ᠲᠤᠬᠠᠢ ᠶ᠋ᠢᠨ ᠲᠠᠯᠠᠪᠤᠷ ! ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠠᠷᠪᠠᠨ ᠳᠥᠷᠪᠡᠳᠦᠭᠡᠷ ᠬᠤᠭᠤᠴᠠᠭᠠᠨ ᠤ᠋ ᠬᠣᠲᠠ ᠶ᠋ᠢᠨ ᠰᠢᠭᠤᠳ ᠬᠠᠷᠢᠶ᠎ᠠ ᠪᠠᠢᠭᠤᠯᠭ᠎ᠠ ᠶ᠋ᠢᠨ ᠪᠡᠶ᠎ᠡ ᠲᠠᠮᠢᠷ ᠤ᠋ᠨ ᠴᠤᠭᠯᠠᠭᠠᠨ ᠳ᠋ᠤ᠌ ᠣᠷᠣᠯᠴᠠᠨ᠎ᠠ
2020.10.10 ᠲᠣᠰ ᠥᠷᠲᠡᠭᠡᠨ ᠦ ᠨᠠᠢᠷᠠᠭᠤᠯᠤᠭᠴᠢ

9  ᠳ᠋ᠦ᠍ᠭᠡᠷ ᠰᠠᠷ᠎ᠠ ᠶ᠋ᠢᠨ 28  ᠤ᠋ ᠡᠳᠦᠷ ᠂ ᠬᠣᠲᠠ ᠶ᠋ᠢᠨ ᠰᠢᠭᠤᠳ ᠬᠠᠷᠢᠶ᠎ᠠ ᠪᠠᠢᠭᠤᠯᠭ᠎ᠠ ᠶ᠋ᠢᠨ ᠠᠵᠢᠯ ᠤ᠋ᠨ ᠵᠥᠪᠯᠡᠯ ᠂ ᠬᠣᠲᠠ ᠶ᠋ᠢᠨ ᠰᠤᠷᠭᠠᠨ ᠬᠥᠮᠦᠵᠢᠯ ᠪᠡᠶ᠎ᠡ ᠲᠠᠮᠢᠷ ᠤ᠋ᠨ ᠲᠣᠪᠴᠢᠶ᠎ᠠ ᠪᠣᠯᠤᠨ ᠬᠣᠲᠠ ᠶ᠋ᠢᠨ ᠶᠡᠷᠦᠩᠬᠡᠢ ᠠᠵᠢᠯᠲᠠᠨ ᠤ᠋ ᠡᠪᠯᠡᠯ ᠬᠠᠮᠲᠤᠷᠠᠨ ᠡᠷᠬᠢᠯᠡᠭᠰᠡᠨ ᠣᠷᠳᠣᠰ ᠬᠣᠲᠠ ᠶ᠋ᠢᠨ ᠱᠢᠭᠤᠳ ᠬᠠᠷᠢᠶ᠎ᠠ ᠪᠠᠢᠭᠤᠯᠭ᠎ᠠ ᠶ᠋ᠢᠨ ᠠᠷᠪᠠᠨ ᠳᠥᠷᠪᠡᠳᠦᠭᠡᠷ ᠬᠤᠭᠤᠴᠠᠭᠠᠨ ᠤ᠋ ᠠᠵᠢᠯᠲᠠᠨ ᠠᠵᠢᠯᠴᠢᠨ ᠤ᠋ ᠪᠡᠶ᠎ᠡ ᠶ᠋ᠢᠨ ᠲᠠᠮᠢᠷ ᠤ᠋ᠨ ᠴᠤᠭᠯᠠᠭᠠᠨ ᠬᠣᠲᠠ ᠶ᠋ᠢᠨ ᠪᠡᠶ᠎ᠡ ᠶ᠋ᠢᠨ ᠲᠠᠮᠢᠷ ᠤ᠋ᠨ ᠲᠥᠪ ᠲᠦ᠍  ᠦᠪᠡᠳᠡᠭᠰᠢ ᠶᠡᠬᠡᠪᠡᠷ ᠡᠬᠢᠯᠡᠪᠡ ᠃

 ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠢᠳᠡᠪᠬᠢᠲᠡᠢ ᠪᠡᠷ ᠳᠠᠢᠴᠢᠯᠠᠵᠤ ᠂ ᠢᠳᠡᠪᠬᠢᠲᠡᠢ ᠣᠷᠣᠯᠴᠠᠨ ᠂ 39 ᠬᠥᠮᠦᠨ ᠢ᠋ᠶ᠋ᠡᠷ ᠪᠦᠷᠢᠯᠳᠦᠭᠰᠡᠨ ᠨᠢᠭᠡᠨ ᠡᠩᠨᠡᠭᠡ ᠶ᠋ᠢ ᠪᠠᠢᠭᠤᠯᠵᠤ ᠂ ᠰᠦᠷ ᠪᠠᠳᠠᠷᠠᠩᠭᠤᠢ 《 ᠲᠠᠮᠢᠷᠴᠢᠳ ᠤ᠋ᠨ ᠠᠶ᠎ᠠ 》  ᠶ᠋ᠢ ᠳᠠᠭᠠᠯᠳᠤᠨ ᠂ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠲᠥᠯᠥᠭᠡᠯᠡᠭᠴᠢᠳ ᠦ᠋ᠨ ᠠᠩᠭᠢ ᠶ᠋ᠢᠨ ᠭᠡᠰᠢᠭᠦᠳ ᠡᠷᠡᠭᠦᠯ ᠴᠢᠭᠢᠷᠠᠭ ᠠᠯᠬᠤᠭ᠎ᠠ ᠪᠠᠷ  ᠤᠷᠤᠭᠰᠢᠯᠠᠵᠤ ᠂ ᠪᠠᠶᠠᠷ ᠪᠠᠶᠠᠰᠭᠤᠯᠠᠩᠲᠤ ᠬᠡᠮᠡᠷᠭᠡᠨ ᠬᠤᠷᠠᠯ ᠤ᠋ᠨ ᠲᠠᠯᠠᠪᠠᠢ ᠳ᠋ᠤ᠌ ᠠᠯᠬᠤᠨ ᠣᠷᠣᠵᠤ ᠂ ᠨᠢᠭᠡᠳᠦᠯᠲᠡᠢ ᠲᠣᠭᠣᠷᠢᠨ ᠦᠵᠡᠬᠦ ᠲᠠᠪᠴᠠᠩ ᠳᠡᠭᠡᠷ᠎ᠡ ᠭᠠᠷᠴᠤ ᠂  ᠰᠢᠨ᠎ᠡ ᠴᠠᠭ ᠦᠶ᠎ᠡ ᠶ᠋ᠢᠨ  ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠶ᠋ᠢᠨ ᠴᠣᠭ ᠵᠢᠪᠬᠤᠭ᠎ᠠ ᠶ᠋ᠢ ᠢᠯᠡᠷᠡᠭᠦᠯᠪᠡ ᠃

 ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠠᠯᠠᠭᠠᠳᠠᠬᠤ ᠪᠥᠮᠪᠥᠭᠡ ᠶ᠋ᠢᠨ ᠬᠣᠯᠢᠮᠠᠭ ᠤᠷᠤᠯᠳᠤᠭᠠᠨ ᠂ ᠥᠲᠥᠨ ᠪᠥᠮᠪᠥᠭᠡ ᠶ᠋ᠢᠨ ᠬᠠᠮᠲᠤ ᠶ᠋ᠢᠨ ᠤᠷᠤᠯᠳᠤᠭᠠᠨ ᠂ ᠳᠡᠭᠡᠰᠦ ᠲᠠᠲᠠᠬᠤ ᠬᠣᠯᠢᠮᠠᠭ ᠤᠷᠤᠯᠳᠤᠭᠠᠨ ᠂ ᠲᠠᠪᠤᠨ ᠬᠥᠮᠦᠨ ᠦ᠌ ᠳᠦᠷᠢᠮᠲᠦ ᠬᠥᠯ ᠪᠥᠮᠪᠥᠭᠡ ᠶ᠋ᠢᠨ ᠤᠷᠤᠯᠳᠤᠭᠠᠨ ᠵᠡᠷᠭᠡ ᠬᠠᠮᠲᠤ ᠶ᠋ᠢᠨ ᠲᠥᠷᠥᠯ ᠵᠦᠢᠯ ᠳ᠋ᠦ᠍ ᠨᠡᠷ᠎ᠡ ᠮᠡᠳᠡᠭᠦᠯᠵᠦ ᠂ ᠲᠡᠳᠡ ᠲᠤᠰ ᠬᠤᠭᠤᠴᠠᠭᠠᠨ ᠤ᠋ ᠲᠠᠮᠢᠷ ᠤ᠋ᠨ ᠴᠤᠭᠯᠠᠭᠠᠨ ᠳᠡᠭᠡᠷ᠎ᠡ ᠪᠦᠯᠬᠦᠮᠳᠡᠨ ᠲᠡᠮᠡᠴᠡᠵᠦ ᠂ ᠬᠡᠪ ᠨᠠᠮᠪᠠ ᠪᠠ ᠤᠷᠤᠯᠳᠤᠭᠠᠨ ᠤ᠋ ᠬᠢᠷᠢ  ᠲᠦᠪᠰᠢᠨ ᠢ᠋ᠶ᠋ᠡᠨ ᠭᠠᠷᠭᠠᠵᠤ ᠂  ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠶ᠋ᠢᠨ ᠰᠠᠢᠨ ᠰᠠᠢᠬᠠᠨ ᠬᠡᠪ ᠨᠠᠮᠪᠠ ᠶ᠋ᠢ ᠢᠯᠡᠷᠡᠭᠦᠯᠬᠦ ᠪᠣᠯᠤᠨ᠎ᠠ ᠃
 ᠳᠡᠭᠡᠰᠦ ᠲᠠᠲᠠᠬᠤ ᠤᠷᠤᠯᠳᠤᠭᠠᠨ ᠶᠠᠪᠤᠭᠳᠠᠬᠤ ᠦᠶᠡᠰ

 ᠬᠥᠯ ᠪᠥᠮᠪᠥᠭᠡ ᠶ᠋ᠢᠨ ᠤᠷᠤᠯᠳᠤᠭᠠᠨ ᠶᠠᠪᠤᠭᠳᠠᠬᠤ ᠴᠠᠭ

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )