ᠡᠶᠡᠳᠡᠭᠦᠯᠬᠦ ᠠᠵᠢᠯ ᠳᠠᠬᠢᠭᠠᠳ  ᠬᠥᠰᠢᠭᠦᠨ ᠪᠠᠢᠳᠠᠯ ᠳ᠋ᠤ᠌ ᠣᠷᠣᠵᠠᠢ ᠃ ᠬᠠᠮᠲᠤᠷᠠᠨ ᠵᠥᠪᠯᠡᠬᠦ ᠲᠢᠩᠬᠢᠮ ᠨᠢ ᠬᠣᠶᠠᠷ ᠲᠠᠯ᠎ᠠ ᠶ᠋ᠢᠨ ᠲᠤᠬᠠᠢᠲᠠᠢ ᠬᠥᠮᠦᠨ ᠨᠢ ᠦᠳᠡ ᠶ᠋ᠢᠨ ᠠᠮᠠᠷᠠᠯᠲᠠ ᠠᠪᠬᠤ ᠰᠠᠨᠠᠯ ᠥᠬᠡᠢ ᠪᠣᠯᠤᠭᠰᠠᠨ ᠤ᠋ ᠳᠠᠷᠠᠭ᠎ᠠ ᠂ ᠡᠶᠡᠳᠡᠭᠦᠯᠬᠦ ᠠᠵᠢᠯ ᠢ᠋ ᠦᠷᠭᠦᠯᠵᠢᠯᠡᠨ ᠲᠦᠯᠬᠢᠨ ᠠᠬᠢᠭᠤᠯᠤᠨ᠎ᠠ ᠃ ᠸᠠᠩ ᠭᠠᠩ  ᠰᠢᠭᠦᠭᠴᠢ ᠤᠤᠯ ᠤ᠋ᠨ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠢ᠋  ᠰᠢᠢᠳᠪᠦᠷᠢᠯᠡᠭᠰᠡᠨ  ᠰᠢᠭᠦᠨ ᠲᠠᠰᠤᠯᠤᠭᠰᠠᠨ  ᠲᠤᠷᠰᠢᠯᠭ᠎ᠠ ᠪᠠᠨ ᠦᠨᠳᠦᠰᠦᠯᠡᠵᠦ ᠂ ᠲᠤᠰ ᠬᠥᠳᠡᠯᠮᠦᠷᠢᠴᠢᠨ ᠳ᠋ᠦ᠍ ᠭᠠᠭᠴᠠᠭᠠᠷ ᠶᠣᠰᠣ ᠵᠦᠢ ᠂ ᠬᠡᠷᠡᠭ ᠤᠴᠢᠷ ᠪᠠ ᠬᠠᠤᠯᠢ ᠶᠣᠰᠣᠨ ᠤ᠋ ᠢᠳᠭᠠᠨ ᠳᠠᠭᠠᠭᠤᠯᠤᠭ᠎ᠠ ᠬᠢᠵᠦ ᠂ ᠲᠡᠭᠦᠨ ᠢ᠋ ᠡᠶᠡᠳᠡᠭᠦᠯᠭᠡ ᠶ᠋ᠢᠨ ᠬᠤᠷᠠᠯ ᠳ᠋ᠤ᠌ ᠰᠠᠭᠤᠯᠭᠠᠨ ᠦᠷᠭᠦᠯᠵᠢᠯᠡᠨ ᠵᠥᠪᠳᠡᠯᠴᠡᠭᠦᠯᠪᠡ ᠃
 ᠦᠳᠡ ᠶ᠋ᠢᠨ ᠬᠣᠢᠨ᠎ᠠ 15 ᠴᠠᠭ ᠲᠤ᠌ ᠃ ᠬᠡᠳᠦᠨ ᠡᠭᠡᠯᠵᠢ ᠶ᠋ᠢᠨ ᠦᠨᠡᠨᠴᠢ  ᠰᠢᠳᠤᠷᠭᠤ ᠡᠮᠬᠢ ᠵᠢᠷᠤᠮ ᠲᠠᠢ ᠰᠣᠯᠢᠯᠴᠠᠬᠤ ᠰᠠᠨᠠᠯ ᠢ᠋ ᠥᠩᠭᠡᠷᠡᠭᠡᠭᠡᠳ ᠂ ᠬᠣᠶᠠᠷ ᠲᠠᠯ᠎ᠠ ᠪᠠᠷ ᠢ᠋ᠶ᠋ᠠᠨ ᠡᠶᠡᠳᠡᠭᠦᠯᠭᠡ ᠶ᠋ᠢᠨ ᠬᠡᠯᠡᠯᠴᠡᠭᠡᠷ ᠢ᠋ ᠵᠢᠩᠬᠢᠨᠢ ᠪᠡᠷ ᠲᠣᠭᠲᠠᠭᠠᠵᠤ ᠂ ᠬᠠᠮᠲᠤᠷᠠᠨ ᠵᠥᠪᠯᠡᠬᠦ ᠲᠢᠩᠬᠢᠮ ᠳᠠᠷᠤᠢ ᠲᠦᠷᠭᠡᠨ ᠬᠣᠶᠠᠷ ᠲᠠᠯ᠎ᠠ ᠪᠠᠨ ᠵᠣᠬᠢᠶᠠᠨ ᠪᠠᠢᠭᠤᠯᠵᠤ ᠡᠶᠡᠳᠡᠭᠦᠯᠭᠡ ᠶ᠋ᠢᠨ ᠬᠡᠯᠡᠯᠴᠡᠭᠡᠷ ᠲᠣᠭᠲᠠᠪᠠ ᠃
 ᠦᠳᠡ ᠶ᠋ᠢᠨ ᠬᠣᠢᠨᠠᠬᠢ 17 ᠴᠠᠭ ᠲᠤ᠌ ᠄ 20 ᠬᠡᠷᠡᠭ ᠦ᠋ᠨ ᠡᠶᠡᠳᠡᠭᠦᠯᠭᠡ ᠶ᠋ᠢᠨ ᠪᠢᠴᠢᠭ ᠢ᠋ ᠴᠥᠮ ᠲᠤᠭᠤᠷᠪᠢᠨ ᠪᠢᠴᠢᠵᠦ ᠳᠠᠭᠤᠰᠤᠭᠰᠠᠨ ᠤ᠋ ᠬᠠᠮᠲᠤ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠦ᠌ ᠭᠠᠷ ᠲᠤ᠌ ᠬᠦᠷᠭᠡᠨ᠎ᠡ ᠃ ᠢᠩᠭᠢᠭᠡᠳ ᠵᠠᠷᠭᠤᠯᠳᠤᠬᠤ ᠵᠢᠷᠤᠮ ᠳ᠋ᠤ᠌ ᠣᠷᠣᠭᠰᠠᠨ 20 ᠤᠳᠠᠭᠠᠨ ᠤ᠋ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠢ᠋ ᠲᠡᠭᠦᠰ ᠠᠮᠵᠢᠯᠲᠠ ᠲᠠᠢ ᠱᠢᠭᠦᠨ ᠳᠠᠭᠤᠰᠭᠠᠵᠤ ᠂ ᠬᠠᠮᠲᠤᠷᠠᠨ ᠵᠥᠪᠯᠡᠬᠦ ᠲᠢᠩᠬᠢᠮ ᠦ᠋ᠨ ᠪᠦᠬᠦ ᠺᠠᠲ᠋ᠷ ᠴᠠᠭᠳᠠᠭ᠎ᠠ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠦ᠌ ᠭᠠᠷ ᠠᠳᠭᠤᠵᠤ ᠪᠠᠢᠭ᠎ᠠ ᠨᠢ ᠪᠠᠶᠠᠷ ᠲᠠᠢ ᠪᠠᠢᠬᠤ ᠶ᠋ᠢ ᠣᠯᠵᠤ ᠦᠵᠡᠪᠡ ᠃

 ᠡᠶᠡᠳᠡᠭᠦᠯᠬᠦ ᠪᠣᠯ ᠬᠥᠳᠡᠯᠮᠦᠷᠢ ᠶ᠋ᠢᠨ ᠮᠠᠷᠭᠤᠯᠳᠤᠭᠠᠨ ᠢ᠋  ᠰᠢᠢᠳᠪᠦᠷᠢᠯᠡᠬᠦ ᠬᠠᠮᠤᠭ ᠤ᠋ᠨ ᠰᠠᠢᠨ ᠠᠷᠭ᠎ᠠ ᠬᠡᠯᠪᠡᠷᠢ ᠮᠥᠨ ᠂ ᠡᠶᠡᠳᠡᠭᠦᠯᠬᠦ ᠪᠠ ᠵᠣᠭᠰᠣᠭᠠᠬᠤ ᠳᠦᠷᠢᠮ ᠨᠢ ᠴᠦ᠍ ᠳᠡᠯᠡᠬᠡᠢ ᠶ᠋ᠢᠨ ᠡᠯ᠎ᠡ ᠤᠯᠤᠰ ᠤ᠋ᠨ ᠬᠥᠳᠡᠯᠮᠦᠷᠢ ᠶ᠋ᠢᠨ ᠬᠠᠤᠯᠢ ᠳ᠋ᠤ᠌ ᠲᠣᠭᠲᠠᠭᠠᠭᠳᠠᠭᠰᠠᠨ ᠪᠠᠢᠳᠠᠭ ᠃  ᠰᠢᠭᠦᠭᠴᠢ ᠨᠢ ᠬᠥᠳᠡᠯᠮᠦᠷᠢᠴᠢᠨ ᠪᠠ ᠬᠥᠷᠥᠩᠭᠡᠲᠡᠨ ᠦ᠌ ᠬᠣᠶᠠᠷ ᠲᠠᠯ᠎ᠠ ᠳ᠋ᠤ᠌ ᠬᠥᠳᠡᠯᠮᠦᠷᠢ ᠶ᠋ᠢᠨ ᠮᠠᠷᠭᠤᠯᠳᠤᠭᠠᠨ ᠭᠠᠷᠬᠤ ᠦᠶ᠎ᠡ ᠳ᠋ᠦ᠍ ᠤᠷᠢᠳ ᠢ᠋ᠶ᠋ᠠᠷ ᠴᠠᠭᠠᠪᠤᠷ ᠰᠣᠯᠢᠯᠴᠠᠭ᠎ᠠ ᠬᠢᠵᠦ᠂ ᠬᠣᠯᠪᠣᠭᠳᠠᠯ ᠪᠦᠬᠦᠢ ᠡᠶᠡᠳᠡᠭᠦᠯᠬᠦ ᠵᠣᠬᠢᠶᠠᠨ ᠪᠠᠢᠭᠤᠯᠤᠯᠲᠠ ᠳ᠋ᠤ᠌ ᠴᠠᠭ ᠲᠤᠬᠠᠢ ᠳ᠋ᠤᠨᠢ ᠡᠶᠡᠳᠡᠭᠦᠯᠬᠦ ᠪᠤᠶᠤ ᠬᠥᠨᠳᠡᠯᠡᠨ ᠡᠴᠡ ᠲᠠᠰᠤᠯᠠᠭᠤᠯᠬᠤ ᠪᠠᠷ  ᠳᠡᠪᠰᠢᠭᠦᠯᠵᠦ᠂ ᠨᠡᠪᠲᠡᠷᠡᠯᠴᠡᠭᠡ ᠪᠠ ᠡᠶᠡᠳᠡᠭᠦᠯᠭᠡ ᠶ᠋ᠢᠨ ᠳᠤᠮᠳᠠ ᠵᠥᠷᠢᠴᠡᠯ ᠢ᠋  ᠰᠢᠢᠳᠪᠦᠷᠢᠯᠡᠵᠦ᠂ ᠵᠢᠭᠤᠷᠠᠯᠳᠤᠭᠠᠨ ᠢ᠋  ᠰᠢᠢᠳᠪᠦᠷᠢᠯᠡᠵᠦ᠂ ᠬᠣᠣᠰ ᠢᠯᠠᠯᠲᠠ ᠶ᠋ᠢ ᠣᠯᠬᠤ ᠬᠡᠷᠡᠭᠲᠡᠢ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )