ᠰᠢᠭᠦᠬᠦ ᠬᠣᠷᠢᠶᠠᠨ ᠤ᠋ ᠰᠣᠶᠣᠯ ᠤ᠋ᠨ ᠪᠠᠢᠭᠤᠯᠤᠯᠲᠠ ᠶ᠋ᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠶ᠋ᠢᠨ ᠲᠥᠯᠥᠭᠡ ᠂ ᠢᠯᠡ ᠲᠣᠳᠣᠷᠬᠠᠢ ᠣᠨᠴᠠᠯᠢᠭ ᠲᠠᠢ ᠰᠢᠭᠦᠬᠦ ᠬᠣᠷᠢᠶᠠᠨ ᠤ᠋ ᠰᠣᠶᠣᠯ ᠤ᠋ᠨ ᠣᠷᠴᠢᠨ ᠠᠬᠤᠢ ᠶ᠋ᠢ ᠪᠣᠢ ᠪᠣᠯᠭᠠᠵᠤ ᠂ ᠡᠩᠨᠡᠭᠡᠨ ᠦ᠌ ᠠᠮᠢᠵᠢᠷᠠᠯ ᠤ᠋ᠨ ᠬᠦᠴᠦᠨ ᠢ᠋ ᠬᠥᠭᠵᠢᠭᠡᠵᠦ ᠂ ᠨᠢᠭᠲᠠᠷᠠᠯ ᠤ᠋ᠨ ᠬᠦᠴᠦᠨ ᠢ᠋ ᠳᠡᠭᠡᠭᠰᠢᠯᠡᠭᠦᠯᠪᠡ ᠃ 4 ᠰᠠᠷ᠎ᠠ ᠶ᠋ᠢᠨ 20 ᠤ᠋ ᠦᠳᠡ ᠶ᠋ᠢᠨ ᠡᠮᠦᠨ᠎ᠡ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠰᠣᠶᠣᠯ ᠤ᠋ᠨ ᠪᠠᠢᠭᠤᠯᠤᠯᠲᠠ ᠶ᠋ᠢ ᠠᠬᠢᠭᠤᠯᠬᠤ ᠬᠤᠷᠠᠯ ᠬᠢᠵᠦ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠳᠠᠷᠤᠭ᠎ᠠ ᠯᠢ ᠵᠢᠩ ᠭᠦᠸᠧ ᠨᠥᠬᠥᠷ ᠡᠷᠬᠢᠯᠡᠵᠦ ᠂ ᠤᠯᠤᠰ ᠲᠥᠷᠥ ᠶ᠋ᠢᠨ ᠬᠡᠯᠲᠡᠰ ᠂ ᠠᠯᠪᠠᠨ ᠭᠡᠷ ᠂ ᠬᠢᠨᠠᠨ ᠪᠠᠢᠴᠠᠭᠠᠬᠤ ᠲᠠᠰᠤᠭ ᠂ ᠪᠠᠢᠭᠤᠯᠭ᠎ᠠ ᠶ᠋ᠢᠨ ᠨᠠᠮ ᠤ᠋ᠨ ᠬᠣᠷᠢᠶ᠎ᠠ ᠂ ᠰᠤᠳᠤᠯᠬᠤ ᠲᠠᠰᠤᠭ ᠂ ᠬᠠᠤᠯᠢ ᠴᠠᠭᠠᠵᠠ ᠶ᠋ᠢᠨ ᠵᠠᠰᠠᠭ ᠵᠠᠬᠢᠷᠭᠠᠨ ᠤ᠋ ᠲᠣᠨᠣᠭ ᠲᠥᠬᠥᠭᠡᠷᠦᠮᠵᠢ ᠶ᠋ᠢᠨ ᠬᠠᠮᠢᠶᠠᠷᠤᠯᠲᠠ ᠶ᠋ᠢᠨ ᠲᠠᠰᠤᠭ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠦ᠋ᠨ ᠬᠠᠷᠢᠭᠤᠴᠠᠯᠭᠠᠲᠠᠨ ᠨᠦᠭᠦᠳ ᠬᠤᠷᠠᠯ ᠳ᠋ᠤ᠌ ᠣᠷᠣᠯᠴᠠᠪᠠ ᠃
ᠬᠤᠷᠠᠯ ᠳᠡᠭᠡᠷ᠎ᠡ ᠂ 《ᠰᠣᠶᠣᠯ ᠤ᠋ᠨ ᠪᠠᠢᠭᠤᠯᠤᠯᠲᠠ ᠶ᠋ᠢᠨ ᠬᠡᠷᠡᠭᠵᠢᠭᠦᠯᠦᠯᠲᠡ ᠶ᠋ᠢᠨ ᠲᠥᠰᠦᠯ》 ᠦ᠋ᠨ ᠡᠯ᠎ᠡ ᠵᠦᠢᠯ ᠦ᠋ᠨ ᠠᠵᠢᠯ ᠤ᠋ᠨ ᠡᠭᠦᠷᠭᠡ ᠶ᠋ᠢᠨ ᠲᠤᠬᠠᠢ ᠲᠣᠬᠢᠷᠠᠭᠤᠯᠤᠨ ᠪᠠᠢᠷᠢᠯᠠᠭᠤᠯᠵᠤ ᠂ ᠠᠵᠢᠯ ᠤ᠋ᠨ ᠱᠠᠭᠠᠷᠳᠠᠯᠭ᠎ᠠ ᠂ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠴᠠᠭ ᠬᠤᠭᠤᠴᠠᠭᠠᠨ ᠤ᠋ ᠲᠣᠪᠴᠢᠯᠠᠯ ᠢ᠋ ᠲᠣᠳᠣᠷᠬᠠᠢᠯᠠᠪᠠ ᠃ ᠬᠤᠷᠠᠯ ᠳ᠋ᠤ᠌ ᠣᠷᠣᠯᠴᠠᠭᠰᠠᠳ ᠠᠵᠢᠯ ᠤ᠋ᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠂ ᠲᠥᠰᠦᠯ ᠢ᠋ ᠲᠤᠤᠱᠯᠠᠭᠤᠯᠤᠨ ᠨᠠᠢᠳᠠᠪᠤᠷᠢᠵᠢᠭᠤᠯᠬᠤ ᠱᠠᠭᠠᠷᠳᠠᠯᠭ᠎ᠠ ᠶ᠋ᠢᠨ ᠲᠤᠬᠠᠢ ᠰᠠᠨᠠᠯ ᠰᠠᠨᠠᠭᠤᠯᠭ᠎ᠠ ᠳᠤᠷᠠᠳᠪᠠ ᠃
ᠯᠢ ᠵᠢᠩ ᠭᠦᠸᠧ ᠴᠢᠬᠤᠯᠠᠴᠢᠯᠠᠭᠰᠠᠨ ᠨᠢ ᠂ ᠰᠢᠭᠦᠬᠦ ᠬᠣᠷᠢᠶᠠᠨ ᠤ᠋ ᠰᠣᠶᠣᠯ ᠤ᠋ᠨ ᠪᠠᠢᠭᠤᠯᠤᠯᠲᠠ ᠪᠣᠯ ᠨᠢᠭᠡᠨ ᠰᠠᠭᠤᠷᠢ ᠴᠢᠨᠠᠷᠲᠠᠢ ᠂ ᠤᠷᠲᠤ ᠬᠤᠭᠤᠴᠠᠭᠠᠨ ᠤ᠋ ᠴᠢᠨᠠᠷᠲᠠᠢ ᠠᠵᠢᠯ ᠮᠥᠨ ᠂ ᠡᠷᠬᠡᠪᠰᠢ ᠱᠠᠭᠠᠷᠳᠠᠯᠭ᠎ᠠ ᠶᠣᠰᠣᠭᠠᠷ ᠯᠠᠪᠳᠠᠭᠤᠨ ᠢ᠋ᠶ᠋ᠠᠷ ᠠᠬᠢᠭᠤᠯᠬᠤ ᠬᠡᠷᠡᠭᠲᠡᠢ ᠃ ᠰᠢᠭᠦᠨ ᠲᠠᠰᠤᠯᠤᠯᠲᠠ ᠳ᠋ᠤ᠌ ᠦᠢᠯᠡᠴᠢᠯᠡᠬᠦ᠂ ᠺᠠᠲ᠋ᠷ ᠴᠠᠭᠳᠠᠭ᠎ᠠ ᠳ᠋ᠤ᠌ ᠦᠢᠯᠡᠴᠢᠯᠡᠬᠦ᠂ ᠬᠠᠤᠯᠢ ᠪᠠᠷ ᠵᠠᠰᠠᠬᠤ ᠪᠠᠢᠭᠤᠯᠤᠯᠲᠠ ᠳ᠋ᠤ᠌ ᠦᠢᠯᠡᠴᠢᠯᠡᠬᠦ ᠪᠡᠷ ᠬᠠᠷᠠᠯᠲᠠ ᠪᠣᠯᠭᠠᠬᠤ ᠶ᠋ᠢ ᠪᠠᠷᠢᠮᠲᠠᠯᠠᠵᠤ᠂ ᠣᠷᠳᠣᠰ ᠤ᠋ᠨ ᠭᠠᠵᠠᠷ ᠵᠦᠢ ᠶ᠋ᠢᠨ ᠬᠥᠮᠦᠨ ᠨᠡᠢᠭᠡᠮ ᠦ᠋ᠨ ᠣᠷᠴᠢᠨ ᠲᠣᠭᠣᠷᠢᠨ ᠪᠠ ᠭᠦᠨ ᠵᠤᠵᠠᠭᠠᠨ ᠲᠡᠦᠬᠡ ᠰᠣᠶᠣᠯ ᠤ᠋ᠨ ᠠᠭᠤᠯᠤᠭ᠎ᠠ ᠳ᠋ᠤ᠌ ᠲᠦᠰᠢᠭᠯᠡᠵᠦ᠂ ᠣᠨᠴᠠᠯᠢᠭ ᠲᠠᠢ ᠰᠢᠭᠦᠬᠦ ᠬᠣᠷᠢᠶᠠᠨ ᠤ᠋ ᠰᠣᠶᠣᠯ ᠤ᠋ᠨ ᠲᠥᠷᠥᠯ ᠲᠡᠮᠳᠡᠭ ᠢ᠋ ᠱᠤᠭᠤᠵᠤ᠂ ᠰᠢᠭᠦᠬᠦ ᠬᠣᠷᠢᠶᠠᠨ ᠤ᠋ ᠬᠥᠭᠵᠢᠯᠲᠡ ᠶ᠋ᠢᠨ ᠥᠭᠡᠷᠡᠴᠢᠯᠡᠯᠲᠡ ᠳ᠋ᠦ᠍ ᠬᠦᠴᠦᠷᠬᠡᠭ ᠶᠡᠬᠡ ᠥᠷᠲᠡᠭ ᠦ᠋ᠨ ᠬᠥᠲᠥᠯᠦᠨ ᠵᠢᠯᠣᠭᠣᠳᠬᠤ ᠬᠦᠴᠦᠨ᠂ ᠰᠣᠶᠣᠯ ᠤ᠋ᠨ ᠨᠢᠭᠲᠠᠷᠠᠯ ᠤ᠋ᠨ ᠬᠦᠴᠦᠨ ᠪᠠ ᠣᠶᠤᠨ ᠰᠠᠨᠠᠭᠠᠨ ᠤ᠋ ᠲᠦᠯᠬᠢᠴᠡ ᠬᠦᠴᠦᠨ ᠢ᠋ ᠬᠠᠩᠭᠠᠬᠤ ᠬᠡᠷᠡᠭᠲᠡᠢ᠃ ᠡᠭᠦᠨ ᠦ᠌ ᠬᠠᠮᠲᠤ ᠂ ᠤᠬᠠᠭᠤᠯᠬᠤ ᠡᠷᠴᠢᠮ ᠪᠠ ᠶᠠᠷᠢᠶ᠎ᠠ ᠬᠡᠯᠡᠯᠴᠡᠭᠡ ᠪᠡᠷ ᠬᠥᠲᠥᠯᠦᠨ ᠵᠢᠯᠣᠭᠣᠳᠬᠤ ᠪᠠᠨ ᠴᠢᠩᠭᠠᠳᠭᠠᠵᠤ ᠂ ᠰᠢᠭᠦᠬᠦ ᠬᠣᠷᠢᠶᠠᠨ ᠤ᠋ ᠰᠣᠶᠣᠯ ᠤ᠋ᠨ ᠪᠠᠢᠭᠤᠯᠤᠯᠲᠠ ᠶ᠋ᠢ ᠪᠦᠬᠦ ᠬᠣᠷᠢᠶᠠᠨ ᠤ᠋ ᠺᠠᠲ᠋ᠷ ᠴᠠᠭᠳᠠᠭ᠎ᠠ ᠶ᠋ᠢᠨ ᠰᠠᠢᠨ ᠰᠠᠢᠬᠠᠨ ᠣᠶᠤᠨ ᠰᠠᠨᠠᠭᠠᠨ ᠤ᠋ ᠳᠦᠷᠰᠦ ᠪᠠᠢᠳᠠᠯ ᠢ᠋ ᠭᠦᠢᠴᠡᠳ ᠬᠠᠷᠠᠭᠤᠯᠤᠭᠰᠠᠨ 《 ᠲᠣᠯᠢ 》 ᠪᠣᠯᠭᠠᠵᠤ ᠂ ᠡᠩᠨᠡᠭᠡᠨ ᠦ᠌ ᠨᠢᠭᠲᠠᠷᠠᠯ ᠤ᠋ᠨ ᠬᠦᠴᠦᠨ ᠪᠠ ᠳᠠᠢᠴᠢᠨ ᠬᠦᠴᠦᠨ ᠢ᠋ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃
ᠦᠨᠡᠯᠡᠬᠦ 0ᠦᠨᠡᠯᠡᠯᠲᠡ᠎ᠲᠠᠢ