ᠠᠷᠠᠳ ᠤ᠋ᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠡᠭᠦᠷᠭᠡ ᠴᠢᠳᠠᠪᠤᠷᠢ ᠶ᠋ᠢ ᠭᠦᠢᠴᠡᠳ ᠪᠠᠳᠠᠷᠠᠭᠤᠯᠵᠤ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠬᠢᠷᠢ ᠲᠦᠪᠰᠢᠨ ᠢ᠋ᠶ᠋ᠡᠨ ᠳᠡᠭᠡᠭᠰᠢᠯᠡᠭᠦᠯᠵᠦ ᠂ ᠰᠢᠭᠦᠬᠦ ᠬᠣᠷᠢᠶᠠᠨ ᠤ᠋ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠦ᠋ᠨ ᠡᠷᠴᠢᠮ ᠢ᠋ ᠴᠢᠩᠭᠠᠷᠠᠭᠤᠯᠬᠤ ᠶ᠋ᠢᠨ ᠲᠥᠯᠥᠭᠡ ᠂ 9 ᠰᠠᠷ᠎ᠠ ᠶ᠋ᠢᠨ 8 ᠤ᠋ ᠡᠳᠦᠷ ᠦ᠋ᠨ ᠦᠳᠡ ᠶ᠋ᠢᠨ ᠬᠣᠢᠨ᠎ᠠ ᠂ ᠣᠷᠳᠣᠰ ᠬᠣᠲᠠ ᠶ᠋ᠢᠨ ᠳᠤᠮᠳᠠ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠯᠢ ᠮᠧᠢ ᠷᠦᠩ ᠨᠠᠷ ᠣᠷᠳᠣᠰ ᠬᠣᠲᠠ ᠶ᠋ᠢᠨ ᠸᠠᠨ ᠵᠧᠩ ᠪᠡᠯᠡ ᠣᠷᠣᠭᠤᠯᠤᠯᠲᠠ ᠶ᠋ᠢᠨ ᠪᠦᠯᠦᠭᠯᠡᠯ ᠂ ᠳ᠋ᠦᠩᠱᠧᠩ ᠲᠣᠭᠣᠷᠢᠭ ᠤ᠋ᠨ ᠸᠠᠨ ᠵᠢᠶᠠ ᠬᠤᠢ ᠵᠡᠷᠭᠡ ᠠᠵᠤ ᠠᠬᠤᠢᠯᠠᠯ ᠳ᠋ᠤ᠌ ᠬᠦᠷᠴᠦ ᠲᠣᠭᠣᠷᠢᠨ ᠰᠤᠷᠪᠤᠯᠵᠢᠯᠠᠬᠤ ᠪᠠᠢᠴᠠᠭᠠᠨ ᠰᠤᠳᠤᠯᠤᠯᠲᠠ ᠬᠢᠵᠦ ᠂ ᠠᠵᠤ ᠠᠬᠤᠢᠯᠠᠯ ᠠ᠋ᠴᠠ ᠣᠷᠳᠣᠰ ᠬᠣᠲᠠ ᠶ᠋ᠢᠨ ᠬᠠᠤᠯᠢ ᠬᠡᠷᠡᠭᠵᠢᠭᠦᠯᠬᠦ ᠶ᠋ᠢ ᠬᠦᠰᠡᠪᠡ ᠃
ᠪᠠᠢᠴᠠᠭᠠᠨ ᠰᠤᠳᠤᠯᠬᠤ ᠳᠤᠭᠤᠢᠯᠠᠩ ᠤ᠋ᠨ ᠬᠢᠨ ᠠᠵᠤ ᠠᠬᠤᠢᠯᠠᠯ ᠤ᠋ᠨ ᠦᠢᠯᠡᠳᠪᠦᠷᠢᠯᠡᠯ ᠂ ᠡᠵᠡᠩᠨᠡᠯᠲᠡ ᠶ᠋ᠢᠨ ᠰᠠᠭᠤᠷᠢᠨ ᠭᠠᠵᠠᠷ ᠢ᠋ᠶ᠋ᠠᠷ ᠰᠤᠷᠪᠤᠯᠵᠢᠯᠠᠨ ᠶᠠᠪᠤᠵᠤ ᠂ ᠠᠵᠤ ᠠᠬᠤᠢᠯᠠᠯ ᠤ᠋ᠨ ᠭᠣᠣᠯ ᠪᠣᠯᠬᠤ ᠲᠤᠬᠠᠢᠯᠠᠭᠰᠠᠨ ᠠᠵᠢᠯ ᠤ᠋ᠨ ᠬᠦᠷᠢᠶ᠎ᠡ ᠬᠡᠪᠴᠢᠶ᠎ᠡ ᠂ ᠬᠥᠭᠵᠢᠯᠲᠡ ᠶ᠋ᠢᠨ ᠪᠠᠢᠳᠠᠯ ᠵᠢᠴᠢ ᠡᠵᠡᠩᠨᠡᠯᠲᠡ ᠶ᠋ᠢᠨ ᠪᠠᠢᠳᠠᠯ ᠢ᠋ ᠨᠠᠷᠢᠨ ᠨᠢᠮᠪᠠᠢ ᠣᠢᠯᠠᠭᠠᠵᠤ ᠂ ᠠᠵᠤ ᠠᠬᠤᠢᠯᠠᠯ ᠤ᠋ᠨ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢᠨ ᠦᠢᠯᠡᠴᠢᠯᠡᠭᠡ ᠶ᠋ᠢᠨ ᠪᠠᠲᠤᠯᠠᠭ᠎ᠠ ᠶ᠋ᠢᠨ ᠠᠵᠢᠯ ᠤ᠋ᠨ ᠬᠡᠷᠡᠭᠴᠡᠭᠡ ᠱᠠᠭᠠᠷᠳᠠᠯᠭ᠎ᠠ ᠪᠠ ᠰᠠᠨᠠᠭᠤᠯᠭ᠎ᠠ ᠶ᠋ᠢ ᠨᠠᠷᠢᠨ ᠬᠢᠨᠠᠮᠠᠭᠠᠢ ᠰᠣᠨᠣᠰᠪᠠ ᠃ ᠪᠠᠢᠴᠠᠭᠠᠨ ᠰᠤᠳᠤᠯᠬᠤ ᠳᠤᠭᠤᠢᠯᠠᠩ ᠠ᠋ᠴᠠ ᠳᠤᠷᠠᠳᠤᠭᠰᠠᠨ ᠨᠢ ᠂ ᠦᠢᠯᠡᠳᠪᠦᠷᠢ ᠬᠤᠳᠠᠯᠳᠤᠭ᠎ᠠ ᠲᠠᠢ ᠨᠡᠪᠲᠡᠷᠡᠯᠴᠡᠨ ᠬᠠᠷᠢᠯᠴᠠᠬᠤ ᠲᠣᠭᠲᠠᠴᠠ ᠶ᠋ᠢ ᠪᠠᠢᠭᠤᠯᠤᠨ ᠲᠡᠭᠦᠯᠳᠡᠷᠵᠢᠭᠦᠯᠵᠦ ᠂ ᠠᠵᠤ ᠠᠬᠤᠢᠯᠠᠯ ᠤ᠋ᠨ ᠬᠠᠤᠯᠢ ᠶᠣᠰᠣᠨ ᠤ᠋ ᠭᠣᠮᠣᠳᠠᠯ ᠱᠠᠭᠠᠷᠳᠠᠯᠭ᠎ᠠ ᠪᠠᠨ ᠢᠯᠡᠳᠭᠡᠬᠦ ᠠᠷᠭ᠎ᠠ ᠵᠠᠮ ᠢ᠋ ᠰᠠᠭᠠᠳ ᠦᠭᠡᠢ ᠨᠡᠪᠲᠡᠷᠡᠭᠦᠯᠵᠦ ᠂ ᠠᠵᠤ ᠠᠬᠤᠢᠯᠠᠯ ᠢ᠋ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶ᠋ᠢᠨ ᠳᠤᠮᠳᠠ ᠲᠤᠯᠭᠠᠷᠠᠭᠰᠠᠨ ᠬᠠᠤᠯᠢ ᠴᠠᠭᠠᠵᠠ ᠶ᠋ᠢᠨ ᠠᠰᠠᠭᠤᠳᠠᠯ ᠢ᠋ ᠴᠠᠭ ᠲᠤᠬᠠᠢ ᠳ᠋ᠤᠨᠢ ᠰᠢᠢᠳᠪᠦᠷᠢᠯᠡᠵᠦ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ᠋ ᠳᠡᠭᠡᠭᠰᠢᠯᠡᠭᠦᠯᠬᠦ ᠬᠡᠷᠡᠭᠲᠡᠢ ᠃
ᠪᠠᠢᠴᠠᠭᠠᠨ ᠰᠤᠳᠤᠯᠤᠯᠲᠠ ᠶ᠋ᠢᠨ ᠳᠤᠮᠳᠠ ᠂ ᠠᠵᠤ ᠠᠬᠤᠢᠯᠠᠯ ᠤ᠋ᠨ ᠬᠠᠷᠢᠭᠤᠴᠠᠯᠭᠠᠲᠠᠨ ᠰᠢᠭᠦᠬᠦ ᠬᠣᠷᠢᠶᠠᠨ ᠳ᠋ᠤ᠌ ᠰᠠᠨᠠᠭᠠᠴᠢᠯᠠᠭ᠎ᠠ ᠲᠠᠢ ᠪᠠᠷ ᠠᠢᠯᠴᠢᠯᠠᠯᠲᠠ ᠬᠢᠵᠦ ᠂ ᠠᠵᠤ ᠠᠬᠤᠢᠯᠠᠯ ᠢ᠋ ᠬᠠᠪᠰᠤᠷᠤᠨ ᠲᠦᠭᠰᠢᠭᠦᠷᠢ ᠶ᠋ᠢ ᠰᠡᠷᠭᠡᠢᠯᠡᠨ ᠡᠵᠡᠮᠳᠡᠬᠦ ᠴᠢᠳᠠᠪᠤᠷᠢ ᠶ᠋ᠢ ᠨᠢ ᠳᠡᠭᠡᠭᠰᠢᠯᠡᠭᠦᠯᠵᠦ ᠂ ᠠᠵᠤ ᠠᠬᠤᠢᠯᠠᠯ ᠤ᠋ᠨ ᠡᠵᠡᠩᠨᠡᠯᠲᠡ ᠬᠥᠭᠵᠢᠯᠲᠡ ᠳ᠋ᠦ᠍ ᠬᠦᠴᠦᠲᠡᠢ ᠬᠠᠤᠯᠢ ᠴᠠᠭᠠᠵᠠ ᠶ᠋ᠢᠨ ᠳᠡᠮᠵᠢᠯᠭᠡ ᠪᠠ ᠦᠢᠯᠡᠴᠢᠯᠡᠭᠡᠨ ᠦ᠌ ᠪᠠᠲᠤᠯᠠᠭ᠎ᠠ ᠬᠠᠩᠭᠠᠭᠰᠠᠨ ᠳ᠋ᠤ᠌ ᠲᠠᠯᠠᠷᠬᠠᠵᠤ ᠪᠠᠢᠬᠤ ᠪᠥᠭᠡᠳ ᠢᠲᠡᠭᠡᠯ ᠵᠣᠷᠢᠭ ᠢ᠋ᠶ᠋ᠠᠨ ᠤᠯᠠᠮ ᠨᠢᠭᠡ ᠠᠯᠬᠤᠮ ᠪᠠᠲᠤᠳᠭᠠᠨ ᠂ ᠬᠠᠤᠯᠢ ᠴᠠᠭᠠᠵᠠ ᠶ᠋ᠢᠨ ᠤᠬᠠᠮᠰᠠᠷ ᠢ᠋ ᠪᠣᠢ ᠪᠣᠯᠭᠠᠵᠤ ᠂ ᠠᠵᠤ ᠠᠬᠤᠢᠯᠠᠯ ᠢ᠋ ᠨᠡᠩ ᠰᠠᠢᠲᠤᠷ ᠬᠥᠭᠵᠢᠭᠦᠯᠦᠨ᠎ᠡ ᠭᠡᠵᠦ ᠢᠯᠡᠷᠬᠡᠢᠯᠡᠵᠡᠢ ᠃
ᠡᠠᠵᠣ ᠡᠠᠬᠣᠢᠯᠠᠯ ᠳ᠋ᠤ᠌ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ ᠂ ᠡᠠᠵᠣ ᠡᠠᠬᠣᠢᠯᠠᠯ ᠤ᠋ᠨ ᠬᠠᠤᠯᠢ ᠴᠠᠭᠠᠵᠠ ᠶ᠋ᠢᠨ ᠱᠠᠭᠠᠷᠳᠠᠯᠭ᠎ᠠ ᠶ᠋ᠢ ᠭᠦᠢᠴᠡᠳ ᠡᠣᠢᠯᠠᠭᠠᠬᠣ ᠶ᠋ᠢᠨ ᠬᠠᠮᠲᠤ ᠂ ᠴᠠᠭ ᠲᠤᠬᠠᠢ ᠳ᠋ᠤᠨᠢ ᠡᠠᠵᠣ ᠡᠠᠬᠣᠢᠯᠠᠯ ᠳ᠋ᠤ᠌ ᠡᠣᠯᠣᠰ ᠤ᠋ᠨ ᠬᠠᠤᠯᠢ ᠴᠠᠭᠠᠵᠠ ᠂ ᠬᠠᠤᠯᠢ ᠲᠣᠭᠲᠠᠭᠠᠯ ᠵᠢᠴᠢ ᠲᠣᠢᠷᠣ ᠶ᠋ᠢᠨ ᠪᠣᠳᠣᠯᠭ᠎ᠠ ᠶ᠋ᠢ ᠡᠣᠬᠠᠭᠣᠯᠬᠣ ᠪᠣᠯ ᠂ ᠡᠠᠷᠠᠣᠠ ᠶ᠋ᠢᠨ ᠰᠢᠭᠦᠬᠦ ᠬᠣᠷᠢᠢ᠎ᠠ ᠶ᠋ᠢᠨ ᠬᠤᠳᠠᠯᠳᠤᠭ᠎ᠠ ᠡᠷᠬᠢᠯᠡᠬᠦ ᠡᠣᠷᠴᠢᠠ ᠨᠥᠬᠦᠴᠡᠯ ᠢ᠋ ᠬᠠᠮᠵᠢᠨ ᠰᠢᠯᠢᠳᠡᠭᠵᠢᠭᠦᠯᠬᠦ ᠴᠢᠬᠤᠯᠠ ᠡᠠᠷᠭ᠎ᠠ ᠬᠡᠮᠵᠢᠢ᠎ᠠ ᠪᠣᠯᠤᠨ᠎ᠠ ᠃ ᠬᠤᠢᠰᠢᠲᠠ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠤᠭᠤᠳ ᠬᠠᠷᠢᠶᠠᠲᠤ ᠲᠣᠭᠣᠷᠢᠭ ᠤ᠋ᠨ ᠰᠢᠭᠦᠬᠦ ᠬᠣᠷᠢᠶ᠎ᠠ ᠯᠤᠭ᠎ᠠ ᠶ᠋ᠢᠨ ᠨᠡᠪᠲᠡᠷᠡᠯᠴᠡᠭᠡ ᠰᠣᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠭᠠᠵᠤ ᠂ ᠰᠤᠷᠪᠤᠯᠵᠢᠯᠠᠨ ᠰᠤᠳᠤᠯᠬᠤ ᠂ ᠲᠣᠭᠣᠷᠢᠨ ᠰᠢᠭᠦᠬᠦ ᠂ ᠬᠠᠤᠯᠢ ᠪᠠᠷ ᠵᠠᠰᠠᠬᠤ ᠤᠬᠠᠭᠤᠯᠤᠨ ᠲᠠᠢᠯᠪᠤᠷᠢᠯᠠᠬᠤ ᠂ ᠨᠡᠢᠲᠡᠯᠢᠭ ᠬᠡᠷᠡᠭ ᠦ᠋ᠨ ᠵᠢᠱ᠌ᠢᠶ᠎ᠡ ᠶ᠋ᠢ ᠨᠡᠢᠲᠡᠯᠡᠬᠦ ᠵᠡᠷᠭᠡ ᠠᠷᠭ᠎ᠠ ᠮᠠᠶᠢᠭ ᠢ᠋ᠶ᠋ᠠᠷ ᠠᠵᠤ ᠠᠬᠤᠢᠯᠠᠯ ᠳ᠋ᠤ᠌ ᠴᠢᠬᠤᠯᠠ ᠪᠦᠬᠦᠢ ᠬᠠᠤᠯᠢ ᠴᠠᠭᠠᠵᠠ ᠶ᠋ᠢᠨ ᠦᠢᠯᠡᠴᠢᠯᠡᠭᠡ ᠬᠠᠩᠭᠠᠵᠤ ᠂ ᠠᠵᠤ ᠠᠬᠤᠢᠯᠠᠯ ᠢ᠋ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶ᠋ᠢᠨ ᠳᠤᠮᠳᠠ ᠲᠤᠯᠭᠠᠷᠠᠭᠰᠠᠨ ᠬᠠᠤᠯᠢ ᠴᠠᠭᠠᠵᠠ ᠶ᠋ᠢᠨ ᠵᠠᠭᠠᠯᠳᠤᠯᠭ᠎ᠠ ᠳ᠋ᠤ᠌ ᠬᠣᠯᠪᠣᠭᠳᠠᠭᠰᠠᠨ ᠠᠰᠠᠭᠤᠳᠠᠯ ᠤ᠋ᠳ ᠢ᠋ ᠰᠢᠢᠳᠪᠦᠷᠢᠯᠡᠵᠦ ᠂ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠬᠢᠷᠢ ᠲᠦᠪᠰᠢᠨ ᠢ᠋ᠶ᠋ᠡᠨ ᠪᠦᠬᠦ ᠲᠠᠯ᠎ᠠ ᠪᠠᠷ ᠳᠡᠭᠡᠭᠰᠢᠯᠡᠭᠦᠯᠬᠦ ᠪᠡᠷ ᠴᠢᠷᠮᠠᠢᠨ᠎ᠠ ᠃
ᠦᠨᠡᠯᠡᠬᠦ 0ᠦᠨᠡᠯᠡᠯᠲᠡ᠎ᠲᠠᠢ