ᠭᠡᠷ ᠪᠠᠢᠰᠢᠩ ᠤ᠋ᠨ ᠮᠠᠷᠭᠤᠭᠠᠨ ᠢ᠋ 7 ᠤᠳᠠᠭ᠎ᠠ ᠡᠶᠡᠳᠡᠭᠦᠯᠵᠦ ᠵᠢᠭᠤᠷᠠᠯᠳᠤᠭᠠᠨ ᠢ᠋ ᠨᠢ ᠰᠢᠢᠳᠪᠦᠷᠢᠯᠡᠨ᠎ᠡ —ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠬᠣᠶᠠᠳᠤᠭᠠᠷ ᠬᠠᠮᠲᠤᠷᠠᠨ ᠵᠥᠪᠯᠡᠬᠦ ᠲᠢᠩᠬᠢᠮ ᠦ᠋ᠨ ᠡᠶᠡᠳᠡᠭᠦᠯᠦᠭᠰᠡᠨ ᠪᠣᠳᠠᠲᠤ ᠲᠡᠮᠳᠡᠭᠯᠡᠯ
2020.09.11 ᠲᠣᠰ ᠥᠷᠲᠡᠭᠡᠨ᠎ᠦ ᠨᠠᠢᠷᠠᠭᠤᠯᠤᠭᠴᠢ

《 ᠰᠢᠭᠦᠬᠦ ᠬᠣᠷᠢᠶᠠᠨ ᠠ᠋ᠴᠠ ᠪᠢᠳᠡᠨ ᠦ᠌ ᠦᠨᠡᠨ ᠪᠣᠳᠠᠲᠠᠢ ᠠᠰᠠᠭᠤᠳᠠᠯ ᠢ᠋  ᠰᠢᠢᠳᠪᠦᠷᠢᠯᠡᠭᠰᠡᠨ ᠳ᠋ᠦ᠍ ᠲᠠᠯᠠᠷᠬᠠᠵᠤ ᠪᠠᠢᠨ᠎ᠠ ᠃》 ᠭᠡᠷ ᠬᠤᠳᠠᠯᠳᠤᠨ ᠠᠪᠤᠭᠴᠢ ᠵᠠᠩ X᠂ ᠭᠣᠣ ᠣᠪᠣᠭᠲᠤ ᠡᠷ᠎ᠡ ᠡᠮ᠎ᠡ ᠬᠣᠶᠠᠭᠤᠯᠠ ᠨᠢᠭᠡ ᠲᠠᠯ᠎ᠠ ᠪᠠᠷ 13 ᠲᠦᠮᠡᠨ ᠪᠡᠯᠡᠨ ᠵᠣᠭᠣᠰ ᠭᠠᠷᠭᠠᠵᠤ᠂ ᠨᠢᠭᠡ ᠲᠠᠯ᠎ᠠ ᠪᠠᠷ ᠰᠡᠳᠭᠢᠯ ᠳᠣᠭᠳᠣᠯᠤᠨ ᠬᠡᠯᠡᠪᠡ᠃

 2011 ᠣᠨ ᠤ᠋ 7 ᠰᠠᠷ᠎ᠠ ᠶ᠋ᠢᠨ 28 ᠤ᠋ ᠡᠳᠦᠷ᠂ ᠵᠠᠩ ᠣᠪᠣᠭᠲᠤ᠂ ᠭᠣᠣ ᠣᠪᠣᠭᠲᠤ ᠡᠷ᠎ᠡ ᠡᠮ᠎ᠡ ᠬᠣᠶᠠᠭᠤᠯᠠ ᠣᠷᠳᠣᠰ ᠬᠣᠲᠠ ᠶ᠋ᠢᠨ ᠲᠢᠶᠠᠨ ᠵᠢᠶᠦ᠋ᠨ ᠭᠡᠷ  ᠪᠠᠢᠰᠢᠩ ᠭᠠᠵᠠᠷ ᠬᠥᠷᠥᠩᠭᠡ ᠶ᠋ᠢᠨ ᠨᠡᠭᠡᠭᠡᠯᠲᠡ ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠤᠳᠠᠯᠳᠤᠭᠠᠨ ᠤ᠋ ᠭᠠᠵᠠᠷ ᠠ᠋ᠴᠠ ᠬᠤᠳᠠᠯᠳᠤᠨ ᠠᠪᠬᠤ ᠪᠢᠴᠢᠭ ᠲᠣᠭᠲᠠᠵᠤ᠂ ᠬᠤᠳᠠᠯᠳᠤᠨ ᠠᠪᠤᠭᠰᠠᠨ ᠬᠤᠳᠠᠯᠳᠤᠭᠠᠨ ᠤ᠋ ᠫᠦᠰᠡ ᠳ᠋ᠦ᠍ ᠬᠣᠶᠠᠷ ᠢᠵᠢ ᠭᠡᠷ᠎ᠡ ᠲᠣᠭᠲᠠᠵᠤ᠂ ᠶᠡᠷᠦᠩᠬᠡᠢ ᠦᠨ᠎ᠡ ᠶ᠋ᠢᠨ ᠵᠣᠭᠣᠰ ᠨᠢ 250 ᠲᠦᠮᠡᠨ ᠲᠥᠭᠥᠷᠢᠭ ᠲᠦ᠍ ᠬᠦᠷᠴᠡᠢ᠃ ᠬᠤᠳᠠᠯᠳᠤᠨ ᠠᠪᠬᠤ ᠪᠢᠴᠢᠭ ᠲᠣᠭᠲᠠᠭᠰᠠᠨ ᠤ᠋ ᠳᠠᠷᠠᠭ᠎ᠠ ᠂ ᠵᠠᠩ ᠣᠪᠣᠭᠲᠤ ᠂ ᠭᠣᠣ ᠣᠪᠣᠭᠲᠤ ᠡᠷ᠎ᠡ ᠡᠮ᠎ᠡ ᠬᠣᠶᠠᠭᠤᠯᠠ ᠣᠷᠳᠣᠰ ᠬᠣᠲᠠ ᠶ᠋ᠢᠨ ᠲᠢᠶᠠᠨ ᠵᠢᠶᠦ᠋ᠨ ᠭᠡᠷ  ᠪᠠᠢᠰᠢᠩ ᠭᠠᠵᠠᠷ ᠬᠥᠷᠥᠩᠭᠡ ᠶ᠋ᠢᠨ ᠨᠡᠭᠡᠭᠡᠯᠲᠡ ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳ᠋ᠤ᠌ ᠭᠡᠷ  ᠪᠠᠢᠰᠢᠩ ᠬᠤᠳᠠᠯᠳᠤᠨ ᠠᠪᠬᠤ ᠵᠣᠭᠣᠰ 110 ᠲᠦᠮᠡᠨ ᠲᠥᠭᠥᠷᠢᠭ ᠦᠭᠭᠦᠭᠰᠡᠨ ᠪᠠᠢᠨ᠎ᠠ ᠃ 2013 ᠣᠨ ᠤ᠋ ᠵᠢᠯ ᠦ᠋ᠨ ᠡᠴᠦᠰ ᠲᠦ᠍ ᠂ ᠣᠷᠳᠣᠰ ᠬᠣᠲᠠ ᠶ᠋ᠢᠨ ᠲᠢᠶᠠᠨ ᠵᠢᠶᠦ᠋ᠨ ᠭᠡᠷ  ᠪᠠᠢᠰᠢᠩ ᠭᠠᠵᠠᠷ ᠬᠥᠷᠥᠩᠭᠡ ᠶ᠋ᠢᠨ ᠨᠡᠭᠡᠭᠡᠯᠲᠡ ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠣᠶᠠᠷ ᠢᠵᠢ ᠫᠦᠰᠡ ᠶ᠋ᠢ ᠵᠠᠩ ᠣᠪᠣᠭᠲᠤ ᠂ ᠭᠣᠣ ᠣᠪᠣᠭᠲᠤ ᠡᠷ᠎ᠡ ᠡᠮ᠎ᠡ ᠬᠣᠶᠠᠭᠤᠯᠠ ᠳ᠋ᠤ᠌ ᠲᠤᠰᠢᠶᠠᠨ ᠬᠡᠷᠡᠭᠯᠡᠭᠦᠯᠪᠡ ᠃ 2018 ᠣᠨ ᠤ᠋ 9 ᠰᠠᠷ᠎ᠠ ᠶ᠋ᠢᠨ 6 ᠤ᠋ ᠡᠳᠦᠷ ᠂ ᠵᠠᠩ ᠣᠪᠣᠭᠲᠤ ᠂ ᠭᠣᠣ ᠣᠪᠣᠭᠲᠤ ᠡᠷ᠎ᠡ ᠡᠮ᠎ᠡ ᠬᠣᠶᠠᠭᠤᠯᠠ ᠣᠷᠳᠣᠰ ᠬᠣᠲᠠ ᠶ᠋ᠢᠨ ᠲᠢᠶᠠᠨ ᠵᠢᠶᠦ᠋ᠨ ᠭᠡᠷ  ᠪᠠᠢᠰᠢᠩ ᠭᠠᠵᠠᠷ ᠬᠥᠷᠥᠩᠭᠡ ᠶ᠋ᠢᠨ ᠨᠡᠭᠡᠭᠡᠯᠲᠡ ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶ᠋ᠢ  ᠰᠢᠭᠦᠬᠦ ᠬᠣᠷᠢᠶᠠᠨ ᠳ᠋ᠤ᠌ ᠵᠠᠭᠠᠯᠳᠤᠵᠤ ᠂ ᠬᠤᠳᠠᠯᠳᠤᠨ ᠠᠪᠤᠭᠰᠠᠨ ᠪᠢᠴᠢᠭ ᠢ᠋ᠶ᠋ᠡᠨ ᠬᠦᠴᠦᠨ ᠦᠭᠡᠢ ᠪᠣᠯᠭᠠᠵᠤ ᠂ ᠭᠡᠷ ᠬᠤᠳᠠᠯᠳᠤᠨ ᠠᠪᠤᠭᠰᠠᠨ ᠵᠣᠭᠣᠰ ᠢ᠋ 110 ᠲᠦᠮᠡᠨ ᠲᠥᠭᠥᠷᠢᠭ ᠪᠤᠴᠠᠭᠠᠵᠤ ᠥᠭᠬᠦ ᠶ᠋ᠢ ᠱᠠᠭᠠᠷᠳᠠᠪᠠ ᠃ ᠨᠢᠭᠡᠳᠦᠭᠡᠷ  ᠰᠢᠭᠦᠯᠲᠡ ᠶ᠋ᠢᠨ  ᠰᠢᠭᠦᠬᠦ ᠬᠣᠷᠢᠶ᠎ᠠ ᠠ᠋ᠴᠠ ᠵᠠᠩ X᠂ ᠭᠣᠣ ᠣᠪᠣᠭᠲᠤ ᠨᠢᠭᠡᠨᠲᠡ ᠬᠡᠷᠡᠭ ᠲᠦ᠍ ᠬᠣᠯᠪᠣᠭᠳᠠᠭᠰᠠᠨ ᠬᠤᠳᠠᠯᠳᠤᠭᠠᠨ ᠤ᠋ ᠳᠡᠯᠭᠡᠭᠦᠷ ᠢ᠋ ᠬᠡᠷᠡᠭᠯᠡᠵᠦ᠂ ᠬᠣᠶᠠᠷ ᠲᠠᠯ᠎ᠠ ᠶ᠋ᠢᠨ ᠬᠤᠳᠠᠯᠳᠤᠨ ᠠᠪᠬᠤ ᠬᠡᠯᠡᠯᠴᠡᠭᠡᠷ ᠢ᠋ ᠨᠢᠭᠡᠨᠲᠡ ᠪᠣᠳᠠᠲᠠᠢ ᠭᠦᠢᠴᠡᠳᠭᠡᠵᠦ᠂ ᠵᠠᠩ X᠂ ᠭᠣᠣ ᠣᠪᠣᠭᠲᠤ ᠶ᠋ᠢᠨ ᠵᠠᠷᠭᠤ ᠶ᠋ᠢᠨ ᠭᠤᠶᠤᠴᠢᠯᠠᠯ ᠢ᠋ ᠨᠢᠴᠤᠭᠠᠭᠰᠠᠨ ᠪᠠᠢᠨ᠎ᠠ᠃ ᠵᠠᠩ X᠂ ᠭᠣᠣ ᠣᠪᠣᠭᠲᠤ ᠨᠢᠭᠡᠳᠦᠭᠡᠷ  ᠰᠢᠭᠦᠯᠲᠡ ᠶ᠋ᠢᠨ ᠰᠢᠭᠦᠨ ᠲᠠᠰᠤᠯᠤᠯᠲᠠ ᠶ᠋ᠢ ᠬᠦᠯᠢᠶᠡᠬᠦ ᠦᠭᠡᠢ ᠪᠡᠷ ᠲᠤᠰ ᠬᠣᠷᠢᠶᠠᠨ ᠳ᠋ᠤ᠌  ᠳᠡᠭᠡᠭᠰᠢ ᠵᠠᠭᠠᠯᠳᠤᠵᠠᠢ᠃
 ᠬᠣᠶᠠᠳᠤᠭᠠᠷ  ᠰᠢᠭᠦᠯᠲᠡ ᠳ᠋ᠦ᠍ ᠵᠠᠩ ᠣᠪᠣᠭᠲᠤ ᠶᠡᠬᠡ ᠬᠡᠮᠵᠢᠶᠡᠨ ᠦ᠌ ᠡᠪᠡᠳᠴᠢᠨ ᠦ᠌ ᠳᠠᠩᠰᠠ ᠮᠠᠲ᠋ᠧᠷᠢᠶᠠᠯ ᠢ᠋ᠶ᠋ᠠᠨ ᠠᠪᠴᠤ  ᠰᠢᠭᠦᠬᠦ ᠬᠣᠷᠢᠶᠠᠨ ᠳ᠋ᠤ᠌ ᠢᠷᠡᠵᠦ᠂ ᠲᠤᠰ ᠬᠣᠷᠢᠶ᠎ᠠ ᠲᠥᠪ ᠭᠣᠣᠯᠴᠢ ᠪᠠᠷ ᠲᠤᠰ ᠬᠡᠷᠡᠭ ᠢ᠋  ᠰᠢᠭᠦᠨ  ᠰᠢᠢᠳᠪᠦᠷᠢᠯᠡᠬᠦ ᠶ᠋ᠢ ᠬᠦᠰᠡᠵᠦ ᠪᠠᠢᠪᠠ᠃ ᠣᠢᠯᠠᠭᠠᠭᠰᠠᠨ ᠢ᠋ᠶ᠋ᠠᠷ ᠂ ᠵᠠᠩ ᠣᠪᠣᠭᠲᠤ ᠶ᠋ᠢᠨ ᠪᠡᠶ᠎ᠡ ᠨᠢ ᠬᠦᠨᠳᠦ ᠡᠪᠡᠳᠴᠢᠯᠡᠭᠡᠳ ᠂ ᠭᠣᠣ ᠣᠪᠣᠭᠲᠤ ᠭᠠᠩᠰᠠᠷᠠᠬᠤ ᠭᠡᠮ ᠲᠡᠢ ᠪᠣᠯᠵᠠᠢ ᠂ ᠭᠡᠷ ᠲᠦ᠍ ᠨᠢ ᠪᠠᠰᠠ ᠰᠤᠷᠭᠠᠭᠤᠯᠢ ᠳ᠋ᠤ᠌ ᠣᠷᠣᠭᠰᠠᠨ ᠬᠣᠶᠠᠷ ᠬᠡᠦᠬᠡᠳ ᠪᠠᠢᠨ᠎ᠠ ᠂ ᠡᠷ᠎ᠡ ᠡᠮ᠎ᠡ ᠬᠣᠶᠠᠭᠤᠯᠠ ᠶ᠋ᠢᠨ ᠬᠠᠮᠲᠤ ᠪᠠᠷ ᠡᠵᠡᠩᠨᠡᠵᠦ ᠪᠠᠢᠭ᠎ᠠ  ᠮᠠᠰᠢᠨ ᠲᠡᠷᠭᠡᠨ ᠦ᠌ ᠵᠠᠰᠠᠯ ᠴᠢᠮᠡᠭᠯᠡᠯ ᠦ᠋ᠨ ᠡᠳ᠋ ᠦ᠋ᠨ ᠳᠡᠯᠭᠡᠭᠦᠷ ᠨᠢ ᠴᠦ᠍ ᠬᠢᠵᠢᠭ ᠦ᠋ᠨ ᠪᠠᠢᠳᠠᠯ ᠳ᠋ᠤ᠌ ᠨᠥᠯᠥᠭᠡᠯᠡᠭᠳᠡᠵᠦ ᠂ ᠦᠢᠯᠡᠳᠪᠦᠷᠢᠯᠡᠯ ᠠᠮᠢᠳᠤᠷᠠᠯ ᠨᠢ ᠬᠦᠴᠢᠷᠲᠡᠢ ᠪᠣᠯᠵᠤ ᠂ ᠬᠣᠶᠠᠷ ᠢᠵᠢ ᠰᠠᠭᠤᠷᠢ ᠠᠷᠠᠯᠵᠢᠶᠠᠴᠢᠨ ᠨᠢ ᠪᠠᠷᠤᠭ 250 ᠲᠦᠮᠡᠨ ᠲᠥᠭᠥᠷᠢᠭ ᠦ᠋ᠨ ᠭᠡᠷ ᠬᠤᠳᠠᠯᠳᠤᠨ ᠠᠪᠬᠤ ᠵᠣᠭᠣᠰ  ᠲᠤᠰᠢᠶᠠᠬᠤ ᠬᠦᠴᠦᠨ ᠦᠭᠡᠢ ᠪᠣᠯᠵᠠᠢ ᠃ ᠪᠣᠳᠠᠲᠠᠢ ᠠᠰᠠᠭᠤᠳᠠᠯ ᠢ᠋ ᠦᠨᠡᠨ ᠬᠦ᠌  ᠰᠢᠢᠳᠪᠦᠷᠢᠯᠡᠬᠦ ᠶ᠋ᠢᠨ ᠲᠥᠯᠥᠭᠡ᠂ ᠢᠷᠭᠡᠨ ᠦ᠌ ᠬᠡᠷᠡᠭ ᠦ᠋ᠨ ᠲᠦᠷᠭᠡᠨ  ᠰᠢᠭᠦᠯᠲᠡ ᠶ᠋ᠢᠨ ᠬᠣᠶᠠᠳᠤᠭᠠᠷ ᠬᠠᠮᠲᠤᠷᠠᠨ ᠵᠥᠪᠯᠡᠬᠦ ᠲᠢᠩᠬᠢᠮ 《 ᠬᠣᠶᠠᠷ ᠢᠵᠢ ᠭᠡᠷ  ᠪᠠᠢᠰᠢᠩ ᠨᠢ ᠨᠢᠭᠡ ᠣᠷᠣᠨ ᠰᠠᠭᠤᠴᠠ ᠪᠣᠯᠬᠤ》 ᠶ᠋ᠢᠨ ᠡᠶᠡᠳᠡᠭᠦᠯᠬᠦ ᠲᠥᠰᠦᠯ ᠢ᠋ ᠴᠠᠭ ᠲᠤᠬᠠᠢ ᠳ᠋ᠤᠨᠢ ᠳᠤᠷᠠᠳᠤᠨ ᠭᠠᠷᠭᠠᠪᠠ᠂ ᠳᠠᠷᠤᠢ ᠤᠤᠯ ᠤ᠋ᠨ ᠵᠠᠩ ᠣᠪᠣᠭ᠎ᠠ᠂ ᠭᠣᠣ ᠣᠪᠣᠭᠲᠤ ᠬᠣᠶᠠᠷ ᠢᠵᠢ ᠬᠤᠳᠠᠯᠳᠤᠭᠠᠨ ᠤ᠋ ᠫᠦᠰᠡ ᠶ᠋ᠢ ᠬᠤᠳᠠᠯᠳᠤᠨ ᠠᠪᠴᠤ ᠨᠢᠭᠡ ᠢᠵᠢ ᠬᠤᠳᠠᠯᠳᠤᠭᠠᠨ ᠤ᠋ ᠳᠡᠯᠭᠡᠭᠦᠷ ᠬᠤᠳᠠᠯᠳᠤᠨ ᠠᠪᠬᠤ ᠪᠣᠯᠭᠠᠨ ᠬᠤᠪᠢᠷᠠᠭᠤᠯᠵᠠᠢ᠂ ᠨᠢᠭᠡᠨᠲᠡ  ᠲᠤᠰᠢᠶᠠᠭᠰᠠᠨ 110 ᠲᠦᠮᠡᠨ ᠲᠥᠭᠥᠷᠢᠭ ᠦ᠋ᠨ ᠭᠡᠷ ᠬᠤᠳᠠᠯᠳᠤᠨ ᠠᠪᠬᠤ ᠵᠣᠭᠣᠰ ᠢ᠋ ᠪᠦᠬᠦᠨ ᠢ᠋ ᠲᠤᠰ ᠨᠢᠭᠡ ᠢᠵᠢ ᠬᠤᠳᠠᠯᠳᠤᠭᠠᠨ ᠤ᠋ ᠫᠦᠰᠡ ᠶ᠋ᠢᠨ ᠬᠤᠳᠠᠯᠳᠤᠨ ᠠᠪᠬᠤ ᠵᠣᠭᠣᠰ ᠢ᠋ᠶ᠋ᠠᠷ ᠨᠤᠭᠤᠯᠤᠨ ᠪᠣᠳᠣᠵᠤ ᠪᠤᠢ᠃ ᠣᠷᠳᠣᠰ ᠬᠣᠲᠠ ᠶ᠋ᠢᠨ ᠲᠢᠶᠠᠨ ᠵᠢᠶᠦ᠋ᠨ ᠭᠡᠷ ᠪᠠᠢᠱᠢᠩ ᠭᠠᠵᠠᠷ ᠬᠥᠷᠥᠩᠭᠡ ᠶ᠋ᠢᠨ ᠨᠡᠭᠡᠭᠡᠯᠲᠡ ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠠᠩ X᠂ ᠭᠣᠣ ᠣᠪᠣᠭᠲᠤ ᠶ᠋ᠢᠨ ᠭᠡᠷ ᠪᠦᠯᠢ ᠶ᠋ᠢᠨ ᠣᠨᠴᠠᠭᠠᠢ ᠪᠠᠢᠳᠠᠯ ᠢ᠋ ᠣᠢᠯᠠᠭᠠᠭᠰᠠᠨ ᠤ᠋ ᠳᠠᠷᠠᠭ᠎ᠠ ᠂ ᠪᠠᠰᠠ ᠵᠣᠬᠢᠬᠤ ᠨᠠᠢᠷ ᠲᠠᠯᠪᠢᠯᠲᠠ ᠬᠢᠵᠦ ᠂ ᠡᠶᠡᠳᠡᠭᠦᠯᠬᠦ ᠶ᠋ᠢ  ᠵᠦᠪᠰᠢᠶᠠᠷᠡᠵᠦ ᠪᠠᠢᠬᠤ ᠪᠠᠨ ᠢᠯᠡᠷᠬᠡᠢᠯᠡᠭᠰᠡᠨ ᠪᠣᠯᠪᠠᠴᠤ ᠵᠠᠩ ᠣᠪᠣᠭᠲᠤ ᠂ ᠭᠣᠣ ᠣᠪᠣᠭᠲᠤ 13 ᠲᠦᠮᠡᠨ ᠲᠥᠭᠥᠷᠢᠭ ᠦ᠋ᠨ ᠭᠡᠷ ᠬᠤᠳᠠᠯᠳᠤᠨ ᠠᠪᠬᠤ ᠵᠣᠭᠣᠰ ᠦᠯᠡᠳᠡᠬᠦ ᠪᠡᠨ ᠨᠢᠭᠡ ᠯᠡ ᠳᠡᠭᠡᠷ᠎ᠡ  ᠲᠤᠰᠢᠶᠠᠬᠤ ᠬᠡᠷᠡᠭᠲᠡᠢ ᠭᠡᠵᠦ ᠱᠠᠭᠠᠷᠳᠠᠭᠰᠠᠨ ᠪᠠᠢᠨ᠎ᠠ ᠃ ᠳᠠᠭᠠᠭᠠᠨ ᠬᠢᠭᠴᠢ ᠨᠢ ᠣᠯᠠᠨ ᠤᠳᠠᠭ᠎ᠠ ᠳ᠋ᠢᠶᠠᠩᠬᠤᠸᠠ ᠂ ᠨᠢᠭᠤᠷᠳᠠᠨ ᠶᠠᠷᠢᠯᠴᠠᠬᠤ ᠵᠡᠷᠭᠡ ᠠᠷᠭ᠎ᠠ ᠮᠠᠶᠢᠭ ᠢ᠋ᠶ᠋ᠠᠷ ᠳᠠᠮᠵᠢᠭᠤᠯᠤᠨ ᠬᠠᠷᠢᠯᠴᠠᠵᠤ ᠂ ᠬᠣᠶᠠᠷ ᠲᠠᠯ᠎ᠠ ᠪᠠᠷ ᠢ᠋ᠶ᠋ᠠᠨ ᠲᠤᠰ ᠬᠣᠷᠢᠶᠠᠨ ᠤ᠋ ᠡᠶᠡᠳᠡᠭᠦᠯᠬᠦ ᠰᠠᠨᠠᠯ ᠢ᠋ ᠰᠠᠨᠠᠯ ᠨᠢᠭᠡᠲᠡᠢ  ᠵᠦᠪᠰᠢᠶᠠᠷᠡᠪᠡ᠃ ᠵᠠᠩ X᠂ ᠭᠣᠣ ᠣᠪᠣᠭᠲᠤ ᠡᠶᠡᠳᠡᠭᠦᠯᠬᠦ ᠵᠥᠪᠳᠡᠯᠴᠡᠬᠡᠷ ᠲᠣᠭᠲᠠᠭᠰᠠᠨ ᠤ᠋ ᠲᠤᠰ ᠡᠳᠦᠷ ᠲᠦ᠍ 13 ᠲᠦᠮᠡᠨ ᠲᠥᠭᠥᠷᠢᠭ ᠦ᠋ᠨ ᠦᠯᠡᠭᠦᠦ ᠭᠡᠷ ᠬᠤᠳᠠᠯᠳᠤᠨ ᠠᠪᠤᠭᠰᠠᠨ ᠵᠣᠭᠣᠰ ᠢ᠋ ᠠᠪᠴᠢᠷᠠᠭᠰᠠᠨ ᠤ᠋ ᠬᠠᠮᠲᠤ ᠣᠷᠳᠣᠰ ᠬᠣᠲᠠ ᠶ᠋ᠢᠨ ᠲᠢᠶᠠᠨ ᠵᠢᠶᠦ᠋ᠨ ᠭᠡᠷ  ᠪᠠᠢᠰᠢᠩ ᠭᠠᠵᠠᠷ ᠬᠥᠷᠥᠩᠭᠡ ᠶ᠋ᠢᠨ ᠨᠡᠭᠡᠭᠡᠯᠲᠡ ᠶ᠋ᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳ᠋ᠤ᠌ ᠲᠤᠰ ᠵᠣᠭᠣᠰ ᠢ᠋  ᠲᠤᠰᠢᠶᠠᠨ ᠥᠭᠴᠦ᠂ ᠵᠢᠭᠤᠷᠠᠯᠳᠤᠭᠠᠨ ᠨᠢ ᠲᠤᠢᠯᠪᠤᠷᠢᠲᠠᠢ 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )