ᠪᠦᠬᠦ ᠳᠡᠯᠭᠡᠴᠡ ᠪᠡᠷ ᠳᠡᠯᠭᠡᠨ ᠦᠵᠡᠭᠦᠯᠵᠦ ᠪᠦᠬᠦ ᠰᠤᠷᠭᠠᠭᠤᠯᠢ ᠶ᠋ᠢᠨ ᠰᠤᠷᠤᠯᠴᠠᠯᠭ᠎ᠠ — 4.15 ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠢᠩᠭᠢᠵᠦ ᠬᠢᠪᠡ !
2020.09.11 ᠲᠣᠰ ᠥᠷᠲᠡᠭᠡᠨ ᠦ ᠨᠠᠢᠷᠠᠭᠤᠯᠤᠭᠴᠢ

2020 ᠣᠨ ᠤ᠋ 4 ᠰᠠᠷ᠎ᠠ ᠶ᠋ᠢᠨ 15  ᠤ᠋ ᠡᠳᠦᠷ ᠪᠣᠯ ᠲᠠᠪᠤᠳᠤᠭᠠᠷ ᠪᠦᠬᠦ ᠠᠷᠠᠳ ᠤ᠋ᠨ ᠤᠯᠤᠰ ᠤ᠋ᠨ ᠠᠮᠤᠷ ᠲᠦᠪᠰᠢᠨ ᠦ᠌ ᠰᠤᠷᠭᠠᠨ ᠬᠥᠮᠦᠵᠢᠯ ᠦ᠋ᠨ ᠡᠳᠦᠷ ᠪᠣᠯᠤᠨ᠎ᠠ᠂ ᠤᠯᠤᠰ ᠤ᠋ᠨ ᠶᠡᠷᠦᠩᠬᠡᠢ ᠠᠮᠤᠷ  ᠲᠦᠪᠰᠢᠨ ᠦ᠌ ᠦᠵᠡᠯᠲᠡ ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠤ᠂  ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠶ᠋ᠢᠨ ᠤᠯᠤᠰ ᠤ᠋ᠨ ᠠᠮᠤᠷ  ᠲᠦᠪᠰᠢᠨ ᠦ᠌ ᠬᠠᠤᠯᠢᠵᠢᠯ ᠤ᠋ᠨ ᠤᠬᠠᠮᠰᠠᠷ ᠢ᠋ ᠦᠨᠡᠨᠬᠦ ᠴᠢᠩᠭᠠᠳᠭᠠᠬᠤ ᠶ᠋ᠢᠨ ᠲᠥᠯᠥᠭᠡ᠂ 4 ᠰᠠᠷ᠎ᠠ ᠶ᠋ᠢᠨ 15  ᠤ᠋ ᠡᠳᠦᠷ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠠᠵᠢᠯ ᠤ᠋ᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠤᠨ ᠪᠦᠬᠦ ᠠᠷᠠᠳ ᠤ᠋ᠨ ᠤᠯᠤᠰ ᠤ᠋ᠨ ᠠᠮᠤᠷ  ᠲᠦᠪᠰᠢᠨ ᠦ᠌ ᠬᠥᠮᠦᠵᠢᠯ ᠦ᠋ᠨ ᠡᠳᠦᠷ ᠳᠣᠳᠣᠮ ᠤ᠋ᠨ ᠬᠠᠤᠯᠢ ᠴᠠᠭᠠᠵᠠ ᠶ᠋ᠢᠨ ᠤᠬᠠᠭᠤᠯᠭ᠎ᠠ ᠶ᠋ᠢᠨ ᠠᠵᠢᠯᠯᠠᠭ᠎ᠠ ᠶ᠋ᠢ ᠥᠷᠨᠢᠭᠦᠯᠦᠨ᠎ᠡ᠃ ᠰᠦᠯᠵᠢᠶᠡᠨ ᠳᠡᠭᠡᠷ᠎ᠡ ᠪᠠ ᠰᠦᠯᠵᠢᠶᠡᠨ ᠳᠣᠣᠷ᠎ᠠ ᠬᠠᠷᠢᠯᠴᠠᠨ ᠤᠶᠠᠯᠳᠤᠬᠤ ᠠᠷᠭ᠎ᠠ ᠮᠠᠶᠢᠭ ᠢ᠋ ᠬᠡᠷᠡᠭᠯᠡᠵᠦ ᠂ ᠰᠦᠯᠵᠢᠶᠡᠨ ᠳᠡᠭᠡᠷ᠎ᠡ ᠠᠯᠪᠠᠨ ᠤ᠋ ᠰᠦᠯᠵᠢᠶᠡᠨ ᠥᠷᠲᠡᠭᠡ ᠂ ᠠᠯᠪᠠᠨ ᠤ᠋ ᠲᠠᠯ᠎ᠠ ᠶ᠋ᠢᠨ ᠪᠢᠴᠢᠯ ᠪᠥᠷᠭᠡ ᠂ ᠸᠢᠴᠠᠲ ᠣᠯᠠᠨ ᠨᠡᠢᠲᠡ ᠶ᠋ᠢᠨ ᠨᠣᠮᠧᠷ ᠢ  ᠠᠰᠢᠭᠯᠠᠨ4.15 ᠲᠤᠰᠭᠠᠢ ᠰᠡᠳᠦᠪᠲᠦ ᠬᠠᠷᠠᠭᠠᠨ ᠳᠠᠪᠲᠠᠮᠵᠢ ᠂  ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠮᠡᠳᠡᠯᠭᠡ ᠂ ᠵᠢᠷᠤᠭ ᠵᠡᠷᠭᠡ ᠶ᠋ᠢ ᠬᠦᠷᠭᠡᠨ ᠥᠭᠴᠦ ᠂ ᠰᠦᠯᠵᠢᠶᠡᠨ ᠳᠣᠣᠷ᠎ᠠ  ᠰᠢᠭᠦᠬᠦ ᠬᠣᠷᠢᠶᠠᠨ ᠤ᠋ ᠪᠣᠢ ᠪᠦᠬᠦᠢ LED ᠳᠡᠯᠭᠡᠴᠡ ᠳᠡᠭᠡᠷ᠎ᠡ ᠵᠠᠷᠭᠤ ᠶ᠋ᠢᠨ ᠦᠢᠯᠡᠴᠢᠯᠡᠭᠡᠨ ᠦ᠌ ᠲᠥᠪ ᠦ᠋ᠨ ᠡᠯᠧᠺᠲ᠋ᠷᠣᠨ ᠳᠡᠯᠭᠡᠴᠡ ᠂ ᠴᠠᠬᠢᠯᠭᠠᠨ ᠱᠠᠲᠤ ᠶ᠋ᠢᠨ ᠡᠯᠧᠺᠲ᠋ᠷᠣᠨ ᠳᠡᠯᠭᠡᠴᠡ ᠳ᠋ᠦ᠍ ᠤᠯᠤᠰ ᠤ᠋ᠨ ᠠᠮᠤᠷ   ᠲᠦᠪᠰᠢᠨ ᠦ᠌ ᠰᠤᠷᠭᠠᠨ ᠬᠥᠮᠦᠵᠢᠯ ᠦ᠋ᠨ ᠤᠬᠠᠭᠤᠯᠭ᠎ᠠ ᠶ᠋ᠢᠨ ᠬᠠᠷᠠᠭᠠᠨ ᠳᠠᠪᠲᠠᠮᠵᠢ ᠶ᠋ᠢ ᠡᠷᠭᠢᠯᠳᠦᠭᠦᠯᠦᠨ ᠨᠡᠪᠲᠡᠷᠡᠭᠦᠯᠬᠦ ᠬᠡᠷᠡᠭᠲᠡᠢ ᠃ ᠣᠯᠠᠨ ᠵᠦᠢᠯ ᠦ᠋ᠨ ᠬᠡᠯᠪᠡᠷᠢ ᠪᠡᠷ ᠳᠠᠮᠵᠢᠭᠤᠯᠤᠨ ᠤᠯᠤᠰ ᠤ᠋ᠨ ᠠᠮᠤᠷ  ᠲᠦᠪᠰᠢᠨ ᠦ᠌ ᠬᠥᠮᠦᠵᠢᠯ ᠦ᠋ᠨ ᠮᠡᠳᠡᠯᠭᠡ ᠶ᠋ᠢ ᠤᠬᠠᠭᠤᠯᠵᠤ᠂ ᠪᠦᠬᠦ ᠬᠣᠷᠢᠶᠠᠨ ᠤ᠋ ᠺᠠᠲ᠋ᠷ ᠴᠠᠭᠳᠠᠭ᠎ᠠ ᠶ᠋ᠢᠨ ᠤᠯᠤᠰ ᠣᠷᠣᠨ ᠤ᠋ ᠠᠮᠤᠷ  ᠲᠦᠪᠰᠢᠨ ᠳ᠋ᠦ᠍ ᠬᠣᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠶ᠋ᠢ ᠬᠠᠤᠯᠢ ᠶᠣᠰᠣᠭᠠᠷ ᠰᠡᠷᠭᠡᠢᠯᠡᠨ ᠬᠣᠷᠢᠭᠯᠠᠬᠤ ᠴᠢᠳᠠᠪᠤᠷᠢ ᠶ᠋ᠢ ᠤᠯᠠᠮ ᠨᠢᠭᠡ ᠠᠯᠬᠤᠮ ᠴᠢᠩᠭᠠᠷᠠᠭᠤᠯᠪᠠᠯ᠂ ᠤᠯᠤᠰ ᠤ᠋ᠨ ᠠᠮᠤᠷ  ᠲᠦᠪᠰᠢᠨ ᠢ᠋ ᠬᠠᠮᠠᠭᠠᠯᠠᠬᠤ ᠪᠣᠯ ᠠᠷᠠᠳ ᠢᠷᠭᠡᠳ ᠨᠢᠭᠡᠪᠦᠷᠢ ᠶ᠋ᠢᠨ ᠭᠦᠢᠴᠡᠳᠭᠡᠪᠡᠰᠦ ᠵᠣᠬᠢᠬᠤ ᠡᠭᠦᠷᠭᠡ ᠮᠥᠨ ᠭᠡᠳᠡᠭ ᠢ᠋ ᠺᠠᠲ᠋ᠷ ᠴᠠᠭᠳᠠᠭ᠎ᠠ ᠳ᠋ᠤ᠌ ᠭᠦᠢᠴᠡᠳ ᠲᠠᠨᠢᠭᠤᠯᠵᠤ᠂ ᠤᠯᠤᠰ ᠤ᠋ᠨ ᠠᠮᠤᠷ  ᠲᠦᠪᠰᠢᠨ ᠢ᠋ ᠬᠠᠮᠠᠭᠠᠯᠠᠬᠤ ᠳ᠋ᠤ᠌ ᠬᠥᠮᠦᠨ ᠪᠦᠬᠦᠨ ᠬᠠᠷᠢᠭᠤᠴᠠᠯᠭ᠎ᠠ ᠲᠠᠢ ᠪᠠᠢᠯᠭᠠᠬᠤ ᠦᠵᠡᠯᠲᠡ ᠶ᠋ᠢ ᠰᠡᠳᠭᠢᠯ ᠰᠠᠨᠠᠭ᠎ᠠ ᠪᠠᠨ ᠦᠨᠳᠦᠰᠦᠯᠡᠬᠦ ᠬᠡᠷᠡᠭᠲᠡᠢ᠃

 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )