《 ᠬᠥᠳᠡᠭᠡ ᠪᠠᠭᠤᠯᠭᠠᠬᠤ ᠂ ᠲᠢᠩᠬᠢᠮ ᠦ᠋ᠨ ᠰᠢᠭᠦᠯᠲᠡ ᠬᠢᠬᠦ ᠂ ᠬᠠᠤᠯᠢ ᠲᠦᠭᠡᠮᠡᠯᠵᠢᠭᠦᠯᠬᠦ ᠂ ᠶᠠᠷᠢᠯᠴᠠᠬᠤ 》 — ᠬᠣᠲᠠ ᠶ᠋ᠢᠨ ᠳᠤᠮᠳᠠ ᠬᠣᠷᠢᠶ᠎ᠠ ᠶ᠋ᠢᠨ ᠬᠠᠮᠲᠤᠷᠠᠨ ᠵᠥᠪᠯᠡᠬᠦ ᠲᠢᠩᠬᠢᠮ ᠮᠠᠯᠵᠢᠬᠤ ᠲᠠᠷᠢᠶᠠᠯᠠᠬᠤ ᠣᠷᠣᠨ ᠤ᠋ ᠬᠠᠤᠯᠢ ᠲᠦᠭᠡᠮᠡᠯᠵᠢᠭᠦᠯᠬᠦ ᠨᠢᠭᠡ ᠥᠷᠲᠡᠭᠡᠨ ᠦ᠌ ᠬᠡᠯᠪᠡᠷᠢ ᠶ᠋ᠢᠨ ᠦᠢᠯᠡᠴᠢᠯᠡᠭᠡ ᠶ᠋ᠢ ᠭᠦᠨᠵᠡᠭᠡᠢ ᠲᠦᠯᠬᠢᠨ ᠠᠬᠢᠭᠤᠯᠪᠠ
2020.09.11 ᠲᠣᠰ ᠥᠷᠲᠡᠭᠡᠨ ᠦ ᠨᠠᠢᠷᠠᠭᠤᠯᠤᠭᠴᠢ

ᠡᠣᠯᠣᠰ ᠤ᠋ᠨ ᠰᠦᠯᠳᠡ ᠶ᠋ᠢ ᠡᠭᠦᠷᠴᠦ ᠂ ᠬᠠᠤᠯᠢ ᠢ᠋ᠢᠨ ᠮᠤᠨᠠ ᠪᠠᠨ ᠠᠪᠴᠤ᠂ ᠬᠠᠢᠯᠤᠭᠤᠯᠵᠤ ᠶᠠᠪᠤᠬᠤ ᠲᠠᠪᠤᠨ ᠰᠠᠷ᠎ᠠ ᠳ᠋ᠤᠨᠢ ᠂ ᠡᠣᠷᠳᠣᠰ ᠬᠣᠲᠠ ᠶ᠋ᠢᠨ ᠳᠤᠮᠳᠠ ᠵᠠᠷᠬᠡ᠎ ᠶ᠋ᠢᠨ ᠰᠢᠭᠦᠬᠦ ᠬᠣᠷᠢᠢ᠎ᠠ ᠶ᠋ᠢᠨ  ᠲᠠᠷᠢᠶᠠᠯᠠᠩ ᠮᠠᠯ ᠡᠠᠵᠣ ᠡᠠᠬᠣᠢ ᠪᠣᠯᠤᠨ ᠪᠡᠯᠡ ᠬᠣᠷᠰᠢᠯᠴᠠᠭᠠᠠ ᠶ᠋ᠢᠨ ᠭᠡᠷ ᠵᠠᠷᠬᠡ᠎ ᠲᠠᠪᠤᠨ  ᠬᠥᠮᠦᠨ ᠡᠣᠢᠣᠰᠢᠠ  ᠬᠣᠰᠢᠭᠤᠨ ᠤ᠋ ᠰᠦᠯᠳᠡ ᠰᠤᠮᠤ ᠶ᠋ᠢᠨ ᠲᠣᠢᠩᠱᠢ ᠭᠠᠴᠠᠭ᠎ᠠ ᠳ᠋ᠤ᠌ ᠡᠢᠷᠠᠬᠡᠣᠠ ᠡᠨᠡ ᠵᠢᠯ ᠦ᠋ᠨ 《ᠭᠦᠢᠳᠠᠬᠡ᠎ᠲᠣᠰᠭᠣᠨ ᠤ᠋ ᠰᠤᠷᠭᠠᠭᠤᠯᠢ ᠡᠷᠬᠢᠯᠡᠬᠦ ᠂ ᠬᠠᠤᠯᠢ ᠶ᠋ᠢ  ᠲᠦᠭᠡᠮᠡᠯᠵᠢᠭᠦᠯᠬᠦ᠂ ᠶᠠᠷᠢᠯᠴᠠᠬᠤ 》 ᠡᠠᠵᠢᠯ ᠡᠬᠢᠯᠠᠪᠠ᠎᠃
 

《ᠪᠢ ᠲᠠ ᠨᠠᠷ ᠢ᠋ ᠲᠠᠨᠢᠨ᠎ᠠ ᠂ ᠲᠠ ᠨᠠᠷ ᠪᠣᠯ ᠳᠡᠭᠡᠷ᠎ᠡ ᠤᠳᠠᠭ᠎ᠠ ᠮᠠᠨ ᠤ᠋ ᠰᠤᠮᠤ ᠳ᠋ᠤ᠌ ᠢᠷᠡᠵᠦ ᠪᠢᠳᠡᠨ ᠳ᠋ᠦ᠍ ᠬᠠᠤᠯᠢ ᠴᠠᠭᠠᠵᠠ ᠶ᠋ᠢᠨ ᠬᠢᠴᠢᠶᠡᠯ ᠳᠡᠭᠡᠷ᠎ᠡ ᠱᠠᠲᠤᠨ ᠤ᠋  ᠰᠢᠭᠦᠬᠦ ᠬᠣᠷᠢᠶᠠᠨ ᠤ᠋  ᠰᠢᠭᠦᠭᠴᠢ ᠨᠠᠷ ᠮᠥᠨ ᠃》 ᠭᠠᠴᠠᠭᠠᠨ ᠳ᠋ᠤ᠌ ᠬᠦᠷᠦᠮᠡᠭᠴᠡ ᠭᠠᠴᠠᠭ᠎ᠠ ᠶ᠋ᠢᠨ ᠳᠠᠷᠤᠭ᠎ᠠ ᠳᠠᠷᠤᠢ ᠬᠡᠳᠦᠨ  ᠰᠢᠭᠦᠭᠴᠢ ᠶ᠋ᠢ ᠦᠵᠡᠭᠡᠳ ᠂ ᠬᠣᠭᠣᠷᠣᠨᠳᠣᠬᠢ ᠨᠢ ᠠᠶᠠᠨᠳᠠᠭᠠᠨ ᠪᠠᠰᠠ ᠢᠯᠡᠭᠦᠦ ᠬᠡᠳᠦᠨ ᠳᠣᠲᠣᠨᠣ ᠪᠣᠯᠵᠠᠢ ᠃

《 ᠲᠠᠨᠠᠷ ᠤ᠋ᠨ ᠮᠠᠨ ᠤ᠋ ᠲᠠᠷᠢᠶᠠᠴᠢᠨ ᠮᠠᠯᠴᠢᠨ ᠤ᠋ ᠴᠠᠭ ᠢ᠋ ᠪᠣᠳᠣᠯᠬᠢᠯᠠᠭᠠᠳ ᠂ ᠳᠠᠬᠢᠨ ᠭᠤᠷᠪᠠ ᠤᠳᠠᠭ᠎ᠠ  ᠰᠢᠭᠦᠯᠲᠡ ᠡᠬᠢᠯᠡᠬᠦ ᠴᠠᠭ ᠢ᠋  ᠬᠣᠢᠰᠢᠯᠠᠭᠰᠠᠨ ᠳ᠋ᠤ᠌ ᠴᠢᠨᠢ ᠲᠠᠯᠠᠷᠬᠠᠵᠤ ᠪᠠᠢᠨ᠎ᠠ ᠃ ᠬᠠᠪᠤᠷ ᠶᠠᠭ ᠲᠠᠷᠢᠶᠠᠯᠠᠩ ᠤ᠋ᠨ ᠶᠠᠭᠠᠷᠠᠤ ᠴᠠᠭ ᠲᠤ᠌ ᠢᠷᠡᠵᠦ ᠪᠠᠢᠨ᠎ᠠ ᠂ ᠲᠠ ᠨᠠᠷ ᠭᠠᠴᠠᠭᠠᠨ ᠳ᠋ᠤ᠌ ᠢᠷᠡᠵᠦ ᠪᠠᠢᠭᠰᠠᠨ ᠴᠤ᠌ ᠣᠯᠠᠩᠬᠢ ᠬᠥᠮᠦᠰ ᠣᠷᠣᠯᠴᠠᠵᠤ ᠳᠡᠢᠯᠬᠦ ᠦᠭᠡᠢ ᠃ ᠣᠳᠣ ᠲᠠᠷᠢᠶᠠᠯᠠᠩ ᠤ᠋ᠨ ᠠᠵᠢᠯ ᠶᠠᠭᠠᠷᠠᠤ ᠪᠣᠯᠤᠭᠠᠳ ᠪᠠᠢᠨ᠎ᠠ ᠂ ᠪᠢᠳᠡ ᠪᠠᠰᠠ ᠢᠷᠡᠵᠦ ᠰᠣᠨᠣᠰᠴᠤ ᠦᠵᠡᠶ᠎ᠡ ᠂ ᠶᠣᠰᠣ ᠵᠢᠷᠤᠮ ᠨᠢ ᠬᠠᠮᠢᠭ᠎ᠠ ᠪᠠᠢᠬᠤ ᠂ ᠶᠣᠰᠣ ᠵᠢᠷᠤᠮ ᠨᠢ ᠬᠠᠮᠢᠭ᠎ᠠ ᠪᠠᠢᠬᠤ ᠶ᠋ᠢ ᠪᠢᠳᠡ ᠲᠣᠳᠣᠷᠬᠠᠢ ᠮᠡᠳᠡᠭᠦᠯᠦᠶ᠎ᠡ 》 ᠮᠠᠯᠴᠢᠨ ᠲᠠᠷᠢᠶᠠᠴᠢᠳ ᠬᠠᠤᠯᠢ ᠶ᠋ᠢᠨ  ᠲᠤᠰᠢᠶᠠᠯᠲᠠᠨ ᠳ᠋ᠤ᠌ ᠪᠠᠶᠠᠷ ᠬᠦᠷᠭᠡᠵᠦ ᠪᠠᠢᠬᠤ ᠪᠠᠨ ᠢᠯᠡᠳᠭᠡᠵᠦ᠂ ᠣᠳᠣᠬᠠᠨ ᠬᠦᠷᠴᠦ ᠢᠷᠡᠭᠡᠳ ᠮᠠᠯᠴᠢᠨ ᠲᠠᠷᠢᠶᠠᠴᠢᠳ ᠲᠡᠳᠡᠨ ᠳ᠋ᠦ᠍ ᠪᠠᠰᠠ ᠬᠡᠳᠦᠨ ᠬᠤᠪᠢ ᠢᠲᠡᠭᠡᠯ ᠨᠡᠮᠡᠭᠳᠡᠭᠰᠡᠨ ᠢ᠋ ᠰᠡᠷᠡᠵᠦ ᠮᠡᠳᠡᠭᠡᠯᠡᠨ᠎ᠡ᠃

《 ᠰᠠᠢᠨ ᠪᠠᠢᠨ᠎ᠠ ᠤᠤ ! ᠪᠢ ᠪᠣᠯ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠠᠵᠢᠯᠲᠠᠨ ᠃ ᠪᠢᠳᠡ ᠲᠠᠨ ᠤ᠋ ᠭᠠᠴᠠᠭᠠᠨ ᠤ᠋ ᠬᠤᠷᠠᠯ ᠤ᠋ᠨ ᠭᠡᠷ ᠢ᠋ ᠵᠢᠭᠡᠯᠡᠨ ᠲᠤᠰ ᠬᠡᠷᠡᠭ ᠢ᠋ ᠲᠢᠩᠬᠢᠮ ᠨᠡᠭᠡᠭᠡᠵᠦ  ᠰᠢᠭᠦᠬᠦ  ᠭᠡᠵᠦ ᠪᠠᠢᠭ᠎ᠠ ᠪᠥᠭᠡᠳ ᠲᠠ ᠨᠠᠷ ᠤ᠋ᠨ ᠮᠠᠯᠴᠢᠳ ᠲᠤ᠌ ᠮᠡᠳᠡᠭᠳᠡᠵᠦ ᠂ ᠬᠡᠷᠡᠭ ᠢ᠋  ᠰᠢᠭᠦᠨ  ᠰᠢᠢᠳᠪᠦᠷᠢᠯᠡᠵᠦ ᠳᠠᠭᠤᠰᠤᠭᠰᠠᠨ ᠤ᠋ ᠳᠠᠷᠠᠭ᠎ᠠ ᠲᠠᠷᠢᠶᠠᠴᠢᠨ ᠮᠠᠯᠴᠢᠳ ᠲᠤ᠌ ᠬᠠᠷᠢᠭᠤᠯᠲᠠ ᠥᠭᠭᠦᠨ᠎ᠡ ᠂ ᠵᠥᠪᠯᠡᠯᠭᠡ ᠥᠭᠬᠦ ᠱᠠᠭᠠᠷᠳᠠᠯᠭ᠎ᠠ ᠲᠠᠢ ᠲᠠᠷᠢᠶᠠᠴᠢᠨ ᠮᠠᠯᠴᠢᠳ ᠵᠢᠴᠢ ᠭᠠᠴᠠᠭᠠᠨ ᠤ᠋  ᠭᠡᠰᠢᠭᠦᠳ ᠥᠪᠡᠷ ᠦ᠋ᠨ ᠠᠰᠠᠭᠤᠳᠠᠯ ᠢ᠋ᠶ᠋ᠠᠨ ᠤᠷᠢᠳᠴᠢᠯᠠᠨ ᠰᠠᠢᠲᠤᠷ ᠪᠡᠯᠡᠳᠭᠡᠬᠦ ᠪᠣᠯᠪᠠᠤ ᠃ 》ᠳᠠᠷᠤᠢ 4 ᠰᠠᠷ᠎ᠠ ᠶ᠋ᠢᠨ ᠡᠬᠢ ᠪᠡᠷ ᠂ ᠡᠷᠬᠢᠯᠡᠨ ᠭᠦᠢᠴᠡᠳᠭᠡᠬᠦ  ᠪᠣᠯᠤᠨ ᠰᠢᠭᠦᠭᠴᠢ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠬᠡᠳᠦ ᠤᠳᠠᠭ᠎ᠠ ᠬᠠᠷᠢᠯᠴᠠᠨ ᠣᠢᠯᠠᠭᠠᠯᠴᠠᠭᠰᠠᠨ ᠤ᠋ ᠳᠠᠷᠠᠭ᠎ᠠ ᠂ ᠡᠴᠦᠰ ᠲᠡᠭᠡᠨ ᠲᠠᠷᠢᠶᠠᠯᠠᠩ ᠤ᠋ᠨ ᠶᠠᠭᠠᠷᠠᠤ ᠳᠠᠭᠤᠰᠤᠭᠰᠠᠨ ᠤ᠋ ᠳᠠᠷᠠᠭ᠎ᠠ ᠨᠢᠭᠡ ᠡᠷᠦᠬᠡ ᠲᠠᠷᠢᠶᠠᠴᠢᠨ ᠡᠷᠦᠬᠡ ᠪᠣᠯᠤᠨ 40 ᠭᠠᠷᠤᠢ ᠲᠠᠷᠢᠶᠠᠴᠢᠨ ᠡᠷᠦᠬᠡ ᠶ᠋ᠢᠨ ᠬᠣᠭᠣᠷᠣᠨᠳᠣᠬᠢ ᠭᠠᠵᠠᠷ ᠲᠠᠲᠠᠪᠤᠷᠢᠯᠠᠭᠰᠠᠨ ᠨᠥᠬᠥᠪᠥᠷᠢ ᠰᠦᠢᠳᠭᠡᠯ ᠦ᠋ᠨ ᠬᠤᠪᠢᠶᠠᠷᠢᠯᠠᠯᠲᠠ ᠶ᠋ᠢᠨ ᠠᠰᠠᠭᠤᠳᠠᠯ ᠠ᠋ᠴᠠ ᠪᠣᠯᠵᠤ ᠵᠢᠭᠤᠷᠠᠯᠳᠤᠭᠠᠨ ᠡᠭᠦᠰᠦᠭᠰᠡᠨ ᠲᠢᠩᠬᠢᠮ ᠦ᠋ᠨ  ᠰᠢᠭᠦᠯᠲᠡ ᠶ᠋ᠢᠨ ᠲᠤᠬᠠᠢ ᠶ᠋ᠢᠨ ᠭᠠᠵᠠᠷ ᠢ᠋ ᠲᠡᠦᠬᠡ ᠭᠠᠴᠠᠭᠠᠨ ᠤ᠋ ᠬᠤᠷᠠᠯ ᠤ᠋ᠨ ᠭᠡᠷ ᠲᠦ᠍ ᠨᠡᠭᠦᠯᠭᠡᠵᠦ ᠂ ᠲᠤᠬᠠᠢ ᠶ᠋ᠢᠨ ᠭᠠᠵᠠᠷ ᠲᠤᠨᠢ ᠬᠡᠷᠡᠭ  ᠰᠢᠢᠳᠪᠦᠷᠢᠯᠡᠬᠦ ᠪᠡᠷ ᠳᠠᠮᠵᠢᠭᠤᠯᠤᠨ ᠬᠠᠤᠯᠢ ᠴᠠᠭᠠᠵᠠ ᠶ᠋ᠢᠨ ᠤᠬᠠᠭᠤᠯᠭ᠎ᠠ ᠶ᠋ᠢᠨ ᠠᠵᠢᠯ ᠢ᠋ ᠭᠦᠨᠵᠡᠭᠡᠢ ᠠᠬᠢᠭᠤᠯᠵᠠᠢ ᠃
 ᠤᠯᠤᠰ ᠤ᠋ᠨ ᠰᠦᠯᠳᠡ ᠶ᠋ᠢ ᠲᠡᠷᠢᠭᠦᠯᠡᠭᠴᠢᠳ ᠦ᠋ᠨ ᠲᠠᠪᠴᠠᠩ ᠤ᠋ᠨ ᠠᠷᠤ ᠲᠠᠯ᠎ᠠ ᠶ᠋ᠢᠨ ᠬᠡᠷᠡᠮ ᠳᠡᠭᠡᠷ᠎ᠡ ᠡᠯᠭᠦᠵᠦ ᠂  ᠰᠢᠭᠦᠬᠦ ᠲᠠᠩᠬᠢᠮ ᠢ᠋ ᠲᠡᠷᠢᠭᠦᠯᠡᠭᠴᠢ ᠶ᠋ᠢᠨ ᠲᠠᠢᠰᠠᠨ ᠳᠡᠭᠡᠷ᠎ᠡ ᠲᠠᠯᠪᠢᠵᠤ ᠂ ᠬᠡᠳᠦᠨ  ᠰᠢᠭᠦᠭᠴᠢ  ᠲᠤᠰᠢᠶᠠᠯᠲᠠᠨ ᠬᠠᠤᠯᠢ ᠶ᠋ᠢᠨ ᠲᠡᠷᠯᠢᠭ ᠢ᠋ ᠡᠮᠦᠰᠴᠦ ᠲᠡᠷᠢᠭᠦᠯᠡᠭᠴᠢ ᠶ᠋ᠢᠨ ᠲᠠᠢᠰᠠ ᠶ᠋ᠢ ᠰᠠᠭᠤᠵᠤ ᠂ ᠬᠤᠷᠠᠯ ᠤ᠋ᠨ ᠭᠡᠷ ᠨᠢ ᠭᠱᠠᠨ ᠵᠠᠭᠤᠷ᠎ᠠ ᠲᠥᠪ ᠴᠢᠩᠭ᠎ᠠ ᠲᠢᠩᠬᠢᠮ ᠦ᠋ᠨ  ᠰᠢᠭᠦᠯᠲᠡ ᠶ᠋ᠢᠨ ᠲᠤᠬᠠᠢ ᠶ᠋ᠢᠨ ᠲᠠᠯᠠᠪᠤᠷ ᠪᠣᠯᠵᠤ ᠬᠤᠪᠢᠷᠠᠪᠠ ᠃ ᠲᠢᠩᠬᠢᠮ ᠦ᠋ᠨ  ᠰᠢᠭᠦᠯᠲᠡ ᠳ᠋ᠦ᠍ ᠲᠢᠩᠬᠢᠮ ᠦ᠋ᠨ ᠡᠮᠦᠨᠡᠬᠢ ᠪᠡᠯᠡᠳᠭᠡᠯ ᠂ ᠲᠢᠩᠬᠢᠮ ᠦ᠋ᠨ  ᠰᠢᠭᠦᠯᠲᠡ ᠶ᠋ᠢᠨ ᠪᠠᠢᠴᠠᠭᠠᠯᠲᠠ ᠂ ᠮᠠᠷᠭᠤᠯᠳᠤᠬᠤ ᠵᠢᠷᠤᠮ ᠨᠢ  ᠰᠢᠭᠦᠬᠦ  ᠲᠤᠰᠢᠶᠠᠯᠲᠠᠨ ᠤ᠋ ᠵᠢᠯᠣᠭᠣᠳᠤᠯᠭ᠎ᠠ ᠳᠣᠣᠷ᠎ᠠ ᠡᠮᠬᠢ ᠵᠢᠷᠤᠮ ᠲᠠᠢ ᠶᠠᠪᠤᠭᠳᠠᠵᠤ ᠪᠠᠢᠪᠠ ᠃

 ᠲᠢᠩᠬᠢᠮ ᠦ᠋ᠨ  ᠰᠢᠭᠦᠯᠲᠡ ᠳᠠᠭᠤᠰᠤᠭᠰᠠᠨ ᠤ᠋ ᠳᠠᠷᠠᠭ᠎ᠠ ᠂ ᠬᠠᠮᠲᠤᠷᠠᠨ ᠵᠥᠪᠯᠡᠬᠦ ᠲᠢᠩᠬᠢᠮ ᠦ᠋ᠨ ᠬᠡᠳᠦᠨ  ᠰᠢᠭᠦᠭᠴᠢ ᠲᠤᠰ ᠬᠡᠷᠡᠭ ᠦ᠋ᠨ ᠮᠠᠷᠭᠤᠯᠳᠤᠭᠠᠨ ᠤ᠋ ᠭᠠᠵᠠᠷ  ᠰᠢᠷᠤᠢ ᠶ᠋ᠢᠨ ᠲᠤᠬᠠᠢ ᠶ᠋ᠢᠨ ᠲᠠᠯᠠᠪᠠᠢ ᠳ᠋ᠤ᠌ ᠢᠷᠡᠵᠦ ᠪᠠᠢᠴᠠᠭᠠᠨ ᠣᠢᠯᠠᠭᠠᠵᠠᠢ ᠃ ᠬᠠᠢᠨ ᠪᠠᠢᠴᠠᠭᠠᠬᠤ ᠠᠵᠢᠯ ᠳᠠᠭᠤᠰᠤᠮᠠᠭᠴᠠ᠂ ᠬᠠᠮᠲᠤᠷᠠᠨ ᠵᠥᠪᠯᠡᠬᠦ ᠲᠢᠩᠬᠢᠮ ᠦ᠋ᠨ ᠺᠠᠲ᠋ᠷ ᠴᠠᠭᠳᠠᠭ᠎ᠠ ᠨᠠᠷ ᠶᠠᠭᠠᠷᠠᠤ ᠰᠠᠨᠳᠤᠷᠤᠤ ᠬᠡᠳᠦᠨ ᠠᠮᠠ ᠬᠣᠭᠣᠯᠠ ᠢᠳᠡᠭᠡᠳ ᠭᠠᠴᠠᠭᠠᠨ ᠤ᠋ ᠬᠤᠷᠠᠯ ᠤ᠋ᠨ ᠭᠡᠷ ᠲᠦ᠍ ᠭᠠᠴᠠᠭᠠᠨ ᠤ᠋  ᠭᠡᠰᠢᠭᠦᠳ ᠲᠡᠢ ᠶᠠᠷᠢᠯᠴᠠᠬᠤ ᠬᠤᠷᠠᠯ ᠬᠢᠪᠡ ᠃

ᠲᠤᠬᠠᠢ ᠶ᠋ᠢᠨ ᠭᠠᠵᠠᠷ ᠤ᠋ᠨ ᠡᠷᠬᠡ ᠶ᠋ᠢ ᠲᠣᠳᠣᠯᠠᠵᠤ ᠦᠨᠡᠮᠯᠡᠯ ᠰᠣᠯᠢᠬᠤ ᠠᠵᠢᠯ ᠤ᠋ᠨ ᠠᠬᠢᠴᠠ ᠶ᠋ᠢᠨ ᠪᠠᠢᠳᠠᠯ ᠵᠢᠴᠢ  ᠣᠷᠤᠰᠢᠵᠤ ᠪᠠᠢᠭ᠎ᠠ ᠠᠰᠠᠭᠤᠳᠠᠯ ᠵᠡᠷᠭᠡ ᠦᠨᠳᠦᠰᠦᠨ ᠪᠠᠢᠳᠠᠯ ᠢ᠋ ᠣᠢᠯᠠᠭᠠᠭᠰᠠᠨ ᠤ᠋ ᠳᠠᠷᠠᠭ᠎ᠠ ᠂ ᠬᠤᠸᠠᠩ  ᠲᠤᠶᠠᠭ᠎ᠠ  ᠰᠢᠭᠦᠨ ᠲᠠᠰᠤᠯᠬᠤ ᠳᠠᠷᠤᠭ᠎ᠠ ᠭᠠᠴᠠᠭᠠᠨ ᠤ᠋  ᠭᠡᠰᠢᠭᠦᠳ ᠲᠦ᠍ ᠦᠨᠳᠦᠰᠦᠨ ᠱᠠᠲᠤᠨ ᠤ᠋ ᠵᠥᠷᠢᠴᠡᠯ ᠢ᠋  ᠰᠢᠢᠳᠪᠦᠷᠢᠯᠡᠬᠦ ᠲᠤᠬᠠᠢ ᠬᠡᠳᠦᠨ ᠰᠠᠨᠠᠭᠤᠯᠭ᠎ᠠ ᠳᠤᠷᠠᠳᠪᠠ ᠄ ᠨᠢᠭᠡ ᠳ᠋ᠦ᠍ ᠬᠥᠳᠡᠭᠡ ᠲᠣᠰᠭᠣᠨ ᠤ᠋ ᠭᠠᠵᠠᠷ  ᠰᠢᠷᠤᠢ ᠶ᠋ᠢ  ᠰᠢᠯᠵᠢᠭᠦᠯᠦᠨ ᠬᠡᠷᠡᠭᠯᠡᠬᠦ ᠶᠠᠪᠤᠴᠠ ᠳ᠋ᠤ᠌ ᠭᠠᠴᠠᠭ᠎ᠠ ᠨᠢ ᠬᠢᠨᠠᠯᠲᠠ ᠶ᠋ᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠢ ᠂ ᠡᠭᠦᠨ ᠦ᠌ ᠬᠠᠮᠲᠤ ᠭᠠᠴᠠᠭ᠎ᠠ ᠶ᠋ᠢᠨ ᠨᠢᠭᠡ ᠬᠣᠶᠠᠷ ᠡᠭᠡᠯᠵᠢ ᠶ᠋ᠢᠨ ᠭᠠᠵᠠᠷ  ᠰᠢᠷᠤᠢ ᠶ᠋ᠢ ᠳᠠᠭᠠᠭᠠᠴᠢᠯᠠᠭᠤᠯᠬᠤ ᠦᠶᠡᠰ ᠳᠠᠩᠰᠠ ᠡᠪᠬᠡᠮᠡᠯ ᠪᠠᠢᠭᠤᠯᠤᠨ ᠲᠡᠭᠦᠯᠳᠡᠷᠵᠢᠭᠦᠯᠬᠦ ᠬᠡᠷᠡᠭᠲᠡᠢ ᠂ ᠬᠣᠶᠠᠷ ᠲᠤ᠌᠂ ᠵᠥᠷᠢᠴᠡᠯ ᠡᠭᠦᠰᠬᠦ ᠦᠶᠡᠰ ᠭᠠᠴᠠᠭᠠᠨ ᠤ᠋  ᠭᠡᠰᠢᠭᠦᠳ ᠵᠢᠴᠢ ᠭᠠᠴᠠᠭᠠᠨ ᠳ᠋ᠤ᠌ ᠵᠣᠬᠢᠬᠤ ᠨᠡᠷ᠎ᠡ ᠬᠦᠨᠳᠦ ᠲᠡᠢ ᠠᠬᠠᠮᠠᠳ ᠵᠢᠴᠢ ᠨᠠᠮ ᠤ᠋ᠨ  ᠭᠡᠰᠢᠭᠦᠳ ᠬᠠᠮᠤᠭ ᠲᠦᠷᠦᠭᠦᠨ ᠳ᠋ᠦ᠍ ᠡᠶᠡᠳᠡᠭᠦᠯᠬᠦ ᠠᠵᠢᠯ ᠳ᠋ᠤ᠌ ᠣᠷᠣᠯᠴᠠᠵᠤ ᠵᠥᠷᠢᠴᠡᠯ ᠢ᠋ ᠡᠭᠦᠰᠭᠡᠯ ᠡᠴᠡ ᠨᠢ ᠰᠡᠷᠭᠡᠢᠯᠡᠨ᠎ᠡ ᠂ ᠭᠤᠷᠪᠠ ᠳ᠋ᠤ᠌ ᠵᠥᠷᠢᠴᠡᠯ ᠨᠢ ᠡᠶᠡᠳᠡᠭᠦᠯᠬᠦ ᠶ᠋ᠢᠨ ᠠᠷᠭ᠎ᠠ ᠦᠭᠡᠢ ᠪᠣᠯᠵᠤ ᠂ ᠵᠠᠷᠭᠤ ᠶ᠋ᠢᠨ ᠱᠠᠲᠤᠨ ᠳ᠋ᠤ᠌ ᠣᠷᠣᠭᠰᠠᠨ ᠤ᠋ ᠳᠠᠷᠠᠭ᠎ᠠ ᠂ ᠭᠠᠴᠠᠭ᠎ᠠ ᠨᠢ ᠦᠨᠡᠨ ᠡᠴᠡ ᠵᠥᠪ ᠢ᠋ ᠡᠷᠢᠵᠦ ᠂  ᠰᠢᠭᠦᠬᠦ ᠬᠣᠷᠢᠶ᠎ᠠ ᠲᠠᠢ ᠬᠠᠮᠵᠢᠯᠴᠠᠨ ᠬᠡᠷᠡᠭ ᠦ᠋ᠨ ᠪᠣᠳᠠᠲᠤ ᠶᠠᠪᠤᠳᠠᠯ ᠢ᠋ ᠪᠠᠢᠴᠠᠭᠠᠨ ᠲᠣᠳᠣᠯᠠᠬᠤ ᠶ᠋ᠢᠨ ᠬᠠᠮᠲᠤ ᠲᠤᠬᠠᠢ ᠶ᠋ᠢᠨ ᠬᠥᠮᠦᠨ ᠦ᠌ ᠬᠣᠶᠠᠷ ᠲᠠᠯ᠎ᠠ ᠶ᠋ᠢ ᠡᠶᠡᠳᠡᠭᠦᠯᠬᠦ ᠠᠵᠢᠯ ᠢ᠋ ᠦᠷᠭᠦᠯᠵᠢᠯᠡᠨ ᠠᠬᠢᠭᠤᠯᠤᠨ᠎ᠠ ᠃
 ᠨᠢᠭᠡᠨ ᠡᠳᠦᠷ ᠦ᠋ᠨ ᠨᠡᠪᠲᠡᠷᠬᠡᠢ ᠲᠡᠦᠬᠡ ᠶ᠋ᠢᠨ ᠭᠠᠴᠠᠭ᠎ᠠ ᠶ᠋ᠢᠨ ᠲᠢᠩᠬᠢᠮ ᠦ᠋ᠨ  ᠰᠢᠭᠦᠯᠲᠡ ᠂ ᠬᠠᠤᠯᠢ ᠴᠠᠭᠠᠵᠠ ᠶ᠋ᠢᠨ ᠮᠡᠳᠡᠯᠭᠡ ᠶ᠋ᠢ ᠲᠦᠭᠡᠮᠡᠯᠵᠢᠭᠦᠯᠬᠦ ᠂ ᠶᠠᠷᠢᠯᠴᠠᠬᠤ ᠠᠵᠢᠯ ᠳᠠᠭᠤᠰᠤᠭᠰᠠᠨ ᠤ᠋ ᠳᠠᠷᠠᠭ᠎ᠠ ᠂ ᠬᠠᠮᠲᠤᠷᠠᠨ ᠵᠥᠪᠯᠡᠬᠦ ᠲᠢᠩᠬᠢᠮ ᠦ᠋ᠨ ᠺᠠᠲ᠋ᠷ ᠴᠠᠭᠳᠠᠭ᠎ᠠ  ᠣᠷᠤᠰᠢᠨ  ᠬᠣᠰᠢᠭᠤᠨ ᠤ᠋  ᠰᠢᠭᠦᠬᠦ ᠬᠣᠷᠢᠶᠠᠨ ᠳ᠋ᠤ᠌ ᠢᠷᠡᠵᠦ ᠂ ᠲᠤᠰ ᠬᠣᠷᠢᠶᠠᠨ ᠤ᠋ ᠶᠡᠷᠦᠩᠬᠡᠢᠯᠡᠭᠰᠡᠨ  ᠰᠢᠭᠦᠨ ᠲᠠᠰᠤᠯᠬᠤ ᠲᠢᠩᠬᠢᠮ ᠦ᠋ᠨ ᠺᠠᠲ᠋ᠷ ᠴᠠᠭᠳᠠᠭ᠎ᠠ ᠯᠤᠭ᠎ᠠ ᠨᠡᠭᠡᠭᠡᠨ ᠬᠥᠭᠵᠢᠭᠦᠯᠬᠦ ᠥᠭᠡᠷᠡᠴᠢᠯᠡᠯᠲᠡ ᠶ᠋ᠢᠨ ᠬᠡᠷᠡᠭ ᠢ᠋ ᠵᠠᠳᠠᠯᠤᠨ  ᠰᠢᠨᠵᠢᠯᠡᠬᠦ ᠬᠤᠷᠠᠯ ᠬᠤᠷᠠᠯᠳᠤᠭᠤᠯᠪᠠ ᠃
 ᠬᠡᠷᠡᠭ ᠢ᠋ ᠬᠥᠳᠡᠭᠡ ᠳ᠋ᠦ᠍ ᠬᠦᠷᠭᠡᠬᠦ ᠂ ᠲᠤᠬᠠᠢ ᠶ᠋ᠢᠨ ᠲᠠᠯᠠᠪᠠᠢ ᠳ᠋ᠤ᠌ ᠬᠠᠢᠨ ᠪᠠᠢᠴᠠᠭᠠᠬᠤ ᠂ ᠮᠠᠯᠴᠢᠨ ᠲᠠᠷᠢᠶᠠᠴᠢᠨ ᠤ᠋ ᠰᠡᠵᠢᠭ ᠲᠦ᠍ ᠬᠠᠷᠢᠭᠤᠯᠲᠠ ᠥᠭᠬᠦ ᠂ ᠭᠠᠴᠠᠭᠠᠨ ᠤ᠋  ᠭᠡᠰᠢᠭᠦᠳ ᠲᠡᠢ ᠶᠠᠷᠢᠯᠴᠠᠬᠤ ᠬᠤᠷᠠᠯ ᠬᠢᠬᠦ ᠂ ᠦᠨᠳᠦᠰᠦᠨ ᠱᠠᠲᠤᠨ ᠤ᠋ ᠬᠠᠤᠯᠢ ᠶ᠋ᠢᠨ ᠲᠤᠰᠢᠶᠠᠯᠲᠠᠳ ᠲᠠᠢ ᠵᠠᠳᠠᠯᠤᠯᠲᠠ ᠬᠢᠵᠦ ᠥᠭᠡᠷᠡᠴᠢᠯᠡᠯᠲᠡ ᠬᠢᠭᠰᠡᠨ ᠬᠡᠷᠡᠭ ᠢ᠋ ᠵᠠᠳᠠᠯᠤᠨ ᠬᠥᠭᠵᠢᠭᠦᠯᠦᠭᠰᠡᠨ ᠪᠠᠢᠨ᠎ᠠ ᠂ ᠦᠵᠡᠬᠦ ᠳ᠋ᠦ᠍ ᠬᠠᠷᠢᠯᠴᠠᠨ ᠬᠠᠮᠢᠶ᠎ᠠ ᠦᠭᠡᠢ ᠰᠢᠭ ᠡᠳᠡᠭᠡᠷ ᠠᠵᠢᠯ ᠪᠣᠯ ᠨᠢᠭᠡᠨ ᠣᠷᠴᠢᠯ ᠬᠠᠷᠢᠯᠴᠠᠨ ᠬᠣᠯᠪᠣᠯᠳᠤᠵᠤ ᠂ ᠨᠢᠭᠲᠠ ᠤᠶᠠᠯᠳᠤᠭᠰᠠᠨ ᠠᠵᠢᠯ ᠤ᠋ᠨ ᠬᠡᠯᠬᠢᠶ᠎ᠡ ᠪᠣᠯᠤᠨ᠎ᠠ ᠃ ᠬᠡᠷᠡᠭ ᠲᠦ᠍ ᠳᠠᠭᠠᠭᠤᠯᠤᠨ ᠬᠥᠳᠡᠭᠡ ᠪᠠᠭᠤᠬᠤ ᠨᠢ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠦ᠌ ᠵᠠᠭᠠᠯᠳᠤᠬᠤ ᠶᠠᠳᠠᠷᠠᠯ ᠢ᠋ ᠬᠥᠩᠭᠡᠷᠡᠭᠦᠯᠦᠭᠰᠡᠨ ᠢ᠋ᠶ᠋ᠡᠷ ᠪᠠᠷᠠᠬᠤ ᠦᠭᠡᠢ ᠂ ᠮᠠᠯᠴᠢᠨ ᠲᠠᠷᠢᠶᠠᠴᠢᠨ ᠪᠠᠰᠠ 《 ᠭᠡᠷ ᠦ᠋ᠨ ᠡᠭᠦᠳᠡᠨ ᠳᠡᠭᠡᠷᠡᠬᠢ ᠲᠢᠩᠬᠢᠮ ᠦ᠋ᠨ  ᠰᠢᠭᠦᠯᠲᠡ ᠶ᠋ᠢᠨ ᠲᠤᠬᠠᠢ ᠶ᠋ᠢᠨ ᠲᠠᠯᠠᠪᠤᠷ ᠲᠤ᠌ ᠬᠦᠷᠴᠦ 》 ᠂ ᠬᠠᠤᠯᠢ ᠴᠠᠭᠠᠵᠠ ᠶ᠋ᠢᠨ ᠮᠡᠳᠡᠯᠭᠡ ᠪᠡᠨ ᠨᠡᠮᠡᠭᠳᠡᠭᠦᠯᠵᠦ ᠪᠣᠯᠤᠨ᠎ᠠ ; ᠲᠤᠬᠠᠢ ᠶ᠋ᠢᠨ ᠲᠠᠯᠠᠪᠤᠷ ᠲᠤ᠌ ᠢᠷᠡᠭᠰᠡᠨ ᠮᠠᠯᠴᠢᠨ ᠲᠠᠷᠢᠶᠠᠴᠢᠨ ᠲᠦᠮᠡᠨ ᠳ᠋ᠦ᠍ ᠰᠡᠵᠢᠭ ᠡᠷᠡᠭᠡᠯᠵᠡᠯ ᠢ᠋ ᠨᠢ ᠬᠠᠷᠢᠭᠤᠯᠬᠤ ᠪᠠᠷ ᠳᠠᠮᠵᠢᠭᠤᠯᠤᠨ ᠂ ᠮᠠᠯᠴᠢᠨ ᠲᠠᠷᠢᠶᠠᠴᠢᠳ ᠢ᠋ ᠬᠠᠪᠰᠤᠷᠤᠨ ᠲᠡᠳᠡᠨ ᠦ᠌ ᠲᠤᠰ ᠪᠡᠶ᠎ᠡ ᠶ᠋ᠢᠨ ᠬᠢᠨᠢ ᠬᠠᠤᠯᠢ ᠴᠠᠭᠠᠵᠠ ᠶ᠋ᠢᠨ ᠠᠰᠠᠭᠤᠳᠠᠯ ᠢ᠋ ᠨᠢ ᠲᠠᠢᠯᠪᠤᠷᠢᠯᠠᠭᠤᠯᠤᠨ᠎ᠠ ︔ ᠭᠡᠰᠢᠭᠦᠳ ᠯᠤᠭᠡ ᠶᠠᠷᠢᠯᠴᠠᠬᠤ ᠬᠤᠷᠠᠯ ᠬᠢᠵᠦ ᠂ ᠬᠠᠮᠲᠤᠷᠠᠨ ᠵᠥᠪᠯᠡᠬᠦ ᠲᠢᠩᠬᠢᠮ ᠨᠢ ᠮᠠᠯᠵᠢᠬᠤ ᠲᠠᠷᠢᠶᠠᠯᠠᠬᠤ ᠣᠷᠣᠨ ᠤ᠋ ᠦᠨᠳᠦᠰᠦᠨ ᠪᠠᠢᠳᠠᠯ ᠵᠢᠴᠢ ᠡᠯ᠎ᠡ ᠲᠥᠷᠥᠯ ᠦ᠋ᠨ ᠲᠡᠦᠬᠡᠨ ᠡᠴᠡ ᠦᠯᠡᠳᠡᠭᠳᠡᠵᠦ ᠢᠷᠡᠭᠰᠡᠨ ᠠᠰᠠᠭᠤᠳᠠᠯ ᠢ᠋ ᠭᠦᠨᠵᠡᠭᠡᠢ ᠣᠢᠯᠠᠭᠠᠵᠤ ᠂ ᠲᠠᠷᠢᠶᠠᠯᠠᠩ ᠮᠠᠯ ᠠᠵᠤ ᠠᠬᠤᠢ ᠳ᠋ᠤ᠌ ᠬᠣᠯᠪᠣᠭᠳᠠᠭᠰᠠᠨ ᠬᠡᠷᠡᠭ ᠢ᠋ ᠨᠡᠩ ᠰᠠᠢᠲᠤᠷ  ᠰᠢᠭᠦᠨ  ᠰᠢᠢᠳᠪᠦᠷᠢᠯᠡᠬᠦ ᠳ᠋ᠦ᠍ ᠳᠥᠭᠥᠮ ᠦᠵᠡᠭᠦᠯᠪᠡ ᠂ ᠦᠨᠳᠦᠰᠦᠨ ᠱᠠᠲᠤᠨ ᠤ᠋  ᠰᠢᠭᠦᠬᠦ ᠬᠣᠷᠢᠶ᠎ᠠ ᠲᠠᠢ ᠶᠠᠷᠢᠯᠴᠠᠬᠤ ᠬᠤᠷᠠᠯ ᠬᠢᠭᠡᠳ ᠲᠣᠰᠭᠣᠨ ᠤ᠋ ᠲᠣᠭᠲᠠᠭᠠᠯ ᠠᠷᠠᠳ ᠤ᠋ᠨ ᠪᠣᠳᠠᠲᠠᠢ ᠭᠡᠷ᠎ᠡ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠤ᠋ᠨ ᠬᠣᠭᠣᠷᠣᠨᠳᠣᠬᠢ ᠠᠰᠠᠭᠤᠳᠠᠯ ᠢ᠋ ᠭᠦᠨᠵᠡᠭᠡᠢ ᠰᠤᠳᠤᠯᠵᠤ ᠴᠢᠳᠠᠬᠤ ᠪᠠᠷ ᠪᠠᠷᠠᠬᠤ ᠦᠭᠡᠢ ᠂ ᠪᠠᠰᠠ ᠬᠣᠶᠠᠷ ᠱᠠᠲᠤᠨ ᠤ᠋  ᠰᠢᠭᠦᠬᠦ ᠬᠣᠷᠢᠶ᠎ᠠ ᠶ᠋ᠢᠨ ᠲᠠᠷᠢᠶᠠᠯᠠᠩ ᠂ ᠮᠠᠯ ᠠᠵᠤ ᠠᠬᠤᠢ ᠳ᠋ᠤ᠌ ᠬᠣᠯᠪᠣᠭᠳᠠᠭᠰᠠᠨ ᠬᠡᠷᠡᠭ ᠢ᠋  ᠰᠢᠭᠦᠨ ᠲᠠᠰᠤᠯᠬᠤ ᠰᠡᠳᠭᠢᠴᠡ ᠶ᠋ᠢᠨ ᠲᠠᠯ᠎ᠠ ᠠ᠋ᠴᠠ ᠤᠯᠠᠮ ᠨᠢᠭᠡ ᠠᠯᠬᠤᠮ ᠨᠢᠭᠡᠳᠭᠡᠵᠦ ᠂ ᠮᠠᠯᠵᠢᠬᠤ ᠲᠠᠷᠢᠶᠠᠯᠠᠬᠤ ᠣᠷᠣᠨ ᠤ᠋ ᠲᠠᠷᠢᠶᠠᠯᠠᠩ ᠳ᠋ᠤ᠌ ᠬᠣᠯᠪᠣᠭᠳᠠᠭᠰᠠᠨ ᠂ ᠮᠠᠯ ᠠᠵᠤ ᠠᠬᠤᠢ ᠳ᠋ᠤ᠌ ᠬᠣᠯᠪᠣᠭᠳᠠᠭᠰᠠᠨ ᠠᠰᠠᠭᠤᠳᠠᠯ ᠢ᠋ ᠨᠡᠩ ᠵᠦᠢ ᠵᠣᠬᠢᠰᠲᠠᠢ ᠂ ᠵᠦᠢ ᠵᠣᠬᠢᠰᠲᠠᠢ ᠰᠢᠢᠳᠪᠦᠷᠢᠯᠡᠵᠦ ᠪᠣᠯᠤᠨ᠎ᠠ ᠃
 ᠣᠢᠷ᠎ᠠ ᠶ᠋ᠢᠨ ᠬᠡᠳᠦᠨ ᠵᠢᠯ ᠳ᠋ᠦ᠍ ᠂ ᠲᠠᠷᠢᠶᠠᠯᠠᠩ ᠳ᠋ᠤ᠌ ᠬᠣᠯᠪᠣᠭᠳᠠᠭᠰᠠᠨ ᠂ ᠮᠠᠯ ᠠᠵᠤ ᠠᠬᠤᠢ ᠳ᠋ᠤ᠌ ᠬᠣᠯᠪᠣᠭᠳᠠᠭᠰᠠᠨ ᠬᠡᠷᠡᠭ ᠵᠢᠴᠢ ᠮᠣᠩᠭᠣᠯ ᠵᠠᠭᠠᠯᠳᠤᠯᠭ᠎ᠠ ᠶ᠋ᠢᠨ ᠬᠡᠷᠡᠭ ᠢ᠋  ᠰᠢᠭᠦᠨ ᠰᠢᠢᠳᠪᠦᠷᠢᠯᠡᠭᠰᠡᠨ ᠲᠠᠷᠢᠶᠠᠯᠠᠩ ᠮᠠᠯ ᠠᠵᠤ ᠠᠬᠤᠢ ᠶ᠋ᠢᠨ ᠪᠠ ᠪᠡᠯᠡ ᠣᠷᠣᠭᠤᠯᠤᠯᠲᠠ ᠶ᠋ᠢᠨ ᠣᠷᠴᠢᠨ ᠲᠣᠭᠣᠷᠢᠨ ᠤ᠋ ᠬᠠᠮᠲᠤᠷᠠᠨ ᠵᠥᠪᠯᠡᠬᠦ ᠲᠢᠩᠬᠢᠮ ᠬᠡᠷᠡᠭ ᠢ᠋ ᠬᠥᠳᠡᠭᠡ ᠪᠠᠭᠤᠯᠭᠠᠵᠤ  ᠰᠢᠨ᠎ᠡ ᠶ᠋ᠢ ᠡᠭᠦᠳᠬᠦ ᠵᠠᠭᠪᠤᠷ ᠢ᠋ ᠲᠠᠰᠤᠷᠠᠯᠲᠠ ᠦᠭᠡᠢ ᠬᠠᠢᠨ ᠰᠦᠪᠡᠭᠴᠢᠯᠡᠵᠦ ᠂ ᠬᠡᠷᠡᠭ ᠢ᠋ ᠳᠠᠭᠠᠭᠤᠯᠤᠨ ᠬᠥᠳᠡᠭᠡ ᠪᠠᠭᠤᠬᠤ ᠨᠢᠭᠡᠨ ᠢᠵᠢ ᠪᠦᠲᠦᠮᠵᠢᠲᠡᠢ ᠠᠵᠢᠯ ᠤ᠋ᠨ ᠬᠡᠯᠬᠢᠶ᠎ᠡ ᠶ᠋ᠢ ᠪᠦᠷᠢᠯᠳᠦᠭᠦᠯᠦᠭᠰᠡᠨ ᠪᠠᠢᠨ᠎ᠠ ᠃ ᠬᠠᠮᠲᠤᠷᠠᠨ ᠵᠥᠪᠯᠡᠬᠦ ᠲᠢᠩᠬᠢᠮ ᠨᠢ ᠬᠡᠷᠡᠭ ᠢ᠋ ᠬᠥᠳᠡᠭᠡ ᠳ᠋ᠦ᠍ ᠬᠦᠷᠭᠡᠬᠦ ᠶ᠋ᠢ ᠦᠷᠭᠦᠯᠵᠢᠯᠡᠨ ᠭᠦᠨᠵᠡᠭᠡᠢ ᠠᠬᠢᠭᠤᠯᠵᠤ ᠂ ᠣᠷᠳᠣᠰ ᠭᠠᠵᠠᠷ ᠣᠷᠣᠨ ᠤ᠋  ᠰᠢᠨ᠎ᠡ ᠬᠥᠳᠡᠭᠡ ᠲᠣᠰᠭᠣᠨ ᠤ᠋ ᠪᠦᠲᠦᠭᠡᠨ ᠪᠠᠢᠭᠤᠯᠤᠯᠲᠠ ᠶ᠋ᠢᠨ ᠠᠵᠢᠯ ᠳ᠋ᠤ᠌ ᠬᠦᠴᠦ ᠲᠠᠯᠪᠢᠨ ᠂ ᠨᠡᠢᠳᠡᠮ ᠨᠡᠩ ᠣᠯᠠᠨ ᠮᠠᠯᠴᠢᠨ ᠲᠠᠷᠢᠶᠠᠴᠢᠨ ᠲᠦᠮᠡᠨ ᠳ᠋ᠦ᠍ ᠬᠠᠷᠠᠭᠠᠯᠵᠠᠯ ᠦᠵᠡᠭᠦᠯᠦᠨ᠎ᠡ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )