ᠰᠦᠯᠵᠢᠶᠡᠨ ᠦ᠌ ᠰᠢᠯᠵᠢᠭᠦᠯᠦᠨ ᠨᠡᠢᠲᠡᠯᠡᠬᠦ ᠡᠷᠬᠡ ᠳ᠋ᠦ᠍ ᠬᠠᠯᠳᠠᠭᠰᠠᠨ ᠶᠠᠪᠤᠳᠠᠯ ᠢ᠋ 《 ᠦᠭᠡᠢ 》 ᠭᠡᠵᠦ ᠬᠡᠯᠡᠶ᠎ᠡ
2020.09.18 ᠲᠣᠰ ᠥᠷᠲᠡᠭᠡᠨ ᠦ ᠨᠠᠢᠷᠠᠭᠤᠯᠤᠭᠴᠢ

4 ᠰᠠᠷ᠎ᠠ ᠶ᠋ᠢᠨ 8  ᠤ᠋ ᠡᠳᠦᠷ ᠂ ᠵᠠᠭᠠᠯᠳᠤᠭᠴᠢ ᠪᠡᠭᠡᠵᠢᠩ ᠦ᠋ᠨ ᠴᠢᠤᠸᠠᠨ ᠵᠢᠩ ᠬᠠᠷᠠᠭᠠᠨ ᠰᠠᠷᠠᠯ ᠲᠣᠣᠷ ᠰᠦᠯᠵᠢᠶᠡᠨ ᠦ᠌  ᠰᠢᠨᠵᠢᠯᠡᠬᠦ ᠤᠬᠠᠭᠠᠨ ᠮᠡᠷᠭᠡᠵᠢᠯ ᠦ᠋ᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠱᠸᠩ ᠬᠤᠸᠠ ᠱᠸᠩ ᠳ᠋ᠦᠩ ᠨᠡᠭᠦᠷᠡᠰᠦᠨ ᠦ᠌ ᠬᠢᠵᠠᠭᠠᠷᠲᠤ ᠺᠣᠮᠫᠠᠨᠢ ᠵᠡᠷᠭᠡ ᠵᠢᠷᠭᠤᠭᠠᠨ ᠵᠠᠭᠠᠯᠳᠤᠭᠳᠠᠭᠴᠢ ᠳ᠋ᠤ᠌ ᠴᠢᠭᠯᠡᠭᠦᠯᠦᠭᠰᠡᠨ ᠵᠣᠬᠢᠶᠠᠯ ᠪᠦᠲᠦᠭᠡᠯ ᠦ᠋ᠨ ᠮᠡᠳᠡᠭᠡ ᠵᠠᠩᠭᠢ ᠶ᠋ᠢᠨ ᠲᠣᠣᠷ ᠰᠦᠯᠵᠢᠶᠡᠨ ᠦ᠌ ᠤᠯᠠᠮᠵᠢᠯᠠᠨ ᠳᠡᠯᠭᠡᠷᠡᠭᠦᠯᠬᠦ ᠡᠷᠬᠡ ᠳ᠋ᠦ᠍ ᠬᠠᠯᠳᠠᠭᠰᠠᠨ ᠵᠢᠭᠤᠷᠠᠯᠳᠤᠭᠠᠨ ᠢ᠋ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠮᠲᠤᠷᠠᠨ ᠵᠥᠪᠯᠡᠬᠦ ᠲᠢᠩᠬᠢᠮ ᠦ᠋ᠨ ᠠᠯᠤᠰ ᠱᠤᠭᠤᠮ ᠢ᠋ᠶ᠋ᠠᠷ ᠡᠶᠡᠳᠡᠭᠦᠯᠵᠦ ᠂ ᠬᠠᠮᠤᠭ ᠡᠴᠦᠰ ᠲᠦ᠍ ᠭᠤᠷᠪᠠᠨ ᠬᠡᠷᠡᠭ ᠢ᠋ ᠬᠦᠴᠦᠨ ᠦᠭᠡᠢ ᠪᠣᠯᠭᠠᠵᠤ ᠂ ᠭᠤᠷᠪᠠᠨ ᠵᠦᠢᠯ ᠦ᠋ᠨ ᠡᠶᠡᠳᠡᠭᠦᠯᠬᠦ ᠠᠷᠭ᠎ᠠ ᠮᠠᠶᠢᠭ ᠢ᠋ᠶ᠋ᠠᠷ ᠲᠡᠭᠦᠰ ᠠᠮᠵᠢᠯᠲᠠ ᠲᠠᠢ  ᠰᠢᠭᠦᠵᠦ ᠳᠠᠭᠤᠰᠭᠠᠪᠠ ᠃

 ᠵᠣᠬᠢᠶᠠᠯ ᠪᠦᠲᠦᠭᠡᠯ ᠦ᠋ᠨ ᠮᠡᠳᠡᠭᠡ ᠵᠠᠩᠭᠢ ᠶ᠋ᠢᠨ ᠲᠣᠣᠷ ᠰᠦᠯᠵᠢᠶ᠎ᠡ ᠪᠠᠷ ᠤᠯᠠᠮᠵᠢᠯᠠᠨ ᠲᠠᠷᠬᠠᠭᠠᠬᠤ ᠡᠷᠬᠡ ᠪᠣᠯ ᠵᠣᠬᠢᠶᠠᠯ ᠪᠦᠲᠦᠭᠡᠯ ᠦ᠋ᠨ ᠡᠷᠬᠡᠲᠦ ᠬᠥᠮᠦᠨ ᠤᠲᠠᠰᠤᠲᠤ ᠳᠠᠮᠵᠢᠭᠤᠯᠭ᠎ᠠ ᠪᠤᠶᠤ ᠷᠠᠳᠢᠣ᠋ ᠳᠠᠮᠵᠢᠭᠤᠯᠭ᠎ᠠ ᠶ᠋ᠢᠨ ᠠᠷᠭ᠎ᠠ ᠮᠠᠶᠢᠭ ᠢ᠋ᠶ᠋ᠡᠷ ᠪᠦᠲᠦᠭᠡᠯ ᠢ᠋ᠶ᠋ᠡᠨ ᠣᠯᠠᠨ ᠨᠡᠢᠲᠡ ᠳ᠋ᠦ᠍ ᠬᠠᠩᠭᠠᠬᠤ ᠶ᠋ᠢᠨ ᠤᠯᠠᠮ ᠠ᠋ᠴᠠ ᠂ ᠣᠯᠠᠨ ᠨᠡᠢᠲᠡ ᠳ᠋ᠦ᠍ ᠬᠤᠪᠢ ᠬᠥᠮᠦᠨ ᠦ᠌ ᠰᠣᠩᠭᠣᠵᠤ ᠲᠣᠭᠲᠠᠭᠠᠭᠰᠠᠨ ᠴᠠᠭ ᠪᠠ ᠭᠠᠵᠠᠷ ᠲᠤ᠌ ᠪᠦᠲᠦᠭᠡᠯ ᠢ᠋ᠶ᠋ᠡᠨ ᠣᠯᠭᠣᠭᠤᠯᠬᠤ ᠡᠷᠬᠡ ᠪᠣᠯᠤᠨ᠎ᠠ ᠃ ᠮᠠᠨ ᠤ᠋ ᠤᠯᠤᠰ ᠤ᠋ᠨ 《 ᠵᠣᠬᠢᠶᠠᠯ ᠪᠦᠲᠦᠭᠡᠯ ᠦ᠋ᠨ ᠡᠷᠬᠡ ᠶ᠋ᠢᠨ ᠬᠠᠤᠯᠢ 》  ᠳ᠋ᠤ᠌ ᠪᠤᠰᠤᠳ ᠬᠥᠮᠦᠨ ᠦ᠌ ᠪᠦᠲᠦᠭᠡᠯ ᠢ᠋ ᠬᠡᠷᠡᠭᠯᠡᠪᠡᠯ ᠵᠣᠬᠢᠶᠠᠯ ᠪᠦᠲᠦᠭᠡᠯ ᠦ᠋ᠨ ᠡᠷᠬᠡᠲᠦ ᠬᠥᠮᠦᠨ ᠲᠡᠢ  ᠵᠥᠪᠰᠢᠶᠡᠷᠡᠯ ᠦ᠋ᠨ ᠭᠡᠷ᠎ᠡ ᠲᠣᠭᠲᠠᠭᠠᠬᠤ ᠬᠡᠷᠡᠭᠲᠡᠢ ᠭᠡᠵᠦ ᠲᠣᠭᠲᠠᠭᠠᠵᠠᠢ ᠃ ᠵᠣᠬᠢᠶᠠᠯ ᠪᠦᠲᠦᠭᠡᠯ ᠦ᠋ᠨ ᠡᠷᠬᠡᠲᠦ ᠬᠥᠮᠦᠨ ᠦ᠌  ᠵᠥᠪᠰᠢᠶᠡᠷᠡᠯ ᠢ᠋ ᠣᠯᠤᠭᠰᠠᠨ ᠦᠭᠡᠢ ᠪᠡᠷ ᠪᠦᠲᠦᠭᠡᠯ ᠢ᠋ ᠨᠢ ᠬᠡᠷᠡᠭᠯᠡᠭᠰᠡᠨ ᠦᠢᠯᠡ ᠠᠵᠢᠯᠯᠠᠭ᠎ᠠ ᠨᠢ ᠡᠷᠬᠡ ᠳ᠋ᠦ᠍ ᠬᠠᠯᠳᠠᠭᠰᠠᠨ ᠠᠵᠢᠯᠯᠠᠭ᠎ᠠ ᠪᠣᠯᠬᠤ ᠳ᠋ᠤ᠌ ᠬᠦᠷᠪᠡᠯ ᠂ ᠵᠣᠬᠢᠴᠠᠩᠭᠤᠢ ᠢᠷᠭᠡᠨ ᠦ᠌ ᠬᠡᠷᠡᠭ ᠦ᠋ᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠃ ᠦᠢᠯᠡ ᠪᠠᠢᠳᠠᠯ ᠨᠢ ᠬᠦᠨᠳᠦ ᠨᠣᠴᠢᠲᠠᠢ ᠪᠠᠢᠵᠤ ᠶᠠᠯ᠎ᠠ ᠪᠣᠯᠵᠤ ᠪᠦᠷᠢᠯᠳᠦᠭᠰᠡᠨ ᠪᠠᠢᠪᠠᠯ ᠬᠠᠤᠯᠢ ᠶᠣᠰᠣᠭᠠᠷ ᠡᠷᠡᠭᠦᠦ ᠶ᠋ᠢᠨ ᠬᠠᠷᠢᠭᠤᠴᠠᠯᠭ᠎ᠠ ᠨᠡᠬᠡᠮᠵᠢᠯᠡᠨ᠎ᠡ ᠃ ᠭᠡᠲᠡᠯ᠎ᠡ ᠦᠢᠯᠡᠳᠦᠯᠭᠡ ᠶ᠋ᠢᠨ ᠳᠤᠮᠳᠠ ᠵᠠᠭᠤᠴᠢᠯᠠᠭᠤᠷ ᠤ᠋ᠨ ᠬᠢᠨ ᠪᠤᠰᠤᠳ ᠤ᠋ᠨ ᠵᠣᠬᠢᠶᠠᠯ ᠪᠦᠲᠦᠭᠡᠯ ᠢ᠋  ᠰᠢᠯᠵᠢᠭᠦᠯᠦᠨ ᠨᠡᠢᠲᠡᠯᠡᠬᠦ ᠳ᠋ᠡᠭᠡᠨ ᠠᠭᠤᠯᠭ᠎ᠠ ᠨᠢ ᠭᠠᠷᠤᠭᠰᠠᠨ ᠦᠭᠡᠢ ᠪᠥᠭᠡᠳ ᠪᠠᠰᠠ ᠡᠷᠬᠡᠲᠦ ᠬᠥᠮᠦᠨ ᠦ᠌  ᠵᠥᠪᠰᠢᠶᠡᠷᠡᠯ ᠢ᠋ ᠣᠯᠤᠭᠰᠠᠨ ᠦᠭᠡᠢ ᠂ ᠵᠣᠬᠢᠶᠠᠯ ᠪᠦᠲᠦᠭᠡᠯ ᠦ᠋ᠨ ᠡᠷᠬᠡᠲᠦ ᠬᠥᠮᠦᠨ ᠦ᠌ ᠮᠡᠳᠡᠭᠡ ᠵᠠᠩᠭᠢ ᠶ᠋ᠢᠨ ᠲᠣᠣᠷ ᠰᠦᠯᠵᠢᠶᠡᠨ ᠦ᠌ ᠳᠠᠮᠵᠢᠭᠤᠯᠬᠤ ᠡᠷᠬᠡ ᠨᠢ ᠦᠷᠭᠦᠯᠵᠢ  ᠭᠠᠢᠬᠠᠰᠢ ᠠᠯᠳᠠᠭᠰᠠᠨ ᠪᠤᠶᠤ  ᠴᠢᠨᠠᠭᠰᠢᠯᠠᠪᠠᠯ  ᠣᠢᠰᠢᠶᠠᠬᠤ ᠦᠭᠡᠢ ᠪᠠᠢᠳᠠᠯ ᠳ᠋ᠤ᠌ ᠲᠤᠯᠭᠠᠷᠠᠳᠠᠭ ᠃ ᠰᠦᠯᠵᠢᠶᠡᠨ ᠳᠡᠭᠡᠷ᠎ᠡ  ᠰᠢᠯᠵᠢᠭᠦᠯᠦᠨ ᠨᠡᠢᠲᠡᠯᠡᠭᠰᠡᠨ《 ᠤᠷᠠᠨ ᠠᠷᠭ᠎ᠠ ᠪᠠᠷ ᠪᠤᠯᠢᠶᠠᠵᠤ ᠠᠪᠬᠤ 》ᠶᠠᠪᠤᠳᠠᠯ ᠪᠠᠷᠤᠭ ᠡᠳᠦᠷ ᠪᠦᠷᠢ ᠶᠠᠪᠤᠭᠳᠠᠵᠤ ᠪᠠᠢᠨ᠎ᠠ ᠃

 ᠲᠣᠣᠷ ᠰᠦᠯᠵᠢᠶᠡᠨ ᠦ᠌ ᠵᠠᠭᠤᠴᠢᠯᠠᠭᠤᠷ ᠲᠤ᠌ ᠠᠪᠴᠤ ᠬᠡᠯᠡᠪᠡᠯ ᠂ ᠬᠠᠤᠯᠢ ᠲᠣᠭᠲᠠᠭᠠᠯ ᠶᠣᠰᠣᠭᠠᠷ ᠠᠭᠤᠯᠭ᠎ᠠ ᠶ᠋ᠢ  ᠰᠢᠯᠵᠢᠭᠦᠯᠦᠨ ᠨᠡᠢᠲᠡᠯᠡᠬᠦ ᠪᠣᠯ ᠨᠢᠭᠡ ᠵᠦᠢᠯ ᠦ᠋ᠨ ᠡᠷᠬᠡ  ᠠᠰᠢᠭ ᠪᠣᠯᠬᠤ ᠪᠥᠭᠡᠳ ᠪᠠᠰᠠ ᠨᠢᠭᠡ ᠵᠦᠢᠯ ᠦ᠋ᠨ ᠡᠭᠦᠷᠭᠡ ᠪᠣᠯᠬᠤ ᠪᠥᠭᠡᠳ ᠨᠡᠩ ᠴᠤ᠌ ᠨᠢᠭᠡ ᠵᠦᠢᠯ ᠦ᠋ᠨ ᠨᠡᠢᠭᠡᠮ ᠦ᠋ᠨ ᠬᠠᠷᠢᠭᠤᠴᠠᠯᠭ᠎ᠠ ᠪᠣᠯᠤᠨ᠎ᠠ ᠃ ᠡᠷᠬᠡ ᠣᠯᠭᠣᠬᠤ ᠂ ᠢᠷᠡᠯᠲᠡ ᠶ᠋ᠢ ᠲᠣᠳᠣᠷᠬᠠᠢᠯᠠᠬᠤ ᠂ ᠬᠡᠷᠡᠭ ᠦ᠋ᠨ ᠳᠠᠷᠠᠭ᠎ᠠ ᠬᠥᠯᠥᠰᠥ ᠣᠯᠭᠣᠮᠵᠢ ᠣᠯᠭᠣᠬᠤ — ᠣᠳᠣ ᠶ᠋ᠢᠨ ᠬᠡᠷᠡᠭᠵᠢᠭᠦᠯᠵᠦ ᠪᠠᠢᠭ᠎ᠠ ᠬᠠᠤᠯᠢ ᠴᠠᠭᠠᠵᠠ ᠶ᠋ᠢ ᠦᠨᠳᠦᠰᠦᠯᠡᠪᠡᠯ ᠂ ᠰᠦᠯᠵᠢᠶ᠎ᠡ ᠪᠡᠷ ᠬᠠᠤᠯᠢ ᠶᠣᠰᠣᠭᠠᠷ  ᠰᠢᠯᠵᠢᠭᠦᠯᠦᠨ ᠨᠡᠢᠲᠡᠯᠡᠬᠦ ᠳ᠋ᠡᠭᠡᠨ ᠵᠥᠪᠬᠡᠨ ᠡᠨᠡ ᠬᠡᠳᠦᠨ ᠠᠯᠬᠤᠮ ᠳᠠᠷᠠᠭ᠎ᠠ ᠶ᠋ᠢ ᠪᠡᠶᠡᠯᠡᠭᠦᠯᠪᠡᠯ ᠪᠣᠯᠴᠢᠬᠠᠨ᠎ᠠ ᠃ ᠭᠡᠪᠡᠴᠦ ᠪᠣᠳᠠᠲᠤ ᠪᠠᠢᠳᠠᠯ ᠳ᠋ᠤ᠌ ᠶᠡᠬᠡ ᠬᠡᠮᠵᠢᠶᠡᠨ ᠦ᠌ ᠰᠦᠯᠵᠢᠶᠡᠨ ᠦ᠌ ᠵᠠᠭᠤᠴᠢᠯᠠᠭᠤᠷ ᠬᠢᠵᠦ ᠳᠡᠢᠯᠬᠦ ᠦᠭᠡᠢ᠃ ᠬᠡᠷᠡᠭ ᠲᠦ᠍ ᠬᠣᠯᠪᠣᠭᠳᠠᠭᠰᠠᠨ ᠵᠠᠭᠤᠴᠢᠯᠠᠭᠤᠷ ᠤ᠋ᠨ ᠬᠢᠨ ᠬᠠᠤᠯᠢ ᠠ᠋ᠴᠠ ᠵᠥᠷᠢᠴᠡᠨ ᠬᠠᠯᠳᠠᠯᠭ᠎ᠠ ᠶ᠋ᠢ  ᠰᠢᠯᠵᠢᠭᠦᠯᠦᠨ ᠨᠡᠢᠲᠡᠯᠡᠬᠦ ᠨᠢ ᠡᠮᠦᠨ᠎ᠡ ᠪᠠᠢᠷᠢᠨ ᠳ᠋ᠤ᠌ ᠪᠠᠢᠵᠤ ᠂ ᠶᠠᠷᠢᠶ᠎ᠠ ᠬᠡᠯᠡᠯᠴᠡᠭᠡᠨ ᠦ᠌ ᠳᠠᠭᠠᠷᠢᠯᠲᠠ ᠳ᠋ᠤ᠌ ᠤᠴᠠᠷᠠᠵᠤ ᠂ 《 ᠵᠠᠷᠭᠤ  ᠰᠢᠢᠳᠪᠦᠷᠢᠯᠡᠬᠦ 》 ᠨᠢ ᠴᠥᠮ  ᠵᠠᠢᠯᠠᠰᠢ ᠦᠭᠡᠢ ᠡᠭᠦᠷᠭᠡᠯᠡᠬᠦ ᠬᠡᠷᠡᠭᠲᠡᠢ ᠦᠷ᠎ᠡ ᠳ᠋ᠦᠩ ᠮᠥᠨ ᠃ 20  ᠳ᠋ᠤᠭᠠᠷ ᠳᠡᠯᠡᠬᠡᠢ ᠶ᠋ᠢᠨ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠡᠳᠦᠷ ᠬᠦᠷᠴᠦ ᠢᠷᠡᠬᠦ  ᠳᠠᠰᠢᠷᠠᠮ ᠢ᠋ᠶ᠋ᠠᠷ ᠂   ᠰᠢᠭᠦᠭᠴᠢ ᠥᠷᠭᠡᠨ ᠣᠯᠠᠨ ᠰᠦᠯᠵᠢᠶᠡᠨ ᠦ᠌ ᠠᠷᠠᠳ ᠲᠤ᠌ ᠄
 1 ᠂ ᠡᠷᠬᠡ ᠣᠯᠭᠣᠭᠰᠠᠨ ᠪᠦᠲᠦᠭᠡᠯ ᠢ᠋  ᠰᠢᠯᠵᠢᠭᠦᠯᠦᠨ ᠨᠡᠢᠲᠡᠯᠡᠬᠦ
 ᠰᠦᠯᠵᠢᠶᠡᠨ ᠳᠡᠭᠡᠷ᠎ᠡ ᠪᠤᠰᠤᠳ ᠤ᠋ᠨ ᠵᠣᠬᠢᠶᠠᠯ ᠂ ᠵᠢᠷᠤᠭ ᠢ᠋  ᠰᠢᠯᠵᠢᠭᠦᠯᠦᠨ ᠨᠡᠢᠲᠡᠯᠡᠬᠦ ᠳ᠋ᠡᠭᠡᠨ ᠴᠢᠳᠠᠬᠤ ᠶ᠋ᠢᠨ ᠳᠣᠲᠣᠷ᠎ᠠ ᠪᠤᠰᠤᠳ ᠤ᠋ᠨ ᠨᠢᠭᠡᠨᠲᠡ ᠢᠯᠡ ᠪᠣᠯᠭᠠᠭᠰᠠᠨ ᠪᠦᠲᠦᠭᠡᠯ ᠢ᠋ ᠬᠡᠷᠡᠭᠯᠡᠵᠦ ᠂ ᠲᠣᠣᠷ ᠳᠡᠭᠡᠷᠡᠬᠢ ᠢᠷᠡᠯᠲᠡ ᠨᠢ ᠲᠣᠳᠣᠷᠬᠠᠢ ᠦᠭᠡᠢ ᠪᠦᠲᠦᠭᠡᠯ ᠢ᠋ ᠠᠯᠢ ᠴᠢᠳᠠᠬᠤ ᠪᠠᠷ  ᠰᠢᠯᠵᠢᠭᠦᠯᠦᠨ ᠨᠡᠢᠲᠡᠯᠡᠬᠦ ᠦᠭᠡᠢ ᠪᠠᠢᠬᠤ ᠬᠡᠷᠡᠭᠲᠡᠢ ᠃
 2 ᠂ ᠬᠠᠷᠢᠯᠴᠠᠬᠤ ᠠᠷᠭ᠎ᠠ ᠮᠠᠶᠢᠭ ᠢ᠋ᠶ᠋ᠠᠨ ᠲᠣᠳᠣᠷᠬᠠᠢᠯᠠᠬᠤ
 ᠬᠡᠷᠪᠡ ᠡᠷᠬᠡ ᠣᠯᠭᠣᠭᠰᠠᠨ ᠦᠭᠡᠢ ᠪᠦᠲᠦᠭᠡᠯ ᠢ᠋  ᠰᠢᠯᠵᠢᠭᠦᠯᠦᠨ ᠨᠡᠢᠲᠡᠯᠡᠬᠦ ᠭᠡᠪᠡᠯ ᠂ ᠪᠠᠰᠠ ᠡᠷᠬᠡᠲᠦ ᠬᠥᠮᠦᠨ ᠲᠡᠢ ᠬᠠᠷᠢᠯᠴᠠᠬᠤ ᠶ᠋ᠢᠨ ᠠᠷᠭ᠎ᠠ ᠦᠭᠡᠢ ᠪᠠᠢᠳᠠᠯ ᠂ ᠵᠣᠬᠢᠶᠠᠯ ᠤ᠋ᠨ ᠰᠡᠭᠦᠯ ᠦ᠋ᠨ ᠬᠡᠰᠡᠭ ᠲᠦ᠍ ᠬᠠᠮᠢᠶ᠎ᠠ ᠪᠦᠬᠦᠢ ᠪᠠᠢᠳᠠᠯ ᠢ᠋ ᠲᠣᠳᠣᠷᠬᠠᠢᠯᠠᠬᠤ ᠶ᠋ᠢ ᠰᠠᠨᠠᠭᠤᠯᠵᠤ ᠪᠣᠯᠤᠨ᠎ᠠ ᠂ ᠵᠢᠱ᠌ᠢᠶᠡᠯᠡᠪᠡᠯ ᠵᠣᠬᠢᠶᠠᠯ ᠤ᠋ᠨ ᠳᠣᠣᠷ᠎ᠠ ᠲᠠᠯ᠎ᠠ ᠳ᠋ᠤ᠌ ᠄ 《 ᠲᠤᠰ ᠵᠣᠬᠢᠶᠠᠯ ᠨᠢ ᠢᠨᠲ᠋ᠧᠷ ᠰᠦᠯᠵᠢᠶᠡᠨ ᠡᠴᠡ ᠢᠷᠡᠯᠲᠡ ᠲᠡᠢ ᠪᠠᠢᠵᠤ ᠂ ᠬᠡᠷᠪᠡ ᠡᠷᠬᠡ ᠳ᠋ᠦ᠍ ᠬᠠᠯᠳᠠᠪᠠᠯ ᠬᠠᠷᠢᠯᠴᠠᠨ ᠬᠠᠰᠤᠨ᠎ᠠ 》 ᠡᠰᠡᠬᠦᠯ᠎ᠡ 《 ᠡᠬᠡ ᠪᠢᠴᠢᠭ ᠦ᠋ᠨ ᠵᠠᠷᠤᠳᠠᠯ ᠢ᠋ ᠠᠪᠤᠬᠤ ᠬᠠᠷᠢᠯᠴᠠᠬᠤ ᠠᠷᠭ᠎ᠠ ᠮᠠᠶᠢᠭ 》 ᠵᠡᠷᠭᠡ ᠪᠠᠢᠵᠤ ᠪᠣᠯᠤᠨ᠎ᠠ ᠃
 3 ᠂ ᠬᠠᠷᠠᠭᠠᠨ ᠳᠠᠪᠲᠠᠮᠵᠢ ᠶ᠋ᠢ  ᠰᠢᠯᠵᠢᠭᠦᠯᠦᠨ ᠨᠡᠢᠲᠡᠯᠡᠵᠦ ᠡᠷᠬᠡ ᠳ᠋ᠦ᠍ ᠬᠠᠯᠳᠠᠬᠤ ᠠ᠋ᠴᠠ ᠵᠠᠢᠯᠠᠰᠬᠢᠨ᠎ᠡ
 《 ᠮᠡᠳᠡᠭᠡ ᠵᠠᠩᠭᠢ ᠶ᠋ᠢᠨ ᠲᠣᠣᠷ ᠰᠦᠯᠵᠢᠶᠡᠨ ᠦ᠌ ᠳᠠᠮᠵᠢᠭᠤᠯᠬᠤ ᠡᠷᠬᠡ ᠶ᠋ᠢ ᠬᠠᠮᠠᠭᠠᠯᠠᠬᠤ ᠳᠦᠷᠢᠮ 》  ᠦ᠋ᠨ ᠬᠣᠯᠪᠣᠭᠳᠠᠯ ᠪᠦᠬᠦᠢ ᠲᠣᠭᠲᠠᠭᠠᠯ ᠢ᠋ ᠦᠨᠳᠦᠰᠦᠯᠡᠪᠡᠯ ᠂ ᠲᠣᠣᠷ ᠰᠦᠯᠵᠢᠶ᠎ᠡ ᠨᠢ ᠪᠤᠰᠤᠳ ᠤ᠋ᠨ ᠳᠠᠭᠤ  ᠰᠢᠩᠭᠡᠭᠡᠯᠲᠡ ᠳᠦᠷᠰᠦ  ᠰᠢᠩᠭᠡᠭᠡᠯᠲᠡ ᠶ᠋ᠢᠨ ᠪᠦᠲᠦᠭᠡᠯ ᠢ᠋ ᠭᠢᠨᠵᠢᠯᠡᠬᠦ ᠳ᠋ᠡᠭᠡᠨ ᠡᠷᠬᠡ ᠳ᠋ᠦ᠍ ᠬᠠᠯᠳᠠᠭᠰᠠᠨ ᠬᠠᠮᠲᠤ ᠶ᠋ᠢᠨ ᠬᠠᠷᠢᠭᠤᠴᠠᠯᠭ᠎ᠠ ᠶ᠋ᠢ ᠡᠭᠦᠷᠭᠡᠯᠡᠬᠦ ᠬᠡᠷᠡᠭᠲᠡᠢ ᠃ ᠬᠡᠷᠪᠡ ᠡᠷᠬᠡᠲᠦ ᠬᠥᠮᠦᠨ ᠲᠡᠢ ᠬᠠᠷᠢᠯᠴᠠᠬᠤ ᠶ᠋ᠢᠨ ᠠᠷᠭ᠎ᠠ ᠦᠭᠡᠢ ᠳᠦᠷᠰᠦ  ᠰᠢᠩᠭᠡᠭᠡᠯᠲᠡ ᠶ᠋ᠢ  ᠰᠢᠯᠵᠢᠭᠦᠯᠦᠨ ᠬᠡᠷᠡᠭᠯᠡᠬᠦ ᠦᠨᠡᠨᠬᠦ ᠴᠢᠬᠤᠯᠠ ᠲᠠᠢ ᠪᠣᠯ 《 ᠵᠣᠬᠢᠶᠠᠯ ᠪᠦᠲᠦᠭᠡᠯ ᠦ᠋ᠨ ᠡᠷᠬᠡ ᠶ᠋ᠢᠨ ᠬᠠᠤᠯᠢ 》 ᠂ 《 ᠵᠣᠬᠢᠶᠠᠯ ᠪᠦᠲᠦᠭᠡᠯ ᠦ᠋ᠨ ᠡᠷᠬᠡ ᠶ᠋ᠢᠨ ᠬᠠᠮᠲᠤ ᠶ᠋ᠢᠨ ᠬᠠᠮᠢᠶᠠᠷᠤᠯᠲᠠ ᠶ᠋ᠢᠨ ᠳᠦᠷᠢᠮ 》  ᠦ᠋ᠨ ᠬᠣᠯᠪᠣᠭᠳᠠᠯ ᠪᠦᠬᠦᠢ ᠲᠣᠭᠲᠠᠭᠠᠯ ᠢ᠋ ᠦᠨᠳᠦᠰᠦᠯᠡᠨ ᠂ ᠳᠤᠮᠳᠠᠳᠤ ᠤᠯᠤᠰ ᠤ᠋ᠨ ᠬᠡᠪᠯᠡᠯ ᠦ᠋ᠨ ᠡᠷᠬᠡ ᠶ᠋ᠢᠨ ᠨᠡᠢᠭᠡᠮᠯᠢᠭ ᠪᠣᠯᠤᠨ ᠮᠡᠳᠡᠯᠭᠡ ᠶ᠋ᠢᠨ ᠪᠦᠲᠦᠭᠡᠭᠳᠡᠬᠦᠨ ᠦ᠌ ᠡᠷᠬᠡ ᠶ᠋ᠢ ᠬᠠᠮᠠᠭᠠᠯᠠᠬᠤ ᠲᠥᠪ ᠲᠦ᠍ ᠨᠠᠢᠳᠠᠵᠤ ᠡᠬᠡ ᠪᠢᠴᠢᠭ  ᠰᠢᠯᠵᠢᠭᠦᠯᠬᠦ ᠰᠦᠢᠳᠭᠡᠯ ᠬᠤᠷᠢᠶᠠᠯᠭᠠᠵᠤ ᠂ ᠡᠷᠬᠡ ᠳ᠋ᠦ᠍ ᠬᠠᠯᠳᠠᠬᠤ ᠠ᠋ᠴᠠ ᠵᠠᠢᠯᠠᠰᠬᠢᠵᠦ ᠪᠣᠯᠤᠨ᠎ᠠ ᠃
 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )