ᠥᠨᠳᠥᠷ ᠠᠰᠢᠭᠲᠤ ᠲᠦᠷᠭᠡᠨ ᠰᠢᠭᠦᠯᠲᠡ ᠂ ᠬᠦᠨᠳᠦ ᠨᠣᠴᠢᠲᠠᠢ ᠪᠠᠷ ᠳᠠᠭᠠᠷᠢᠯ᠎ᠠ — ᠬᠣᠲᠠ ᠶ᠋ᠢᠨ ᠳᠤᠮᠳᠠ ᠬᠣᠷᠢᠶᠠᠨ ᠤ᠋ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠮᠲᠤᠷᠠᠨ ᠵᠥᠪᠯᠡᠬᠦ ᠲᠢᠩᠬᠢᠮ ᠡᠴᠡ ᠲᠠᠸᠠᠷ ᠤ᠋ᠨ ᠲᠡᠮᠳᠡᠭ ᠢ᠋ ᠬᠠᠭᠤᠷᠮᠠᠭᠯᠠᠨ ᠪᠣᠷᠣᠯᠠᠭᠤᠯᠤᠭᠰᠠᠨ ᠲᠠᠸᠠᠷ ᠭᠡᠵᠦ ᠰᠢᠭᠦᠨ ᠲᠠᠰᠤᠯᠤᠭᠰᠠᠨ ᠶᠠᠯ᠎ᠠ
2020.09.18 ᠲᠣᠰ ᠥᠷᠲᠡᠭᠡᠨ᠎ᠦ ᠨᠠᠢᠷᠠᠭᠤᠯᠤᠭᠴᠢ

4 ᠰᠠᠷ᠎ᠠ ᠶ᠋ᠢᠨ 10 ᠤ᠋ ᠡᠳᠦᠷ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢᠨ ᠮᠡᠳᠡᠯᠭᠡ ᠶ᠋ᠢᠨ ᠪᠦᠲᠦᠭᠡᠭᠳᠡᠬᠦᠨ ᠦ᠌ ᠥᠮᠴᠢᠯᠡᠬᠦ ᠡᠷᠬᠡ ᠶ᠋ᠢᠨ ᠬᠠᠮᠲᠤᠷᠠᠨ ᠵᠥᠪᠯᠡᠬᠦ ᠲᠢᠩᠬᠢᠮ ᠦ᠋ᠨ ᠰᠦᠯᠵᠢᠶ᠎ᠡ ᠨᠢ ᠵᠠᠭᠠᠯᠳᠤᠭᠳᠠᠭᠴᠢ ᠯᠢᠦ ᠣᠪᠣᠭᠲᠤ ᠶ᠋ᠢᠨ ᠬᠠᠭᠤᠷᠮᠠᠭ ᠳᠠᠩᠰᠠᠯᠠᠭᠤᠯᠤᠭᠰᠠᠨ ᠲᠠᠸᠠᠷ ᠤ᠋ᠨ ᠲᠡᠮᠳᠡᠭᠲᠦ ᠶ᠋ᠢ ᠪᠣᠷᠣᠯᠠᠭᠤᠯᠤᠭᠰᠠᠨ ᠲᠠᠸᠠᠷ ᠲᠤ᠌ ᠬᠠᠯᠳᠠᠭᠰᠠᠨ ᠬᠡᠷᠡᠭ ᠢ᠋  ᠰᠢᠭᠦᠨ ᠲᠠᠰᠤᠯᠤᠭᠰᠠᠨ ᠪᠥᠭᠡᠳ ᠲᠤᠬᠠᠢ ᠶ᠋ᠢᠨ ᠲᠢᠩᠬᠢᠮ ᠳ᠋ᠦ᠍  ᠰᠢᠭᠦᠨ ᠲᠠᠰᠤᠯᠵᠤ᠂ ᠵᠠᠭᠠᠯᠳᠤᠭᠳᠠᠭᠴᠢ ᠯᠢᠦ ᠣᠪᠣᠭᠲᠤ ᠶ᠋ᠢ ᠬᠠᠤᠯᠢ ᠶᠣᠰᠣᠭᠠᠷ ᠨᠢᠭᠡ ᠵᠢᠯ ᠵᠢᠷᠭᠤᠭᠠᠨ ᠰᠠᠷ᠎ᠠ ᠬᠣᠷᠢᠬᠤ ᠪᠠᠷ  ᠰᠢᠢᠳᠭᠡᠵᠦ᠂ ᠠᠷᠪᠠᠨ ᠲᠦᠮᠡᠨ ᠲᠥᠭᠥᠷᠢᠭ ᠦ᠋ᠨ ᠵᠣᠭᠣᠰ ᠢ᠋ᠶ᠋ᠠᠷ ᠲᠣᠷᠭᠠᠬᠤ ᠪᠠᠷ ᠨᠡᠢᠯᠡᠭᠦᠯᠦᠨ  ᠰᠢᠢᠳᠭᠡᠪᠡᠯ ᠃ ᠬᠢᠵᠢᠭ ᠦ᠋ᠨ ᠨᠥᠯᠥᠭᠡ ᠡᠴᠡ ᠪᠣᠯᠵᠤ ᠂ ᠲᠤᠰ ᠬᠡᠷᠡᠭ ᠨᠢ ᠠᠯᠤᠰᠵᠢᠯ ᠬᠠᠷᠠᠭᠠᠨ ᠳᠠᠪᠲᠠᠮᠵᠢ ᠶ᠋ᠢᠨ ᠠᠷᠭ᠎ᠠ ᠪᠠᠷ ᠳᠠᠮᠵᠢᠭᠤᠯᠤᠨ ᠵᠠᠭᠠᠯᠳᠤᠭᠳᠠᠭᠴᠢ ᠪᠠᠷ  ᠳᠡᠭᠡᠭᠰᠢ ᠠᠪᠠᠴᠢᠵᠤ  ᠰᠢᠭᠦᠨ᠎ᠡ ᠃ 2018 ᠣᠨ ᠠ᠋ᠴᠠ ᠣᠳᠣ ᠪᠣᠯᠲᠠᠯ᠎ᠠ ᠵᠠᠭᠠᠯᠳᠤᠭᠳᠠᠭᠴᠢ ᠯᠢᠦ ᠣᠪᠣᠭᠲᠤ ᠳᠣᠣᠷ᠎ᠠ ᠦᠨ᠎ᠡ ᠪᠡᠷ ᠶᠡᠬᠡ ᠬᠡᠮᠵᠢᠶᠡᠨ ᠦ᠌ ᠬᠠᠭᠤᠷᠮᠠᠭ ᠨᠡᠷᠡᠲᠦ ᠲᠡᠮᠳᠡᠭᠲᠦ ᠠᠷᠢᠬᠢ ᠲᠠᠮᠠᠬᠢ ᠬᠤᠳᠠᠯᠳᠤᠨ ᠠᠪᠴᠤ ᠂ ᠲᠡᠭᠦᠨ ᠢ᠋ ᠳ᠋ᠦᠩᠱᠸᠩ ᠲᠣᠭᠣᠷᠢᠭ ᠤ᠋ᠨ ᠣᠯᠢᠮᠫᠢᠺ ᠤ᠋ᠨ ᠴᠡᠴᠡᠷᠯᠢᠭ ᠦ᠋ᠨ ᠡᠮᠦᠨ᠎ᠡ ᠲᠠᠯ᠎ᠠ ᠶ᠋ᠢᠨ ᠠᠬᠠᠯᠠᠭᠴᠢ ᠱᠠᠩ ᠣᠪᠣᠭᠲᠤ ᠠᠷᠢᠬᠢ ᠲᠠᠮᠠᠬᠢ ᠴᠠᠢ ᠶ᠋ᠢᠨ ᠬᠡᠳᠦ ᠳᠡᠯᠭᠡᠭᠦᠷ ᠡᠴᠡ ᠪᠣᠷᠣᠯᠠᠭᠤᠯᠵᠠᠢ ᠃
 

ᠬᠡᠷᠡᠭ ᠭᠠᠷᠤᠭᠰᠠᠨ ᠲᠤᠬᠠᠢ ᠶ᠋ᠢᠨ ᠡᠳᠦᠷ᠂ ᠬᠡᠷᠡᠭ  ᠰᠢᠢᠳᠪᠦᠷᠢᠯᠡᠭᠰᠡᠨ ᠠᠷᠠᠳ ᠤ᠋ᠨ ᠴᠠᠭᠳᠠᠭ᠎ᠠ ᠲᠡᠭᠦᠨ ᠦ᠌ ᠲᠡᠷᠭᠡᠨ ᠳᠣᠲᠣᠷ᠎ᠠ ᠠ᠋ᠴᠠ 《 ᠳᠤᠮᠳᠠᠳᠤ》 ᠶ᠋ᠢᠨ ᠲᠠᠮᠠᠬᠢᠴᠢ᠂ 《 ᠭᠦᠢᠵᠧᠦ ᠶ᠋ᠢᠨ ᠮᠣᠤ ᠲᠠᠢ 》 ᠠᠷᠢᠬᠢ ᠂《 ᠵᠢᠶᠠᠨ ᠨᠠᠨ ᠴᠤᠨ》 ᠠᠷᠢᠬᠢ ᠂《 ᠡᠦ ᠯᠢᠶᠠᠩ ᠶᠧ ᠠᠷᠢᠬᠢ 》 ᠂《 ᠱᠦᠢ ᠵᠢᠩ ᠹᠠᠩ》 ᠠᠷᠢᠬᠢ ᠵᠡᠷᠭᠡ ᠬᠤᠳᠠᠯ ᠬᠠᠭᠤᠷᠮᠠᠭ ᠳᠠᠩᠰᠠᠯᠠᠭᠤᠯᠤᠭᠰᠠᠨ ᠲᠠᠸᠠᠷ ᠤ᠋ᠨ ᠲᠡᠮᠳᠡᠭ ᠢ᠋ ᠣᠯᠤᠭᠰᠠᠨ ᠠᠷᠢᠬᠢ ᠲᠠᠮᠠᠬᠢ ᠶ᠋ᠢ ᠪᠠᠢᠴᠠᠭᠠᠨ ᠢᠯᠡᠷᠡᠭᠦᠯᠵᠦ᠂ ᠬᠠᠤᠯᠢ ᠪᠤᠰᠤ ᠪᠠᠷ ᠡᠵᠡᠩᠨᠡᠭᠰᠡᠨ ᠲᠣᠭ᠎ᠠ ᠨᠢ 241667 ᠲᠥᠭᠥᠷᠢᠭ ᠲᠦ᠍ ᠬᠦᠷᠴᠦ᠂ ᠵᠠᠭᠠᠯᠳᠤᠭᠳᠠᠭᠴᠢ ᠯᠢᠦ ᠣᠪᠣᠭᠲᠤ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠳ᠋ᠤ᠌ ᠪᠠᠷᠢᠪᠴᠢᠯᠠᠭᠳᠠᠭᠰᠠᠨ ᠤ᠋ ᠳᠠᠷᠠᠭ᠎ᠠ ᠥᠪᠡᠷ ᠦ᠋ᠨ ᠰᠠᠨᠠᠭ᠎ᠠ ᠪᠠᠨ ᠦᠨᠡᠨ ᠮᠥᠨ ᠢ᠋ᠶ᠋ᠡᠷ ᠨᠢ ᠥᠴᠢᠭᠯᠡᠪᠡ᠃
 ᠬᠠᠮᠲᠤᠷᠠᠨ ᠵᠥᠪᠯᠡᠬᠦ ᠲᠢᠩᠬᠢᠮ ᠦ᠋ᠨ  ᠰᠢᠭᠦᠯᠲᠡ ᠶ᠋ᠢᠨ ᠦᠵᠡᠬᠦ ᠪᠡᠷ ᠂ ᠵᠠᠭᠠᠯᠳᠤᠭᠳᠠᠭᠴᠢ ᠯᠢᠦ ᠣᠪᠣᠭᠲᠤ ᠪᠣᠯ ᠬᠠᠭᠤᠷᠮᠠᠭ ᠳᠠᠩᠰᠠᠯᠠᠭᠤᠯᠤᠭᠰᠠᠨ ᠲᠠᠸᠠᠷ ᠤ᠋ᠨ ᠲᠡᠮᠳᠡᠭᠲᠦ ᠪᠣᠯᠬᠤ ᠶ᠋ᠢ ᠮᠡᠳᠡᠵᠦ ᠪᠠᠢᠭᠠᠳ ᠲᠠᠸᠠᠷ ᠮᠥᠨ ᠂ ᠪᠣᠷᠣᠯᠠᠭᠤᠯᠤᠭᠰᠠᠨ ᠵᠣᠭᠣᠰ ᠤ᠋ᠨ ᠲᠣᠭ᠎ᠠ ᠨᠢ ᠨᠡᠯᠢᠶᠡᠳ ᠶᠡᠬᠡ ᠂ ᠲᠡᠭᠦᠨ ᠦ᠌ ᠠᠵᠢᠯᠯᠠᠭ᠎ᠠ ᠨᠢ ᠨᠢᠭᠡᠨᠲᠡ ᠬᠤᠳᠠᠯ ᠬᠠᠭᠤᠷᠮᠠᠭ ᠳᠠᠩᠰᠠᠯᠠᠭᠤᠯᠤᠭᠰᠠᠨ ᠲᠠᠸᠠᠷ ᠤ᠋ᠨ ᠲᠡᠮᠳᠡᠭᠲᠦ ᠶ᠋ᠢ ᠬᠠᠭᠤᠷᠮᠠᠭᠯᠠᠨ ᠬᠡᠷᠡᠭᠯᠡᠭᠰᠡᠨ ᠲᠠᠸᠠᠷ ᠪᠣᠷᠣᠯᠠᠭᠤᠯᠤᠭᠰᠠᠨ ᠶᠠᠯ᠎ᠠ ᠪᠣᠯᠵᠠᠢ ᠃ ᠵᠠᠭᠠᠯᠳᠤᠭᠳᠠᠭᠴᠢ ᠯᠢᠦ ᠣᠪᠣᠭᠲᠤ ᠥᠪᠡᠷ ᠦ᠋ᠨ ᠰᠠᠢᠨ ᠳᠤᠷ᠎ᠠ ᠠ᠋ᠴᠠ ᠪᠠᠨ ᠶᠠᠯ᠎ᠠ ᠬᠢᠭᠰᠡᠨ ᠢ᠋ ᠮᠠᠭᠠᠳᠯᠠᠨ ᠨᠤᠲᠠᠯᠠᠬᠤ ᠲᠠᠢ ᠤᠶᠠᠯᠳᠤᠭᠤᠯᠤᠨ ᠂ ᠬᠢᠭᠡ ᠦᠭᠡᠢ ᠂ ᠴᠠᠭᠠᠪᠤᠷᠯᠠᠨ ᠬᠢᠵᠦ ᠬᠥᠩᠭᠡᠨ ᠦᠢᠯᠡ ᠪᠠᠢᠳᠠᠯ ᠲᠠᠢ ᠪᠥᠭᠡᠳ ᠲᠤᠰ ᠬᠡᠷᠡᠭ ᠦ᠋ᠨ ᠠᠷᠢᠬᠢ ᠲᠠᠮᠠᠬᠢ ᠶ᠋ᠢᠨ ᠲᠥᠷᠥᠯ ᠦ᠋ᠨ ᠢᠳᠡᠭᠡᠨ ᠦ᠌ ᠬᠦᠷᠢᠶ᠎ᠡ ᠬᠡᠪᠴᠢᠶᠡᠨ ᠳ᠋ᠡᠬᠢ ᠡᠷᠬᠡ ᠳ᠋ᠦ᠍ ᠬᠠᠯᠳᠠᠭᠰᠠᠨ ᠶᠠᠯᠠᠲᠤ ᠬᠡᠷᠡᠭ ᠲᠦ᠍ ᠬᠣᠯᠪᠣᠭᠳᠠᠬᠤ ᠶ᠋ᠢ ᠪᠣᠳᠣᠯᠬᠢᠯᠠᠵᠤ ᠂ ᠬᠠᠮᠲᠤᠷᠠᠨ ᠵᠥᠪᠯᠡᠬᠦ ᠲᠢᠩᠬᠢᠮ ᠲᠦᠷᠭᠡᠨ  ᠰᠢᠭᠦᠵᠦ ᠳᠠᠭᠤᠰᠭᠠᠬᠤ ᠶ᠋ᠢ ᠲᠦᠷᠭᠡᠳᠭᠡᠵᠦ ᠂ ᠵᠠᠭᠠᠯᠳᠤᠭᠳᠠᠭᠴᠢ ᠯᠢᠦ ᠣᠪᠣᠭᠲᠤ ᠶ᠋ᠢ  ᠰᠢᠭᠦᠨ ᠲᠠᠰᠤᠯᠬᠤ ᠶ᠋ᠢᠨ ᠬᠠᠮᠲᠤ ᠲᠢᠩᠬᠢᠮ ᠳᠡᠭᠡᠷ᠎ᠡ ᠨᠢ ᠵᠠᠭᠠᠯᠳᠤᠭᠰᠠᠨ ᠦᠭᠡᠢ ᠭᠡᠵᠦ ᠢᠯᠡᠳᠭᠡᠪᠡ ᠃
 ᠰᠢᠨ᠎ᠡ ᠲᠢᠲᠢᠮ ᠪᠠ ᠠᠭᠤᠰᠭᠢ ᠦᠷᠪᠢᠰᠦᠯ ᠦ᠋ᠨ ᠬᠢᠵᠢᠭ ᠦ᠋ᠨ ᠪᠠᠢᠳᠠᠯ ᠤ᠋ᠨ ᠬᠤᠭᠤᠴᠠᠭᠠᠨ ᠳ᠋ᠤ᠌ ᠂ ᠣᠷᠳᠣᠰ ᠬᠣᠲᠠ ᠶ᠋ᠢᠨ ᠬᠠᠤᠯᠢ ᠴᠠᠭᠠᠵᠠ ᠪᠠᠢᠴᠠᠭᠠᠬᠤ ᠬᠣᠶᠠᠷ ᠬᠣᠷᠢᠶ᠎ᠠ ᠢᠨᠲ᠋ᠧᠷ ᠰᠦᠯᠵᠢᠶᠡᠨ ᠦ᠌ ᠮᠡᠷᠭᠡᠵᠢᠯ ᠢ᠋  ᠠᠰᠢᠭᠯᠠᠨ᠂ ᠥᠨᠳᠥᠷ ᠪᠦᠲᠦᠮᠵᠢᠲᠡᠢ ᠲᠦᠷᠭᠡᠨ  ᠰᠢᠢᠳᠪᠦᠷᠢᠯᠡᠭᠰᠡᠨ ᠬᠡᠷᠡᠭ ᠦ᠋ᠨ ᠦᠷ᠎ᠡ ᠪᠦᠲᠦᠮᠵᠢ ᠳᠣᠪᠣᠢᠮ᠎ᠠ ᠪᠠᠢᠵᠤ ᠂ ᠲᠤᠰ ᠤᠳᠠᠭᠠᠨ ᠤ᠋ ᠲᠢᠩᠬᠢᠮ ᠦ᠋ᠨ  ᠰᠢᠭᠦᠯᠲᠡ ᠶ᠋ᠢᠨ ᠶᠠᠪᠤᠴᠠ ᠶ᠋ᠢᠨ ᠵᠢᠷᠤᠭ ᠳᠦᠷᠰᠦ ᠨᠢ ᠲᠣᠳᠣᠷᠬᠠᠢ ᠂ ᠰᠦᠯᠵᠢᠶᠡᠨ ᠦ᠌ ᠬᠤᠷᠳᠤᠴᠠ ᠨᠢ ᠰᠠᠭᠠᠳ ᠦᠭᠡᠢ ᠂ ᠵᠢᠷᠤᠮ ᠨᠢ ᠵᠢᠷᠤᠮᠵᠢᠭᠰᠠᠨ ᠪᠠᠢᠵᠤ ᠂ ᠪᠠᠢᠴᠠᠭᠠᠬᠤ ᠬᠣᠷᠢᠶ᠎ᠠ ᠂  ᠰᠢᠭᠦᠬᠦ ᠬᠣᠷᠢᠶ᠎ᠠ ᠂ ᠰᠠᠬᠢᠨ ᠬᠠᠷᠠᠬᠤ ᠭᠠᠵᠠᠷ ᠤ᠋ᠨ 《 ᠬᠠᠷᠢᠯᠴᠠᠭᠰᠠᠨ ᠦᠭᠡᠢ 》 ᠰᠢᠭᠦᠯᠲᠡ ᠡᠬᠢᠯᠡᠭᠦᠯᠦᠨ  ᠰᠢᠭᠦᠨ  ᠰᠢᠢᠳᠪᠦᠷᠢᠯᠡᠬᠦ ᠶ᠋ᠢ ᠦᠨᠡᠨ ᠬᠦ᠌ ᠪᠡᠶᠡᠯᠡᠭᠦᠯᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )