2019 ᠣᠨ ᠤ᠋ ᠵᠤᠨ ᠂ ᠵᠠᠯᠠᠭᠤ ᠨᠠᠰᠤ 《 ᠬᠠᠢᠷᠠᠲᠤ ᠮᠢᠨᠢ ᠂ ᠬᠠᠢᠷᠠᠳᠠᠢ》 ᠭᠡᠬᠦ ᠵᠦᠴᠦᠭᠡ ᠶ᠋ᠢᠨ ᠳᠣᠲᠣᠷ᠎ᠠ ᠂ ᠯᠢ ᠰᠢᠶᠠᠨ ᠶ᠋ᠢᠨ ᠲᠣᠭᠯᠠᠵᠤ ᠪᠠᠢᠭ᠎ᠠ ᠥᠨᠳᠥᠷ ᠬᠦᠢᠲᠡᠨ C T F ᠶᠡᠬᠡ ᠰᠠᠬᠢᠭᠤᠯᠰᠤᠨ 《 ᠺᠣᠷᠢᠶᠠ ᠶ᠋ᠢᠨ ᠬᠤᠳᠠᠯᠳᠤᠭᠠᠨ ᠤ᠋ ᠦᠭᠡ ᠶᠠᠷᠢᠶ᠎ᠠ 》 C ᠶ᠋ᠢᠨ ᠵᠡᠷᠭᠡ ᠪᠡᠷ ᠣᠯᠠᠨ ᠳ᠋ᠤ᠌ ᠡᠩ ᠦ᠋ᠨ ᠬᠥᠮᠦᠰ ᠲᠦ᠍ ᠲᠠᠨᠢᠯ ᠪᠤᠰᠤ ᠤᠷᠤᠯᠳᠤᠭᠠᠨ ᠄ C T F ᠤᠷᠤᠯᠳᠤᠭᠠᠨ ᠢ᠋ ᠮᠡᠳᠡᠭᠦᠯᠵᠡᠢ ᠃
2020 ᠣᠨ ᠤ᠋ 5 ᠰᠠᠷ᠎ᠠ ᠶ᠋ᠢᠨ 17 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠮᠡᠷᠭᠡᠵᠢᠯ ᠦ᠋ᠨ ᠭᠠᠵᠠᠷ 《 ᠲᠡᠩᠨᠡᠭᠦᠷ ᠢ᠋ ᠰᠠᠬᠢᠵᠤ ᠪᠠᠢᠭ᠎ᠠ ᠬᠥᠮᠦᠨ ᠦ᠌ ᠠᠩᠭᠢ》 ᠶ᠋ᠢ ᠵᠣᠬᠢᠶᠠᠨ ᠪᠠᠢᠭᠤᠯᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢ ᠲᠥᠯᠥᠭᠡᠯᠡᠨ ᠪᠦᠬᠦ ᠤᠯᠤᠰ ᠤ᠋ᠨ ᠬᠣᠶᠠᠳᠤᠭᠠᠷ ᠬᠤᠭᠤᠴᠠᠭᠠᠨ ᠤ᠋ 《 ᠲᠣᠣᠷ ᠰᠦᠯᠵᠢᠶᠡᠨ ᠦ᠌ ᠬᠦᠯᠢᠰ ᠬᠤᠨᠳᠠᠭᠠᠲᠤ 》ᠲᠣᠣᠷ ᠰᠦᠯᠵᠢᠶᠡᠨ ᠦ᠌ ᠠᠮᠤᠷ ᠲᠦᠪᠰᠢᠨ ᠦ᠌ ᠤᠷᠤᠯᠳᠤᠭᠠᠨ ( C T F ᠤᠷᠤᠯᠳᠤᠭᠠᠨ) ᠳ᠋ᠤ᠌ ᠣᠷᠣᠯᠴᠠᠪᠠ ᠃
ᠶᠠᠭᠤ ᠶ᠋ᠢ ᠰᠦᠯᠵᠢᠶᠡᠨ ᠦ᠌ ᠬᠦᠯᠢᠰ ᠬᠤᠨᠳᠠᠭ᠎ᠠ ᠭᠡᠬᠦ ᠪᠣᠢ ? ᠶᠠᠭᠤ ᠶ᠋ᠢ CTF ᠭᠡᠬᠦ ᠪᠣᠢ ?
ᠡᠣᠯᠣᠰ ᠤ᠋ᠨ ᠲᠣᠣᠷ ᠰᠦᠯᠵᠢᠶ᠎ᠡ ᠶ᠋ᠢᠨ ᠪᠦᠷᠢᠨ ᠲᠣᠣᠷ ᠰᠦᠯᠵᠢᠶ᠎ᠡ ᠨᠢ ᠳᠤᠮᠳᠠᠳᠤ ᠡᠣᠯᠣᠰ ᠤ᠋ᠨ ᠰᠢᠨᠵᠢᠯᠡᠬᠦ ᠡᠣᠬᠠᠭᠠᠠ ᠶ᠋ᠢᠨ ᠳᠡᠭᠡᠳᠦ ᠰᠤᠷᠭᠠᠭᠤᠯᠢ ᠪᠣᠯᠤᠨ᠎ᠠ ᠃《 ᠲᠣᠣᠷ ᠤ᠋ᠨ ᠬᠦᠯᠢᠰ ᠬᠤᠨᠳᠠᠭᠠᠲᠤ 》 ᠤᠷᠤᠯᠳᠤᠭᠠᠨ ᠬᠣᠶᠠᠷ ᠵᠢᠯ ᠳ᠋ᠦ᠍ ᠨᠢᠭᠡ ᠬᠤᠭᠤᠴᠠᠭ᠎ᠠ ᠡᠷᠬᠢᠯᠡᠵᠦ ᠂ 2018 ᠣᠨ ᠳ᠋ᠤ᠌ ᠪᠡᠭᠡᠵᠢᠩ ᠳ᠋ᠦ᠍ ᠠᠩᠬᠠᠳᠤᠭᠠᠷ ᠬᠤᠭᠤᠴᠠᠭᠠᠨ ᠤ᠋ ᠤᠷᠤᠯᠳᠤᠭᠠᠨ ᠡᠷᠬᠢᠯᠡᠵᠦ ᠂ ᠪᠦᠬᠦ ᠤᠯᠤᠰ ᠤ᠋ᠨ 7000 ᠡᠩᠨᠡᠭᠡ ᠂ 2.25 ᠲᠦᠮᠡᠨ ᠬᠥᠮᠦᠨ ᠢ᠋ ᠲᠠᠲᠠᠵᠤ ᠤᠷᠤᠯᠳᠤᠭᠠᠨ ᠳ᠋ᠤ᠌ ᠣᠷᠣᠯᠴᠠᠭᠤᠯᠤᠭᠰᠠᠨ ᠨᠢ ᠮᠠᠨ ᠤ᠋ ᠤᠯᠤᠰ ᠤ᠋ᠨ ᠣᠳᠣ ᠪᠣᠯᠲᠠᠯᠠᠬᠢ ᠬᠡᠪᠴᠢᠶ᠎ᠡ ᠪᠡᠷ ᠬᠠᠮᠤᠭ ᠤ᠋ᠨ ᠶᠡᠬᠡ ᠂ ᠬᠠᠮᠤᠷᠬᠤ ᠬᠡᠪᠴᠢᠶ᠎ᠡ ᠪᠡᠷ ᠬᠠᠮᠤᠭ ᠤ᠋ᠨ ᠥᠷᠭᠡᠨ ᠥᠨᠳᠥᠷ ᠬᠢᠷᠢ ᠲᠦᠪᠱᠢᠨ ᠪᠦᠬᠦᠢ ᠰᠦᠯᠵᠢᠶᠡᠨ ᠦ᠌ ᠠᠮᠤᠷ ᠲᠦᠪᠱᠢᠨ ᠦ᠌ ᠶᠡᠬᠡ ᠤᠷᠤᠯᠳᠤᠭᠠᠨ ᠪᠣᠯᠤᠨ᠎ᠠ ᠂ ᠡᠨᠡ ᠨᠢ ᠰᠦᠯᠵᠢᠶᠡᠨ ᠦ᠌ ᠠᠮᠤᠷ ᠲᠦᠪᠱᠢᠨ ᠦ᠌ ᠳᠠᠭᠠᠷᠢᠵᠤ ᠰᠡᠷᠭᠡᠢᠯᠡᠬᠦ ᠴᠢᠳᠠᠪᠤᠷᠢ ᠶ᠋ᠢ ᠤᠯᠠᠮ ᠨᠢᠭᠡ ᠠᠯᠬᠤᠮ ᠳᠠᠪᠲᠠᠨ ᠪᠣᠯᠪᠠᠰᠤᠷᠠᠭᠤᠯᠵᠠᠢ ᠃
5 ᠰᠠᠷ᠎ᠠ ᠶ᠋ᠢᠨ 17 ᠤ᠋ ᠡᠳᠦᠷ ᠂ ᠣᠷᠳᠣᠰ ᠬᠣᠲᠠ ᠶ᠋ᠢᠨ ᠳᠤᠮᠳᠠ ᠳᠡᠭᠡᠳᠦ ᠰᠤᠷᠭᠠᠭᠤᠯᠢ ᠶ᠋ᠢᠨ ᠤᠷᠤᠯᠳᠤᠭᠠᠨ ᠳ᠋ᠤ᠌ ᠣᠷᠣᠯᠴᠠᠬᠤ ᠡᠩᠨᠡᠭᠡ ᠠᠯᠪᠠᠨ ᠠᠰᠠᠷ ᠤ᠋ᠨ ᠲᠠᠪᠤᠳᠤᠭᠠᠷ ᠠᠰᠠᠷ ᠤ᠋ᠨ ᠮᠡᠳᠡᠭᠡ ᠵᠠᠩᠭᠢ ᠶ᠋ᠢᠨ ᠲᠥᠪᠯᠡᠷᠡᠭᠦᠯᠦᠨ ᠡᠵᠡᠮᠳᠡᠬᠦ ᠲᠥᠪ ᠨᠢ ᠠᠯᠪᠠᠨ ᠤ᠋ ᠲᠠᠯ᠎ᠠ ᠶ᠋ᠢᠨ ᠰᠦᠯᠵᠢᠶᠡᠨ ᠳᠡᠭᠡᠷᠡᠬᠢ ᠬᠢᠷᠢ ᠭᠡᠮ ᠦ᠋ᠨ ᠤᠷᠤᠯᠳᠤᠭᠠᠨ ᠳ᠋ᠤ᠌ ᠣᠷᠣᠯᠴᠠᠵᠤ ᠂ ᠰᠦᠯᠵᠢᠶᠡᠨ ᠳᠡᠭᠡᠷᠡᠬᠢ ᠬᠢᠷᠢ ᠭᠡᠮ ᠦ᠋ᠨ ᠤᠷᠤᠯᠳᠤᠭᠤᠨ ᠳ᠋ᠤ᠌ ᠰᠦᠯᠵᠢᠶᠡᠨ ᠳᠡᠭᠡᠷᠡᠬᠢ 《 ᠲᠤᠭ ᠪᠤᠯᠢᠶᠠᠬᠤ ᠤᠷᠤᠯᠳᠤᠭᠠᠨ》 ( C T F )ᠤ᠋ᠨ ᠤᠷᠤᠯᠳᠤᠭᠠᠨ ᠤ᠋ ᠳᠦᠷᠢᠮ ᠢ᠋ ᠬᠡᠷᠡᠭᠯᠡᠵᠦ ᠂ ᠤᠷᠤᠯᠳᠤᠭᠠᠨ ᠳ᠋ᠤ᠌ ᠣᠷᠣᠯᠴᠠᠬᠤ ᠡᠩᠨᠡᠭᠡ ᠶ᠋ᠢᠨ ᠬᠠᠷᠢᠶᠠᠯᠠᠭᠳᠠᠬᠤ ᠠᠵᠢᠯ ᠲᠥᠷᠥᠯ ᠢ᠋ᠶ᠋ᠡᠷ ᠨᠢ ᠴᠢᠩ ᠯᠦᠩ (ᠳᠡᠭᠡᠳᠦ ᠵᠡᠷᠭᠡ ᠢ᠋ᠢᠨ ᠳᠡᠭᠡᠳᠦ ᠰᠤᠷᠭᠠᠭᠤᠯᠢ ᠂ ᠠᠵᠢᠯ ᠮᠡᠷᠭᠡᠵᠢᠯ ᠦ᠋ᠨ ᠳᠡᠭᠡᠳᠦ ᠰᠤᠷᠭᠠᠭᠤᠯᠢ ᠂ ᠨᠡᠢᠭᠡᠮ ᠦ᠋ᠨ ᠤᠷᠤᠯᠳᠤᠭᠠᠨ ᠳ᠋ᠤ᠌ ᠣᠷᠣᠯᠴᠠᠬᠤ ᠠᠩᠭᠢ ) ᠂ ᠪᠠᠢ ᠬᠤ᠌ ( ᠲᠦᠩ ) ᠵᠡᠷᠭᠡ ᠬᠤᠪᠢᠶᠠᠨ᠎ᠠ ᠃ ᠳᠣᠣᠷ᠎ᠠ ᠬᠠᠭᠠᠰ ᠰᠢᠢᠳᠪᠦᠷᠢᠲᠦ ᠤᠷᠤᠯᠳᠤᠭᠠᠨ ᠳ᠋ᠤ᠌ ᠣᠷᠣᠯᠴᠠᠬᠤ ᠣᠷᠣᠨ ᠲᠣᠭ᠎ᠠ ᠳ᠋ᠤ᠌ ᠣᠷᠣᠵᠤ ᠂ ᠴᠢᠩ ᠯᠦᠩ ᠳᠤᠭᠤᠢᠯᠠᠩ ᠨᠢ 130 ᠰᠠᠯᠪᠤᠷᠢ ᠠᠩᠭᠢ ᠳ᠋ᠤ᠌ ᠳᠠᠪᠰᠢᠵᠤ᠂ ᠪᠠᠢ ᠬᠤ᠌ ᠳᠤᠭᠤᠢᠯᠠᠩ ᠨᠢ 130 ᠰᠠᠯᠪᠤᠷᠢ ᠠᠩᠭᠢ ᠳ᠋ᠤ᠌ ᠳᠠᠪᠰᠢᠵᠤ᠂ ᠵᠣ᠌ ᠴᠢᠦᠸᠠᠢ ᠳᠤᠭᠤᠢᠯᠠᠩ ᠨᠢ 140 ᠰᠠᠯᠪᠤᠷᠢ ᠠᠩᠭᠢ ᠳ᠋ᠤ᠌ ᠳᠠᠪᠰᠢᠵᠤ ᠂ ᠰᠢᠤᠸᠠᠨ ᠦ ᠶ᠋ᠢᠨ ᠳᠤᠭᠤᠢᠯᠠᠩ ᠨᠢ 100 ᠠᠩᠭᠢ ᠳ᠋ᠤ᠌ ᠳᠠᠪᠰᠢᠪᠠ᠃ ᠤᠷᠤᠯᠳᠤᠭᠠᠨ ᠳ᠋ᠤ᠌ ᠣᠷᠣᠯᠴᠠᠬᠤ ᠡᠩᠨᠡᠭᠡ ᠳ᠋ᠦ᠍ ᠬᠠᠷᠢᠶᠠᠯᠠᠭᠳᠠᠬᠤ ᠠᠵᠢᠯ ᠲᠥᠷᠥᠯ ᠢ᠋ᠶ᠋ᠡᠷ ᠬᠣᠲᠠ ᠶ᠋ᠢᠨ ᠳᠤᠮᠳᠠ ᠳᠡᠭᠡᠳᠦ ᠰᠤᠷᠭᠠᠭᠤᠯᠢ ᠶ᠋ᠢᠨ ᠤᠷᠤᠯᠳᠤᠭᠠᠨ ᠳ᠋ᠤ᠌ ᠣᠷᠣᠯᠴᠠᠬᠤ ᠠᠩᠭᠢ ᠶ᠋ᠢ ᠵᠣ᠌ ᠴᠢᠦᠸᠠᠢ ᠳᠤᠭᠤᠢᠯᠠᠩ ᠳ᠋ᠤ᠌ ᠬᠤᠪᠢᠶᠠᠵᠤ ᠤᠷᠤᠯᠳᠤᠭᠠᠨ ᠳ᠋ᠤ᠌ ᠣᠷᠣᠯᠴᠠᠭᠤᠯᠵᠤ ᠂ ᠵᠣ᠌ ᠴᠢᠦᠸᠠᠢ ᠳᠤᠭᠤᠢᠯᠠᠩ ᠳ᠋ᠤ᠌ ᠨᠡᠢᠲᠡ 3203 ᠠᠩᠭᠢ ᠂ 8043 ᠬᠥᠮᠦᠨ ᠣᠷᠣᠯᠴᠠᠪᠠ ᠃
ᠲᠤᠰ ᠤᠳᠠᠭᠠᠨ ᠤ᠋ ᠤᠷᠤᠯᠳᠤᠭᠠᠨ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ 《 ᠲᠡᠩᠨᠡᠭᠦᠷ ᠢ᠋ ᠰᠠᠬᠢᠨ ᠬᠠᠮᠠᠭᠠᠯᠠᠭᠴᠢ ᠶ᠋ᠢᠨ ᠠᠩᠭᠢ》 ᠭᠡᠵᠦ ᠨᠡᠷ᠎ᠡ ᠳᠤᠷᠠᠳᠴᠤ ᠂ ᠠᠩᠭᠢ ᠶ᠋ᠢᠨ ᠰᠦᠯᠳᠡ ᠪᠠ ᠠᠩᠭᠢ ᠶ᠋ᠢᠨ ᠬᠤᠪᠴᠠᠰᠤ ᠡᠮᠦᠰᠦᠨ ᠂ ᠪᠦᠬᠦ ᠬᠦᠴᠦᠨ ᠢ᠋ᠶ᠋ᠡᠷ ᠢ᠋ᠶ᠋ᠡᠨ ᠴᠢᠷᠮᠠᠢᠵᠤ ᠂ ᠢᠳᠡᠪᠬᠢᠲᠡᠢ ᠤᠷᠤᠯᠳᠤᠭᠠᠨ ᠳ᠋ᠤ᠌ ᠪᠡᠯᠡᠳᠭᠡᠪᠡ ᠃
5 ᠰᠠᠷ᠎ᠠ ᠶ᠋ᠢᠨ 17 ᠤ᠋ ᠡᠳᠦᠷ ᠦ᠋ᠨ ᠦᠳᠡ ᠶ᠋ᠢᠨ ᠡᠮᠦᠨᠡᠬᠢ 9 ᠴᠠᠭ ᠲᠤ᠌ ᠲᠣᠭᠲᠠᠭᠰᠠᠨ ᠴᠠᠭ ᠲᠤ᠌ ᠤᠷᠤᠯᠳᠤᠭᠠᠨ ᠡᠬᠢᠯᠡᠵᠦ ᠂ 8 ᠴᠠᠭ ᠵᠠᠷᠤᠴᠠᠭᠤᠯᠵᠤ ᠂ ᠤᠷᠤᠯᠳᠤᠭᠤᠨ ᠳ᠋ᠤ᠌ ᠣᠷᠣᠯᠴᠠᠭᠰᠠᠨ ᠡᠯ᠎ᠡ ᠭᠡᠰᠢᠭᠦᠳ ᠦ᠋ᠨ ᠪᠡᠶ᠎ᠡ ᠶ᠋ᠢᠨ ᠲᠠᠮᠢᠷ ᠪᠠ ᠣᠶᠤᠨ ᠴᠢᠳᠠᠪᠤᠷᠢ ᠶ᠋ᠢᠨ ᠶᠡᠷᠦᠩᠬᠡᠢ ᠰᠢᠯᠭᠠᠯᠲᠠ ᠬᠢᠵᠦ ᠂ ᠨᠢᠭᠡ ᠡᠳᠦᠷ ᠦ᠋ᠨ ᠲᠡᠮᠡᠴᠡᠭᠡᠨ ᠢ᠋ᠶ᠋ᠡᠷ ᠳᠠᠮᠵᠢᠨ ᠂ ᠬᠣᠲᠠ ᠶ᠋ᠢᠨ ᠳᠤᠮᠳᠠ ᠰᠤᠷᠭᠠᠭᠤᠯᠢ ᠶ᠋ᠢᠨ ᠲᠥᠯᠥᠭᠡᠯᠡᠭᠴᠢᠳ ᠦ᠋ᠨ ᠠᠩᠭᠢ ᠵᠣ᠌ ᠴᠢᠦᠸᠠᠢ ᠳᠤᠭᠤᠢᠯᠠᠩ ᠤ᠋ᠨ 644 ᠳ᠋ᠦᠭᠡᠷ ᠨᠡᠷᠡᠰ ᠲᠦ᠍ ᠣᠷᠣᠵᠤ ᠂ ᠤᠯᠤᠰ ᠲᠥᠷᠥ ᠬᠠᠤᠯᠢ ᠴᠠᠭᠠᠵᠠ ᠶ᠋ᠢᠨ ᠬᠦᠷᠢᠶᠡᠨ ᠦ᠌ 14 ᠬᠢᠷᠢ ᠪᠦᠲᠦᠮᠵᠢ ᠣᠯᠵᠠᠢ ᠃ ᠡᠨᠡ ᠤᠳᠠᠭᠠᠨ ᠤ᠋ ᠤᠷᠤᠯᠳᠤᠭᠠᠨ ᠢ᠋ᠶ᠋ᠠᠷ ᠳᠠᠮᠵᠢᠨ ᠭᠡᠱᠢᠭᠦᠳ ᠦ᠋ᠨ ᠬᠠᠷᠠᠭ᠎ᠠ ᠶ᠋ᠢ ᠨᠡᠭᠡᠭᠡᠵᠦ ᠪᠦᠯᠬᠦᠮ ᠦ᠋ᠨ ᠬᠦᠴᠦᠨ ᠢ᠋ ᠨᠢᠭᠲᠠᠷᠠᠭᠤᠯᠵᠠᠢ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠲᠣᠣᠷ ᠰᠦᠯᠵᠢᠶᠡᠨ ᠦ᠌ ᠠᠮᠤᠷ ᠲᠦᠪᠰᠢᠨ ᠦ᠌ ᠠᠵᠢᠯ ᠲᠠᠢ ᠤᠶᠠᠯᠳᠤᠭᠤᠯᠤᠨ ᠂ ᠮᠡᠷᠭᠡᠵᠢᠯ ᠦ᠋ᠨ ᠭᠠᠵᠠᠷ ᠨᠡᠩ ᠴᠢᠷᠮᠠᠢᠨ ᠨᠠᠷᠢᠨ ᠨᠢᠮᠪᠠᠢ ᠠᠵᠢᠯᠯᠠᠵᠤ ᠂ ᠲᠤᠰ ᠪᠡᠶ᠎ᠡ ᠶ᠋ᠢᠨ ᠮᠡᠷᠭᠡᠵᠢᠯ ᠦ᠋ᠨ ᠬᠢᠷᠢ ᠬᠡᠮᠵᠢᠶ᠎ᠡ ᠂ ᠲᠤᠬᠠᠢᠯᠠᠭᠰᠠᠨ ᠠᠵᠢᠯ ᠤ᠋ᠨ ᠴᠢᠳᠠᠪᠤᠷᠢ ᠪᠠ ᠪᠣᠳᠠᠲᠠᠢ ᠠᠵᠢᠯᠯᠠᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠦᠨ᠎ᠡ᠃ ᠭᠡᠰᠢᠭᠦᠳ ᠢᠯᠡᠷᠬᠡᠢᠯᠡᠬᠦ ᠳ᠋ᠡᠭᠡᠨ ᠂ ᠲᠤᠰ ᠤᠳᠠᠭᠠᠨ ᠤ᠋ ᠤᠷᠤᠯᠳᠤᠭᠠᠨ ᠢ᠋ᠶ᠋ᠠᠷ ᠳᠠᠮᠵᠢᠨ ᠡᠯᠪᠡᠭ ᠪᠠᠶᠠᠯᠢᠭ ᠲᠤᠷᠰᠢᠯᠭ᠎ᠠ ᠬᠤᠷᠠᠮᠳᠤᠭᠤᠯᠵᠤ ᠂ ᠬᠤᠢᠰᠢᠲᠠ ᠶ᠋ᠢᠨ ᠠᠵᠢᠯ ᠤ᠋ᠨ ᠳᠤᠮᠳᠠ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠲᠣᠣᠷ ᠰᠦᠯᠵᠢᠶᠡᠨ ᠦ᠌ ᠠᠮᠤᠷ ᠲᠦᠪᠰᠢᠨ ᠦ᠌ ᠭᠠᠤᠯᠢᠨ ᠬᠡᠷᠡᠮ ᠢ᠋ ᠴᠢᠷᠮᠠᠢᠨ ᠡᠭᠦᠳᠴᠦ ᠂ ᠣᠶᠤᠨᠴᠢ ᠰᠢᠭᠦᠬᠦ ᠬᠣᠷᠢᠶᠠᠨ ᠤ᠋ ᠪᠦᠲᠦᠭᠡᠨ ᠪᠠᠢᠭᠤᠯᠤᠯᠲᠠ ᠳ᠋ᠤ᠌ ᠠᠮᠤᠷ ᠲᠦᠪᠰᠢᠨ ᠦ᠌ ᠪᠠᠲᠤᠯᠠᠭ᠎ᠠ ᠬᠠᠩᠭᠠᠨ᠎ᠠ ᠭᠡᠵᠡᠢ ᠃
ᠦᠨᠡᠯᠡᠬᠦ 0ᠦᠨᠡᠯᠡᠯᠲᠡ ᠲᠠᠢ