ᠵᠠᠯᠠᠭᠤᠴᠤᠳ ᠪᠠᠭᠠᠴᠤᠳ ᠤ᠋ᠨ ᠬᠠᠤᠯᠢ ᠪᠠᠷ ᠵᠠᠰᠠᠬᠤ ᠦᠵᠡᠯᠲᠡ ᠶ᠋ᠢ ᠴᠢᠩᠭᠠᠷᠠᠭᠤᠯᠵᠤ ᠂ ᠰᠤᠷᠤᠭᠴᠢᠳ ᠤ᠋ᠨ ᠬᠠᠤᠯᠢ ᠶ᠋ᠢ ᠮᠡᠳᠡᠵᠦ ᠬᠠᠤᠯᠢ ᠶ᠋ᠢ ᠰᠠᠬᠢᠬᠤ ᠤᠬᠠᠮᠰᠠᠷ ᠢ᠋ ᠳᠡᠭᠡᠭᠰᠢᠯᠡᠭᠦᠯᠦᠨ ᠂ ᠤᠬᠠᠮᠰᠠᠷ ᠠ᠋ᠴᠠ ᠪᠠᠨ ᠬᠠᠤᠯᠢ ᠶ᠋ᠢ ᠰᠤᠷᠴᠤ ᠬᠠᠤᠯᠢ ᠶ᠋ᠢ ᠰᠠᠬᠢᠵᠤ ᠬᠠᠤᠯᠢ ᠶ᠋ᠢ ᠬᠡᠷᠡᠭᠯᠡᠬᠦ ᠥᠳᠭᠡᠨ ᠵᠤᠵᠠᠭᠠᠨ ᠠᠭᠤᠷ ᠠᠮᠢᠰᠭᠤᠯ ᠢ᠋ ᠪᠣᠢ ᠪᠣᠯᠭᠠᠬᠤ ᠶ᠋ᠢᠨ ᠲᠤᠰᠠᠳᠠ ᠂ ᠬᠢᠶ᠎ᠡ ᠪᠠᠭᠰᠢ ᠲᠣᠭᠣᠷᠢᠭ ᠤ᠋ᠨ ᠳᠤᠮᠳᠠᠳᠤ ᠪᠠᠭ᠎ᠠ ᠰᠤᠷᠭᠠᠭᠤᠯᠢ ᠶ᠋ᠢᠨ《 ᠬᠠᠤᠯᠢ ᠯᠤᠭ᠎ᠠ ᠬᠠᠮᠲᠤᠪᠠᠷ ᠡᠷᠡᠭᠦᠯ ᠢ᠋ᠶ᠋ᠡᠷ ᠦᠰᠦᠨ ᠪᠣᠢᠵᠢᠬᠤ 》 ᠬᠠᠤᠯᠢ ᠳᠦᠷᠢᠮ ᠦ᠋ᠨ ᠳᠡᠳ᠋ ᠵᠠᠬᠢᠷᠤᠯ ᠤᠷᠢᠨ ᠬᠡᠷᠡᠭᠯᠡᠬᠦ ᠶᠡᠬᠡ ᠬᠤᠷᠠᠯ ᠬᠢᠶ᠎ᠡ ᠪᠠᠭᠰᠢ ᠲᠣᠭᠣᠷᠢᠭ ᠤ᠋ᠨ ᠳᠥᠷᠪᠡᠳᠦᠭᠡᠷ ᠪᠠᠭ᠎ᠠ ᠰᠤᠷᠭᠠᠭᠤᠯᠢ ᠳ᠋ᠤ᠌ ᠶᠠᠪᠤᠭᠳᠠᠪᠠ ᠃ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ 11 ᠰᠢᠭᠦᠭᠴᠢ ᠶ᠋ᠢ ᠬᠠᠤᠯᠢ ᠳᠦᠷᠢᠮ ᠦ᠋ᠨ ᠳᠡᠳ᠋ ᠵᠠᠬᠢᠷᠤᠯ ᠪᠣᠯᠭᠠᠨ ᠦᠷᠭᠦᠯᠵᠢᠯᠡᠨ ᠤᠷᠢᠵᠠᠢ ᠃ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠠᠢ ᠹᠧᠢ᠂ ᠬᠢᠶ᠎ᠡ ᠪᠠᠭᠰᠢ ᠲᠣᠭᠣᠷᠢᠭ ᠤ᠋ᠨ ᠡᠪᠯᠡᠯ ᠦ᠋ᠨ ᠬᠣᠷᠢᠶ᠎ᠠ ᠶ᠋ᠢᠨ ᠲᠥᠯᠥᠭᠡᠯᠡᠭᠴᠢ ᠵᠢᠴᠢ ᠬᠢᠶ᠎ᠡ ᠪᠠᠭᠰᠢ ᠲᠣᠭᠣᠷᠢᠭ ᠤ᠋ᠨ ᠳᠥᠷᠪᠡᠳᠦᠭᠡᠷ ᠪᠠᠭ᠎ᠠ ᠰᠤᠷᠭᠠᠭᠤᠯᠢ ᠶ᠋ᠢᠨ ᠪᠠᠭᠰᠢ ᠰᠤᠷᠤᠭᠴᠢ ᠶ᠋ᠢᠨ ᠲᠥᠯᠥᠭᠡᠯᠡᠭᠴᠢ ᠠᠵᠢᠯᠯᠠᠭ᠎ᠠ ᠳ᠋ᠤ᠌ ᠣᠷᠣᠯᠴᠠᠵᠤ᠂ ᠣᠷᠳᠣᠰ ᠬᠣᠲᠠ ᠶ᠋ᠢᠨ ᠬᠢᠶ᠎ᠡ ᠪᠠᠭᠰᠢ ᠲᠣᠭᠣᠷᠢᠭ ᠤ᠋ᠨ ᠰᠤᠷᠭᠠᠨ ᠬᠥᠮᠦᠵᠢᠯ ᠪᠡᠶ᠎ᠡ ᠲᠠᠮᠢᠷ ᠤ᠋ᠨ ᠲᠣᠪᠴᠢᠶ᠎ᠠ ᠶ᠋ᠢᠨ ᠶᠣᠰᠣ ᠮᠣᠷᠠᠯ ᠤᠷᠠᠯᠢᠭ ᠤ᠋ᠨ ᠠᠯᠪᠠᠨ ᠭᠡᠷ ᠦ᠋ᠨ ᠡᠷᠬᠢᠯᠡᠭᠴᠢ ᠢᠦᠢ ᠴᠦᠨ ᠳᠡ ᠠᠵᠢᠯᠯᠠᠭ᠎ᠠ ᠶ᠋ᠢ ᠡᠷᠬᠢᠯᠡᠪᠡ᠃
ᠲᠤᠰ ᠤᠳᠠᠭ᠎ᠠ ᠦᠷᠭᠦᠯᠵᠢᠯᠡᠨ ᠤᠷᠢᠭᠰᠠᠨ ᠬᠠᠤᠯᠢ ᠳᠦᠷᠢᠮ ᠦ᠋ᠨ 11 ᠳᠡᠳ᠋ ᠵᠠᠬᠢᠷᠤᠯ ᠨᠢ ᠪᠦᠷ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ 《 ᠰᠢᠭᠦᠭᠴᠢ ᠡᠵᠢ》 ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ ᠦ᠋ᠨ ᠭᠡᠰᠢᠭᠦᠨ ᠪᠠᠢᠵᠤ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ 《 ᠰᠢᠭᠦᠭᠴᠢ ᠡᠵᠢ》 ᠶ᠋ᠢᠨ ᠤᠬᠠᠭᠤᠯᠤᠨ ᠲᠠᠢᠯᠪᠤᠷᠢᠯᠠᠬᠤ ᠪᠦᠯᠬᠦᠮ 2014 ᠣᠨ ᠳ᠋ᠤ᠌ ᠪᠠᠢᠭᠤᠯᠤᠭᠳᠠᠵᠤ᠂ ᠣᠳᠣᠬᠠᠨ ᠪᠣᠯᠲᠠᠯ᠎ᠠ ᠨᠢᠭᠡᠨᠲᠡ 50 ᠭᠠᠷᠤᠢ ᠪᠦᠷᠢᠯᠳᠦᠬᠦᠨ ᠲᠡᠢ ᠪᠠᠢᠨ᠎ᠠ᠃ 2016 ᠣᠨ ᠳ᠋ᠤ᠌ ᠂ ᠬᠢᠶ᠎ᠡ ᠪᠠᠭᠰᠢ ᠲᠣᠭᠣᠷᠢᠭ ᠤ᠋ᠨ ᠵᠠᠯᠠᠭᠤᠴᠤᠳ ᠪᠠᠭᠠᠴᠤᠳ ᠤ᠋ᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠦ᠋ᠨ ᠰᠠᠭᠤᠷᠢᠨ ᠭᠠᠵᠠᠷ ᠪᠠᠢᠭᠤᠯᠤᠭᠳᠠᠵᠤ ᠂ ᠬᠣᠲᠠ ᠶ᠋ᠢᠨ ᠳᠤᠮᠳᠠᠳᠤ ᠰᠤᠷᠭᠠᠭᠤᠯᠢ ᠶ᠋ᠢᠨ 11 ᠡᠮᠡᠭᠲᠡᠢ ᠰᠢᠭᠦᠭᠴᠢ ᠲᠤᠰᠢᠶᠠᠯᠲᠠᠨ ᠬᠠᠤᠯᠢ ᠳᠦᠷᠢᠮ ᠦ᠋ᠨ ᠳᠡᠳ᠋ ᠰᠤᠷᠭᠠᠭᠤᠯᠢ ᠶ᠋ᠢᠨ ᠳᠠᠷᠤᠭ᠎ᠠ ᠪᠠᠷ ᠤᠷᠢᠭᠳᠠᠵᠤ ᠂ ᠰᠤᠷᠭᠠᠭᠤᠯᠢ ᠨᠤᠭᠤᠳ ᠢ᠋ ᠢᠳᠡᠪᠬᠢᠲᠡᠢ ᠪᠡᠷ ᠬᠠᠪᠰᠤᠷᠤᠨ ᠠᠮᠤᠷ ᠢ᠋ ᠬᠠᠮᠠᠭᠠᠯᠠᠬᠤ ᠶᠡᠷᠦᠩᠬᠡᠢᠯᠡᠭᠰᠡᠨ ᠵᠠᠰᠠᠯᠲᠠ ᠂ ᠵᠠᠯᠠᠭᠤᠴᠤᠳ ᠪᠠᠭᠠᠴᠤᠳ ᠤ᠋ᠨ ᠶᠣᠰᠣ ᠰᠤᠷᠲᠠᠬᠤᠨ ᠤ᠋ ᠬᠥᠮᠦᠵᠢᠯ ᠵᠢᠴᠢ ᠬᠠᠤᠯᠢ ᠳᠦᠷᠢᠮ ᠦ᠋ᠨ ᠤᠬᠠᠭᠤᠯᠭ᠎ᠠ ᠬᠥᠮᠦᠵᠢᠯ ᠵᠡᠷᠭᠡ ᠠᠵᠢᠯ ᠢ᠋ ᠥᠷᠨᠢᠭᠦᠯᠵᠦ ᠂ ᠨᠠᠰᠤᠨ ᠳ᠋ᠤ᠌ ᠦᠯᠦ ᠬᠦᠷᠦᠭᠰᠡᠳ ᠦ᠋ᠨ ᠡᠷᠡᠭᠦᠯ ᠢ᠋ᠶ᠋ᠡᠷ ᠦᠰᠦᠨ ᠪᠣᠢᠵᠢᠬᠤ ᠶ᠋ᠢ ᠪᠦᠬᠦ ᠬᠦᠴᠦᠨ ᠢ᠋ᠶ᠋ᠡᠷ ᠢ᠋ᠶ᠋ᠡᠨ ᠥᠷᠨᠢᠭᠦᠯᠪᠡ ᠃ ᠳᠥᠷᠪᠡᠨ ᠵᠢᠯ ᠦ᠋ᠨ ᠲᠤᠷᠰᠢ᠂ 《 ᠬᠠᠤᠯᠢ ᠶ᠋ᠢᠨ ᠲᠤᠰᠢᠶᠠᠯᠲᠠᠨ 》 ᠭᠡᠬᠦ ᠤᠬᠠᠭᠤᠯᠤᠨ ᠲᠠᠢᠯᠪᠤᠷᠢᠯᠠᠬᠤ ᠪᠦᠯᠬᠦᠮ ᠨᠢ ᠰᠤᠷᠭᠠᠭᠤᠯᠢ ᠶ᠋ᠢᠨ ᠬᠦᠷᠢᠶᠡᠨ ᠳ᠋ᠡᠭᠡᠨ ᠡᠣᠷᠣᠬᠣ ᠬᠠᠤᠯᠢ ᠳᠦᠷᠢᠮ ᠤ᠋ᠨ ᠤᠬᠠᠭᠤᠯᠭ᠎ᠠ ᠬᠥᠮᠦᠵᠢᠯ ᠦ᠋ᠨ ᠡᠠᠵᠢᠯᠯᠠᠭᠠ ᠶ᠋ᠢ ᠥᠷᠨᠢᠭᠦᠯᠬᠦ ᠪᠡᠷ ᠳᠠᠮᠵᠢᠭᠤᠯᠤᠨ ᠂ ᠰᠤᠷᠭᠠᠭᠤᠯᠢ ᠳ᠋ᠤ᠌ ᠪᠠᠢᠭ᠎ᠠ ᠳᠤᠮᠳᠠᠳᠤ ᠪᠠᠭ᠎ᠠ ᠰᠤᠷᠭᠠᠭᠤᠯᠢ ᠶ᠋ᠢᠨ ᠰᠤᠷᠤᠭᠴᠢᠳ ᠢ᠋ ᠤᠷᠢᠵᠤ ᠰᠢᠭᠦᠬᠦ ᠬᠣᠷᠢᠢ᠎ᠠ ᠳ᠋ᠤ᠌ 《 ᠨᠠᠰᠤᠨ ᠳ᠋ᠤ᠌ ᠬᠦᠷᠦᠭᠰᠡᠳ ᠢ᠋ ᠳᠠᠭᠤᠷᠢᠶᠠᠬᠦ ᠱᠢᠭᠦᠬᠦ ᠲᠢᠩᠬᠢᠮ 》 ᠵᠠᠷᠬᠡ ᠰᠢᠷᠢᠰ ᠬᠠᠤᠯᠢ ᠳᠦᠷᠢᠮ ᠤ᠋ᠨ ᠬᠥᠮᠦᠵᠢᠯ ᠦ᠋ᠨ ᠡᠠᠵᠢᠯᠯᠠᠭᠠ ᠶ᠋ᠢ ᠥᠷᠨᠢᠭᠦᠯᠵᠦ ᠂ ᠡᠣᠯᠠᠠ ᠡᠠᠷᠭ᠎ᠠ ᠬᠡᠮᠵᠢᠢ᠎ᠠ ᠨᠢ ᠵᠠᠯᠠᠭᠤᠴᠤᠳ ᠪᠠᠭᠠᠴᠤᠳ ᠤ᠋ᠨ ᠡᠷᠡᠭᠦᠯ ᠢ᠋ᠶ᠋ᠡᠷ ᠬᠥᠭᠵᠢᠭᠦᠯᠬᠦ ᠶ᠋ᠢ ᠬᠠᠮᠠᠭᠠᠯᠠᠨ ᠂ ᠥᠷᠭᠡᠨ ᠡᠣᠯᠠᠠ ᠵᠠᠯᠠᠭᠤᠴᠤᠳ ᠪᠠᠭᠠᠴᠤᠳ ᠤ᠋ᠨ ᠬᠠᠤᠯᠢ ᠪᠠᠷ ᠵᠠᠰᠠᠬᠤ ᠦᠵᠡᠯᠲᠡ ᠶ᠋ᠢ ᠪᠦᠬᠦ ᠲᠠᠯ᠎ᠠ ᠪᠠᠷ ᠳᠡᠭᠡᠭᠰᠢᠯᠡᠭᠦᠯᠵᠡᠢ ᠃
ᠠᠵᠢᠯᠯᠠᠭ᠎ᠠ ᠶ᠋ᠢᠨ ᠳᠤᠮᠳᠠ᠂ ᠢᠦᠢ ᠴᠦᠨ ᠳᠡ ᠬᠠᠤᠯᠢ ᠳᠦᠷᠢᠮ ᠦ᠋ᠨ 11 ᠳᠡᠳ᠋ ᠵᠠᠬᠢᠷᠤᠯ ᠤᠷᠢᠨ ᠬᠡᠷᠡᠭᠯᠡᠬᠦ ᠪᠢᠴᠢᠭ ᠣᠯᠭᠣᠵᠤ᠂ ᠬᠢᠶ᠎ᠡ ᠪᠠᠭᠰᠢ ᠲᠣᠭᠣᠷᠢᠭ ᠤ᠋ᠨ ᠳᠥᠷᠪᠡᠳᠦᠭᠡᠷ ᠪᠠᠭ᠎ᠠ ᠰᠤᠷᠭᠠᠭᠤᠯᠢ ᠶ᠋ᠢᠨ ᠪᠠᠭᠠᠴᠤᠳ ᠤ᠋ᠨ ᠬᠣᠰᠢᠭᠤᠴᠢ ᠠᠩᠭᠢ ᠶ᠋ᠢᠨ ᠭᠡᠰᠢᠭᠦᠳ ᠬᠤᠷᠠᠯ ᠳ᠋ᠤ᠌ ᠣᠷᠣᠯᠴᠠᠭᠰᠠᠨ ᠬᠥᠮᠦᠰ ᠲᠦ᠍ ᠤᠯᠠᠭᠠᠨ ᠪᠥᠴᠡᠲᠡᠨ ᠡᠮᠦᠰᠴᠦ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠵᠠᠩ ᠵᠢᠩ ᠬᠠᠤᠯᠢ ᠶ᠋ᠢᠨ ᠲᠤᠰᠢᠶᠠᠯᠲᠠᠨ ᠤ᠋ ᠬᠠᠤᠯᠢ ᠳᠦᠷᠢᠮ ᠦ᠋ᠨ ᠳᠡᠳ᠋ ᠵᠠᠬᠢᠷᠤᠯ ᠢ ᠲᠥᠯᠥᠭᠡᠯᠡᠨ ᠶᠠᠷᠢᠶ᠎ᠠ ᠲᠠᠯᠪᠢᠪᠠ᠃
ᠰᠤᠷᠤᠭᠴᠢᠳ ᠤ᠋ᠨ ᠲᠥᠯᠥᠭᠡᠯᠡᠭᠴᠢᠳ ᠪᠠᠭᠠᠴᠤᠳ ᠤ᠋ᠨ ᠬᠣᠰᠢᠭᠤᠴᠢ ᠠᠩᠭᠢ ᠶ᠋ᠢᠨ ᠭᠡᠰᠢᠭᠦᠳ ᠢ᠋ ᠳᠠᠭᠠᠭᠤᠯᠤᠨ ᠲᠥᠪ ᠴᠢᠩᠭ᠎ᠠ ᠲᠠᠩᠭᠠᠷᠢᠭᠯᠠᠪᠠ ︱ 《ᠡᠬᠡ ᠤᠯᠤᠰ ᠢ᠋ᠶ᠋ᠠᠨ ᠬᠠᠢᠷᠠᠯᠠᠵᠤ᠂ ᠠᠷᠠᠳ ᠲᠦᠮᠡᠨ ᠢ᠋ᠶ᠋ᠡᠨ ᠬᠠᠢᠷᠠᠯᠠᠵᠤ᠂ ᠬᠠᠤᠯᠢ ᠴᠠᠭᠠᠵᠠ ᠶ᠋ᠢᠨ ᠮᠡᠳᠡᠯᠭᠡ ᠶ᠋ᠢ ᠨᠠᠷᠢᠨ ᠬᠢᠨᠠᠮᠠᠭᠠᠢ ᠰᠤᠷᠤᠯᠴᠠᠵᠤ᠂ ᠬᠠᠤᠯᠢ ᠳᠦᠷᠢᠮ ᠦ᠋ᠨ ᠦᠵᠡᠯᠲᠡ ᠪᠡᠨ ᠴᠢᠩᠭᠠᠷᠠᠭᠤᠯᠬᠤ………》 ᠬᠡᠦᠬᠡᠳ ᠦ᠋ᠨ ᠳᠠᠭᠤᠨ ᠨᠢ ᠬᠡᠳᠦᠢᠪᠡᠷ ᠨᠢᠯᠬᠠᠰᠠᠭ ᠪᠣᠯᠪᠠᠴᠤ ᠡᠷᠡᠰ ᠪᠠᠲᠤ ᠪᠠᠢᠵᠤ᠂ ᠬᠠᠤᠯᠢ ᠳᠦᠷᠢᠮ ᠦ᠋ᠨ ᠬᠥᠮᠦᠵᠢᠯ ᠨᠢ ᠬᠥᠮᠦᠰ ᠦ᠋ᠨ ᠰᠡᠳᠭᠢᠯ ᠳ᠋ᠦ᠍ ᠠᠭᠠᠵᠢᠮ ᠢ᠋ᠶ᠋ᠠᠷ ᠰᠢᠩᠭᠡᠵᠡᠢ᠃ ᠳᠠᠷᠠᠭ᠎ᠠ ᠨᠢ ᠂ ᠶᠠᠩ ᠷᠦᠢ ᠬᠤᠸᠠ ᠬᠠᠤᠯᠢ ᠶ᠋ᠢᠨ ᠲᠤᠰᠢᠶᠠᠯᠲᠠᠨ ᠬᠢᠶ᠎ᠡ ᠪᠠᠭᠰᠢ ᠲᠣᠭᠣᠷᠢᠭ ᠤ᠋ᠨ ᠳᠥᠷᠪᠡᠳᠦᠭᠡᠷ ᠪᠠᠭ᠎ᠠ ᠰᠤᠷᠭᠠᠭᠤᠯᠢ ᠶ᠋ᠢᠨ ᠬᠠᠤᠯᠢ ᠳᠦᠷᠢᠮ ᠦ᠋ᠨ ᠳᠡᠳ᠋ ᠵᠠᠬᠢᠷᠤᠯ ᠪᠣᠯᠤᠭᠰᠠᠨ ᠤ᠋ ᠬᠤᠪᠢ ᠳ᠋ᠤ᠌ ᠂ ᠬᠡᠦᠬᠡᠳ ᠦ᠋ᠳ ᠲᠦ᠍ ᠬᠠᠤᠯᠢ ᠳᠦᠷᠢᠮ ᠦ᠋ᠨ ᠬᠥᠮᠦᠵᠢᠯ ᠦ᠋ᠨ ᠬᠢᠴᠢᠶᠡᠯ ᠣᠷᠣᠵᠤ ᠂ ᠳᠡᠷᠭᠡᠳᠡᠬᠢ ᠪᠣᠳᠠᠲᠤ ᠵᠢᠱ᠌ᠢᠶ᠎ᠡ ᠡᠴᠡ ᠨᠢ ᠠᠪᠴᠤ ᠬᠡᠯᠡᠪᠡᠯ ᠂ ᠵᠢᠱ᠌ᠢᠶᠡᠯᠡᠪᠡᠯ ᠥᠨᠳᠥᠷ ᠳᠡᠭᠡᠷ᠎ᠡ ᠬᠡᠢ ᠬᠠᠶᠠᠯᠲᠠ ᠂ ᠡᠩᠬᠦᠷᠡᠢ ᠠᠮᠢᠲᠠᠨ ᠬᠥᠮᠦᠨ ᠢ᠋ ᠰᠢᠷᠬᠠᠳᠤᠭᠤᠯᠬᠤ ᠂ ᠢᠳᠡᠭᠡᠨ ᠦ᠌ ᠠᠮᠤᠷ ᠲᠦᠪᠰᠢᠨ᠂ ᠠᠷᠢᠬᠢ ᠤᠤᠭᠤᠭᠰᠠᠨ ᠤ᠋ ᠳᠠᠷᠠᠭ᠎ᠠ ᠵᠢᠯᠣᠭᠣᠳᠬᠤ ᠵᠡᠷᠭᠡ ᠨᠢ ᠪᠠᠭ᠎ᠠ ᠰᠤᠷᠭᠠᠭᠤᠯᠢ ᠶ᠋ᠢᠨ ᠰᠤᠷᠤᠭᠴᠢᠳ ᠲᠠᠢ ᠨᠢᠭᠲᠠ ᠬᠣᠯᠪᠣᠭ᠎ᠠ ᠲᠠᠢ ᠬᠠᠤᠯᠢ ᠴᠠᠭᠠᠵᠠ ᠂ ᠨᠠᠰᠤᠨ ᠳ᠋ᠤ᠌ ᠦᠯᠦ ᠬᠦᠷᠦᠭᠰᠡᠳ ᠦ᠋ᠨ ᠡᠷᠬᠡ ᠂ ᠦᠷᠭᠦᠯᠵᠢ ᠬᠠᠷᠠᠭᠳᠠᠳᠠᠭ ᠬᠠᠤᠯᠢ ᠴᠠᠭᠠᠵᠠ ᠶ᠋ᠢᠨ ᠨᠡᠷ᠎ᠡ ᠲᠣᠮᠢᠶ᠎ᠠ ᠶ᠋ᠢ ᠵᠢᠭᠠᠵᠤ ᠪᠣᠯᠤᠨ᠎ᠠ ᠃
ᠵᠠᠯᠠᠭᠤᠴᠤᠳ ᠪᠠᠭᠠᠴᠤᠳ ᠪᠣᠯ ᠡᠬᠡ ᠣᠷᠣᠨ ᠤ᠋ ᠢᠷᠡᠭᠡᠳᠦᠢ ᠂ ᠦᠨᠳᠦᠰᠦᠲᠡᠨ ᠦ᠌ ᠬᠦᠰᠡᠯ ᠡᠷᠡᠮᠡᠯᠵᠡᠯ ᠮᠥᠨ ᠃ ᠬᠠᠤᠯᠢ ᠳᠦᠷᠢᠮ ᠤ᠋ᠨ ᠰᠤᠷᠭᠠᠭᠤᠯᠢ ᠶ᠋ᠢᠨ ᠳᠡᠳ᠋ ᠵᠠᠬᠢᠷᠤᠯ ᠵᠠᠯᠭ᠎ᠠ ᠪᠠᠷ ᠤᠷᠢᠬᠤ ᠶᠣᠰᠣᠯᠠᠯ ᠪᠣᠯ ᠪᠠᠰᠠ ᠴᠤ᠌ ᠨᠢᠭᠡᠨ ᠴᠣ ᠰᠢᠨ᠎ᠡ ᠡᠬᠢᠯᠡᠯᠲᠡ ᠪᠣᠯᠬᠤ ᠶᠤᠮ ᠃ ᠬᠠᠤᠯᠢ ᠳᠦᠷᠢᠮ ᠦ᠋ᠨ ᠰᠤᠷᠭᠠᠭᠤᠯᠢ ᠶ᠋ᠢᠨ ᠳᠡᠳ᠋ ᠵᠠᠬᠢᠷᠤᠯ ᠨᠢ ᠵᠠᠯᠠᠭᠤᠴᠤᠳ ᠪᠠᠭᠠᠴᠤᠳ ᠤ᠋ᠨ ᠬᠠᠤᠯᠢ ᠳᠦᠷᠢᠮ ᠦ᠋ᠨ ᠤᠬᠠᠭᠤᠯᠭ᠎ᠠ ᠬᠥᠮᠦᠵᠢᠯ ᠪᠠ ᠰᠤᠷᠭᠠᠭᠤᠯᠢ ᠶ᠋ᠢᠨ ᠬᠦᠷᠢᠶ᠎ᠡ ᠵᠢᠴᠢ ᠡᠷᠭᠢᠨ ᠲᠣᠭᠣᠷᠢᠨ ᠤ᠋ ᠣᠷᠴᠢᠨ ᠲᠣᠭᠣᠷᠢᠨ ᠤ᠋ ᠠᠮᠤᠷ ᠲᠦᠪᠰᠢᠨ ᠲᠣᠭᠲᠠᠭᠤᠨ ᠪᠠᠢᠳᠠᠯ ᠢ᠋ ᠬᠠᠮᠠᠭᠠᠯᠠᠬᠤ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠦ ᠪᠣᠢ᠂ ᠬᠤᠢᠰᠢᠲᠠ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠠᠰᠠ ᠦᠷᠭᠦᠯᠵᠢᠯᠡᠨ ᠱ᠋ᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠳᠠᠭᠠᠭᠤᠯᠤᠭ᠎ᠠ ᠳᠣᠣᠷ᠎ᠠ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠨᠠᠰᠤᠨ ᠳ᠋ᠤ᠌ ᠦᠯᠦ ᠬᠦᠷᠦᠭᠰᠡᠳ ᠦ᠋ᠨ ᠡᠷᠬᠡ ᠠᠰᠢᠭ ᠢ᠋ ᠬᠠᠮᠠᠭᠠᠯᠠᠬᠤ ᠠᠵᠢᠯ ᠢ᠋ ᠪᠦᠬᠦ ᠲᠠᠯ᠎ᠠ ᠪᠠᠷ ᠰᠠᠢᠲᠤᠷ ᠬᠢᠵᠦ᠂ ᠲᠠᠰᠤᠷᠠᠯᠲᠠ ᠦᠭᠡᠢ ᠬᠠᠢᠨ ᠰᠦᠪᠡᠭᠴᠢᠯᠡᠬᠦ ᠬᠡᠷᠡᠭᠲᠡᠢ᠃
ᠦᠨᠡᠯᠡᠬᠦ 0ᠦᠨᠡᠯᠡᠯᠲᠡ ᠲᠠᠢ