ᠬᠡᠪ ᠦ᠋ᠨ ᠰᠢᠭᠦᠨ ᠲᠠᠰᠤᠯᠤᠯᠲᠠ ᠶ᠋ᠢᠨ ᠠᠵᠢᠯ ᠤ᠋ᠨ ᠡᠮᠬᠢ ᠵᠢᠷᠤᠮ ᠢ᠋ ᠰᠡᠷᠭᠦᠭᠡᠭᠰᠡᠨ ᠦ᠌ ᠳᠠᠷᠠᠭᠠᠬᠢ ᠬᠡᠷᠡᠭ ᠢ᠋ ᠰᠢᠭᠦᠬᠦ ᠠᠵᠢᠯ ᠢ᠋ ᠤᠯᠠᠮ ᠨᠢᠭᠡ ᠠᠯᠬᠤᠮ ᠰᠠᠢᠲᠤᠷ ᠬᠢᠵᠦ ᠂ ᠬᠡᠷᠡᠭ ᠰᠢᠢᠳᠪᠦᠷᠢᠯᠡᠬᠦ ᠶᠠᠰᠤ ᠴᠢᠨᠠᠷ ᠤ᠋ᠨ ᠦᠷ᠎ᠡ ᠳ᠋ᠦᠩ ᠂ ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠬᠢᠷᠢ ᠬᠡᠮᠵᠢᠶ᠎ᠡ ᠂ ᠮᠡᠳᠡᠭᠡ ᠵᠠᠩᠬᠢᠴᠢᠯᠠᠭᠰᠠᠨ ᠬᠡᠷᠡᠭᠯᠡᠭᠡᠨ ᠦ᠌ ᠬᠢᠷᠢ ᠬᠡᠮᠵᠢᠶ᠎ᠡ ᠪᠠ ᠬᠠᠮᠲᠤᠷᠠᠨ ᠵᠥᠪᠯᠡᠬᠦ ᠲᠢᠩᠬᠢᠮ ᠦ᠋ᠨ ᠨᠢᠭᠲᠠᠷᠠᠯ ᠤ᠋ᠨ ᠬᠦᠴᠦᠨ ᠂ ᠳᠠᠢᠴᠢᠨ ᠬᠦᠴᠦᠨ ᠢ᠋ ᠳᠡᠭᠡᠭᠰᠢᠯᠡᠭᠦᠯᠬᠦ ᠶ᠋ᠢᠨ ᠲᠥᠯᠥᠭᠡ ᠃ 3 ᠰᠠᠷ᠎ᠠ ᠶ᠋ᠢᠨ 30 ᠤ᠋ ᠡᠳᠦᠷ ᠦ᠋ᠨ ᠦᠳᠡ ᠶ᠋ᠢᠨ ᠬᠣᠢᠨ᠎ᠠ ᠂ ᠬᠣᠲᠠ ᠶ᠋ᠢᠨ ᠳᠤᠮᠳᠠ ᠰᠤᠷᠭᠠᠭᠤᠯᠢ ᠶ᠋ᠢᠨ ᠬᠥᠳᠡᠯᠮᠦᠷᠢ ᠶ᠋ᠢᠨ ᠵᠠᠮ ᠬᠠᠷᠢᠯᠴᠠᠭ᠎ᠠ ᠡᠮ ᠡᠮᠨᠡᠯᠭᠡ ᠰᠤᠷᠭᠠᠨ ᠬᠥᠮᠦᠵᠢᠯ ᠦ᠋ᠨ ᠬᠠᠮᠲᠤᠷᠠᠨ ᠵᠥᠪᠯᠡᠬᠦ ᠲᠢᠩᠬᠢᠮ ᠰᠠᠯᠠᠭ᠎ᠠ ᠮᠥᠴᠢᠷ ᠦ᠋ᠨ ᠬᠤᠷᠠᠯ ᠬᠤᠷᠠᠯᠳᠤᠭᠤᠯᠵᠤ ᠂ 2020 ᠣᠨ ᠤ᠋ ᠨᠢᠭᠡᠳᠦᠭᠡᠷ ᠤᠯᠠᠷᠢᠯ ᠤ᠋ᠨ ᠬᠠᠮᠲᠤᠷᠠᠨ ᠵᠥᠪᠯᠡᠬᠦ ᠲᠢᠩᠬᠢᠮ ᠦ᠋ᠨ ᠡᠯ᠎ᠡ ᠵᠦᠢᠯ ᠦ᠋ᠨ ᠠᠵᠢᠯ ᠢ᠋ ᠳ᠋ᠦᠩᠨᠡᠨ ᠡᠮᠬᠢᠯᠡᠵᠦ ᠂ ᠳᠠᠷᠠᠭᠠᠴᠢ ᠶ᠋ᠢᠨ ᠱᠠᠲᠤᠨ ᠤ᠋ ᠠᠵᠢᠯ ᠤ᠋ᠨ ᠭᠣᠣᠯᠳᠠᠯᠭ᠎ᠠ ᠪᠠ ᠴᠢᠷᠮᠠᠢᠬᠤ ᠴᠢᠭᠯᠡᠯ ᠢ᠋ ᠰᠤᠳᠤᠯᠤᠨ ᠪᠠᠢᠷᠢᠯᠠᠭᠤᠯᠵᠠᠢ ᠃
ᠬᠤᠷᠠᠯ ᠠ᠋ᠴᠠ 《 ᠪᠦᠬᠦ ᠣᠷᠣᠨ ᠤ᠋ ᠰᠢᠭᠦᠬᠦ ᠬᠣᠷᠢᠶᠠᠨ ᠤ᠋ ᠬᠡᠪ ᠦ᠋ᠨ ᠰᠢᠭᠦᠨ ᠲᠠᠰᠤᠯᠤᠯᠲᠠ ᠶ᠋ᠢᠨ ᠠᠵᠢᠯ ᠤ᠋ᠨ ᠡᠮᠬᠢ ᠵᠢᠷᠤᠮ ᠢ᠋ ᠰᠡᠷᠭᠦᠭᠡᠬᠦ ᠲᠤᠬᠠᠢ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠥᠨᠳᠥᠷ ᠵᠡᠷᠭᠡ ᠶ᠋ᠢᠨ ᠰᠢᠭᠦᠬᠦ ᠬᠣᠷᠢᠶᠠᠨ ᠤ᠋ ᠮᠡᠳᠡᠭᠳᠡᠯ 》 ᠦ᠋ᠨ ᠵᠣᠷᠢᠭ ᠰᠠᠨᠠᠭ᠎ᠠ ᠪᠠ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠰᠦ᠍ ᠯᠢ ᠴᠡᠷᠢᠭ ᠦ᠋ᠨ ᠲᠥᠯᠥᠭᠡᠯᠡᠭᠴᠢᠳ ᠦ᠋ᠨ ᠬᠣᠷᠢᠶᠠᠨ ᠳᠠᠷᠤᠭ᠎ᠠ ᠶ᠋ᠢᠨ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠳᠠᠷᠤᠭ᠎ᠠ ᠨᠠᠷ ᠤ᠋ᠨ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠶ᠋ᠢ ᠲᠥᠪᠯᠡᠷᠡᠭᠦᠯᠦᠨ ᠰᠤᠷᠤᠯᠴᠠᠵᠤ ᠂ ᠪᠠᠷᠢᠮᠵᠢᠶᠠᠲᠤ ᠨᠠᠮ ᠤ᠋ᠨ ᠤᠳᠤᠷᠢᠳᠬᠤ ᠳᠤᠭᠤᠢᠯᠠᠩ ᠨᠢ ᠪᠦᠬᠦ ᠬᠣᠲᠠ ᠶ᠋ᠢᠨ ᠱᠢᠭᠦᠬᠦ ᠬᠣᠷᠢᠶᠠᠨ ᠤ᠋ 2020 ᠣᠨ ᠤ᠋ ᠠᠵᠢᠯ ᠤ᠋ᠨ ᠪᠠᠢᠷᠢᠯᠠᠭᠤᠯᠤᠯᠲᠠ ᠶ᠋ᠢ ᠲᠣᠬᠢᠷᠠᠭᠤᠯᠬᠤ ᠵᠢᠴᠢ ᠳᠡᠭᠡᠳᠦ ᠵᠡᠷᠭᠡ ᠶ᠋ᠢᠨ ᠰᠢᠭᠦᠬᠦ ᠬᠣᠷᠢᠶᠠᠨ ᠤ᠋ ᠬᠡᠪ ᠦ᠋ᠨ ᠬᠢᠨᠠᠨ ᠲᠠᠰᠤᠯᠤᠯᠲᠠ ᠶ᠋ᠢ ᠰᠡᠷᠭᠦᠭᠡᠬᠦ ᠲᠤᠬᠠᠢ ᠪᠠᠢᠷᠢᠯᠠᠭᠤᠯᠤᠯᠲᠠ ᠬᠢᠵᠡᠢ ᠃
ᠬᠠᠮᠲᠤᠷᠠᠨ ᠵᠥᠪᠯᠡᠬᠦ ᠲᠢᠩᠬᠢᠮ ᠰᠠᠨᠠᠯ ᠨᠢᠭᠡᠲᠡᠢ ᠦᠵᠡᠭᠰᠡᠨ ᠨᠢ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠢᠷᠭᠡᠨ ᠦ᠌ ᠬᠡᠷᠡᠭ ᠢ᠋ ᠲᠦᠷᠭᠡᠨ ᠰᠢᠭᠦᠬᠦ ᠬᠠᠮᠲᠤᠷᠠᠨ ᠵᠥᠪᠯᠡᠬᠦ ᠲᠢᠩᠬᠢᠮ ᠪᠠᠢᠭᠤᠯᠤᠭᠳᠠᠭᠰᠠᠨ ᠤ᠋ ᠳᠠᠷᠠᠭ᠎ᠠ ᠂ ᠢᠷᠭᠡᠨ ᠦ᠌ ᠪᠠ ᠬᠤᠳᠠᠯᠳᠤᠭᠠᠨ ᠤ᠋ ᠬᠡᠷᠡᠭ ᠢ᠋ ᠰᠢᠭᠦᠨ ᠲᠠᠰᠤᠯᠬᠤ ᠬᠠᠮᠲᠤᠷᠠᠨ ᠵᠥᠪᠯᠡᠬᠦ ᠲᠢᠩᠬᠢᠮ ᠦ᠋ᠨ ᠬᠡᠷᠡᠭ ᠪᠦᠬᠦᠯᠢ ᠴᠣᠭᠴᠠ ᠨᠢ ᠪᠠᠭᠤᠷᠠᠬᠤ ᠬᠠᠨᠳᠤᠰᠢ ᠲᠠᠢ ᠪᠣᠯᠵᠤ ᠂ ᠬᠥᠳᠡᠯᠮᠦᠷᠢ ᠵᠠᠮ ᠬᠠᠷᠢᠯᠴᠠᠭ᠎ᠠ ᠡᠮ ᠡᠮᠨᠡᠯᠭᠡ ᠰᠤᠷᠭᠠᠨ ᠬᠥᠮᠦᠵᠢᠯ ᠦ᠋ᠨ ᠬᠠᠮᠲᠤᠷᠠᠨ ᠵᠥᠪᠯᠡᠬᠦ ᠲᠢᠩᠬᠢᠮ ᠡᠷᠬᠡᠪᠱᠢ 《 ᠶᠠᠷᠱᠢᠭ ᠲᠦᠪᠡᠭ ᠲᠡᠢ ᠬᠡᠷᠡᠭ ᠢ᠋ ᠨᠠᠷᠢᠯᠢᠭ ᠬᠢᠨᠠᠬᠤ 》 ᠵᠠᠷᠴᠢᠮ ᠢ᠋ ᠡᠵᠡᠮᠰᠢᠵᠦ ᠂ ᠠᠷᠠᠳ ᠤ᠋ᠨ ᠠᠮᠢᠳᠤᠷᠠᠯ ᠳ᠋ᠤ᠌ ᠬᠣᠯᠪᠣᠭᠳᠠᠭᠰᠠᠨ ᠬᠡᠷᠡᠭ ᠢ᠋ ᠰᠢᠭᠦᠨ ᠰᠢᠢᠳᠪᠦᠷᠢᠯᠡᠬᠦ ᠣᠨᠴᠠᠯᠢᠭ ᠲᠠᠢ ᠤᠶᠠᠯᠳᠤᠭᠤᠯᠤᠨ ᠂ ᠨᠡᠢᠭᠡᠮ ᠦ᠋ᠨ ᠵᠥᠷᠢᠴᠡᠯ ᠢ᠋ ᠰᠢᠢᠳᠪᠦᠷᠢᠯᠡᠬᠦ ᠶᠠᠪᠤᠳᠠᠯ ᠢ᠋ ᠲᠡᠷᠢᠭᠦᠨ ᠴᠢᠬᠤᠯᠠ ᠶᠠᠪᠤᠳᠠᠯ ᠪᠣᠯᠭᠠᠵᠤ ᠂ ᠭᠣᠣᠯᠳᠠᠭᠤ ᠳᠣᠣᠷᠠᠬᠢ ᠬᠡᠳᠦᠨ ᠲᠠᠯ᠎ᠠ ᠶ᠋ᠢ ᠥᠷᠨᠢᠭᠦᠯᠬᠦ ᠬᠡᠷᠡᠭᠲᠡᠢ ᠄
1 ᠂ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠵᠥᠷᠢᠴᠡᠯ ᠵᠢᠭᠤᠷᠠᠯᠳᠤᠭᠠᠨ ᠢ᠋ ᠬᠠᠤᠯᠢ ᠶᠣᠰᠣᠭᠠᠷ ᠯᠠᠪᠳᠠᠭᠤᠨ ᠢ᠋ᠶ᠋ᠠᠷ ᠰᠢᠢᠳᠪᠦᠷᠢᠯᠡᠬᠦ ᠶ᠋ᠢ ᠬᠡᠷᠡᠭ ᠢ᠋ ᠰᠢᠭᠦᠨ ᠰᠢᠢᠳᠪᠦᠷᠢᠯᠡᠬᠦ ᠶ᠋ᠢᠨ ᠡᠬᠢᠯᠡᠯᠲᠡ ᠪᠠ ᠵᠣᠭᠰᠣᠴᠠ ᠪᠣᠯᠭᠠᠵᠤ ᠂ ᠬᠡᠷᠡᠭ ᠢ᠋ ᠡᠶᠡᠳᠡᠭᠦᠯᠬᠦ ᠡᠷᠴᠢᠮ ᠢ᠋ᠶ᠋ᠡᠨ ᠴᠢᠩᠭᠠᠷᠠᠭᠤᠯᠵᠤ ᠂ ᠣᠯᠠᠨ ᠲᠦᠮᠡᠨ ᠦ᠌ ᠬᠦᠰᠡᠯ ᠱᠠᠭᠠᠷᠳᠠᠯᠭ᠎ᠠ ᠪᠠ ᠣᠯᠠᠨ ᠲᠦᠮᠡᠨ ᠦ᠌ ᠠᠩᠬᠠᠷᠤᠯ ᠳ᠋ᠤ᠌ ᠢᠳᠡᠪᠬᠢᠲᠡᠢ ᠪᠡᠷ ᠬᠠᠷᠢᠭᠤᠯᠲᠠ ᠥᠭᠴᠦ ᠂ ᠰᠢᠭᠦᠨ ᠲᠠᠰᠤᠯᠤᠭᠰᠠᠨ ᠤ᠋ ᠳᠠᠷᠠᠭ᠎ᠠ ᠰᠡᠵᠢᠭᠲᠡᠢ ᠠᠵᠢᠯ ᠳ᠋ᠤ᠌ ᠰᠠᠢᠲᠤᠷ ᠬᠠᠷᠢᠭᠤᠯᠲᠠ ᠥᠭᠴᠦ ᠂ ᠬᠡᠷᠡᠭ ᠢ᠋ ᠰᠢᠭᠦᠨ ᠰᠢᠢᠳᠪᠦᠷᠢᠯᠡᠭᠡᠳ ᠰᠠᠢᠨ ᠰᠠᠢᠬᠠᠨ ᠬᠠᠤᠯᠢ ᠴᠠᠭᠠᠵᠠ ᠶ᠋ᠢᠨ ᠦᠷ᠎ᠡ ᠪᠦᠲᠦᠮᠵᠢ ᠪᠠ ᠨᠡᠢᠭᠡᠮ ᠦ᠋ᠨ ᠦᠷ᠎ᠡ ᠪᠦᠲᠦᠮᠵᠢ ᠣᠯᠬᠤ ᠪᠠᠷ ᠴᠢᠷᠮᠠᠢᠬᠤ ᠬᠡᠷᠡᠭᠲᠡᠢ ᠃
2. 《 ᠬᠠᠮᠢᠶᠠᠷᠤᠯᠲᠠ ᠶ᠋ᠢᠨ ᠰᠢᠨ᠎ᠡ ᠶ᠋ᠢ ᠡᠭᠦᠳᠬᠦ ᠣᠨ》 ᠤ᠋ ᠡᠠᠵᠢᠯᠯᠠᠭᠠ ᠪᠠᠷ ᠲᠣᠬᠢᠶᠠᠯ ᠪᠣᠯᠭᠠᠵᠤ ᠂ ᠡᠯ᠎ᠡ ᠵᠦᠢᠯ ᠦ᠋ᠨ ᠡᠠᠵᠢᠯ ᠢ᠋ᠶ᠋ᠠᠨ ᠨᠠᠷᠢᠨ ᠨᠢᠮᠪᠠᠢ ᠬᠠᠮᠢᠶᠠᠷᠤᠨ ᠡᠵᠡᠮᠳᠡᠵᠦ ᠂ ᠰᠠᠨᠠᠭᠠᠴᠢᠯᠠᠭ᠎ᠠ ᠲᠠᠢ ᠪᠠᠷ ᠦᠢᠯᠡᠴᠢᠯᠡᠬᠦ ᠂ ᠰᠠᠨᠠᠭᠠᠴᠢᠯᠠᠭ᠎ᠠ ᠠ᠋ᠴᠠ ᠪᠠᠨ ᠠᠵᠢᠯᠯᠠᠬᠤ ᠤᠬᠠᠮᠰᠠᠷ ᠢ᠋ᠶ᠋ᠠᠨ ᠳᠣᠪᠣᠢᠯᠭᠠᠵᠤ ᠂ ᠡᠯ᠎ᠡ ᠵᠦᠢᠯ ᠦ᠋ᠨ ᠠᠵᠢᠯ ᠳ᠋ᠠᠭᠠᠨ ᠴᠥᠮ ᠨᠠᠷᠢᠨ ᠨᠢᠭᠲᠠ ᠠ᠋ᠴᠠ ᠨᠢᠭᠲᠠ ᠪᠠᠢᠵᠤ ᠂ ᠠᠯᠵᠠᠭᠤ ᠬᠣᠢᠷᠭᠣ ᠰᠤᠯᠠ ᠵᠠᠳᠠᠭᠠᠢ ᠪᠠᠢᠬᠤ ᠶ᠋ᠢ ᠴᠢᠩᠭ᠎ᠠ ᠴᠡᠭᠡᠷᠯᠡᠵᠦ ᠂ ᠠᠵᠢᠯ ᠤ᠋ᠨ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠶᠯᠬᠦ ᠬᠡᠷᠡᠭᠲᠡᠢ ᠃
3 ᠂ ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠪᠠᠨ ᠴᠢᠩᠭᠠᠳᠭᠠᠵᠤ ᠂ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠶ᠋ᠢ ᠲᠣᠪᠣᠢᠯᠭᠠᠭᠰᠠᠨ ᠡᠯ᠎ᠡ ᠵᠦᠢᠯ ᠦ᠋ᠨ ᠭᠦᠢᠴᠡᠳᠭᠡᠬᠦ ᠲᠣᠭ᠎ᠠ ᠶ᠋ᠢ ᠴᠢᠩᠭ᠎ᠠ ᠠᠳᠭᠤᠵᠤ ᠂ ᠦᠷᠭᠦᠯᠵᠢᠯᠡᠨ ᠰᠠᠢᠵᠢᠷᠠᠭᠤᠯᠪᠠ ᠃ ᠤᠷᠲᠤ ᠬᠤᠭᠤᠴᠠᠭ᠎ᠠ ᠪᠠᠷ ᠦᠯᠦ ᠳᠠᠭᠤᠰᠭᠠᠭᠰᠠᠨ ᠬᠡᠷᠡᠭ ᠪᠠ ᠰᠢᠭᠦᠬᠦ ᠬᠤᠭᠤᠴᠠᠭ᠎ᠠ ᠳ᠋ᠠᠬᠢ ᠬᠡᠷᠡᠭ ᠢ᠋ ᠳᠠᠭᠤᠰᠭᠠᠬᠤ ᠭᠦᠢᠴᠡᠳᠭᠡᠬᠦ ᠲᠣᠭ᠎ᠠ ᠶ᠋ᠢ ᠨᠠᠢᠳᠠᠪᠤᠷᠢᠵᠢᠭᠤᠯᠤᠭᠰᠠᠨ ᠪᠠᠢᠳᠠᠯ ᠢ᠋ ᠴᠢᠩᠭ᠎ᠠ ᠬᠠᠮᠢᠶᠠᠷᠤᠨ ᠡᠵᠡᠮᠳᠡᠵᠦ ᠂ 《 ᠬᠠᠭᠤᠴᠢᠨ ᠬᠡᠷᠡᠭ ᠢ᠋ ᠳᠠᠭᠤᠰᠭᠠᠭᠠᠳᠤᠢ ᠮᠥᠷᠲᠡᠭᠡᠨ ᠳᠠᠬᠢᠨ ᠬᠤᠷᠠᠮᠳᠤᠭᠤᠯᠬᠤ 》 ᠦᠵᠡᠭᠳᠡᠯ ᠭᠠᠷᠬᠤ ᠶ᠋ᠢ ᠰᠡᠷᠭᠡᠢᠯᠡᠨ᠎ᠡ ᠃
4. ᠬᠢᠵᠢᠭ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠪᠠ ᠬᠡᠷᠡᠭ ᠢ᠋ ᠰᠢᠭᠦᠨ ᠰᠢᠢᠳᠪᠦᠷᠢᠯᠡᠬᠦ ᠶ᠋ᠢ ᠣᠷᠭᠠᠨᠢᠭ ᠢ᠋ᠶ᠋ᠠᠷ ᠨᠢᠭᠡᠳᠭᠡᠵᠦ ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ ᠂ ᠨᠠᠷᠢᠨ ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠦᠨ ᠂ ᠰᠦᠯᠵᠢᠶᠡᠨ ᠳᠡᠭᠡᠷ᠎ᠡ ᠪᠠ ᠰᠦᠯᠵᠢᠶᠡᠨ ᠳᠣᠣᠷ᠎ᠠ ᠵᠡᠷᠭᠡᠪᠡᠷ ᠪᠠᠢᠷᠢᠯᠠᠭᠤᠯᠵᠤ ᠂ ᠵᠡᠷᠭᠡᠪᠡᠷ ᠬᠦᠴᠦᠯᠡᠨ ᠴᠢᠷᠮᠠᠢᠵᠤ ᠂ ᠬᠡᠷᠡᠭ ᠦ᠋ᠨ ᠰᠢᠭᠦᠯᠲᠡ ᠶ᠋ᠢ ᠰᠠᠭᠠᠲᠠᠭᠠᠬᠤ ᠦᠭᠡᠢ ᠂ ᠮᠡᠳᠡᠭᠡ ᠵᠠᠩᠭᠢᠵᠢᠯᠲᠠ ᠶ᠋ᠢᠨ ᠬᠡᠷᠡᠭᠯᠡᠬᠦ ᠬᠢᠷᠢ ᠬᠡᠮᠵᠢᠶ᠎ᠡ ᠶ᠋ᠢ ᠳᠠᠬᠢᠨᠲᠠ ᠳᠡᠭᠡᠭᠰᠢᠯᠡᠭᠦᠯᠪᠡ᠃
5. ᠪᠠᠢᠴᠠᠭᠠᠨ ᠰᠤᠳᠤᠯᠬᠤ ᠠᠵᠢᠯ ᠢ᠋ ᠴᠢᠩᠭᠠᠳᠭᠠᠵᠤ ᠂ ᠲᠤᠰᠭᠠᠢ ᠬᠡᠷᠡᠭ ᠦ᠋ᠨ ᠰᠢᠯᠲᠠᠭᠠᠨ ᠤ᠋ ᠲᠤᠰᠭᠠᠢ ᠰᠡᠳᠦᠪ ᠦ᠋ᠨ ᠪᠠᠢᠴᠠᠭᠠᠨ ᠰᠤᠳᠤᠯᠤᠯᠲᠠ ᠶ᠋ᠢ ᠢᠳᠡᠪᠬᠢᠲᠡᠢ ᠥᠷᠨᠢᠭᠦᠯᠵᠦ ᠂ ᠴᠢᠨᠠᠷ ᠰᠠᠢᠲᠠᠢ ᠪᠠᠢᠴᠠᠭᠠᠨ ᠰᠤᠳᠤᠯᠤᠯᠲᠠ ᠶ᠋ᠢᠨ ᠮᠡᠳᠡᠭᠦᠯᠦᠯᠲᠡ ᠨᠢ ᠰᠢᠭᠦᠨ ᠲᠠᠰᠤᠯᠤᠯᠲᠠ ᠶ᠋ᠢᠨ ᠦᠢᠯᠡᠳᠦᠯᠭᠡ ᠶ᠋ᠢ ᠵᠢᠯᠣᠭᠣᠳᠤᠭᠤᠯᠬᠤ ᠬᠡᠷᠡᠭᠲᠡᠢ ᠃ ᠳᠣᠣᠷᠠᠲᠤ ᠱᠠᠲᠤᠨ ᠤ᠋ ᠵᠢᠯᠣᠭᠣᠳᠤᠯᠭ᠎ᠠ ᠪᠠᠨ ᠴᠢᠩᠭᠠᠳᠭᠠᠵᠤ ᠂ ᠬᠡᠷᠡᠭ ᠢ᠋ ᠬᠥᠳᠡᠭᠡ ᠪᠠᠭᠤᠯᠭᠠᠵᠤ ᠲᠢᠩᠬᠢᠮ ᠨᠡᠭᠡᠭᠡᠬᠦ ᠂ ᠵᠠᠰᠠᠪᠤᠷᠢ ᠣᠷᠣᠭᠤᠯᠤᠭᠰᠠᠨ ᠬᠡᠷᠡᠭ ᠢ᠋ ᠵᠠᠳᠠᠯᠬᠤ ᠬᠤᠷᠠᠯ ᠬᠤᠷᠠᠯᠳᠤᠭᠤᠯᠬᠤ ᠂ ᠬᠤᠷᠠᠯ ᠤ᠋ᠨ ᠲᠣᠪᠴᠢ ᠶ᠋ᠢ ᠨᠡᠢᠲᠡᠯᠡᠬᠦ ᠵᠡᠷᠭᠡ ᠠᠷᠭ᠎ᠠ ᠮᠠᠶᠢᠭ ᠢ᠋ ᠭᠦᠢᠴᠡᠳ ᠠᠰᠢᠭᠯᠠᠵᠤ ᠂ ᠲᠠᠰᠤᠯᠤᠨ ᠲᠣᠭᠲᠠᠭᠠᠯᠲᠠ ᠶ᠋ᠢᠨ ᠰᠡᠳᠭᠢᠴᠡ ᠪᠡᠨ ᠨᠢᠭᠡᠳᠭᠡᠵᠦ ᠂ ᠬᠡᠷᠡᠭ ᠰᠢᠢᠳᠪᠦᠷᠢᠯᠡᠬᠦ ᠴᠢᠨᠠᠷ ᠪᠦᠲᠦᠮᠵᠢ ᠪᠡᠨ ᠳᠡᠭᠡᠭᠰᠢᠯᠡᠭᠦᠯᠬᠦ ᠬᠡᠷᠡᠭᠲᠡᠢ ᠃
6. ᠭᠠᠳᠠᠭᠠᠳᠤ ᠤᠬᠠᠭᠤᠯᠭ᠎ᠠ ᠶ᠋ᠢᠨ ᠠᠵᠢᠯ ᠢ᠋ ᠢᠳᠡᠪᠬᠢᠲᠡᠢ ᠥᠷᠨᠢᠭᠦᠯᠵᠦ ᠂ ᠪᠢᠴᠢᠯ ᠬᠡᠷᠡᠭ ᠢ᠋ ᠰᠢᠭᠦᠨ ᠲᠠᠰᠤᠯᠤᠭᠰᠠᠨ ᠬᠡᠷᠡᠭ ᠦ᠋ᠨ ᠵᠢᠱ᠌ᠢᠶ᠎ᠡ ᠶ᠋ᠢ ᠲᠣᠭᠲᠠᠮᠠᠯ ᠬᠤᠭᠤᠴᠠᠭ᠎ᠠ ᠲᠠᠢ ᠪᠠᠷ ᠨᠠᠢᠷᠠᠭᠤᠯᠤᠨ ᠪᠢᠴᠢᠵᠦ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠭᠦᠳᠡᠨ ᠰᠦᠯᠵᠢᠶᠡᠨ ᠥᠷᠲᠡᠭᠡ ᠂ ᠸᠢᠴᠠᠲ ᠣᠯᠠᠨ ᠨᠡᠢᠲᠡ ᠶ᠋ᠢᠨ ᠨᠣᠮᠧᠷ ᠂ ᠪᠢᠴᠢᠯ ᠪᠦᠷᠭᠡ ᠵᠡᠷᠭᠡ ᠲᠠᠪᠴᠠᠩ ᠢ᠋ᠶ᠋ᠠᠷ ᠳᠠᠮᠵᠢᠭᠤᠯᠤᠨ ᠨᠡᠢᠭᠡᠮ ᠨᠡᠢᠲᠡ ᠳ᠋ᠦ᠍ ᠨᠡᠢᠲᠡᠯᠡᠵᠦ ᠂ ᠬᠠᠤᠯᠢ ᠴᠠᠭᠠᠵᠠ ᠶ᠋ᠢᠨ ᠵᠥᠪ ᠡᠨᠧᠷᠭᠢ ᠶ᠋ᠢ ᠤᠯᠠᠮᠵᠢᠯᠠᠨ ᠳᠠᠮᠵᠢᠭᠤᠯᠤᠨ᠎ᠠ ᠃ ᠡᠭᠦᠨ ᠦ᠌ ᠬᠠᠮᠲᠤ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢᠳ ᠂ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠳ ᠢ᠋ ᠤᠷᠢᠵᠤ ᠲᠢᠩᠬᠢᠮ ᠦ᠋ᠨ ᠰᠢᠭᠦᠯᠲᠡ ᠶ᠋ᠢᠨ ᠠᠵᠢᠯᠯᠠᠭ᠎ᠠ ᠶ᠋ᠢ ᠬᠢᠨᠠᠮᠠᠭᠠᠢ ᠰᠠᠢᠲᠤᠷ ᠥᠷᠨᠢᠭᠦᠯᠵᠦ ᠂ ᠠᠷᠠᠳ ᠣᠯᠠᠨ ᠳ᠋ᠤ᠌ ᠬᠠᠤᠯᠢ ᠴᠠᠭᠠᠵᠠ ᠶ᠋ᠢᠨ ᠬᠥᠮᠦᠨ ᠨᠡᠢᠭᠡᠮ ᠦ᠋ᠨ ᠬᠠᠯᠠᠮᠵᠢᠯᠠᠯ ᠢ᠋ ᠦᠨᠡᠨ ᠬᠦ᠌ ᠣᠢᠯᠠᠭᠠᠭᠤᠯᠵᠤ ᠂ ᠬᠠᠤᠯᠢ ᠴᠠᠭᠠᠵᠠ ᠶ᠋ᠢᠨ ᠨᠡᠢᠲᠡ ᠶ᠋ᠢᠨ ᠢᠲᠡᠭᠡᠮᠵᠢ ᠶ᠋ᠢᠨ ᠬᠦᠴᠦᠨ ᠢ᠋ ᠳᠡᠭᠡᠭᠰᠢᠯᠡᠭᠦᠯᠬᠦ ᠬᠡᠷᠡᠭᠲᠡᠢ ᠃
7 ᠂ ᠬᠠᠮᠲᠤᠷᠠᠨ ᠵᠥᠪᠯᠡᠬᠦ ᠲᠢᠩᠬᠢᠮ ᠦ᠋ᠨ ᠳᠣᠲᠣᠷ᠎ᠠ 《 ᠬᠡᠪ ᠴᠢᠨᠠᠷ ᠤ᠋ᠨ ᠬᠡᠪ ᠴᠢᠨᠠᠷ ᠢ᠋ ᠳᠡᠭᠡᠭᠰᠢᠯᠡᠭᠦᠯᠬᠦ ᠭᠠᠳᠠᠭᠠᠳᠤ ᠳᠦᠷᠢ ᠲᠥᠷᠬᠦ 》 ᠠᠵᠢᠯᠯᠠᠭ᠎ᠠ ᠥᠷᠨᠢᠭᠦᠯᠵᠦ ᠂ 《 ᠡᠳᠦᠷ ᠪᠦᠷᠢ ᠶ᠋ᠢᠨ ᠥᠷᠯᠥᠭᠡ ᠶ᠋ᠢᠨ ᠨᠢᠭᠡ ᠴᠠᠭ ᠤᠩᠰᠢᠬᠤ 》 ᠪᠠ 《 ᠬᠠᠤᠯᠢ ᠶ᠋ᠢᠨ ᠲᠤᠰᠢᠶᠠᠯᠲᠠᠨ ᠤ᠋ ᠡᠭᠡᠯᠵᠢᠯᠡᠨ ᠬᠠᠤᠯᠢ ᠴᠠᠭᠠᠵᠠ ᠶ᠋ᠢ ᠡᠷᠬᠢᠮᠯᠡᠬᠦ 》 ᠠᠵᠢᠯᠯᠠᠭ᠎ᠠ ᠶ᠋ᠢ ᠣᠷᠭᠠᠨᠢᠭ ᠢ᠋ᠶ᠋ᠠᠷ ᠤᠶᠠᠯᠳᠤᠭᠤᠯᠵᠤ ᠂ ᠡᠯ᠎ᠡ ᠲᠥᠷᠥᠯ ᠦ᠋ᠨ ᠬᠠᠤᠯᠢ ᠴᠠᠭᠠᠵᠠ ᠬᠠᠤᠯᠢ ᠲᠣᠭᠲᠠᠭᠠᠯ ᠪᠠ ᠰᠢᠭᠦᠨ ᠲᠠᠰᠤᠯᠬᠤ ᠪᠣᠳᠠᠲᠠᠢ ᠠᠵᠢᠯ ᠤ᠋ᠨ ᠬᠡᠷᠡᠭ ᠦ᠋ᠨ ᠵᠢᠱ᠌ᠢᠶ᠎ᠡ ᠶ᠋ᠢ ᠨᠠᠷᠢᠨ ᠰᠤᠳᠤᠯᠵᠤ ᠂ ᠲᠤᠬᠠᠢᠯᠠᠭᠰᠠᠨ ᠠᠵᠢᠯ ᠤ᠋ᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠬᠦ ᠶ᠋ᠢ ᠬᠦᠴᠦᠯᠡᠨ ᠠᠬᠢᠭᠤᠯᠤᠨ᠎ᠠ ᠃ ᠵᠢᠯ ᠦ᠋ᠨ ᠳᠣᠲᠣᠷ᠎ᠠ ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠶ᠋ᠢᠨ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠢ᠋ ᠰᠢᠭᠦᠨ ᠰᠢᠢᠳᠪᠦᠷᠢᠯᠡᠬᠦ ᠰᠢᠭᠦᠭᠴᠢ ᠲᠤᠰᠢᠶᠠᠯᠲᠠᠨ ᠳ᠋ᠤ᠌ ᠨᠢᠭᠡ ᠤᠳᠠᠭᠠᠨ ᠤ᠋ ᠲᠤᠰᠭᠠᠢ ᠰᠡᠳᠦᠪᠲᠦ ᠪᠣᠯᠪᠠᠰᠤᠷᠠᠯ ᠥᠷᠨᠢᠭᠦᠯᠵᠦ ᠂ ᠪᠦᠬᠦ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶᠠᠨ ᠤ᠋ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠦ᠋ᠨ ᠲᠠᠰᠤᠯᠤᠨ ᠲᠣᠭᠲᠠᠭᠠᠯᠲᠠ ᠶ᠋ᠢᠨ ᠲᠡᠮᠳᠡᠭ ᠱᠤᠭᠤᠮ ᠢ᠋ ᠨᠢᠭᠡᠳᠭᠡᠬᠦ ᠪᠡᠷ ᠲᠥᠯᠥᠪᠯᠡᠵᠦ ᠪᠠᠢᠨ᠎ᠠ ᠃
2020 ᠣᠨ ᠳ᠋ᠤ᠌ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠥᠳᠡᠯᠮᠦᠷᠢ ᠶ᠋ᠢᠨ ᠵᠠᠮ ᠬᠠᠷᠢᠯᠴᠠᠭ᠎ᠠ ᠡᠮ ᠡᠮᠨᠡᠯᠭᠡ ᠰᠤᠷᠭᠠᠨ ᠬᠥᠮᠦᠵᠢᠯ ᠦ᠋ᠨ ᠬᠠᠮᠲᠤᠷᠠᠨ ᠵᠥᠪᠯᠡᠬᠦ ᠲᠢᠩᠬᠢᠮ ᠨᠢ ᠵᠠᠭᠤᠨ ᡂᠢ ᠭᠣᠣ ᠪᠠᠷ ᠤᠯᠠᠮ ᠨᠢᠭᠡ ᠠᠯᠬᠤᠮ ᠵᠣᠷᠢᠭ ᠰᠢᠭᠤᠳᠴᠤ ᠂ ᠡᠯ᠎ᠡ ᠵᠦᠢᠯ ᠦ᠋ᠨ ᠠᠵᠢᠯ ᠢ᠋ᠶ᠋ᠠᠨ ᠪᠦᠬᠦ ᠬᠦᠴᠦᠨ ᠢ᠋ᠶ᠋ᠡᠷ ᠢ᠋ᠶ᠋ᠡᠨ ᠰᠠᠢᠲᠤᠷ ᠬᠢᠵᠦ ᠂ ᠰᠢᠭᠦᠨ ᠲᠠᠰᠤᠯᠤᠯᠲᠠ ᠶ᠋ᠢᠨ ᠴᠢᠨᠠᠷ ᠪᠦᠲᠦᠮᠵᠢ ᠂ ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠂ ᠮᠡᠳᠡᠭᠡ ᠵᠠᠩᠭᠢᠵᠢᠯᠲᠠ ᠶ᠋ᠢᠨ ᠬᠡᠷᠡᠭᠯᠡᠭᠡᠨ ᠦ᠌ ᠬᠢᠷᠢ ᠬᠡᠮᠵᠢᠶ᠎ᠡ ᠂ ᠲᠤᠬᠠᠢᠯᠠᠭᠰᠠᠨ ᠠᠵᠢᠯ ᠤ᠋ᠨ ᠮᠡᠷᠭᠡᠵᠢᠯ ᠴᠢᠳᠠᠪᠤᠷᠢ ᠵᠡᠷᠭᠡ ᠡᠯ᠎ᠡ ᠲᠠᠯ᠎ᠠ ᠪᠠᠷ ᠰᠠᠢᠨ ᠬᠢᠷᠢ ᠪᠦᠲᠦᠮᠵᠢ ᠣᠯᠬᠤ ᠪᠠᠷ ᠴᠢᠷᠮᠠᠢᠨ᠎ᠠ ᠃
ᠦᠨᠡᠯᠡᠬᠦ 0ᠦᠨᠡᠯᠡᠯᠲᠡ ᠲᠠᠢ