ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠢᠭᠦᠭᠴᠢ ᠶ᠋ᠢᠨ ᠪᠢᠴᠢᠭᠰᠡᠨ 《 ᠭᠡᠷ ᠪᠠᠢᠰᠢᠩ ᠭᠠᠵᠠᠷ ᠬᠥᠷᠥᠩᠭᠡ ᠶ᠋ᠢᠨ ᠵᠢᠭᠤᠷᠠᠯᠳᠤᠭᠠᠨ ᠤ᠋ ᠲᠠᠰᠤᠯᠤᠨ ᠲᠣᠭᠲᠠᠭᠠᠬᠤ ᠳᠦᠷᠢᠮ ᠪᠣᠯᠤᠨ ᠬᠡᠷᠡᠭ ᠦ᠋ᠨ ᠵᠢᠱ᠌ᠢᠶ᠎ᠡ ᠶ᠋ᠢᠨ ᠵᠠᠳᠠᠯᠤᠯᠲᠠ 》 ᠵᠢᠩᠬᠢᠨᠢ ᠪᠡᠷ ᠬᠡᠪᠯᠡᠭᠳᠡᠪᠡ ᠃
2020.09.08 ᠲᠣᠰ ᠥᠷᠲᠡᠭᠡᠨ ᠦ ᠨᠠᠢᠷᠠᠭᠤᠯᠤᠭᠴᠢ

《 ᠭᠡᠷ  ᠪᠠᠢᠰᠢᠩ ᠭᠠᠵᠠᠷ ᠬᠥᠷᠥᠩᠭᠡ ᠶ᠋ᠢᠨ ᠵᠢᠭᠤᠷᠠᠯᠳᠤᠭᠠᠨ ᠤ᠋ ᠲᠠᠰᠤᠯᠤᠨ ᠲᠣᠭᠲᠠᠭᠠᠯᠲᠠ ᠶ᠋ᠢᠨ ᠳᠦᠷᠢᠮ ᠪᠣᠯᠤᠨ ᠬᠡᠷᠡᠭ ᠦ᠋ᠨ ᠵᠢᠱ᠌ᠢᠶ᠎ᠡ ᠶ᠋ᠢᠨ ᠵᠠᠳᠠᠯᠤᠯᠲᠠ 》
 ᠬᠡᠪᠯᠡᠭᠦᠯᠪᠡ !
 ᠬᠣᠶᠠᠷ ᠵᠣᠬᠢᠶᠠᠭᠴᠢ ᠄
 《 ᠬᠠᠤᠯᠢ ᠴᠠᠭᠠᠵᠠ ᠶ᠋ᠢᠨ ᠠᠮᠢ ᠨᠠᠰᠤ ᠨᠢ ᠪᠣᠳᠣᠯᠬᠢᠯᠠᠬᠤ ᠳ᠋ᠤ᠌ ᠪᠠᠢᠨ᠎ᠠ ᠃
  ᠰᠢᠭᠦᠨ ᠲᠠᠰᠤᠯᠬᠤ ᠶᠠᠪᠤᠴᠠ ᠳ᠋ᠤ᠌  ᠰᠢᠳᠤᠷᠭᠤ ᠶᠣᠰᠣ ᠶ᠋ᠢ ᠬᠥᠭᠡᠭᠡᠴᠡᠯᠳᠦᠬᠦ ᠪᠣᠯ ᠬᠠᠷᠠᠯᠲᠠ ᠮᠥᠨ ᠃
 ᠭᠡᠪᠡᠴᠦ ᠦᠨᠡᠨ ᠢ᠋ ᠬᠠᠢᠬᠤ ᠪᠣᠯ ᠤᠷᠢᠳᠠᠯ ᠮᠥᠨ 》᠃
 ᠪᠢᠳᠡ ᠬᠠᠮᠲᠤ ᠪᠠᠷ  ᠰᠢᠨ᠎ᠡ ᠨᠣᠮ ᠨᠡᠢᠲᠡᠯᠡᠬᠦ ᠶᠠᠷᠢᠯᠴᠠᠬᠤ ᠬᠤᠷᠠᠯ ᠤ᠋ᠨ ᠲᠤᠬᠠᠢ ᠶ᠋ᠢᠨ ᠲᠠᠯᠠᠪᠠᠢ ᠳ᠋ᠤ᠌ ᠣᠷᠣᠶ᠎ᠠ !

 5 ᠰᠠᠷ᠎ᠠ ᠶ᠋ᠢᠨ 27  ᠤ᠋ ᠡᠳᠦᠷ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ  ᠰᠢᠭᠦᠬᠦ ᠬᠣᠷᠢᠶ᠎ᠠ ᠶ᠋ᠢᠨ ᠸᠠᠩ  ᠰᠢᠤᠸᠠᠢ ᠵᠢᠶᠦ᠋ᠨ ᠂ ᠨᠢ ᡁᠢ ᠴᠢᠶᠠᠩ ᠤ᠋ᠨ  ᠰᠢᠭᠦᠭᠴᠢ ᠶ᠋ᠢᠨ ᠪᠢᠴᠢᠭᠰᠡᠨ 《 ᠭᠡᠷ  ᠪᠠᠢᠰᠢᠩ ᠭᠠᠵᠠᠷ ᠬᠥᠷᠥᠩᠭᠡ ᠶ᠋ᠢᠨ ᠵᠢᠭᠤᠷᠠᠯᠳᠤᠭᠠᠨ ᠤ᠋ ᠲᠠᠰᠤᠯᠤᠨ ᠲᠣᠭᠲᠠᠭᠠᠯᠲᠠ ᠶ᠋ᠢᠨ ᠳᠦᠷᠢᠮ ᠪᠣᠯᠤᠨ ᠬᠡᠷᠡᠭ ᠦ᠋ᠨ ᠵᠢᠱ᠌ᠢᠶ᠎ᠡ ᠶ᠋ᠢᠨ ᠵᠠᠳᠠᠯᠤᠯᠲᠠ 》 ᠭᠡᠬᠦ  ᠰᠢᠨ᠎ᠡ  ᠪᠢᠴᠢᠭ᠌ ᠢ᠋ ᠨᠡᠢᠲᠡᠯᠡᠬᠦ ᠶᠠᠷᠢᠯᠴᠠᠬᠤ ᠬᠤᠷᠠᠯ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠳ᠋ᠤ᠌ ᠬᠤᠷᠠᠯᠳᠤᠪᠠ ᠃ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠳᠡᠳ᠋ ᠳᠠᠷᠤᠭ᠎ᠠ ᠯᠢ ᠮᠠᠢ ᠷᠦᠨ ᠶᠠᠷᠢᠯᠴᠠᠬᠤ ᠬᠤᠷᠠᠯ ᠳ᠋ᠤ᠌ ᠣᠷᠣᠯᠴᠠᠵᠤ ᠶᠠᠷᠢᠶ᠎ᠠ ᠲᠠᠯᠪᠢᠪᠠ ᠃

 ᠲᠤᠰ ᠨᠣᠮ ᠢ᠋ ᠠᠷᠠᠳ ᠤ᠋ᠨ  ᠰᠢᠭᠦᠬᠦ ᠬᠣᠷᠢᠶᠠᠨ ᠤ᠋ ᠬᠡᠪᠯᠡᠯ ᠦ᠋ᠨ ᠬᠣᠷᠢᠶ᠎ᠠ ᠠ᠋ᠴᠠ ᠬᠡᠪᠯᠡᠪᠡ ᠂ ᠪᠤᠢᠭᠦ ᠨᠣᠮ ᠨᠢ 65 ᠲᠦᠮᠡ ᠭᠠᠷᠤᠢ ᠦᠰᠦᠭ ᠲᠡᠢ ᠪᠠᠢᠵᠤ ᠂  ᠰᠢᠭᠦᠨ ᠲᠠᠰᠤᠯᠤᠯᠲᠠ ᠶ᠋ᠢᠨ ᠦᠢᠯᠡᠳᠦᠯᠭᠡ ᠳᠤᠮᠳᠠᠬᠢ ᠭᠡᠷ  ᠪᠠᠢᠰᠢᠩ  ᠬᠤᠳᠠᠯᠳᠤᠭᠠᠯᠠᠬᠤ ᠭᠡᠷ᠎ᠡ ᠶ᠋ᠢᠨ ᠵᠢᠭᠤᠷᠠᠯᠳᠤᠭᠠᠨ ᠂ ᠪᠦᠲᠦᠭᠡᠨ ᠪᠠᠢᠭᠤᠯᠤᠯᠲᠠ ᠶ᠋ᠢᠨ ᠪᠠᠷᠢᠯᠭ᠎ᠠ ᠶ᠋ᠢᠨ ᠠᠵᠢᠯ ᠤ᠋ᠨ ᠭᠡᠷ᠎ᠡ ᠶ᠋ᠢᠨ ᠵᠢᠭᠤᠷᠠᠯᠳᠤᠭᠠᠨ ᠂ ᠭᠡᠷ  ᠪᠠᠢᠰᠢᠩ ᠭᠠᠵᠠᠷ  ᠰᠢᠷᠤᠢ ᠶ᠋ᠢᠨ ᠬᠥᠷᠥᠩᠭᠡ ᠶ᠋ᠢ ᠬᠠᠮᠲᠤᠷᠠᠨ ᠨᠡᠭᠡᠭᠡᠨ ᠬᠥᠭᠵᠢᠭᠦᠯᠬᠦ ᠭᠡᠷ᠎ᠡ ᠶ᠋ᠢᠨ ᠵᠢᠭᠤᠷᠠᠯᠳᠤᠭᠠᠨ ᠵᠡᠷᠭᠡ ᠭᠤᠷᠪᠠᠨ ᠲᠠᠯ᠎ᠠ ᠶ᠋ᠢᠨ ᠬᠦᠴᠢᠷᠲᠡᠢ ᠲᠠᠯ᠎ᠠ ᠪᠠ  ᠬᠠᠯᠠᠮᠰᠢᠯ ᠠᠰᠠᠭᠤᠳᠠᠯ ᠢ᠋ ᠦᠨᠳᠦᠰᠦᠨ ᠳ᠋ᠡᠭᠡᠨ ᠪᠠᠭᠲᠠᠭᠠᠵᠠᠢ ᠃ ᠬᠣᠶᠠᠷ ᠵᠣᠬᠢᠶᠠᠭᠴᠢ ᠠᠷᠠᠳ ᠤ᠋ᠨ ᠳᠡᠭᠡᠳᠦ ᠰᠢᠭᠦᠬᠦ ᠬᠣᠷᠢᠶ᠎ᠠ ᠪᠣᠯᠤᠨ ᠪᠤᠰᠤᠳ  ᠰᠢᠭᠦᠬᠦ ᠬᠣᠷᠢᠶᠠᠨ ᠤ᠋ ᠬᠣᠯᠪᠣᠭᠳᠠᠯ ᠪᠦᠬᠦᠢ  ᠰᠢᠭᠦᠨ ᠲᠠᠰᠤᠯᠤᠯᠲᠠ ᠲᠠᠢ ᠤᠶᠠᠯᠳᠤᠭᠰᠠᠨ ᠰᠠᠭᠤᠷᠢᠨ ᠳᠡᠭᠡᠷ᠎ᠡ ᠂ ᠦᠢᠯᠡᠳᠦᠯᠭᠡ ᠶ᠋ᠢᠨ ᠳᠤᠮᠳᠠᠬᠢ ᠮᠠᠷᠭᠤᠯᠳᠤᠭᠠᠨ ᠵᠢᠴᠢ ᠲᠠᠰᠤᠯᠤᠨ ᠲᠣᠭᠲᠠᠭᠠᠯᠲᠠ ᠶ᠋ᠢᠨ ᠦᠵᠡᠯᠲᠡ ᠲᠡᠢ ᠬᠠᠷᠢᠯᠴᠠᠵᠤ ᠂ ᠬᠣᠯᠪᠣᠭᠳᠠᠯ ᠪᠦᠬᠦᠢ ᠠᠰᠠᠭᠤᠳᠠᠯ ᠤ᠋ᠨ ᠲᠠᠰᠤᠯᠤᠨ ᠲᠣᠭᠲᠠᠭᠠᠯᠲᠠ ᠶ᠋ᠢᠨ ᠳᠦᠷᠢᠮ ᠢ᠋ ᠲᠣᠳᠣᠷᠬᠠᠢᠯᠠᠨ ᠂ ᠬᠠᠤᠯᠢ ᠴᠠᠭᠠᠵᠠ ᠶ᠋ᠢᠨ ᠦᠢᠯᠡᠳᠦᠯᠭᠡ ᠳ᠋ᠦ᠍ ᠨᠡᠯᠢᠶᠡᠳ ᠪᠦᠬᠦ ᠲᠠᠯ᠎ᠠ ᠶ᠋ᠢᠨ ᠬᠠᠤᠯᠢ ᠴᠠᠭᠠᠵᠠ ᠶ᠋ᠢᠨ ᠵᠢᠯᠣᠭᠣᠳᠤᠯᠭ᠎ᠠ ᠬᠠᠩᠭᠠᠪᠠ ᠃

 ᠡᠣᠢᠷ᠎ᠠ ᠶ᠋ᠢᠨ ᠵᠢᠯ ᠳ᠋ᠦ᠍ ᠂ ᠡᠣᠷᠳᠣᠰ ᠭᠠᠵᠠᠷ ᠡᠣᠷᠣᠠ ᠶ᠋ᠢᠨ ᠭᠡᠷ  ᠪᠠᠢᠰᠢᠩ ᠭᠠᠵᠠᠷ  ᠬᠥᠷᠦᠩᠭᠡ ᠶ᠋ᠢᠨ ᠵᠢᠭᠤᠷᠠᠯᠳᠤᠭᠠᠨ ᠤ᠋ ᠬᠡᠷᠡᠭ ᠨᠢ ᠡᠯ᠎ᠡ ᠲᠣᠢᠷᠣᠯ ᠤ᠋ᠨ  ᠬᠡᠷᠡᠭ ᠶᠠᠪᠤᠳᠠᠯ ᠤ᠋ᠨ ᠳᠣᠲᠣᠷ᠎ᠠ ᠡᠵᠡᠯᠡᠬᠦ ᠬᠠᠷᠢᠴᠠᠯ ᠨᠢ ᠲᠠᠰᠤᠷᠠᠯᠲᠠ  ᠦᠭᠡᠢ  ᠨᠡᠮᠡᠭᠳᠡᠭᠰᠡᠨ ᠪᠤᠢᠬᠡᠣᠠ ᠲᠤᠰ  ᠲᠥᠷᠦᠯ ᠤ᠋ᠨ  ᠬᠡᠷᠡᠭ  ᠶᠠᠪᠤᠳᠠᠯ ᠤ᠋ᠨ ᠬᠠᠤᠯᠢ ᠴᠠᠭᠠᠵᠠ ᠶ᠋ᠢᠨ ᠬᠠᠷᠢᠴᠠᠭ᠎ᠠ ᠨᠢ ᠪᠤᠳᠤᠯᠢᠶᠠᠨᠲᠠᠢ ᠂ ᠨᠡᠢᠭᠡᠮ ᠦ᠋ᠨ  ᠨᠥᠯᠦᠭᠡ ᠨᠢ  ᠶᠡᠬᠡ ᠂  ᠰᠢᠭᠦᠨ  ᠰᠢᠢᠳᠪᠦᠷᠢᠯᠡᠬᠦ ᠬᠦᠴᠢᠷᠳᠡᠯ ᠨᠡᠯᠢᠶᠡᠳ  ᠶᠡᠬᠡ ᠪᠣᠯᠤᠭᠰᠠᠨ ᠶᠤᠮ ᠃ ᠬᠡᠳᠦᠢᠪᠡᠷ ᠠᠷᠠᠳ ᠤ᠋ᠨ ᠳᠡᠭᠡᠳᠦ  ᠰᠢᠭᠦᠬᠦ ᠬᠣᠷᠢᠶ᠎ᠠ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠦᠲᠦᠭᠡᠨ ᠪᠠᠢᠭᠤᠯᠤᠯᠲᠠ ᠶ᠋ᠢᠨ ᠪᠠᠷᠢᠯᠭ᠎ᠠ ᠪᠠ ᠭᠡᠷ  ᠪᠠᠢᠰᠢᠩ ᠭᠠᠵᠠᠷ  ᠰᠢᠷᠤᠢ ᠶ᠋ᠢᠨ ᠬᠥᠷᠥᠩᠭᠡ ᠶ᠋ᠢᠨ ᠬᠦᠷᠢᠶᠡᠨ ᠳ᠋ᠦ᠍ ᠴᠢᠭᠯᠡᠭᠦᠯᠦᠨ ᠬᠠᠤᠯᠢ ᠴᠠᠭᠠᠵᠠ ᠶ᠋ᠢᠨ ᠲᠠᠢᠯᠪᠤᠷᠢᠯᠠᠯᠲᠠ ᠪᠠ ᠵᠢᠷᠤᠮᠵᠢᠯ ᠤ᠋ᠨ ᠴᠢᠨᠠᠷᠲᠠᠢ ᠪᠢᠴᠢᠭ ᠮᠠᠲ᠋ᠧᠷᠢᠶᠠᠯ ᠢ᠋ ᠲᠠᠰᠤᠷᠠᠯᠲᠠ ᠦᠭᠡᠢ ᠨᠡᠢᠲᠡᠯᠡᠭᠰᠡᠨ ᠪᠣᠯᠪᠠᠴᠤ ᠠᠵᠢᠯ ᠲᠥᠷᠥᠯ ᠨᠢ ᠵᠢᠷᠤᠮᠵᠢᠯ ᠦᠭᠡᠢ ᠂ ᠬᠠᠤᠯᠢ ᠴᠠᠭᠠᠵᠠ ᠶ᠋ᠢ ᠬᠡᠷᠡᠭᠯᠡᠬᠦ ᠨᠢ ᠨᠢᠭᠡᠳᠦᠯ ᠦᠭᠡᠢ ᠪᠠᠢᠬᠤ ᠵᠡᠷᠭᠡ ᠠᠰᠠᠭᠤᠳᠠᠯ ᠮᠥᠨ ᠯᠡ  ᠣᠷᠤᠰᠢᠵᠤ ᠪᠠᠢᠨ᠎ᠠ ᠃

 

ᠸᠠᠩ  ᠰᠢᠤᠸᠠᠢ ᠵᠢᠶᠦ᠋ᠨ ᠂ ᠨᠢ ᡁᠢ ᠴᠢᠶᠠᠩ ᠬᠣᠶᠠᠷ  ᠰᠢᠭᠦᠭᠴᠢ ᠤᠷᠲᠤ ᠬᠤᠭᠤᠴᠠᠭᠠᠨ ᠤ᠋  ᠰᠢᠭᠦᠨ ᠲᠠᠰᠤᠯᠬᠤ ᠦᠢᠯᠡᠳᠦᠯᠭᠡ ᠶ᠋ᠢᠨ ᠳᠤᠮᠳᠠ ᠂ ᠭᠡᠷ ᠪᠠᠢᠰᠢᠩ ᠭᠠᠵᠠᠷ  ᠰᠢᠷᠤᠢ ᠶ᠋ᠢᠨ ᠬᠥᠷᠥᠩᠭᠡ ᠶ᠋ᠢᠨ  ᠰᠢᠭᠦᠨ ᠲᠠᠰᠤᠯᠤᠯᠲᠠ ᠶ᠋ᠢᠨ ᠠᠵᠢᠯ ᠢ᠋ ᠰᠤᠳᠤᠯᠬᠤ ᠪᠠ ᠳ᠋ᠦᠩᠨᠡᠬᠦ ᠶ᠋ᠢ ᠴᠢᠬᠤᠯᠠᠴᠢᠯᠠᠵᠤ ᠂ ᠠᠵᠢᠯ ᠤ᠋ᠨ ᠴᠢᠯᠥᠭᠡᠨ ᠦ᠌ ᠴᠠᠭ ᠢ᠋  ᠠᠰᠢᠭᠯᠠᠨ  ᠰᠢᠷᠭᠠᠭᠤ ᠬᠠᠲᠠᠭᠤᠵᠢᠯᠲᠠᠢ ᠵᠣᠬᠢᠶᠠᠨ ᠪᠦᠲᠦᠭᠡᠭᠰᠡᠨ ᠪᠥᠭᠡᠳ ᠨᠣᠮ ᠪᠢᠴᠢᠭ ᠢ᠋ ᠡᠮᠬᠢᠳᠭᠡᠵᠦ ᠂ ᠰᠢᠭᠦᠬᠦ ᠬᠣᠷᠢᠶᠠᠨ ᠤ᠋ ᠵᠠᠯᠠᠭᠤ ᠺᠠᠲ᠋ᠷ ᠴᠠᠭᠳᠠᠭ᠎ᠠ ᠶ᠋ᠢᠨ ᠰᠠᠢᠨ ᠰᠠᠢᠬᠠᠨ ᠬᠡᠪ ᠰᠤᠷᠲᠠᠯ ᠪᠠ ᠬᠠᠤᠯᠢ ᠴᠠᠭᠠᠵᠠ ᠶ᠋ᠢᠨ ᠪᠠᠢᠴᠠᠭᠠᠨ ᠰᠤᠳᠤᠯᠤᠯᠲᠠ ᠶ᠋ᠢᠨ ᠬᠠᠮᠤᠭ ᠤ᠋ᠨ  ᠰᠢᠨ᠎ᠡ ᠦᠷ᠎ᠡ ᠪᠦᠲᠦᠭᠡᠯ ᠢ᠋ ᠭᠦᠢᠴᠡᠳ ᠳᠡᠯᠭᠡᠨ ᠦᠵᠡᠭᠦᠯᠬᠦ ᠶ᠋ᠢᠨ ᠬᠠᠮᠲᠤ ᠭᠡᠷ  ᠪᠠᠢᠰᠢᠩ ᠭᠠᠵᠠᠷ ᠰᠢᠷᠤᠢ ᠶ᠋ᠢᠨ ᠬᠥᠷᠥᠩᠭᠡ ᠶ᠋ᠢ ᠰᠢᠭᠦᠨ ᠲᠠᠰᠤᠯᠬᠤ ᠠᠵᠢᠯ ᠢ᠋ ᠵᠢᠯᠣᠭᠣᠳᠬᠤ ᠂ ᠲᠠᠰᠤᠯᠤᠨ ᠲᠣᠭᠲᠠᠭᠠᠬᠤ ᠠᠵᠢᠯ ᠢ᠋ ᠨᠢᠭᠡᠳᠦᠯᠲᠡᠢ ᠬᠠᠢᠨ ᠰᠦᠪᠡᠭᠴᠢᠯᠡᠵᠡᠢ ᠃
 ᠣᠷᠳᠣᠰ ᠬᠣᠲᠠ ᠶ᠋ᠢᠨ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠂ ᠬᠣᠲᠠ ᠶ᠋ᠢᠨ ᠪᠠᠢᠴᠠᠭᠠᠬᠤ ᠬᠣᠷᠢᠶ᠎ᠠ ᠂ ᠬᠣᠲᠠ ᠶ᠋ᠢᠨ ᠳᠤᠮᠳᠠ ᠵᠡᠷᠭᠡ ᠶ᠋ᠢᠨ ᠱᠢᠭᠦᠬᠦ ᠬᠣᠷᠢᠶ᠎ᠠ ᠵᠢᠴᠢ ᠬᠡᠰᠡᠭ ᠦᠨᠳᠦᠰᠦᠨ ᠱᠠᠲᠤᠨ ᠤ᠋ ᠠᠷᠠᠳ ᠤ᠋ᠨ  ᠰᠢᠭᠦᠬᠦ ᠬᠣᠷᠢᠶ᠎ᠠ ᠶ᠋ᠢᠨ ᠬᠣᠯᠪᠣᠭᠳᠠᠯ ᠪᠦᠬᠦᠢ ᠬᠥᠮᠦᠰ ᠰᠣᠨᠢᠨ ᠮᠡᠳᠡᠭᠡ ᠨᠡᠢᠲᠡᠯᠡᠬᠦ ᠬᠤᠷᠠᠯ ᠳ᠋ᠤ᠌ ᠣᠷᠣᠯᠴᠠᠪᠠ ᠃
 ᠲᠤᠰ ᠨᠣᠮ ᠢ᠋  ᠰᠢᠨᠬᠤᠸᠠ ᠨᠣᠮ ᠤ᠋ᠨ ᠳᠡᠯᠭᠡᠭᠦᠷ ᠳᠡᠭᠡᠷ᠎ᠡ ᠨᠢᠭᠡᠨᠲᠡ ᠬᠤᠳᠠᠯᠳᠤᠵᠠᠢ
 ᠬᠡᠷᠡᠭᠴᠡᠭᠡ ᠲᠡᠢ ᠪᠣᠯ ᠬᠤᠳᠠᠯᠳᠤᠨ ᠠᠪᠴᠤ ᠪᠣᠯᠤᠨ᠎ᠠ !

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )