ᠬᠢᠩᠭᠠᠨ ᠠᠢᠮᠠᠭ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠵᠠᠩ ᠵᠢᠶᠠᠨ ᠲᠢᠩ ᠳᠠᠷᠤᠭ᠎ᠠ ᠨᠠᠷ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳ᠋ᠤ᠌ ᠬᠦᠷᠴᠦ ᠪᠠᠢᠴᠠᠭᠠᠨ ᠰᠤᠳᠤᠯᠤᠯᠲᠠ ᠬᠢᠵᠦ ᠰᠣᠯᠢᠯᠴᠠᠬᠤ ᠠᠵᠢᠯ ᠬᠢᠪᠡ
2020.10.10 ᠲᠣᠰ ᠥᠷᠲᠡᠭᠡᠨ ᠦ ᠨᠠᠢᠷᠠᠭᠤᠯᠤᠭᠴᠢ

9 ᠰᠠᠷ᠎ᠠ ᠶ᠋ᠢᠨ 17 ᠤ᠋ ᠡᠳᠦᠷ ᠂ ᠬᠢᠩᠭᠠᠨ ᠠᠢᠮᠠᠭ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠡᠷᠡᠭᠦᠦ ᠶ᠋ᠢᠨ ᠬᠣᠶᠠᠳᠤᠭᠠᠷ ᠲᠢᠩᠬᠢᠮ ᠦ᠋ᠨ ᠳᠠᠷᠤᠭ᠎ᠠ ᠵᠠᠩ ᠵᠢᠶᠠᠨ ᠂ ᠵᠠᠯᠠᠢᠳ  ᠬᠣᠰᠢᠭᠤᠨ ᠤ᠋ ᠠᠷᠠᠳ ᠤ᠋ᠨ  ᠰᠢᠭᠦᠬᠦ ᠬᠣᠷᠢᠶᠠᠨ ᠤ᠋ ᠡᠷᠡᠭᠦᠦ ᠶ᠋ᠢᠨ ᠬᠡᠷᠡᠭ ᠢ᠋  ᠰᠢᠭᠦᠬᠦ ᠲᠢᠩᠬᠢᠮ ᠦ᠋ᠨ ᠳᠠᠷᠤᠭ᠎ᠠ ᠴᠠᠩ ᠯᠢᠨ ᠂ ᠳᠡᠳ᠋ ᠲᠢᠩᠬᠢᠮ ᠦ᠋ᠨ ᠳᠠᠷᠤᠭ᠎ᠠ ᠯᠢᠶᠠᠩ ᠯᠢ ᠪᠦᠸᠧ ᠨᠠᠷ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠳ᠋ᠤ᠌ ᠬᠦᠷᠴᠦ ᠂ ᠬᠠᠤᠯᠢ ᠪᠤᠰᠤ ᠪᠠᠷ ᠣᠯᠠᠨ ᠨᠡᠢᠲᠡ ᠶ᠋ᠢᠨ ᠬᠠᠳᠠᠭᠠᠯᠠᠮᠵᠢ ᠶ᠋ᠢ ᠬᠦᠯᠢᠶᠡᠨ ᠠᠪᠤᠭᠰᠠᠨ ᠪᠠ ᠪᠡᠯᠡ ᠴᠤᠭᠯᠠᠭᠤᠯᠵᠤ ᠮᠡᠬᠡᠯᠡᠭᠰᠡᠨ ᠡᠷᠡᠭᠦᠦ ᠶ᠋ᠢᠨ ᠬᠡᠷᠡᠭ ᠢ᠋  ᠰᠢᠭᠦᠨ  ᠰᠢᠢᠳᠪᠦᠷᠢᠯᠡᠬᠦ ᠠᠵᠢᠯ ᠳ᠋ᠤ᠌ ᠣᠷᠣᠯᠴᠠᠨ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋  ᠰᠢᠭᠦᠨ ᠲᠠᠰᠤᠯᠬᠤ ᠺᠣᠮᠢᠰ ᠤ᠋ᠨ ᠲᠤᠰᠭᠠᠢ ᠲᠤᠰᠢᠶᠠᠯᠲᠤ  ᠭᠡᠰᠢᠭᠦᠨ ᠴᠢᠶᠠᠨ ᠡᠦ ᠶᠦᠨ ᠂ ᠡᠷᠡᠭᠦᠦ ᠶ᠋ᠢᠨ ᠬᠡᠷᠡᠭ ᠢ᠋  ᠰᠢᠭᠦᠨ ᠲᠠᠰᠤᠯᠵᠠᠢ ᠃

 ᠶᠠᠷᠢᠯᠴᠠᠬᠤ ᠬᠤᠷᠠᠯ ᠳᠡᠭᠡᠷ᠎ᠡ ᠂  ᠶᠦᠨ ᠡᠣᠷᠳᠣᠰ ᠬᠣᠲᠠ ᠶ᠋ᠢᠨ ᠡᠣᠯᠠᠠ ᠨᠡᠢᠲᠡ ᠶ᠋ᠢᠨ ᠬᠠᠳᠠᠭᠠᠯᠠᠮᠵᠢ ᠶ᠋ᠢ ᠬᠠᠤᠯᠢ ᠪᠤᠰᠤ ᠪᠠᠷ ᠡᠯᠰᠡᠨ ᠡᠠᠪᠬᠣ ᠪᠠ᠎ ᠪᠡᠯᠡ ᠮᠥᠩᠭᠥ ᠶ᠋ᠢᠨ ᠬᠢᠬᠠᠨ ᠮᠡᠬᠡᠯᠡᠭᠰᠡᠨ ᠲᠥᠷᠥᠯ ᠤ᠋ᠨ ᠡᠷᠡᠭᠦᠦ ᠶ᠋ᠢᠨ ᠬᠡᠷᠡᠭ ᠶ᠋ᠢ  ᠰᠢᠭᠦᠨ ᠲᠠᠰᠤᠯᠤᠭᠰᠠᠨ ᠪᠠᠢᠳᠠᠯ ᠢ᠋ ᠲᠣᠪᠴᠢ ᠲᠠᠨᠢᠯᠴᠠᠭᠤᠯᠵᠠᠢ ᠃ ᠬᠤᠷᠠᠯ ᠳᠡᠭᠡᠷ᠎ᠡ ᠂ ᠬᠤᠷᠠᠯ ᠳ᠋ᠤ᠌ ᠣᠷᠣᠯᠴᠠᠭᠰᠠᠳ ᠪᠠᠰᠠ ᠬᠠᠤᠯᠢ ᠪᠤᠰᠤ ᠪᠠᠷ ᠣᠯᠠᠨ ᠨᠡᠢᠲᠡ ᠶ᠋ᠢᠨ ᠬᠠᠳᠠᠭᠠᠯᠠᠮᠵᠢ ᠶ᠋ᠢ  ᠰᠢᠩᠭᠡᠭᠡᠨ ᠠᠪᠤᠭᠰᠠᠨ ᠂ ᠪᠡᠯᠡ ᠴᠤᠭᠯᠠᠭᠤᠯᠵᠤ ᠮᠡᠬᠡᠯᠡᠭᠰᠡᠨ ᠬᠣᠶᠠᠷ ᠶᠠᠯ᠎ᠠ ᠶ᠋ᠢᠨ ᠲᠣᠭᠲᠠᠭᠠᠯᠲᠤ ᠴᠢᠨᠠᠷ ᠂ ᠪᠡᠯᠡ ᠴᠤᠭᠯᠠᠭᠤᠯᠬᠤ ᠳ᠋ᠤ᠌ ᠣᠷᠣᠯᠴᠠᠭᠰᠠᠨ ᠬᠥᠮᠦᠨ ᠦ᠌ ᠵᠣᠭᠣᠰ ᠲᠠᠯᠪᠢᠬᠤ ᠵᠣᠭᠣᠰ ᠤ᠋ᠨ ᠲᠣᠭ᠎ᠠ ᠶ᠋ᠢ ᠲᠣᠳᠣᠷᠬᠠᠢ ᠪᠣᠯᠭᠠᠬᠤ ᠂ ᠭᠣᠣᠯ ᠨᠢ ᠶᠠᠯ᠎ᠠ ᠬᠢᠭᠰᠡᠨ ᠨᠡᠷ᠎ᠡ ᠶ᠋ᠢ ᠮᠠᠭᠠᠳᠯᠠᠨ ᠲᠣᠭᠲᠠᠭᠠᠬᠤ ᠳ᠋ᠤ᠌ ᠨᠢᠭᠡᠳᠦᠯ ᠦᠭᠡᠢ ᠪᠠᠢᠬᠤ ᠂ ᠵᠠᠭᠠᠯᠳᠤᠭᠳᠠᠭᠴᠢ ᠳ᠋ᠤ᠌ ᠡᠷᠡᠭᠦᠦ  ᠰᠢᠢᠳᠭᠡᠯ ᠣᠨᠣᠭᠳᠠᠭᠤᠯᠬᠤ ᠵᠢᠴᠢ ᠡᠳ᠋ ᠬᠥᠷᠥᠩᠭᠡ ᠶ᠋ᠢ ᠨᠡᠬᠡᠮᠵᠢᠯᠡᠨ  ᠲᠤᠰᠢᠶᠠᠯᠭᠠᠬᠤ ᠂ ᠪᠢᠴᠢᠭ ᠬᠠᠷ᠎ᠠ ᠶ᠋ᠢᠨ ᠲᠣᠳᠣᠷᠬᠠᠢᠯᠠᠯᠲᠠ ᠵᠡᠷᠭᠡ ᠲᠠᠯ᠎ᠠ ᠪᠠᠷ ᠭᠦᠨᠵᠡᠭᠡᠢ ᠰᠣᠯᠢᠯᠴᠠᠨ ᠶᠠᠷᠢᠯᠴᠠᠪᠠ ᠃
 

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )