ᠳᠣᠣᠷᠠᠲᠤ ᠱᠠᠲᠤᠨ ᠤ᠋ ᠵᠢᠯᠣᠭᠣᠳᠤᠯᠭ᠎ᠠ ᠶ᠋ᠢ ᠴᠢᠩᠭᠠᠳᠭᠠᠵᠤ ᠂ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠦᠶ᠎ᠡ
2020.10.15 ᠲᠣᠰ ᠥᠷᠲᠡᠭᠡᠨ ᠦ ᠨᠠᠢᠷᠠᠭᠤᠯᠤᠭᠴᠢ

3 ᠰᠠᠷ᠎ᠠ ᠶ᠋ᠢᠨ 26  ᠤ᠋ ᠡᠳᠦᠷ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠥᠳᠡᠯᠮᠦᠷᠢ ᠶ᠋ᠢᠨ ᠵᠠᠮ ᠬᠠᠷᠢᠯᠴᠠᠭᠠᠨ ᠤ᠋ ᠡᠮ ᠡᠮᠨᠡᠯᠭᠡ ᠰᠤᠷᠭᠠᠨ ᠬᠥᠮᠦᠵᠢᠯ ᠦ᠋ᠨ ᠬᠠᠮᠲᠤᠷᠠᠨ ᠵᠥᠪᠯᠡᠬᠦ ᠲᠢᠩᠬᠢᠮ ᠦ᠋ᠨ  ᠰᠢᠭᠦᠭᠴᠢ  ᠰᠢᠭᠦᠯᠲᠡ ᠡᠬᠢᠯᠡᠬᠦ ᠲᠣᠬᠢᠶᠠᠯ ᠢ᠋  ᠠᠰᠢᠭᠯᠠᠨ ᠂ ᠣᠲᠣᠭ  ᠬᠣᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠢᠷᠭᠡᠨ ᠦ᠌ ᠪᠠ ᠬᠤᠳᠠᠯᠳᠤᠭᠠᠨ ᠤ᠋ ᠬᠡᠷᠡᠭ ᠦ᠋ᠨ  ᠰᠢᠭᠦᠭᠴᠢ ᠲᠡᠢ ᠶᠠᠷᠢᠯᠴᠠᠬᠤ ᠬᠤᠷᠠᠯ ᠬᠢᠵᠦ ᠂ ᠬᠥᠳᠡᠯᠮᠦᠷᠢ ᠶ᠋ᠢᠨ ᠮᠠᠷᠭᠤᠯᠳᠤᠭᠠᠨ ᠂ ᠵᠠᠮ ᠬᠠᠷᠢᠯᠴᠠᠭᠠᠨ ᠤ᠋ ᠡᠨᠳᠡᠯ ᠂ ᠡᠷᠬᠡ ᠳ᠋ᠦ᠍ ᠬᠠᠯᠳᠠᠭᠰᠠᠨ ᠵᠢᠴᠢ ᠭᠦᠢᠴᠡᠳᠭᠡᠬᠦ ᠶ᠋ᠢᠨ ᠣᠨᠳᠣᠣ ᠰᠠᠨᠠᠯ ᠤ᠋ᠨ ᠵᠠᠷᠭᠤ ᠶ᠋ᠢᠨ ᠬᠡᠷᠡᠭ ᠢ᠋ ᠰᠢᠭᠦᠬᠦ ᠳᠤᠮᠳᠠᠬᠢ ᠬᠡᠯᠡᠯᠴᠡᠭᠡᠨ ᠶᠡᠬᠡᠲᠡᠢ ᠂ ᠬᠦᠴᠢᠷ ᠠᠰᠠᠭᠤᠳᠠᠯ ᠳ᠋ᠤ᠌ ᠪᠠᠢᠴᠠᠭᠠᠨ ᠰᠤᠳᠤᠯᠤᠯᠲᠠ ᠬᠢᠵᠦ ᠂ ᠲᠠᠰᠤᠯᠤᠨ ᠲᠣᠭᠲᠠᠭᠠᠯᠲᠠ ᠶ᠋ᠢᠨ ᠰᠡᠳᠭᠢᠴᠡ ᠪᠡᠨ ᠨᠢᠭᠡᠳᠭᠡᠵᠦ ᠂ ᠲᠠᠰᠤᠯᠤᠨ ᠲᠣᠭᠲᠠᠭᠠᠯᠲᠠ ᠶ᠋ᠢᠨ ᠪᠠᠷᠢᠮᠵᠢᠶ᠎ᠠ ᠶ᠋ᠢ ᠲᠣᠳᠣᠷᠬᠠᠢᠯᠠᠨ᠎ᠠ ᠃

 ᠬᠤᠷᠠᠯ ᠳᠡᠭᠡᠷ᠎ᠡ ᠂ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠬᠥᠳᠡᠯᠮᠦᠷᠢ ᠶ᠋ᠢᠨ ᠵᠠᠮ ᠬᠠᠷᠢᠯᠴᠠᠭ᠎ᠠ ᠡᠮ ᠡᠮᠨᠡᠯᠭᠡ ᠶ᠋ᠢᠨ ᠬᠠᠮᠲᠤᠷᠠᠨ ᠵᠥᠪᠯᠡᠬᠦ ᠲᠢᠩᠬᠢᠮ ᠨᠢ ᠣᠲᠣᠭ ᠬᠣᠰᠢᠭᠤᠨ ᠤ᠋ ᠠᠷᠠᠳ ᠤ᠋ᠨ  ᠰᠢᠭᠦᠬᠦ ᠬᠣᠷᠢᠶᠠᠨ ᠤ᠋ 2019 ᠣᠨ ᠤ᠋ ᠢᠷᠭᠡᠨ ᠦ᠌ ᠪᠠ ᠬᠤᠳᠠᠯᠳᠤᠭᠠᠨ ᠤ᠋ ᠬᠡᠷᠡᠭ ᠦ᠋ᠨ  ᠰᠢᠭᠦᠨ ᠲᠠᠰᠤᠯᠤᠯᠲᠠ ᠶ᠋ᠢᠨ ᠭᠦᠢᠴᠡᠳᠭᠡᠯ ᠲᠣᠭ᠎ᠠ ᠶ᠋ᠢ ᠪᠡᠶᠡᠯᠡᠭᠦᠯᠦᠭᠰᠡᠨ ᠪᠠᠢᠳᠠᠯ ᠢ᠋ ᠨᠠᠷᠢᠨ ᠣᠢᠯᠠᠭᠠᠵᠤ ᠂ 2019 ᠣᠨ ᠤ᠋ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠥᠳᠡᠯᠮᠦᠷᠢ ᠶ᠋ᠢᠨ ᠵᠠᠮ ᠬᠠᠷᠢᠯᠴᠠᠭ᠎ᠠ ᠡᠮ ᠡᠮᠨᠡᠯᠭᠡ ᠶ᠋ᠢᠨ ᠬᠠᠮᠲᠤᠷᠠᠨ ᠵᠥᠪᠯᠡᠬᠦ ᠲᠢᠩᠬᠢᠮ ᠨᠢ ᠲᠤᠰ ᠬᠣᠷᠢᠶᠠᠨ ᠤ᠋  ᠳᠡᠭᠡᠭᠰᠢ ᠵᠠᠭᠠᠯᠳᠤᠭᠰᠠᠨ ᠬᠡᠷᠡᠭ ᠢ᠋ ᠪᠤᠴᠠᠭᠠᠬᠤ ᠂ ᠥᠭᠡᠷᠡᠴᠢᠯᠡᠨ ᠲᠠᠰᠤᠯᠤᠭᠰᠠᠨ ᠪᠠᠢᠳᠠᠯ ᠢ᠋ ᠦᠨᠳᠦᠰᠦᠯᠡᠵᠦ ᠂ ᠲᠤᠰ ᠬᠡᠷᠡᠭ ᠢ᠋ ᠰᠢᠭᠦᠨ  ᠰᠢᠢᠳᠪᠦᠷᠢᠯᠡᠬᠦ ᠶᠠᠪᠤᠴᠠ ᠳ᠋ᠠᠬᠢ ᠲᠠᠰᠤᠯᠤᠨ ᠲᠣᠭᠲᠠᠭᠠᠯᠲᠠ ᠶ᠋ᠢᠨ ᠪᠠᠷᠢᠮᠵᠢᠶ᠎ᠠ ᠪᠠ ᠨᠢᠭᠡᠳᠦᠭᠡᠷ ᠱᠤᠭᠤᠮ ᠢ᠋ ᠨᠡᠪᠲᠡᠷᠡᠭᠦᠯᠪᠡ ᠃
 ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶᠠᠨ ᠤ᠋ ᠬᠥᠳᠡᠯᠮᠦᠷᠢ ᠵᠠᠮ ᠬᠠᠷᠢᠯᠴᠠᠭ᠎ᠠ ᠡᠮ ᠡᠮᠨᠡᠯᠭᠡ ᠰᠤᠷᠭᠠᠨ ᠬᠥᠮᠦᠵᠢᠯ ᠦ᠋ᠨ ᠬᠠᠮᠲᠤᠷᠠᠨ ᠵᠥᠪᠯᠡᠬᠦ ᠲᠢᠩᠬᠢᠮ ᠨᠢ ᠲᠤᠰᠭᠠᠢ ᠬᠠᠷᠢᠶᠠᠯᠠᠭᠳᠠᠬᠤ ᠬᠡᠷᠡᠭ ᠢ᠋  ᠰᠢᠭᠦᠨ  ᠰᠢᠢᠳᠪᠦᠷᠢᠯᠷᠬᠦ ᠳ᠋ᠦ᠍ ᠳᠣᠣᠷᠠᠬᠢ ᠮᠡᠲᠦ ᠰᠠᠨᠠᠯ ᠢ᠋ ᠳᠤᠷᠠᠳᠪᠠ ᠄ ᠨᠢᠭᠡ ᠳ᠋ᠦ᠍ ᠬᠢᠵᠢᠭ ᠦ᠋ᠨ ᠪᠠᠢᠳᠠᠯ ᠤ᠋ᠨ ᠨᠥᠯᠥᠭᠡ ᠡᠴᠡ ᠪᠣᠯᠤᠭᠰᠠᠨ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠢ᠋ ᠲᠣᠬᠢᠲᠠᠢ ᠰᠢᠭᠦᠨ  ᠰᠢᠢᠳᠪᠦᠷᠢᠯᠷᠵᠦ ᠂ ᠲᠡᠩᠴᠡᠭᠦᠷᠢᠲᠡᠢ ᠬᠠᠮᠠᠭᠠᠯᠠᠬᠤ ᠣᠢᠯᠠᠭᠠᠭᠳᠠᠬᠤᠨ ᠢ᠋ ᠪᠣᠢ ᠪᠣᠯᠭᠠᠵᠤ ᠂ ᠬᠥᠳᠡᠯᠮᠦᠷᠢᠴᠢᠨ ᠦ᠌ ᠬᠠᠤᠯᠢ ᠶᠣᠰᠣᠨ ᠤ᠋ ᠡᠷᠬᠡ  ᠠᠰᠢᠭ ᠢ᠋ ᠰᠠᠢᠲᠤᠷ ᠬᠠᠮᠠᠭᠠᠯᠠᠬᠤ ᠶ᠋ᠢᠨ ᠬᠠᠮᠲᠤ ᠬᠥᠮᠦᠨ ᠬᠡᠷᠡᠭᠯᠡᠬᠦ ᠨᠢᠭᠡᠴᠢ ᠶ᠋ᠢᠨ ᠬᠥᠭᠵᠢᠯᠲᠡ ᠶ᠋ᠢᠨ ᠡᠷᠬᠡ ᠠᠱᠢᠭ ᠢ᠋ ᠪᠣᠳᠣᠯᠬᠢᠯᠠᠵᠤ ᠂ ᠠᠵᠢᠯᠴᠢᠨ ᠬᠡᠷᠡᠭᠯᠡᠬᠦ ᠬᠠᠷᠢᠴᠠᠭ᠎ᠠ ᠶ᠋ᠢ ᠢᠳᠡᠪᠬᠢᠲᠡᠢ ᠬᠥᠲᠥᠯᠦᠨ ᠵᠢᠯᠣᠭᠣᠳᠬᠤ ᠬᠡᠷᠡᠭᠲᠡᠢ ᠃ ᠬᠣᠶᠠᠷ ᠲᠤ᠌ ᠵᠠᠮ ᠬᠠᠷᠢᠯᠴᠠᠭᠠᠨ ᠤ᠋ ᠡᠨᠳᠡᠯ ᠂ ᠡᠮᠴᠢᠯᠡᠭᠡᠨ ᠦ᠌ ᠬᠣᠬᠢᠷᠠᠯ ᠤ᠋ᠨ ᠬᠠᠷᠢᠭᠤᠴᠠᠯᠭ᠎ᠠ ᠶ᠋ᠢᠨ ᠵᠢᠭᠤᠷᠠᠯᠳᠤᠭᠠᠨ ᠂ ᠬᠥᠳᠡᠯᠮᠦᠷᠢ ᠦᠢᠯᠡᠴᠢᠯᠡᠭᠡ ᠶ᠋ᠢᠨ ᠬᠣᠣᠷ ᠬᠥᠨᠥᠭᠡᠯ ᠳ᠋ᠦ᠍ ᠤᠴᠠᠷᠠᠬᠤ ᠬᠠᠷᠢᠭᠤᠴᠠᠯᠭ᠎ᠠ ᠶ᠋ᠢᠨ ᠵᠢᠭᠤᠷᠠᠯᠳᠤᠭᠠᠨ ᠵᠡᠷᠭᠡ ᠡᠯ᠎ᠡ ᠲᠥᠷᠥᠯ ᠦ᠋ᠨ ᠡᠷᠬᠡ ᠳ᠋ᠦ᠍ ᠬᠠᠯᠳᠠᠭᠰᠠᠨ ᠬᠡᠷᠡᠭ ᠢ᠋ ᠲᠣᠬᠢᠲᠠᠢ   ᠰᠢᠭᠦᠨ ᠰᠢᠢᠳᠪᠦᠷᠢᠯᠡᠵᠦ ᠂ ᠬᠠᠤᠯᠢ ᠴᠠᠭᠠᠵᠠ ᠶ᠋ᠢ ᠣᠨᠣᠪᠴᠢᠲᠠᠢ ᠬᠡᠷᠡᠭᠯᠡᠨ ᠂ ᠬᠠᠤᠯᠢ ᠴᠠᠭᠠᠵᠠ ᠶ᠋ᠢᠨ ᠨᠡᠢᠭᠡᠮ ᠦ᠋ᠨ ᠵᠠᠰᠠᠯᠲᠠ ᠳ᠋ᠤ᠌ ᠦᠵᠡᠭᠦᠯᠬᠦ ᠲᠣᠬᠢᠷᠠᠭᠤᠯᠤᠭᠤᠷ ᠂ ᠳᠤᠭᠲᠠᠪᠤᠷᠢ ᠲᠣᠭᠲᠠᠭᠠᠬᠤ ᠶ᠋ᠢᠨ ᠬᠠᠮᠲᠤ ᠬᠢᠨᠠᠭᠴᠢ ᠠ᠋ᠴᠠ ᠨᠡᠢᠭᠡᠮ ᠦ᠋ᠨ ᠭᠣᠣᠯ ᠤᠷᠤᠰᠭᠠᠯ ᠤ᠋ᠨ ᠥᠷᠲᠡᠭ ᠦ᠋ᠨ ᠦᠵᠡᠯᠲᠡ ᠳ᠋ᠦ᠍ ᠦᠵᠡᠭᠦᠯᠬᠦ ᠬᠥᠲᠥᠯᠦᠨ ᠵᠢᠯᠣᠭᠣᠳᠬᠤ ᠦᠢᠯᠡᠳᠦᠯ ᠢ᠋ ᠰᠠᠢᠲᠤᠷ ᠪᠠᠳᠠᠷᠠᠭᠤᠯᠵᠤ ᠂ ᠲᠠᠰᠤᠯᠤᠨ ᠲᠣᠭᠲᠠᠭᠠᠯᠲᠠ ᠶ᠋ᠢᠨ ᠴᠢᠨᠠᠷ ᠴᠢᠨᠰᠠᠭ᠎ᠠ ᠶ᠋ᠢ  ᠳᠡᠭᠡᠭᠰᠢᠯᠡᠭᠦᠯᠦᠨ᠎ᠡ ᠃ ᠭᠤᠷᠪᠠ ᠳ᠋ᠤ᠌ ᠣᠨᠳᠣᠣ ᠰᠠᠨᠠᠯ ᠲᠠᠢ ᠵᠠᠷᠭᠤ ᠶ᠋ᠢᠨ ᠬᠡᠷᠡᠭ ᠢ᠋  ᠰᠢᠭᠦᠨ   ᠰᠢᠢᠳᠪᠦᠷᠢᠯᠡᠬᠦ ᠳᠤᠮᠳᠠᠬᠢ ᠬᠡᠯᠡᠯᠴᠡᠭᠡᠨ ᠶᠡᠬᠡᠲᠡᠢ ᠂ ᠪᠡᠷᠬᠡᠲᠡᠢ ᠠᠰᠠᠭᠤᠳᠠᠯ ᠢ᠋ ᠭᠦᠢᠴᠡᠳ ᠠᠩᠬᠠᠷᠴᠤ ᠂ ᠲᠤᠰᠭᠠᠢᠵᠢᠭᠰᠠᠨ  ᠰᠢᠭᠦᠨ  ᠰᠢᠢᠳᠪᠦᠷᠢᠯᠡᠬᠦ ᠠᠷᠭ᠎ᠠ ᠮᠠᠶᠢᠭ ᠢ᠋ ᠢᠳᠡᠪᠬᠢᠲᠡᠢ ᠬᠠᠢᠨ ᠰᠦᠪᠡᠭᠴᠢᠯᠡᠵᠦ ᠂ ᠪᠠᠢᠴᠠᠭᠠᠨ ᠰᠤᠳᠤᠯᠬᠤ ᠠᠵᠢᠯ ᠢ᠋ ᠴᠢᠩᠭᠠᠳᠭᠠᠨ ᠂ ᠲᠠᠰᠤᠯᠤᠨ ᠲᠣᠭᠲᠠᠭᠠᠯᠲᠠ ᠶ᠋ᠢᠨ ᠪᠠᠷᠢᠮᠵᠢᠶ᠎ᠠ ᠶ᠋ᠢ ᠨᠢᠭᠡᠳᠭᠡᠵᠦ ᠂ ᠭᠤᠶᠤᠴᠢᠯᠠᠭᠴᠢ ᠶ᠋ᠢᠨ ᠵᠠᠷᠭᠤ ᠳᠡᠢᠯᠬᠦ ᠶ᠋ᠢᠨ  ᠠᠰᠢᠭ ᠲᠤᠰᠠ ᠪᠠ ᠬᠡᠷᠡᠭ ᠦ᠋ᠨ ᠭᠠᠳᠠᠨᠠᠬᠢ ᠬᠥᠮᠦᠨ ᠦ᠌ ᠪᠣᠳᠠᠲᠤ ᠪᠡᠶ᠎ᠡ ᠶ᠋ᠢᠨ ᠡᠷᠬᠡ  ᠠᠰᠢᠭ ᠤ᠋ᠨ ᠬᠣᠭᠣᠷᠣᠨᠳᠣ ᠬᠠᠮᠤᠭ ᠤ᠋ᠨ ᠰᠠᠢᠨ ᠲᠡᠩᠴᠡᠭᠦᠷᠢ ᠶ᠋ᠢᠨ ᠴᠢᠭ ᠢ᠋ ᠡᠷᠢᠵᠦ ᠣᠯᠵᠤ ᠂ ᠬᠡᠷᠡᠭ ᠢ᠋ ᠰᠢᠢᠳᠪᠦᠷᠢᠯᠡᠬᠦ ᠳ᠋ᠦ᠍ ᠵᠠᠷᠭᠤ ᠳ᠋ᠤ᠌ ᠬᠣᠯᠪᠣᠭᠳᠠᠭᠰᠠᠨ ᠵᠠᠬᠢᠳᠠᠯ ᠰᠤᠷᠪᠤᠯᠵᠢᠯᠠᠭ᠎ᠠ ᠶ᠋ᠢᠨ ᠵᠢᠭᠤᠷᠠᠯᠳᠤᠭᠠᠨ ᠡᠭᠦᠰᠬᠦ ᠦᠭᠡᠢ ᠪᠠᠢᠬᠤ ᠶ᠋ᠢ ᠦᠨᠡᠨ ᠬᠦ᠌ ᠪᠠᠲᠤᠯᠠᠬᠤ ᠬᠡᠷᠡᠭᠲᠡᠢ ᠃ ᠳᠥᠷᠪᠡ ᠳ᠋ᠦ᠍  ᠰᠢᠭᠦᠬᠦ  ᠲᠤᠰᠢᠶᠠᠯᠲᠠᠨ ᠢ᠋ ᠬᠥᠲᠥᠯᠦᠨ ᠵᠢᠯᠣᠭᠣᠳᠴᠤ ᠪᠠᠢᠭᠠᠳ ᠠᠳᠠᠯᠢᠪᠲᠤᠷ ᠬᠡᠷᠡᠭ ᠢ᠋ ᠪᠠᠢᠴᠠᠭᠠᠨ ᠡᠷᠢᠬᠦ ᠳᠠᠳᠭᠠᠯ ᠲᠠᠢ ᠪᠣᠯᠭᠠᠬᠤ ᠶᠠᠪᠤᠳᠠᠯ ᠢ᠋ ᠴᠢᠬᠤᠯᠠᠴᠢᠯᠠᠵᠤ ᠂ ᠠᠳᠠᠯᠢ ᠪᠤᠰᠤ ᠬᠡᠷᠡᠭ ᠢ᠋ ᠠᠳᠠᠯᠢ ᠪᠤᠰᠤ ᠪᠠᠷ  ᠰᠢᠭᠦᠨ ᠲᠠᠰᠤᠯᠬᠤ ᠦᠵᠡᠭᠳᠡᠯ ᠭᠠᠷᠬᠤ ᠶ᠋ᠢ ᠬᠣᠷᠢᠭᠯᠠᠨ ᠵᠣᠭᠰᠣᠭᠠᠬᠤ ᠬᠡᠷᠡᠭᠲᠡᠢ ᠃ ᠲᠠᠪᠤ ᠳ᠋ᠤ᠌ ᠴᠢᠬᠤᠯᠠ ᠶᠡᠬᠡ ᠨᠡᠢᠭᠡᠮ ᠦ᠋ᠨ ᠨᠥᠯᠥᠭᠡ ᠲᠡᠢ ᠬᠡᠷᠡᠭ ᠪᠠ ᠲᠤᠬᠠᠢ ᠶ᠋ᠢᠨ ᠬᠥᠮᠦᠨ ᠦ᠌ ᠲᠣᠭ᠎ᠠ ᠪᠠᠷ ᠨᠡᠯᠢᠶᠡᠳ ᠣᠯᠠᠨ ᠵᠢᠭᠤᠷᠠᠯᠳᠤᠭᠠᠨ ᠤ᠋ ᠬᠡᠷᠡᠭ ᠲᠦ᠍ ᠳᠡᠭᠡᠳᠦ ᠱᠠᠲᠤᠨ ᠤ᠋  ᠰᠢᠭᠦᠬᠦ ᠬᠣᠷᠢᠶᠠᠨ ᠤ᠋ ᠲᠤᠰᠭᠠᠢ ᠠᠵᠢᠯ ᠤ᠋ᠨ ᠬᠠᠮᠲᠤᠷᠠᠨ ᠵᠥᠪᠯᠡᠬᠦ ᠲᠢᠩᠬᠢᠮ ᠯᠦ᠍ᠭᠡ ᠶ᠋ᠢᠨ ᠨᠡᠪᠲᠡᠷᠡᠯᠴᠡᠭᠡ ᠵᠣᠬᠢᠴᠠᠭᠤᠯᠤᠯᠲᠠ ᠪᠠᠨ ᠴᠢᠩᠭᠠᠳᠭᠠᠵᠤ ᠂ ᠲᠠᠰᠤᠯᠤᠨ ᠲᠣᠭᠲᠠᠭᠠᠬᠤ ᠪᠠᠷᠢᠮᠵᠢᠶ᠎ᠠ ᠪᠠᠨ ᠲᠣᠳᠣᠷᠬᠠᠢᠯᠠᠵᠤ ᠂ ᠬᠠᠤᠯᠢ ᠴᠠᠭᠠᠵᠠ ᠶ᠋ᠢᠨ ᠨᠡᠢᠲᠡ ᠶ᠋ᠢᠨ ᠢᠲᠡᠭᠡᠮᠵᠢ ᠶ᠋ᠢᠨ ᠬᠦᠴᠦᠨ ᠢ᠋ᠶ᠋ᠡᠨ  ᠳᠡᠭᠡᠭᠰᠢᠯᠡᠭᠦᠯᠵᠦ ᠂ ᠬᠠᠤᠯᠢ ᠴᠠᠭᠠᠵᠠ ᠶ᠋ᠢᠨ ᠡᠷᠬᠡ ᠰᠦᠷ ᠢ᠋ ᠬᠠᠮᠠᠭᠠᠯᠠᠬᠤ ᠬᠡᠷᠡᠭᠲᠡᠢ ᠃ ᠬᠤᠷᠠᠯ ᠳ᠋ᠤ᠌ ᠣᠷᠣᠯᠴᠠᠭᠰᠠᠨ ᠬᠥᠮᠦᠰ ᠪᠠᠰᠠ  ᠰᠢᠭᠦᠨ ᠲᠠᠰᠤᠯᠬᠤ ᠬᠡᠪ ᠦ᠋ᠨ ᠡᠮᠬᠢ ᠵᠢᠷᠤᠮ ᠢ᠋ ᠰᠡᠷᠭᠦᠭᠡᠭᠰᠡᠨ ᠱᠤᠭᠤᠮ ᠠ᠋ᠴᠠ ᠭᠠᠳᠠᠨ᠎ᠠ ᠬᠡᠷᠬᠢᠨ ᠵᠦᠢ ᠵᠣᠬᠢᠰᠲᠠᠢ ᠲᠣᠬᠢᠷᠠᠭᠤᠯᠤᠯᠲᠠ ᠬᠢᠭᠰᠡᠨ ᠂ ᠬᠢᠵᠢᠭ ᠦ᠋ᠨ ᠪᠠᠢᠳᠠᠯ ᠤ᠋ᠨ ᠨᠥᠯᠥᠭᠡ ᠡᠴᠡ ᠪᠣᠯᠵᠤ ᠭᠠᠷᠴᠤ ᠮᠡᠳᠡᠬᠦ ᠬᠡᠷᠡᠭ ᠦ᠋ᠨ ᠲᠠᠰᠤᠯᠤᠨ ᠲᠣᠭᠲᠠᠭᠠᠯᠲᠠ ᠶ᠋ᠢᠨ ᠭᠡᠮ ᠬᠡᠮᠵᠢᠶ᠎ᠡ ᠶ᠋ᠢ ᠬᠡᠷᠬᠢᠨ  ᠡᠵᠡᠮᠰᠢᠭᠰᠡᠨ᠂ ᠬᠦᠷᠭᠡᠬᠦ ᠠᠷᠭ᠎ᠠ ᠮᠠᠶᠢᠭ ᠢ᠋  ᠰᠢᠯᠢᠳᠡᠭᠵᠢᠭᠦᠯᠬᠦ ᠵᠢᠴᠢ ᠵᠢᠭᠤᠷᠠᠯᠳᠤᠭᠠᠨ ᠢ᠋ ᠣᠯᠠᠨ ᠡᠰᠢᠴᠢᠯᠡᠨ  ᠰᠢᠢᠳᠪᠦᠷᠢᠯᠡᠭᠰᠡᠨ ᠵᠡᠷᠭᠡ ᠵᠦᠢᠯᠡᠰ ᠦ᠋ᠨ ᠲᠤᠬᠠᠢ ᠰᠣᠯᠢᠯᠴᠠᠭ᠎ᠠ ᠬᠢᠵᠡᠢ ᠃
 2020 ᠣᠨ ᠳ᠋ᠤ᠌ ᠂ ᠬᠥᠳᠡᠯᠮᠦᠷᠢ ᠶ᠋ᠢᠨ ᠵᠠᠮ ᠬᠠᠷᠢᠯᠴᠠᠭ᠎ᠠ ᠡᠮ ᠡᠮᠨᠡᠯᠭᠡ ᠰᠤᠷᠭᠠᠨ ᠬᠥᠮᠦᠵᠢᠯ ᠦ᠋ᠨ ᠬᠠᠮᠲᠤᠷᠠᠨ ᠵᠥᠪᠯᠡᠬᠦ ᠲᠢᠩᠬᠢᠮ ᠨᠢ ᠲᠤᠰᠭᠠᠢᠵᠢᠭᠰᠠᠨ  ᠰᠢᠭᠦᠨ ᠲᠠᠰᠤᠯᠤᠯᠲᠠ ᠶ᠋ᠢᠨ ᠳᠠᠪᠠᠭᠤᠯᠢᠭ ᠲᠠᠭᠠᠨ  ᠲᠦᠰᠢᠭᠯᠡᠵᠦ ᠂ ᠬᠣᠲᠠ ᠶ᠋ᠢᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢᠨ ᠢᠷᠭᠡᠨ ᠦ᠌ ᠬᠡᠷᠡᠭ ᠢ᠋  ᠳᠣᠷᠤᠭᠰᠢ ᠵᠢᠭᠠᠨ ᠵᠢᠯᠣᠭᠣᠳᠴᠤ ᠬᠡᠷᠡᠭᠵᠢᠭᠦᠯᠬᠦ ᠰᠠᠨᠠᠯ ᠢ᠋ ᠴᠢᠩᠭᠠᠳᠭᠠᠵᠤ ᠂  ᠳᠣᠷᠤᠭᠰᠢ ᠵᠢᠭᠠᠨ ᠵᠢᠯᠣᠭᠣᠳᠬᠤ ᠪᠠᠨ ᠴᠢᠩᠭᠠᠳᠭᠠᠵᠤ ᠂ ᠭᠦᠨᠵᠡᠭᠡᠢ ᠨᠡᠪᠲᠡᠷᠡᠯᠴᠡᠨ ᠰᠣᠯᠢᠯᠴᠠᠬᠤ ᠶ᠋ᠢ ᠴᠢᠩᠭᠠᠳᠭᠠᠵᠤ ᠂ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠲᠠᠢ ᠬᠦᠴᠦ ᠪᠡᠨ ᠬᠠᠮᠲᠤᠳᠭᠠᠨ ᠬᠡᠷᠡᠭ  ᠰᠢᠢᠳᠪᠦᠷᠢᠯᠡᠬᠦ ᠬᠢᠷᠢ  ᠲᠦᠪᠰᠢᠨ ᠢ᠋ᠶ᠋ᠡᠨ ᠳᠠᠬᠢᠨ ᠳᠠᠪᠰᠢᠬᠤ ᠶ᠋ᠢ ᠠᠬᠢᠭᠤᠯᠵᠤ ᠂  ᠰᠢᠭᠦᠨ ᠲᠠᠰᠤᠯᠤᠯᠲᠠ ᠶ᠋ᠢᠨ ᠴᠢᠨᠠᠷ ᠦᠷ᠎ᠡ ᠪᠦᠲᠦᠮᠵᠢ ᠶ᠋ᠢ ᠳᠠᠬᠢᠨ ᠳᠡᠭᠡᠭᠰᠢᠯᠡᠭᠦᠯᠦᠨ᠎ᠡ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )