ᠰᠢᠭᠦᠭᠴᠢ ᠶ᠋ᠢᠨ ᠲᠤᠰᠠᠯᠠᠭᠴᠢ ᠄ 《 ᠮᠢᠨᠦ ᠦᠵᠡᠬᠦ ᠪᠡᠷ ᠡᠨᠡ ᠬᠦ᠌ ᠬᠡᠷᠡᠭ ᠨᠢ ᠵᠠᠭᠠᠯᠳᠤᠯᠭ᠎ᠠ ᠶ᠋ᠢ ᠨᠢᠴᠤᠭᠠᠬᠤ ᠲᠣᠭᠲᠠᠭᠠᠯᠲᠠ ᠭᠠᠷᠭᠠᠬᠤ ᠬᠡᠷᠡᠭᠲᠡᠢ ᠂ ᠳᠡᠭᠡᠭᠰᠢ ᠵᠠᠭᠠᠯᠳᠤᠭᠴᠢ ᠪᠣᠯᠤᠨ ᠳᠡᠭᠡᠭᠰᠢ ᠵᠠᠭᠠᠯᠳᠤᠭᠳᠠᠭᠴᠢ ᠨᠢ ᠮᠥᠨ ᠴᠢᠨᠠᠷ ᠳᠡᠭᠡᠷ᠎ᠡ ᠪᠡᠨ ᠭᠠᠵᠠᠷ ᠰᠢᠷᠤᠢ ᠬᠡᠷᠡᠭᠯᠡᠬᠦ ᠡᠷᠬᠡ ᠶ᠋ᠢᠨ ᠬᠠᠷᠢᠶᠠᠯᠠᠯ ᠤ᠋ᠨ ᠮᠠᠷᠭᠤᠯᠳᠤᠭᠠᠨ ᠮᠥᠨ ᠂ ᠬᠠᠷᠢᠨ ᠭᠠᠵᠠᠷ ᠰᠢᠷᠤᠢ ᠶ᠋ᠢᠨ ᠬᠠᠮᠢᠶᠠᠷᠤᠯᠲᠠ ᠶ᠋ᠢᠨ ᠬᠠᠤᠯᠢ ᠶ᠋ᠢᠨ ᠲᠣᠭᠲᠠᠭᠠᠯ ᠢ᠋ ᠦᠨᠳᠦᠰᠦᠯᠡᠪᠡᠯ ᠂ ᠡᠢᠮᠦᠷᠬᠦᠦ ᠮᠠᠷᠭᠤᠯᠳᠤᠭᠠᠨ ᠢ᠋ ᠤᠷᠢᠳᠠᠪᠡᠷ ᠵᠠᠰᠠᠭ ᠵᠠᠬᠢᠷᠭᠠᠨ ᠤ᠋ ᠰᠢᠢᠳᠪᠦᠷᠢᠯᠡᠬᠦ ᠬᠡᠷᠡᠭᠲᠡᠢ 》 ᠃
ᠳᠠᠭᠠᠭᠠᠨ ᠬᠢᠭᠴᠢ ᠄ 《 ᠪᠢᠳᠡ ᠴᠢᠨᠦ ᠰᠠᠨᠠᠯ ᠢ᠋ ᠵᠥᠪᠰᠢᠶᠡᠷᠡᠨ᠎ᠡ ᠂ ᠭᠡᠪᠡᠴᠦ ᠡᠨᠡ ᠬᠦ᠌ ᠬᠡᠷᠡᠭ ᠨᠢ ᠬᠥᠳᠡᠭᠡ ᠲᠣᠰᠭᠣᠨ ᠤ᠋ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶ᠋ᠢᠨ ᠵᠢᠭᠤᠷᠠᠯᠳᠤᠭᠠᠨ ᠢ᠋ ᠰᠢᠢᠳᠪᠦᠷᠢᠯᠡᠬᠦ ᠳ᠋ᠦ᠍ ᠬᠣᠯᠪᠣᠭᠳᠠᠵᠤ ᠂ ᠬᠥᠳᠡᠭᠡ ᠲᠣᠰᠭᠣᠨ ᠤ᠋ ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠶ᠋ᠢᠨ ᠬᠥᠨᠳᠡᠯᠡᠨ ᠡᠴᠡ ᠲᠠᠰᠤᠯᠬᠤ ᠪᠠ ᠰᠢᠭᠦᠬᠦ ᠬᠣᠷᠢᠶᠠᠨ ᠤ᠋ ᠵᠠᠷᠭᠤ ᠬᠢᠬᠦ ᠳ᠋ᠦ᠍ ᠬᠣᠯᠪᠣᠭᠳᠠᠭᠰᠠᠨ ᠠᠰᠠᠭᠤᠳᠠᠯ ᠪᠣᠯᠤᠨ᠎ᠠ ᠂ ᠡᠳᠡᠭᠡᠷ ᠠᠰᠠᠭᠤᠳᠠᠯ ᠪᠣᠯ ᠮᠠᠨ ᠤ᠋ ᠰᠢᠭᠦᠬᠦ ᠬᠣᠷᠢᠶᠠᠨ ᠤ᠋ ᠰᠢᠢᠳᠪᠦᠷᠢᠯᠡᠬᠦ ᠬᠡᠷᠡᠭ ᠲᠦ᠍ ᠦᠷᠭᠦᠯᠵᠢ ᠲᠣᠬᠢᠶᠠᠯᠳᠤᠳᠠᠭ ᠠᠰᠠᠭᠤᠳᠠᠯ ᠪᠣᠯᠤᠨ᠎ᠠ ᠂ ᠡᠳᠡᠭᠡᠷ ᠬᠡᠷᠡᠭ ᠨᠢ ᠭᠣᠣᠯᠳᠠᠭᠤ ᠲᠠᠷᠢᠶᠠᠯᠠᠩ ᠮᠠᠯ ᠠᠵᠤ ᠠᠬᠤᠢ ᠠᠭᠤᠷᠬᠠᠢ ᠶ᠋ᠢᠨ ᠦᠢᠯᠡᠰ ᠪᠠ ᠪᠡᠯᠡ ᠮᠥᠩᠭᠥ ᠬᠠᠮᠲᠤᠷᠠᠵᠤ᠂ ᠪᠢᠳᠡ ᠬᠠᠮᠲᠤᠷᠠᠨ ᠬᠡᠷᠡᠭ ᠵᠥᠪᠯᠡᠭᠰᠡᠨ ᠦᠦ ᠦᠭᠡᠢ ᠦᠦ ᠭᠡᠳᠡᠭ ᠢ᠋ᠶ᠋ᠡᠨ ᠲᠡᠳᠡᠨ ᠲᠡᠢ ᠣᠢᠯᠠᠭᠠᠯᠴᠠᠨ ᠂ ᠪᠢᠳᠡᠨ ᠦ᠌ ᠥᠩᠭᠡᠷᠡᠭᠰᠡᠨ ᠳ᠋ᠦ᠍ ᠰᠢᠭᠦᠨ ᠲᠠᠰᠤᠯᠤᠭᠰᠠᠨ ᠡᠢᠮᠦᠷᠬᠦ ᠬᠡᠷᠡᠭ ᠦ᠋ᠨ ᠪᠠᠢᠳᠠᠯ ᠲᠠᠢ ᠠᠳᠠᠯᠢᠪᠲᠤᠷ ᠬᠡᠷᠡᠭ ᠪᠠ ᠮᠠᠨ ᠤ᠋ ᠡᠨᠡ ᠰᠠᠨᠠᠯ ᠨᠢᠭᠡᠳᠦᠯᠲᠡᠢ ᠪᠠᠢᠬᠤ ᠡᠰᠡᠬᠦ ᠶ᠋ᠢ ᠦᠵᠡᠬᠦ ᠮᠥᠷᠲᠡᠭᠡᠨ ᠲᠡᠳᠡᠨ ᠦ᠌ ᠦᠷᠭᠦᠯᠵᠢᠯᠡᠨ ᠡᠢᠮᠦᠷᠬᠦᠦ ᠬᠡᠷᠡᠭ ᠢ᠋ ᠬᠦᠯᠢᠶᠡᠨ ᠠᠪᠴᠤ ᠰᠢᠢᠳᠪᠦᠷᠢᠯᠡᠬᠦ ᠦᠶ᠎ᠡ ᠳ᠋ᠦ᠍ ᠡᠨᠡ ᠬᠦ᠌ ᠬᠡᠷᠡᠭ ᠢ᠋ ᠰᠢᠢᠳᠪᠦᠷᠢᠯᠡᠭᠰᠡᠨ ᠦᠷ᠎ᠡ ᠳ᠋ᠦᠩ ᠢ᠋ ᠪᠣᠳᠣᠯᠬᠢᠯᠠᠬᠤ ᠳ᠋ᠤ᠌ ᠳᠥᠭᠥᠮ ᠦᠵᠡᠭᠦᠯᠦᠨ᠎ᠡ ᠃ 》
ᠣᠢᠷ᠎ᠠ ᠳ᠋ᠤ᠌ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠶ᠋ᠢᠨ ᠬᠣᠶᠠᠳᠤᠭᠠᠷ ᠬᠠᠮᠲᠤᠷᠠᠨ ᠵᠥᠪᠯᠡᠬᠦ ᠲᠢᠩᠬᠢᠮ ᠨᠢ ᠨᠢᠭᠡᠨ ᠤᠳᠠᠭᠠᠨ ᠤ᠋ ᠬᠥᠳᠡᠭᠡ ᠲᠣᠰᠭᠣᠨ ᠤ᠋ ᠭᠠᠵᠠᠷ ᠰᠢᠷᠤᠢ ᠶ᠋ᠢᠨ ᠳᠠᠭᠠᠭᠠᠴᠢᠯᠠᠨ ᠡᠵᠡᠩᠨᠡᠬᠦ ᠡᠷᠬᠡ ᠶ᠋ᠢᠨ ᠬᠡᠷᠡᠭ ᠢ᠋ ᠰᠢᠢᠳᠪᠦᠷᠢᠯᠡᠬᠦ ᠰᠡᠳᠭᠢᠴᠡ ᠪᠠ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠲᠠᠷᠢᠶᠠᠯᠠᠩ ᠮᠠᠯ ᠠᠵᠤ ᠠᠬᠤᠢ ᠶ᠋ᠢᠨ ᠠᠭᠤᠷᠬᠠᠢ ᠶ᠋ᠢᠨ ᠦᠢᠯᠡᠰ ᠬᠢᠭᠡᠳ ᠪᠡᠯᠡ ᠣᠷᠣᠭᠤᠯᠤᠯᠲᠠ ᠶ᠋ᠢᠨ ᠣᠷᠴᠢᠨ ᠲᠣᠭᠣᠷᠢᠨ ᠤ᠋ ᠬᠠᠮᠲᠤᠷᠠᠨ ᠵᠥᠪᠯᠡᠬᠦ ᠲᠢᠩᠬᠢᠮ ᠦ᠋ᠨ ᠲᠤᠬᠠᠢ ᠭᠦᠢᠴᠡᠳ ᠨᠡᠪᠲᠡᠷᠡᠯᠴᠡᠭᠡ ᠪᠠ ᠰᠣᠯᠢᠯᠴᠠᠭ᠎ᠠ ᠬᠢᠪᠡ ᠃ ᠶᠠᠷᠢᠯᠴᠠᠬᠤ ᠪᠠᠷ ᠳᠠᠮᠵᠢᠨ ᠂ ᠲᠠᠷᠢᠶᠠᠯᠠᠩ ᠮᠠᠯ ᠠᠵᠤ ᠠᠬᠤᠢ ᠠᠭᠤᠷᠬᠠᠢ ᠶ᠋ᠢᠨ ᠦᠢᠯᠡᠰ ᠪᠣᠯᠤᠨ ᠪᠡᠯᠡ ᠮᠥᠩᠭᠥ ᠣᠷᠴᠢᠨ ᠲᠣᠭᠣᠷᠢᠨ ᠤ᠋ ᠬᠠᠮᠲᠤᠷᠠᠨ ᠵᠥᠪᠯᠡᠬᠦ ᠲᠢᠩᠬᠢᠮ ᠨᠢ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠶ᠋ᠢᠨ ᠬᠣᠶᠠᠳᠤᠭᠠᠷ ᠬᠠᠮᠲᠤᠷᠠᠨ ᠵᠥᠪᠯᠡᠬᠦ ᠲᠢᠩᠬᠢᠮ ᠦ᠋ᠨ ᠲᠤᠰ ᠬᠡᠷᠡᠭ ᠢ᠋ ᠰᠢᠢᠳᠪᠦᠷᠢᠯᠡᠭᠰᠡᠨ ᠦᠷ᠎ᠡ ᠳ᠋ᠦᠩ ᠨᠢ ᠬᠠᠤᠯᠢ ᠴᠠᠭᠠᠵᠠ ᠶ᠋ᠢᠨ ᠲᠣᠭᠲᠠᠭᠠᠯ ᠪᠣᠯᠤᠨ ᠣᠳᠣᠬᠢ ᠪᠠᠢᠳᠠᠯ ᠳ᠋ᠤ᠌ ᠨᠡᠢᠴᠡᠵᠦ ᠂ ᠲᠠᠷᠢᠶᠠᠯᠠᠩ ᠮᠠᠯ ᠠᠵᠤ ᠠᠬᠤᠢ ᠠᠭᠤᠷᠬᠠᠢ ᠶ᠋ᠢᠨ ᠦᠢᠯᠡᠰ ᠪᠣᠯᠤᠨ ᠪᠡᠯᠡ ᠮᠥᠩᠭᠥ ᠣᠷᠴᠢᠨ ᠲᠣᠭᠣᠷᠢᠨ ᠤ᠋ ᠬᠠᠮᠲᠤᠷᠠᠨ ᠵᠥᠪᠯᠡᠬᠦ ᠲᠢᠩᠬᠢᠮ ᠦ᠋ᠨ ᠥᠩᠭᠡᠷᠡᠭᠡᠭᠰᠡᠨ ᠦ᠌ ᠰᠢᠢᠳᠪᠦᠷᠢᠯᠡᠬᠦ ᠰᠡᠳᠭᠢᠴᠡ ᠲᠡᠢ ᠨᠢᠭᠡᠳᠴᠦ ᠂ ᠲᠤᠰ ᠤᠳᠠᠭᠠᠨ ᠤ᠋ ᠣᠢᠯᠠᠭᠠᠯᠴᠠᠨ ᠰᠣᠯᠢᠯᠴᠠᠬᠤ ᠪᠠᠷ ᠳᠠᠮᠵᠢᠨ ᠂ ᠭᠠᠵᠠᠷ ᠰᠢᠷᠤᠢ ᠶ᠋ᠢᠨ ᠡᠵᠡᠩᠨᠡᠯᠲᠡ ᠶ᠋ᠢᠨ ᠡᠷᠬᠡ ᠶ᠋ᠢᠨ ᠵᠢᠭᠤᠷᠠᠯᠳᠤᠭᠠᠨ ᠤ᠋ ᠬᠡᠷᠡᠭ ᠲᠦ᠍ ᠬᠣᠯᠪᠣᠭᠳᠠᠬᠤ ᠰᠢᠢᠳᠪᠦᠷᠢᠯᠡᠬᠦ ᠰᠡᠳᠭᠢᠴᠡ ᠶ᠋ᠢ ᠤᠯᠠᠮ ᠨᠢᠭᠡ ᠠᠯᠬᠤᠮ ᠲᠣᠳᠣᠷᠬᠠᠢᠯᠠᠪᠠ ᠃
ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠶ᠋ᠢᠨ ᠬᠣᠶᠠᠳᠤᠭᠠᠷ ᠬᠠᠮᠲᠤᠷᠠᠨ ᠵᠥᠪᠯᠡᠬᠦ ᠲᠢᠩᠬᠢᠮ ᠪᠠᠢᠭᠤᠯᠤᠭᠳᠠᠭᠰᠠᠨ ᠠ᠋ᠴᠠ ᠨᠠᠰᠢ ᠂ ᠲᠠᠰᠤᠯᠤᠨ ᠲᠣᠭᠲᠠᠭᠠᠬᠤ ᠪᠠᠷᠢᠮᠵᠢᠶ᠎ᠠ ᠶ᠋ᠢ ᠨᠢᠭᠡᠳᠦᠯᠲᠡᠢ ᠪᠣᠯᠭᠠᠬᠤ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠬᠤ ᠶ᠋ᠢᠨ ᠬᠠᠮᠲᠤ ᠬᠠᠮᠲᠤᠷᠠᠨ ᠵᠥᠪᠯᠡᠬᠦ ᠲᠢᠩᠬᠢᠮ ᠦ᠋ᠨ ᠪᠦᠬᠦ ᠰᠢᠭᠦᠭᠴᠢ ᠲᠤᠰᠢᠶᠠᠯᠲᠠᠨ ᠰᠤᠳᠤᠯᠬᠤ ᠪᠠᠷ ᠳᠠᠮᠵᠢᠨ ᠂ ᠳᠣᠣᠷᠠᠬᠢ ᠠᠷᠭ᠎ᠠ ᠬᠡᠮᠵᠢᠶ᠎ᠡ ᠶ᠋ᠢ ᠠᠪᠴᠤ ᠲᠠᠰᠤᠯᠤᠨ ᠲᠣᠭᠲᠠᠭᠠᠬᠤ ᠬᠡᠮᠵᠢᠭᠦᠷ ᠦ᠋ᠨ ᠨᠢᠭᠡᠳᠦᠯᠲᠡᠢ ᠪᠠᠢᠬᠤ ᠶ᠋ᠢ ᠪᠠᠲᠤᠯᠠᠪᠠ ᠄
ᠨᠢᠭᠡ ᠳ᠋ᠦ᠍ ᠂ ᠰᠢᠭᠦᠨ ᠲᠠᠰᠤᠯᠬᠤ ᠬᠡᠷᠡᠭ ᠢ᠋ ᠰᠢᠰᠲ᠋ᠧᠮ ᠲᠡᠢ ᠪᠠᠢᠴᠠᠭᠠᠨ ᠯᠠᠪᠯᠠᠵᠤ ᠂ ᠲᠤᠰ ᠬᠡᠷᠡᠭ ᠨᠢ ᠠᠯᠢ ᠣᠯᠠᠨ ᠬᠡᠷᠡᠭ ᠲᠦ᠍ ᠬᠠᠷᠢᠶᠠᠯᠠᠭᠳᠠᠬᠤ ᠡᠰᠡᠬᠦ ᠶ᠋ᠢ ᠪᠠᠢᠴᠠᠭᠠᠨ ᠯᠠᠪᠯᠠᠵᠤ ᠂ ᠬᠦᠴᠦᠨ ᠲᠡᠢ ᠰᠢᠭᠦᠨ ᠲᠠᠰᠤᠯᠤᠯᠲᠠ ᠬᠢᠭᠰᠡᠨ ᠡᠰᠡᠬᠦ ᠂ ᠪᠤᠰᠤᠳ ᠬᠠᠮᠲᠤᠷᠠᠨ ᠵᠥᠪᠯᠡᠬᠦ ᠲᠢᠩᠬᠢᠮ ᠨᠢ ᠠᠳᠠᠯᠢ ᠨᠢᠭᠡᠨ ᠲᠤᠬᠠᠢ ᠶ᠋ᠢᠨ ᠬᠥᠮᠦᠨ ᠦ᠌ ᠬᠡᠷᠡᠭ ᠢ᠋ ᠬᠦᠯᠢᠶᠡᠨ ᠠᠪᠴᠤ ᠰᠢᠢᠳᠪᠦᠷᠢᠯᠡᠭᠰᠡᠨ ᠡᠰᠡᠬᠦ ᠲᠤᠬᠠᠢ ᠂ ᠡᠨᠡ ᠰᠠᠭᠤᠷᠢᠨ ᠳᠡᠭᠡᠷ᠎ᠡ ᠠᠳᠠᠯᠢ ᠲᠥᠷᠥᠯ ᠦ᠋ᠨ ᠬᠡᠷᠡᠭ ᠲᠦ᠍ ᠬᠠᠷᠢᠶᠠᠯᠠᠭᠳᠠᠬᠤ ᠡᠰᠡᠬᠦ ᠶ᠋ᠢ ᠢᠯᠭᠠᠨ ᠲᠣᠳᠣᠯᠠᠵᠤ ᠂ ᠠᠳᠠᠯᠢ ᠲᠥᠷᠥᠯ ᠦ᠋ᠨ ᠬᠡᠷᠡᠭ ᠢ᠋ ᠬᠦᠯᠢᠶᠡᠨ ᠠᠪᠤᠭᠰᠠᠨ ᠪᠤᠰᠤᠳ ᠬᠠᠮᠲᠤᠷᠠᠨ ᠵᠥᠪᠯᠡᠬᠦ ᠲᠢᠩᠬᠢᠮ ᠲᠡᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠ᠋ᠴᠠ ᠪᠠᠨ ᠬᠠᠷᠢᠯᠴᠠᠬᠤ ᠪᠥᠭᠡᠳ ᠠᠷᠭ᠎ᠠ ᠬᠡᠮᠵᠢᠶ᠎ᠡ ᠶ᠋ᠢ ᠠᠪᠴᠠᠢ ᠃
ᠬᠣᠶᠠᠷ ᠲᠤ᠌ ᠬᠠᠤᠯᠢ ᠶ᠋ᠢᠨ ᠲᠤᠰᠢᠶᠠᠯᠲᠠᠨ ᠤ᠋ ᠲᠤᠰᠭᠠᠢ ᠬᠤᠷᠠᠯ ᠳ᠋ᠤ᠌ ᠢᠳᠡᠪᠬᠢᠲᠡᠢ ᠣᠷᠣᠯᠴᠠᠵᠤ ᠂ ᠡᠯ᠎ᠡ ᠵᠥᠪᠯᠡᠬᠦ ᠲᠢᠩᠬᠢᠮ ᠦ᠋ᠨ ᠡᠯ᠎ᠡ ᠲᠥᠷᠥᠯ ᠦ᠋ᠨ ᠬᠡᠷᠡᠭ ᠢ᠋ ᠰᠢᠢᠳᠪᠦᠷᠢᠯᠡᠬᠦ ᠦᠨᠳᠦᠰᠦᠨ ᠰᠡᠳᠭᠢᠴᠡ ᠶ᠋ᠢ ᠣᠢᠯᠠᠭᠠᠵᠤ ᠂ ᠡᠯ᠎ᠡ ᠲᠥᠷᠥᠯ ᠦ᠋ᠨ ᠬᠡᠷᠡᠭ ᠢ᠋ ᠰᠢᠢᠳᠪᠦᠷᠢᠯᠡᠬᠦ ᠰᠠᠨᠠᠯ ᠢ᠋ ᠨᠡᠢᠲᠡᠯᠡᠵᠦ ᠂ ᠨᠢᠭᠡᠳᠦᠯᠲᠡᠢ ᠲᠠᠰᠤᠯᠤᠨ ᠲᠣᠭᠲᠠᠭᠠᠬᠤ ᠰᠡᠳᠭᠢᠴᠡ ᠶ᠋ᠢ ᠪᠣᠢ ᠪᠣᠯᠭᠠᠬᠤ ᠪᠠᠷ ᠴᠢᠷᠮᠠᠢᠨ᠎ᠠ ᠃
ᠭᠤᠷᠪᠠ ᠳ᠋ᠤ᠌ ᠲᠤᠬᠠᠢ ᠶ᠋ᠢᠨ ᠬᠥᠮᠦᠨ ᠡᠴᠡ ᠰᠢᠷᠢᠰ ᠬᠡᠷᠡᠭ ᠪᠠᠢᠬᠤ ᠡᠰᠡᠬᠦ ᠂ ᠲᠥᠷᠥᠯ ᠵᠦᠢᠯ ᠦ᠋ᠨ ᠬᠡᠷᠡᠭ ᠢ᠋ ᠲᠤᠰ ᠬᠣᠷᠢᠶ᠎ᠠ ᠪᠤᠶᠤ ᠪᠤᠰᠤᠳ ᠰᠢᠭᠦᠬᠦ ᠬᠣᠷᠢᠶᠠᠨ ᠳ᠋ᠤ᠌ ᠰᠢᠭᠦᠨ ᠠᠰᠠᠭᠤᠵᠤ ᠂ ᠠᠳᠠᠯᠢ ᠲᠥᠷᠥᠯ ᠦ᠋ᠨ ᠬᠡᠷᠡᠭ ᠢ᠋ ᠣᠯᠵᠤ ᠮᠡᠳᠡᠬᠦ ᠪᠠ ᠢᠯᠭᠠᠨ ᠲᠣᠳᠣᠯᠠᠬᠤ ᠪᠠᠷ ᠴᠢᠷᠮᠠᠢᠪᠠ ᠃
ᠳᠥᠷᠪᠡ ᠳ᠋ᠦ᠍ ᠳᠤᠮᠳᠠᠳᠤ ᠤᠯᠤᠰ ᠤ᠋ᠨ ᠲᠠᠰᠤᠯᠤᠨ ᠲᠣᠭᠲᠠᠭᠠᠯᠲᠠ ᠶ᠋ᠢᠨ ᠪᠢᠴᠢᠭ ᠬᠠᠷ᠎ᠠ ᠶ᠋ᠢᠨ ᠰᠦᠯᠵᠢᠶ᠎ᠡ ᠶ᠋ᠢ ᠭᠦᠢᠴᠡᠳ ᠠᠰᠢᠭᠯᠠᠨ ᠂ ᠲᠥᠷᠥᠯ ᠦ᠋ᠨ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠪᠠᠷᠢᠮᠵᠢᠶ᠎ᠠ ᠶ᠋ᠢ ᠨᠢᠭᠡᠳᠭᠡᠬᠦ ᠡᠷᠴᠢᠮ ᠢ᠋ ᠴᠢᠩᠭᠠᠷᠠᠭᠤᠯᠪᠠ ᠃
ᠢᠷᠭᠡᠨ ᠦ᠌ ᠬᠡᠷᠡᠭ ᠢ᠋ ᠲᠦᠷᠭᠡᠨ ᠰᠢᠭᠦᠨ ᠲᠠᠰᠤᠯᠬᠤ ᠬᠣᠶᠠᠳᠤᠭᠠᠷ ᠬᠠᠮᠲᠤᠷᠠᠨ ᠵᠥᠪᠯᠡᠬᠦ ᠲᠢᠩᠬᠢᠮ ᠪᠠᠢᠭᠤᠯᠤᠭᠳᠠᠭᠰᠠᠨ ᠠ᠋ᠴᠠ ᠨᠠᠭᠠᠰᠢ ᠂ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠳᠤᠷᠠᠳᠤᠭᠰᠠᠨ 《 ᠳᠥᠭᠥᠮ ᠬᠡᠷᠡᠭ ᠢ᠋ ᠲᠦᠷᠭᠡᠨ ᠰᠢᠭᠦᠨ ᠲᠠᠰᠤᠯᠬᠤ》 ᠶ᠋ᠢᠨ ᠱᠠᠭᠠᠷᠳᠠᠯᠭ᠎ᠠ ᠶ᠋ᠢ ᠪᠥᠬᠥ ᠲᠠᠯ᠎ᠠ ᠪᠠᠷ ᠲᠤᠤᠱᠯᠠᠭᠤᠯᠵᠤ ᠂ ᠲᠦᠷᠭᠡᠨ ᠰᠢᠭᠦᠨ ᠲᠠᠰᠤᠯᠵᠤ ᠲᠦᠷᠭᠡᠨ ᠰᠢᠭᠦᠨ ᠲᠠᠰᠤᠯᠬᠤ ᠶ᠋ᠢ ᠪᠠᠷᠢᠮᠲᠠᠯᠠᠵᠤ ᠂ ᠰᠢᠭᠦᠨ ᠲᠠᠰᠤᠯᠬᠤ ᠦᠷ᠎ᠡ ᠪᠦᠲᠦᠮᠵᠢ ᠶ᠋ᠢ ᠦᠨᠡᠨ ᠬᠦ᠌ ᠳᠡᠭᠡᠭᠰᠢᠯᠡᠭᠦᠯᠬᠦ ᠶ᠋ᠢᠨ ᠬᠠᠮᠲᠤ ᠂ ᠬᠡᠷᠡᠭ ᠦ᠋ᠨ ᠶᠠᠰᠤ ᠴᠢᠨᠠᠷ ᠤ᠋ᠨ ᠪᠣᠭᠣᠮᠲᠠ ᠶ᠋ᠢ ᠴᠢᠩᠭ᠎ᠠ ᠠᠳᠭᠤᠵᠤ ᠂ ᠰᠠᠨᠠᠭᠠᠴᠢᠯᠠᠭ᠎ᠠ ᠠ᠋ᠴᠠ ᠪᠠᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠂ ᠲᠠᠰᠤᠯᠤᠨ ᠲᠣᠭᠲᠠᠭᠠᠬᠤ ᠪᠠᠷᠢᠮᠵᠢᠶ᠎ᠠ ᠶ᠋ᠢ ᠨᠢᠭᠡᠳᠭᠡᠵᠦ ᠂ ᠰᠢᠭᠦᠨ ᠰᠢᠢᠳᠪᠦᠷᠢᠯᠡᠬᠦ ᠰᠡᠳᠭᠢᠴᠡ ᠪᠡᠨ ᠲᠡᠭᠦᠯᠳᠡᠷᠵᠢᠭᠦᠯᠵᠦ ᠂ ᠲᠤᠬᠠᠢ ᠶ᠋ᠢᠨ ᠬᠥᠮᠦᠨ ᠳ᠋ᠦ᠍ ᠰᠢᠭᠦᠨ ᠲᠠᠰᠤᠯᠤᠯᠲᠠ ᠶ᠋ᠢᠨ ᠦᠷ᠎ᠡ ᠪᠦᠲᠦᠮᠵᠢ ᠶ᠋ᠢ ᠡᠳ᠋ᠯᠡᠭᠦᠯᠦᠨ᠎ᠡ ᠃
ᠦᠨᠡᠯᠡᠬᠦ 0ᠦᠨᠡᠯᠡᠯᠲᠡ ᠲᠠᠢ