ᠣᠷᠳᠣᠰ ᠬᠣᠲᠠ ᠶ᠋ᠢᠨ ᠠᠩᠬᠠᠳᠠᠭᠴᠢ ᠥᠨᠳᠥᠷ ᠣᠭᠲᠠᠷᠭᠤᠢ ᠶ᠋ᠢᠨ ᠬᠠᠶᠠᠯᠲᠠ ᠶ᠋ᠢᠨ ᠬᠡᠷᠡᠭ ᠲᠦ᠍ ᠡᠷᠡᠭᠦᠦ ᠶ᠋ᠢᠨ ᠰᠢᠳᠭᠡᠯ ᠣᠷᠣᠪᠠ
2020.10.15 ᠲᠣᠰ ᠥᠷᠲᠡᠭᠡᠨ᠎ᠦ ᠨᠠᠢᠷᠠᠭᠤᠯᠤᠭᠴᠢ

ᠡᠣᠢᠷ᠎ᠠ ᠶ᠋ᠢᠨ ᠵᠢᠯ ᠳ᠋ᠦ᠍ ᠂ᠥᠨᠳᠦᠷ ᠡᠣᠷᠭᠠᠨᠴᠠ ᠪᠣᠳᠠᠰ ᠬᠡᠷᠡᠭ ᠪᠠᠢᠨ ᠳᠠᠬᠢᠨ ᠭᠠᠷᠴᠤ ᠂ ᠡᠠᠷᠠᠣᠠ ᠡᠣᠯᠠᠠ ᠶ᠋ᠢᠨ ᠡᠠᠮᠢ ᠨᠠᠰᠤ ᠂ ᠡᠷᠡᠭᠦᠯ ᠮᠡᠨᠳᠦ ᠪᠣᠯᠤᠨ ᠡᠳ᠋  ᠬᠥᠷᠦᠩᠭᠡ ᠶ᠋ᠢᠨ ᠡᠠᠮᠣᠷ ᠲᠦᠪᠰᠢᠨ ᠢ᠋  ᠬᠦᠨᠳᠦ ᠨᠣᠴᠢᠲᠠᠢ  ᠰᠦᠷᠳᠡᠭᠦᠯᠦᠨ᠂《 ᠬᠣᠲᠠ ᠶ᠋ᠢᠨ ᠣᠭᠲᠠᠷᠭᠤᠢ ᠳ᠋ᠤ᠌ ᠡᠯᠭᠦᠭᠳᠡᠵᠦ ᠪᠠᠢᠭ᠎ᠠ ᠡᠪᠷᠡᠰᠢᠶᠡᠯ》 ᠬᠡᠮᠡᠭᠳᠡᠵᠡᠢ ᠃ ᠠᠷᠠᠳ ᠣᠯᠠᠨ ᠤ᠋ 《ᠣᠷᠣᠢ ᠳᠡᠭᠡᠷᠡᠬᠢ ᠠᠮᠤᠷ  ᠲᠦᠪᠰᠢᠨ》 ᠢ᠋ ᠦᠨᠡᠨᠬᠦ ᠬᠠᠮᠠᠭᠠᠯᠠᠬᠤ ᠶ᠋ᠢᠨ ᠲᠥᠯᠥᠭᠡ ᠂ 2019 ᠣᠨ ᠤ᠋ 11 ᠰᠠᠷ᠎ᠠ ᠶ᠋ᠢᠨ 14  ᠦ᠌ ᠡᠳᠦᠷ ᠠᠷᠠᠳ ᠤ᠋ᠨ ᠳᠡᠭᠡᠳᠦ  ᠰᠢᠭᠦᠬᠦ ᠬᠣᠷᠢᠶ᠎ᠠ ᠠ᠋ᠴᠠ 《ᠥᠨᠳᠥᠷ ᠣᠭᠲᠠᠷᠭᠤᠢ ᠶ᠋ᠢᠨ ᠬᠠᠶᠠᠯᠲᠠ ᠶ᠋ᠢᠨ ᠶᠠᠭᠤᠮ᠎ᠠ ᠂ ᠶᠠᠭᠤᠮ᠎ᠠ ᠤᠨᠤᠭᠰᠠᠨ ᠬᠡᠷᠡᠭ ᠢ᠋ ᠬᠠᠤᠯᠢ ᠶᠣᠰᠣᠭᠠᠷ ᠲᠣᠬᠢᠷᠠᠮᠵᠢᠲᠠᠢ  ᠰᠢᠭᠦᠬᠦ ᠲᠤᠬᠠᠢ ᠰᠠᠨᠠᠯ》 ᠢ᠋ ᠳᠠᠷᠤᠮᠠᠯᠯᠠᠨ ᠲᠠᠷᠬᠠᠭᠠᠪᠠ ᠃ ᠰᠠᠨᠠᠯ ᠢ᠋ ᠬᠡᠷᠡᠭᠵᠢᠭᠦᠯᠦᠭᠰᠡᠨ ᠡᠴᠡ  ᠨᠠᠰᠢ ᠂ ᠣᠷᠳᠣᠰ ᠬᠣᠲᠠ ᠠᠭᠠᠷ ᠮᠠᠨᠳᠠᠯ ᠤ᠋ᠨ ᠬᠣᠶᠠᠷ ᠤᠳᠠᠭ᠎ᠠ ᠶ᠋ᠢᠨ ᠬᠡᠷᠡᠭ  ᠰᠢᠢᠳᠪᠦᠷᠢᠯᠡᠭᠰᠡᠨ ᠪᠠᠢᠨ᠎ᠠ ᠂ ᠡᠭᠦᠨ ᠳ᠋ᠦ᠍ ᠨᠢᠭᠡ ᠤᠳᠠᠭᠠᠨ ᠤ᠋ ᠢᠷᠭᠡᠨ ᠦ᠌ ᠬᠡᠷᠡᠭ ᠢ᠋ ᠡᠶᠡᠳᠡᠭᠦᠯᠭᠡ ᠪᠡᠷ ᠬᠡᠷᠡᠭ ᠢ᠋ ᠳᠠᠭᠤᠰᠭᠠᠵᠤ ᠂ ᠲᠤᠰ ᠬᠡᠷᠡᠭ ᠨᠢ ᠣᠷᠳᠣᠰ ᠬᠣᠲᠠ ᠶ᠋ᠢᠨ ᠥᠨᠳᠥᠷ ᠣᠭᠲᠠᠷᠭᠤᠢ ᠶ᠋ᠢᠨ ᠬᠠᠶᠠᠯᠲᠠ ᠶ᠋ᠢᠨ ᠶᠠᠭᠤᠮ᠎ᠠ  ᠰᠢᠲᠡᠵᠦ ᠡᠷᠡᠭᠦᠦ  ᠰᠢᠢᠳᠭᠡᠯ ᠣᠯᠤᠭᠰᠠᠨ ᠨᠢᠭᠡᠳᠦᠭᠡᠷ ᠬᠡᠷᠡᠭ ᠪᠣᠯᠤᠨ᠎ᠠ ᠃
 ᠬᠡᠷᠡᠭ ᠦ᠋ᠨ ᠪᠠᠢᠳᠠᠯ ᠤ᠋ᠨ ᠲᠣᠪᠴᠢᠯᠠᠯ
 ᠬᠡᠷᠡᠭ ᠭᠠᠷᠤᠭᠰᠠᠨ ᠭᠠᠵᠠᠷ ᠨᠢ ᠥᠪᠥᠷ ᠮᠣᠩᠭᠣᠯ ᠤ᠋ᠨ ᠣᠷᠳᠣᠰ ᠬᠣᠲᠠ ᠶ᠋ᠢᠨ ᠳᠠᠯᠠᠳ  ᠬᠣᠰᠢᠭᠤᠨ ᠤ᠋ ᠨᠢᠭᠡ ᠰᠠᠭᠤᠭᠠᠯᠢ ᠠᠷᠠᠳ ᠤ᠋ᠨ ᠣᠷᠣᠨ ᠰᠠᠭᠤᠴᠠ ᠶ᠋ᠢᠨ ᠲᠣᠭᠣᠷᠢᠭ ᠪᠣᠯᠤᠨ᠎ᠠ ᠃ 2018 ᠣᠨ ᠤ᠋ 4 ᠰᠠᠷ᠎ᠠ ᠶ᠋ᠢᠨ 22  ᠤ᠋ ᠡᠳᠦᠷ ᠦ᠋ᠨ 11 ᠴᠠᠭ ᠤ᠋ᠨ ᠠᠯᠲᠠ ᠳ᠋ᠤ᠌ ᠂ ᠵᠠᠭᠠᠯᠳᠤᠭᠳᠠᠭᠴᠢ ᠸᠠᠩ ᠣᠪᠣᠭᠲᠤ ᠥᠬᠢᠨ ᠦ᠌ ᠪᠡᠨ ᠭᠡᠷ ᠪᠠᠢᠰᠢᠩ ᠢ᠋ ᠵᠠᠰᠠᠵᠤ ᠴᠢᠮᠡᠭᠯᠡᠬᠦ ᠠᠵᠢᠯ ᠢ᠋ᠶ᠋ᠠᠨ ᠳᠠᠭᠤᠰᠭᠠᠭᠰᠠᠨ ᠠ᠋ᠴᠠ᠂ ᠭᠡᠷ ᠳᠣᠲᠣᠷ᠎ᠠ ᠣᠷᠣᠵᠤ ᠭᠠᠵᠠᠷ ᠤ᠋ᠨ ᠭᠠᠳᠠᠷᠭᠤ ᠶ᠋ᠢᠨ ᠡᠷᠡᠭᠦᠯ ᠬᠠᠮᠠᠭᠠᠯᠠᠯ ᠢ᠋ ᠴᠡᠪᠡᠷᠯᠡᠬᠦ ᠠᠵᠢᠯ ᠳ᠋ᠤ᠌ ᠬᠠᠮᠵᠢᠭᠤᠯᠵᠤ ᠂ ᠱᠦᠭᠦᠷᠳᠡᠬᠦ ᠶᠠᠪᠤᠴᠠ ᠳ᠋ᠤ᠌ ᠂ ᠵᠣᠴᠢᠳ ᠤ᠋ᠨ ᠲᠢᠩᠬᠢᠮ ᠦ᠋ᠨ ᠶᠠᠩ ᠲᠠᠪᠴᠠᠩ ᠤ᠋ᠨ ᠭᠠᠳᠠᠨᠠᠬᠢ ᠠᠭᠠᠷ ᠲᠣᠬᠢᠷᠠᠭᠤᠯᠬᠤ ᠲᠠᠪᠴᠠᠩ ᠢ᠋ᠶ᠋ᠠᠷ ᠳᠠᠮᠵᠢᠨ ᠵᠡᠷᠭᠡᠯᠡᠳᠡᠭᠡ ᠭᠡᠷ ᠦ᠋ᠨ ᠳᠣᠲᠣᠷ᠎ᠠ ᠱᠠᠯᠠ ᠲᠠᠢ ᠲᠣᠭᠣᠰᠭ᠎ᠠ ᠬᠠᠷᠠᠭᠳᠠᠬᠤ ᠤᠴᠢᠷ ᠠ᠋ᠴᠠ ᠠᠭᠠᠷ ᠲᠣᠬᠢᠷᠠᠭᠤᠯᠤᠭᠴᠢ ᠶ᠋ᠢᠨ ᠲᠠᠪᠴᠠᠩ ᠠ᠋ᠴᠠ ᠭᠡᠷ ᠳᠣᠲᠣᠷᠠᠬᠢ ᠶ᠋ᠢ ᠵᠠᠰᠠᠵᠤ ᠴᠢᠮᠡᠬᠦ ᠶ᠋ᠢ ᠦᠵᠡᠬᠦ ᠰᠠᠨᠠᠭ᠎ᠠ ᠲᠠᠢ ᠪᠠᠢᠯ᠎ᠠ ᠃ ᠠᠭᠠᠷ ᠲᠣᠬᠢᠷᠠᠭᠤᠯᠤᠭᠴᠢ ᠶ᠋ᠢᠨ ᠲᠠᠪᠴᠠᠩ ᠤ᠋ᠨ ᠠᠮᠠᠨ ᠳ᠋ᠤ᠌ ᠣᠷᠣᠬᠤ ᠦᠶᠡᠰ ᠨᠢᠭᠡᠨ ᠤᠯᠠᠭᠠᠨ ᠲᠣᠭᠣᠰᠭ᠎ᠠ ᠬᠠᠷᠠᠭ᠎ᠠ ᠶ᠋ᠢ  ᠬᠠᠷᠰᠢᠯᠠᠭᠰᠠᠨ ᠢ᠋ ᠣᠯᠵᠤ ᠮᠡᠳᠡᠭᠡᠳ ᠂ ᠤᠯᠠᠭᠠᠨ ᠲᠣᠭᠣᠰᠭ᠎ᠠ ᠶ᠋ᠢ ᠡᠰᠡᠷᠭᠦ ᠲᠠᠯ᠎ᠠ ᠳ᠋ᠤ᠌ ᠬᠠᠶᠠᠬᠤ ᠪᠠᠷ ᠪᠡᠯᠡᠳᠭᠡᠵᠦ ᠂ ᠬᠠᠷᠢᠨ  ᠠᠯᠳᠠᠰᠢ ᠭᠠᠷᠭᠠᠭᠰᠠᠨ ᠠ᠋ᠴᠠ ᠪᠣᠯᠵᠤ ᠤᠯᠠᠭᠠᠨ ᠲᠣᠭᠣᠰᠭ᠎ᠠ ᠲᠡᠭᠦᠨ ᠦ᠌ ᠪᠠᠢᠭ᠎ᠠ ᠠᠷᠪᠠᠨ ᠠᠰᠠᠷ ᠠ᠋ᠴᠠ ᠤᠨᠠᠵᠤ ᠂ ᠶᠠᠭ ᠨᠢᠭᠡᠴᠢ ᠶ᠋ᠢᠨ ᠠᠰᠠᠷ ᠤ᠋ᠨ ᠡᠭᠦᠳᠡᠨ ᠳ᠋ᠦ᠍ ᠵᠣᠭᠰᠣᠵᠤ ᠪᠠᠢᠭ᠎ᠠ ᠬᠣᠣᠷᠯᠠᠭᠳᠠᠭᠴᠢ ᠪᠠᠢ ᠣᠪᠣᠭᠲᠤ ᠬᠥᠮᠦᠨ ᠢ᠋ ᠴᠣᠬᠢᠵᠤ  ᠰᠢᠷᠬᠠᠳᠤᠭᠤᠯᠵᠠᠢ ᠃
 ᠳᠠᠯᠠᠳ  ᠬᠣᠰᠢᠭᠤᠨ ᠤ᠋ ᠳᠣᠲᠣᠭᠠᠳᠤ ᠶ᠋ᠢ ᠬᠠᠮᠠᠭᠠᠯᠠᠬᠤ ᠬᠠᠤᠯᠢ ᠴᠠᠭᠠᠵᠠ ᠶ᠋ᠢᠨ ᠬᠢᠨᠠᠨ ᠲᠣᠭᠲᠠᠭᠠᠬᠤ ᠲᠥᠪ ᠦ᠋ᠨ ᠬᠢᠨᠠᠨ ᠲᠣᠭᠲᠠᠭᠠᠯᠲᠠ ᠶ᠋ᠢ ᠦᠨᠳᠦᠰᠦᠯᠡᠪᠡᠯ᠂ ᠪᠠᠢ ᠣᠪᠣᠭᠲᠤ ᠶ᠋ᠢᠨ ᠲᠣᠯᠣᠭᠠᠢ ᠶ᠋ᠢᠨ ᠬᠡᠰᠡᠭ ᠨᠢ ᠭᠡᠮᠲᠦᠭᠰᠡᠨ ᠦ᠌ ᠳᠠᠷᠠᠭ᠎ᠠ ᠭᠠᠪᠠᠯᠠ ᠶᠠᠰᠤ ᠣᠯᠠᠨ ᠨᠢ ᠬᠤᠭᠤᠷᠠᠵᠤ᠂ ᠲᠠᠷᠢᠬᠢ ᠨᠢ ᠬᠠᠭᠠᠷᠠᠵᠤ᠂ ᠲᠠᠷᠢᠬᠢᠨ ᠤ᠋ ᠮᠡᠳᠡᠷᠡᠯ ᠦ᠋ᠨ ᠪᠦᠷᠬᠦᠪᠴᠢ ᠶ᠋ᠢᠨ ᠳᠣᠣᠷᠠᠲᠤ ᠬᠥᠨᠳᠡᠢ ᠶ᠋ᠢᠨ ᠴᠢᠰᠤ ᠭᠠᠷᠬᠤ᠂ ᠭᠠᠪᠠᠯᠠ ᠳᠣᠲᠣᠷ᠎ᠠ ᠨᠢ ᠴᠢᠰᠤ ᠭᠠᠷᠤᠭᠠᠳ᠂ ᠬᠦᠨᠳᠦ ᠨᠣᠴᠢᠲᠠᠢ ᠮᠡᠳᠡᠷᠡᠯ ᠦ᠋ᠨ  ᠰᠢᠰᠲ᠋ᠧᠮ ᠦ᠋ᠨ  ᠰᠢᠨᠵᠢ ᠪᠠᠢᠳᠠᠯ ᠪᠠ ᠪᠡᠶ᠎ᠡ ᠶ᠋ᠢᠨ ᠱᠢᠨᠵᠢ ᠲᠡᠮᠳᠡᠭ ᠲᠡᠢ ᠪᠠᠢᠵᠤ᠂ ᠰᠢᠷᠬ᠎ᠠ ᠶ᠋ᠢᠨ ᠬᠡᠮᠵᠢᠶ᠎ᠡ ᠨᠢ ᠬᠦᠨᠳᠦ ᠬᠣᠶᠠᠳᠤᠭᠠᠷ ᠳᠡᠰ ᠲᠦ᠍ ᠬᠠᠷᠢᠶᠠᠯᠠᠭᠳᠠᠵᠤ ᠪᠠᠢᠯ᠎ᠠ᠃ ᠵᠠᠭᠠᠯᠳᠤᠭᠳᠠᠭᠴᠢ ᠸᠠᠩ ᠣᠪᠣᠭᠲᠤ ᠲᠡᠭᠦᠨ ᠦ᠌ ᠡᠮᠡᠭᠲᠡᠢ ᠤᠲᠠᠰᠤ ᠶ᠋ᠢ ᠲᠣᠰᠴᠤ ᠬᠡᠷᠡᠭ ᠦ᠋ᠨ ᠲᠠᠯᠠᠪᠠᠢ ᠳ᠋ᠤ᠌ ᠪᠤᠴᠠᠵᠤ ᠢᠷᠡᠭᠰᠡᠨ ᠦ᠌ ᠳᠠᠷᠠᠭ᠎ᠠ ᠳᠣᠲᠣᠭᠠᠳᠤ ᠶ᠋ᠢ ᠬᠠᠮᠠᠭᠠᠯᠠᠬᠤ ᠪᠠᠢᠭᠤᠯᠤᠯᠭ᠎ᠠ ᠳ᠋ᠤ᠌ ᠬᠠᠤᠯᠢ ᠶᠣᠰᠣᠭᠠᠷ ᠳᠠᠭᠤᠳᠠᠭᠳᠠᠪᠠ᠃
 ᠳᠠᠯᠠᠳ  ᠬᠣᠰᠢᠭᠤᠨ ᠤ᠋ ᠠᠷᠠᠳ ᠤ᠋ᠨ ᠪᠠᠢᠴᠠᠭᠠᠬᠤ ᠬᠣᠷᠢᠶ᠎ᠠ ᠵᠠᠭᠠᠯᠳᠤᠭᠳᠠᠭᠴᠢ ᠸᠠᠩ ᠣᠪᠣᠭᠲᠤ ᠠ᠋ᠴᠠ ᠭᠠᠷᠭᠠᠭᠰᠠᠨ ᠬᠦᠨᠳᠦ  ᠰᠢᠷᠬᠠᠳᠤᠭᠤᠯᠤᠭᠰᠠᠨ ᠶᠠᠯ᠎ᠠ ᠪᠠᠷ ᠳᠠᠯᠠᠳ  ᠬᠣᠰᠢᠭᠤᠨ ᠤ᠋ ᠠᠷᠠᠳ ᠤ᠋ᠨ  ᠰᠢᠭᠦᠬᠦ ᠬᠣᠷᠢᠶᠠᠨ ᠳ᠋ᠤ᠌ ᠠᠯᠪᠠᠨ ᠵᠠᠭᠠᠯᠳᠤᠯᠭ᠎ᠠ ᠬᠢᠪᠡ ᠃
 ᠵᠠᠭᠠᠯᠳᠤᠭᠳᠠᠭᠴᠢ ᠸᠠᠩ ᠣᠪᠣᠭᠲᠤ ᠠᠯᠪᠠᠨ ᠵᠠᠭᠠᠯᠳᠤᠯᠭ᠎ᠠ ᠶ᠋ᠢᠨ ᠪᠠᠢᠭᠤᠯᠤᠯᠭ᠎ᠠ ᠶ᠋ᠢᠨ ᠵᠠᠭᠠᠯᠳᠤᠭᠰᠠᠨ ᠪᠣᠳᠠᠲᠤ ᠶᠠᠪᠤᠳᠠᠯ ᠪᠠ ᠶᠠᠯ᠎ᠠ ᠶ᠋ᠢᠨ ᠨᠡᠷ᠎ᠡ ᠶ᠋ᠢ  ᠵᠥᠪᠰᠢᠶᠡᠷᠡᠭᠰᠡᠨ ᠦᠭᠡᠢ ᠃ ᠥᠮᠥᠭᠯᠡᠭᠴᠢ ᠨᠢ ᠵᠠᠭᠠᠯᠳᠤᠭᠳᠠᠭᠴᠢ ᠶ᠋ᠢᠨ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠶ᠋ᠢᠨ ᠡᠮᠦᠨ᠎ᠡ ᠬᠣᠢᠨ᠎ᠠ ᠬᠡᠳᠦᠨ ᠤᠳᠠᠭᠠᠨ ᠤ᠋ ᠵᠥᠷᠢᠴᠡᠯ ᠦ᠋ᠨ ᠥᠴᠢᠭᠯᠡᠯᠲᠡ ᠪᠠ ᠵᠥᠪᠲᠦᠭᠡᠯᠲᠡ ᠨᠢ ᠵᠠᠭᠠᠯᠳᠤᠭᠳᠠᠭᠴᠢ ᠶ᠋ᠢ ᠶᠠᠯ᠎ᠠ ᠬᠢᠭᠰᠡᠨ ᠳ᠋ᠦ᠍ ᠦᠯᠦ ᠲᠣᠭᠠᠴᠠᠭᠳᠠᠬᠤ ᠮᠥᠷᠲᠡᠭᠡᠨ ᠲᠤᠰ ᠬᠡᠷᠡᠭ ᠪᠣᠯ ᠳᠡᠮ ᠭᠡᠷᠡᠴᠢ ᠳ᠋ᠦ᠍  ᠲᠦᠰᠢᠭᠯᠡᠵᠦ ᠬᠡᠷᠡᠭ ᠲᠣᠭᠲᠠᠭᠠᠭᠰᠠᠨ ᠂ ᠦᠷ᠎ᠡ ᠳ᠋ᠦᠩ ᠨᠢ ᠴᠣᠷ ᠤ᠋ᠨ ᠭᠠᠭᠴᠠ ᠴᠢᠨᠠᠷ ᠪᠠᠢᠬᠤ ᠦᠭᠡᠢ ᠵᠡᠷᠭᠡ ᠥᠮᠥᠭᠯᠡᠬᠦ ᠰᠠᠨᠠᠯ ᠢ᠋ ᠳᠤᠷᠠᠳᠤᠭᠰᠠᠨ ᠪᠠᠢᠨ᠎ᠠ ᠂ ᠡᠢᠮᠦ ᠡᠴᠡ ᠵᠠᠭᠠᠯᠳᠤᠭᠳᠠᠭᠴᠢ ᠨᠢ ᠡ᠊ᠨᠳᠡᠭᠦᠷ ᠡᠴᠡ ᠪᠣᠯᠵᠤ ᠬᠥᠮᠦᠨ ᠢ᠋ ᠬᠦᠨᠳᠦ  ᠰᠢᠷᠬᠠᠳᠤᠭᠤᠯᠤᠭᠰᠠᠨ ᠬᠡᠷᠡᠭ ᠪᠣᠯᠭᠠᠵᠤ ᠪᠣᠯᠬᠤ ᠦᠭᠡᠢ ᠃
 ᠳᠠᠯᠠᠳ  ᠬᠣᠰᠢᠭᠤᠨ ᠤ᠋ ᠠᠷᠠᠳ ᠤ᠋ᠨ  ᠰᠢᠭᠦᠬᠦ ᠬᠣᠷᠢᠶ᠎ᠠ ᠲᠤᠰ ᠬᠡᠷᠡᠭ ᠢ᠋  ᠰᠢᠭᠦᠬᠦ ᠶᠠᠪᠤᠴᠠ ᠳ᠋ᠤ᠌ ᠂ ᠬᠣᠬᠢᠷᠠᠯ ᠠᠮᠰᠠᠭᠴᠢ ᠪᠠᠢ ᠣᠪᠣᠭᠲᠤ ᠰᠢᠭᠦᠬᠦ ᠬᠣᠷᠢᠶᠠᠨ ᠳ᠋ᠤ᠌ ᠵᠡᠮᠳᠡᠭ ᠪᠣᠯᠬᠤ ᠶ᠋ᠢ ᠬᠢᠨᠠᠨ ᠲᠣᠭᠲᠠᠭᠠᠯᠲᠠ ᠬᠢᠯᠭᠡᠬᠦ ᠪᠡᠷ ᠭᠤᠶᠤᠴᠢᠯᠠᠵᠤ ᠂ ᠣᠷᠳᠣᠰ ᠤ᠋ᠨ ᠬᠠᠤᠯᠢ ᠴᠠᠭᠠᠵᠠ ᠶ᠋ᠢᠨ ᠬᠢᠨᠠᠨ ᠲᠣᠭᠲᠠᠭᠠᠯᠲᠠ ᠬᠢᠬᠦ ᠲᠥᠪ ᠦ᠋ᠨ ᠬᠢᠨᠠᠨ ᠲᠣᠭᠲᠠᠭᠠᠯᠲᠠ ᠬᠢᠬᠦ ᠪᠡᠷ ᠳᠠᠮᠵᠢᠨ ᠂ ᠬᠣᠣᠷᠯᠠᠭᠳᠠᠭᠴᠢ ᠪᠠᠢ ᠣᠪᠣᠭᠲᠤ ᠶ᠋ᠢᠨ  ᠰᠢᠷᠬᠠᠳᠤᠭᠰᠠᠨ ᠠ᠋ᠴᠠ  ᠬᠣᠢᠰᠢᠬᠢ ᠵᠡᠮᠳᠡᠭ ᠦ᠋ᠨ ᠬᠡᠮᠵᠢᠶ᠎ᠡ ᠨᠢ ᠨᠢᠭᠡᠳᠦᠭᠡᠷ ᠳᠡᠰ ᠦ᠋ᠨ ᠵᠡᠮᠳᠡᠭ ᠲᠦ᠍ ᠬᠦᠷᠴᠦ ᠂ ᠪᠦᠷᠢᠨ ᠰᠤᠪᠢᠯᠠᠯᠲᠠ ᠳ᠋ᠤ᠌  ᠲᠦᠰᠢᠭᠯᠡᠬᠦ  ᠴᠢᠬᠤᠯᠠᠲᠠᠢ ᠃
 ᠲᠠᠰᠤᠯᠤᠨ ᠲᠣᠭᠲᠠᠭᠠᠭᠰᠠᠨ ᠦᠷ᠎ᠡ ᠳ᠋ᠦᠩ
 ᠳᠠᠯᠠᠳ  ᠬᠣᠰᠢᠭᠤᠨ ᠤ᠋ ᠠᠷᠠᠳ ᠤ᠋ᠨ  ᠰᠢᠭᠦᠬᠦ ᠬᠣᠷᠢᠶ᠎ᠠ  ᠰᠢᠭᠦᠨ ᠪᠠᠢᠴᠠᠭᠠᠬᠤ ᠪᠠᠷ ᠳᠠᠮᠵᠢᠨ ᠵᠠᠭᠠᠯᠳᠤᠭᠳᠠᠭᠴᠢ ᠸᠠᠩ ᠣᠪᠣᠭᠲᠤ ᠡᠨᠳᠡᠯ ᠡᠴᠡ ᠪᠣᠯᠵᠤ ᠬᠦᠨᠳᠦ  ᠶᠠᠯ᠎ᠠ ᠪᠠᠷ  ᠰᠢᠷᠬᠠᠳᠤᠭᠤᠯᠤᠭᠰᠠᠨ ᠨᠢᠭᠡ ᠵᠢᠯ ᠦ᠋ᠨ 10 ᠰᠠᠷ᠎ᠠ ᠬᠣᠷᠢᠬᠤ ᠡᠷᠡᠭᠦᠦ ᠪᠡᠷ  ᠰᠢᠳᠭᠡᠵᠦ᠂ ᠳᠠᠭᠠᠯᠳᠤᠭᠤᠯᠤᠭᠰᠠᠨ ᠢᠷᠭᠡᠨ ᠦ᠌ ᠵᠠᠷᠭᠤ ᠶ᠋ᠢᠨ ᠵᠠᠭᠠᠯᠳᠤᠭᠴᠢ ᠪᠠᠢ ᠣᠪᠣᠭᠲᠤ ᠶ᠋ᠢᠨ ᠡᠯ᠎ᠡ ᠵᠦᠢᠯ ᠦ᠋ᠨ ᠠᠵᠤ ᠠᠬᠤᠢ ᠶ᠋ᠢᠨ ᠬᠣᠬᠢᠷᠠᠯ ᠢ᠋ ᠨᠡᠢᠲᠡ 1023568.56 ᠲᠥᠭᠥᠷᠢᠭ ᠲᠥᠯᠥᠭᠦᠯᠬᠦ ᠪᠡᠷ ᠪᠣᠢ᠃ ᠨᠢᠭᠡᠳᠦᠭᠡᠷ  ᠰᠢᠭᠦᠯᠲᠡ ᠪᠡᠷ  ᠰᠢᠭᠦᠨ ᠲᠠᠰᠤᠯᠤᠭᠰᠠᠨ ᠤ᠋ ᠳᠠᠷᠠᠭ᠎ᠠ ᠵᠠᠭᠠᠯᠳᠤᠭᠳᠠᠭᠴᠢ ᠸᠠᠩ ᠣᠪᠣᠭᠲᠤ  ᠵᠥᠪᠰᠢᠶᠡᠷᠡᠭᠦᠯᠵᠦ ᠦᠭᠡᠢ ᠡᠴᠡ ᠪᠣᠯᠵᠤ  ᠳᠡᠭᠡᠭᠰᠢ ᠵᠠᠭᠠᠯᠳᠤᠵᠠᠢ᠃ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠳᠡᠭᠡᠭᠰᠢ ᠵᠠᠭᠠᠯᠳᠤᠭᠰᠠᠨ ᠵᠠᠭᠠᠯᠳᠤᠯᠭ᠎ᠠ ᠶ᠋ᠢ ᠨᠢᠴᠤᠭᠠᠵᠤ ᠤᠭ  ᠰᠢᠭᠦᠯᠲᠡ ᠶ᠋ᠢ ᠬᠡᠪ ᠢ᠋ᠶ᠋ᠡᠷ ᠨᠢ ᠪᠠᠢᠯᠭᠠᠨ᠎ᠠ ᠃
 ᠲᠠᠰᠤᠯᠤᠨ ᠲᠣᠭᠲᠠᠭᠠᠬᠤ ᠱᠢᠯᠲᠠᠭᠠᠨ
 ᠳᠠᠯᠠᠳ ᠬᠣᠰᠢᠭᠤᠨ ᠤ᠋ ᠠᠷᠠᠳ ᠤ᠋ᠨ  ᠰᠢᠭᠦᠬᠦ ᠬᠣᠷᠢᠶ᠎ᠠ ᠵᠠᠭᠠᠯᠳᠤᠭᠳᠠᠭᠴᠢ ᠸᠠᠩ ᠣᠪᠣᠭᠲᠤ ᠶ᠋ᠢᠨ ᠡᠨᠳᠡᠯ ᠡᠴᠡ ᠪᠣᠯᠵᠤ ᠪᠤᠰᠤᠳ ᠬᠥᠮᠦᠨ ᠦ᠌ ᠪᠡᠶ᠎ᠡ ᠮᠠᠬᠠᠪᠣᠳ ᠢ᠋ ᠭᠡᠮᠲᠦᠭᠡᠵᠦ ᠂ ᠬᠥᠮᠦᠨ ᠢ᠋ ᠬᠦᠨᠳᠦ  ᠰᠢᠷᠬᠠᠳᠤᠭᠤᠯᠤᠭᠰᠠᠨ ᠪᠣᠯᠬᠣᠷ ᠲᠡᠭᠦᠨ ᠦ᠌ ᠦᠢᠯᠡ ᠠᠵᠢᠯᠯᠠᠭ᠎ᠠ ᠨᠢ ᠬᠥᠮᠦᠨ ᠢ᠋ ᠬᠦᠨᠳᠦ  ᠰᠢᠷᠬᠠᠳᠤᠭᠤᠯᠤᠭᠰᠠᠨ ᠶᠠᠯ᠎ᠠ ᠲᠠᠢ ᠃ ᠥᠮᠥᠭᠯᠡᠭᠴᠢ ᠶ᠋ᠢᠨ ᠳᠤᠷᠠᠳᠤᠭᠰᠠᠨ ᠵᠠᠭᠠᠯᠳᠤᠭᠳᠠᠭᠴᠢ ᠸᠠᠩ ᠣᠪᠣᠭᠲᠤ ᠠ᠋ᠴᠠ ᠡ᠊ᠨᠳᠡᠯ ᠭᠠᠷᠴᠤ ᠬᠦᠨᠳᠦ ᠰᠢᠬᠠᠳᠤᠭᠤᠯᠤᠭᠰᠠᠨ ᠬᠡᠷᠡᠭ ᠦᠭᠡᠢ ᠭᠡᠬᠦ ᠨᠡᠷᠡᠢᠳᠦᠯ ᠵᠢᠴᠢ ᠵᠠᠭᠠᠯᠳᠤᠭᠳᠠᠭᠴᠢ ᠶ᠋ᠢᠨ ᠳᠤᠷᠠᠳᠤᠭᠰᠠᠨ ᠶᠠᠯ᠎ᠠ ᠬᠢᠭᠰᠡᠨ ᠳ᠋ᠦ᠍ ᠦᠯᠦ ᠲᠣᠭᠠᠴᠠᠭᠳᠠᠬᠤ ᠵᠥᠪᠲᠦᠭᠡᠯᠲᠡ ᠨᠢ ᠵᠠᠭᠠᠯᠳᠤᠭᠳᠠᠭᠴᠢ ᠶ᠋ᠢᠨ ᠥᠴᠢᠭᠯᠡᠯᠲᠡ ᠂ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠶ᠋ᠢᠨ ᠲᠤᠬᠠᠢ ᠶ᠋ᠢᠨ ᠲᠠᠯᠠᠪᠤᠷ ᠤ᠋ᠨ ᠬᠠᠢᠨ  ᠰᠢᠯᠭᠠᠭᠰᠠᠨ ᠲᠡᠮᠳᠡᠭᠯᠡᠯ ᠂ ᠢᠯᠭᠠᠨ ᠲᠠᠨᠢᠭᠤᠯᠤᠭᠰᠠᠨ ᠲᠡᠮᠳᠡᠭᠯᠡᠯ ᠂ ᠭᠡᠷᠡᠴᠢᠯᠡᠭᠴᠢ ᠶ᠋ᠢᠨ ᠭᠡᠷᠡᠴᠢ ᠦᠭᠡ ᠵᠡᠷᠭᠡ ᠭᠡᠷᠡᠴᠢ ᠪᠠᠷᠢᠮᠲᠠ ᠶ᠋ᠢᠨ ᠭᠡᠷᠡᠴᠢᠯᠡᠬᠦ ᠪᠣᠳᠠᠲᠤ ᠶᠠᠪᠤᠳᠠᠯ ᠲᠠᠢ ᠨᠡᠢᠴᠡᠬᠦ ᠦᠭᠡᠢ ᠡᠴᠡ ᠪᠣᠯᠵᠤ ᠬᠦᠯᠢᠶᠡᠨ ᠠᠪᠴᠤ ᠪᠣᠯᠬᠤ ᠦᠭᠡᠢ ᠃ ᠵᠠᠭᠠᠯᠳᠤᠭᠳᠠᠭᠴᠢ ᠸᠠᠩ ᠣᠪᠣᠭᠲᠤ ᠬᠥᠮᠦᠨ ᠦ᠌ ᠪᠡᠶ᠎ᠡ ᠳ᠋ᠦ᠍ ᠬᠣᠬᠢᠷᠠᠯ ᠤᠴᠠᠷᠠᠭᠤᠯᠤᠭᠰᠠᠨ ᠡᠷᠬᠡ ᠳ᠋ᠦ᠍ ᠬᠠᠯᠳᠠᠭᠰᠠᠨ ᠠᠵᠢᠯᠯᠠᠭ᠎ᠠ ᠬᠢᠭᠰᠡᠨ ᠡᠴᠡ ᠪᠣᠯᠵᠤ ᠪᠤᠰᠤᠳ ᠲᠤ᠌ ᠠᠵᠤ ᠠᠬᠤᠢ ᠶ᠋ᠢᠨ ᠬᠣᠬᠢᠷᠠᠯ ᠤᠴᠠᠷᠠᠭᠤᠯᠤᠭᠰᠠᠨ ᠪᠠᠢᠪᠠᠯ ᠵᠣᠬᠢᠴᠠᠩᠭᠤᠢ ᠬᠣᠬᠢᠷᠠᠯ ᠢ᠋ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃
 ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ  ᠰᠢᠭᠦᠬᠦ ᠬᠣᠷᠢᠶ᠎ᠠ ᠶ᠋ᠢᠨ  ᠰᠢᠭᠦᠵᠦ ᠦᠵᠡᠭᠰᠡᠨ ᠢ᠋ᠶ᠋ᠡᠷ ᠂ ᠵᠠᠭᠠᠯᠳᠤᠭᠳᠠᠭᠴᠢ ᠶ᠋ᠢᠨ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠶ᠋ᠢᠨ ᠠᠰᠠᠭᠤᠭᠰᠠᠨ ᠲᠡᠮᠳᠡᠭᠯᠡᠯ ᠵᠢᠴᠢ ᠢᠵᠢᠯ ᠠᠯᠬᠤᠮ ᠢ᠋ᠶ᠋ᠠᠷ ᠳᠠᠭᠤ  ᠰᠢᠩᠭᠡᠭᠡᠯᠲᠡ ᠳᠦᠷᠰᠦ  ᠰᠢᠩᠭᠡᠭᠡᠯᠲᠡ ᠶ᠋ᠢ ᠦᠨᠳᠦᠰᠦᠯᠡᠨ ᠭᠡᠷᠡᠴᠢᠯᠡᠵᠦ ᠪᠣᠯᠤᠨ᠎ᠠ ᠂ ᠲᠡᠭᠦᠨ ᠦ᠌ ᠥᠴᠢᠭᠯᠡᠯᠲᠡ ᠨᠢ ᠪᠦᠷ ᠦᠨᠡᠨ ᠮᠥᠨ ᠢ᠋ᠶ᠋ᠡᠷ ᠨᠢ ᠲᠡᠮᠳᠡᠭᠯᠡᠵᠦ ᠂ ᠲᠡᠭᠦᠨ ᠦ᠌ ᠶᠠᠯ᠎ᠠ ᠶ᠋ᠢᠨ ᠭᠡᠷᠡᠴᠢ ᠶ᠋ᠢ ᠬᠡᠷᠡᠭ ᠲᠣᠭᠲᠠᠭᠠᠬᠤ ᠭᠡᠷᠡᠴᠢ ᠪᠠᠷᠢᠮᠲᠠ ᠶ᠋ᠢᠨ ᠨᠢᠭᠡ ᠪᠣᠯᠭᠠᠨ ᠬᠡᠷᠡᠭᠯᠡᠵᠦ ᠂ ᠬᠡᠷᠡᠭ ᠦ᠋ᠨ ᠠᠳᠠᠯ ᠠᠬᠤᠢ ᠶ᠋ᠢᠨ ᠺᠣᠮᠫᠠᠨᠢ ᠶ᠋ᠢᠨ ᠠᠵᠢᠯᠲᠠᠨ ᠂ ᠨᠢᠭᠡᠴᠢ ᠳᠣᠲᠣᠷᠠᠬᠢ ᠪᠤᠰᠤᠳ ᠥᠮᠴᠢᠲᠡᠨ ᠵᠢᠴᠢ ᠪᠤᠰᠤᠳ ᠭᠡᠷᠡᠴᠢᠯᠡᠭᠴᠢ ᠶ᠋ᠢᠨ ᠭᠡᠷᠡᠴᠢ ᠦᠭᠡ ᠲᠡᠢ ᠤᠶᠠᠯᠳᠤᠭᠤᠯᠤᠨ ᠬᠡᠷᠡᠭᠯᠡᠵᠦ ᠪᠣᠯᠤᠨ᠎ᠠ ᠃ ᠵᠠᠭᠠᠯᠳᠤᠭᠴᠢ  ᠳᠡᠭᠡᠭᠰᠢ ᠵᠠᠭᠠᠯᠳᠤᠭᠰᠠᠨ ᠤᠴᠢᠷ  ᠰᠢᠯᠲᠠᠭᠠᠨ ᠵᠢᠴᠢ ᠥᠮᠥᠭᠯᠡᠬᠦ ᠰᠠᠨᠠᠯ ᠢ᠋ ᠬᠦᠯᠢᠶᠡᠨ ᠠᠪᠴᠤ ᠪᠣᠯᠬᠤ ᠦᠭᠡᠢ ᠃  ᠳᠡᠭᠡᠭᠰᠢ ᠵᠠᠭᠠᠯᠳᠤᠭᠴᠢ ᠶ᠋ᠢᠨ ᠶᠠᠯᠠᠲᠤ ᠠᠵᠢᠯᠯᠠᠭ᠎ᠠ ᠨᠢ ᠪᠤᠰᠤᠳ ᠬᠥᠮᠦᠨ ᠳ᠋ᠦ᠍ ᠠᠵᠤ ᠠᠬᠤᠢ ᠶ᠋ᠢᠨ ᠬᠣᠬᠢᠷᠠᠯ ᠤᠴᠠᠷᠠᠭᠤᠯᠤᠭᠰᠠᠨ ᠪᠠᠢᠪᠠᠯ ᠵᠣᠬᠢᠴᠠᠩᠭᠤᠢ ᠬᠣᠬᠢᠷᠠᠯ ᠢ᠋ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠃ ᠡᠢᠮᠦ ᠡᠴᠡ ᠤᠤᠯ  ᠰᠢᠭᠦᠯᠲᠡ  ᠶ᠋ᠢᠨ  ᠰᠢᠭᠦᠨ ᠲᠠᠰᠤᠯᠤᠯᠲᠠ ᠳ᠋ᠤ᠌ ᠮᠠᠭᠠᠳᠯᠠᠭᠰᠠᠨ ᠪᠣᠳᠠᠲᠤ ᠶᠠᠪᠤᠳᠠᠯ ᠨᠢ ᠲᠣᠳᠣᠷᠬᠠᠢ ᠪᠥᠭᠡᠳ ᠬᠠᠤᠯᠢ ᠴᠠᠭᠠᠵᠠ ᠶ᠋ᠢ ᠬᠡᠷᠡᠭᠯᠡᠭᠰᠡᠨ ᠨᠢ ᠵᠥᠪ ᠂ ᠡᠷᠡᠭᠦᠦ  ᠰᠢᠳᠭᠡᠯ ᠣᠨᠣᠭᠳᠠᠭᠤᠯᠤᠭᠰᠠᠨ ᠨᠢ ᠵᠣᠬᠢᠰᠲᠠᠢ ᠂  ᠰᠢᠭᠦᠨ ᠲᠠᠰᠤᠯᠤᠯᠲᠠ ᠶ᠋ᠢᠨ ᠵᠢᠷᠤᠮ ᠨᠢ ᠬᠠᠤᠯᠢ ᠳ᠋ᠤ᠌ ᠨᠡᠢᠴᠡᠨ᠎ᠡ ᠂  ᠳᠡᠭᠡᠭᠰᠢ ᠵᠠᠭᠠᠯᠳᠤᠭᠴᠢ ᠶ᠋ᠢᠨ ᠳᠡᠭᠡᠭᠰᠢ ᠵᠠᠭᠠᠯᠳᠤᠭᠰᠠᠨ  ᠰᠢᠯᠲᠠᠭᠠᠨ ᠨᠢ ᠬᠦᠴᠦᠨ ᠦᠭᠡᠢ ᠃
 ᠨᠡᠢᠲᠡᠯᠢᠭ ᠠᠴᠢ ᠬᠣᠯᠪᠣᠭᠳᠠᠯ
 ᠥᠨᠳᠥᠷ ᠣᠭᠲᠠᠷᠭᠤᠢ ᠳ᠋ᠤ᠌ ᠶᠠᠭᠤᠮ᠎ᠠ ᠬᠠᠶᠠᠬᠤ ᠶᠠᠪᠤᠳᠠᠯ ᠶᠠᠭ ᠭᠱᠠᠨ ᠵᠠᠭᠤᠷ᠎ᠠ ᠡᠭᠦᠰᠦᠭᠰᠡᠨ ᠪᠣᠯᠪᠠᠴᠤ ᠪᠣᠯᠪᠠᠰᠤᠨ ᠪᠠ ᠰᠠᠢᠨ ᠰᠠᠨᠠᠭ᠎ᠠ ᠶ᠋ᠢ ᠲᠠᠶᠠᠭᠳᠠᠵᠤ ᠂ ᠶᠠᠯ᠎ᠠ ᠬᠢᠬᠦ ᠪᠠ ᠬᠠᠷᠭᠢᠰ ᠬᠡᠷᠴᠡᠭᠡᠢ ᠶ᠋ᠢ ᠲᠠᠶᠠᠭᠳᠠᠵᠤ ᠂ ᠪᠡᠶ᠎ᠡ ᠪᠡᠨ ᠬᠣᠣᠷᠯᠠᠵᠤ ᠂ ᠰᠤᠷᠭᠠᠮᠵᠢ ᠨᠢ ᠬᠠᠷᠠᠰᠠᠯ ᠲᠠᠢ ᠪᠠᠢᠨ᠎ᠠ ᠃ ᠬᠤᠪᠢ ᠬᠥᠮᠦᠨ ᠦ᠌ ᠲᠠᠯ᠎ᠠ ᠠ᠋ᠴᠠ ᠵᠠᠳᠠᠯᠪᠠᠯ ᠂ ᠥᠨᠳᠥᠷ ᠣᠭᠲᠠᠷᠭᠤᠢ ᠶ᠋ᠢᠨ ᠬᠠᠶᠠᠯᠲᠠ ᠶ᠋ᠢᠨ ᠪᠣᠯ ᠬᠤᠪᠢ ᠬᠥᠮᠦᠨ ᠦ᠌ ᠪᠣᠯᠪᠠᠰᠤᠷᠠᠯ ᠳᠤᠲᠠᠮᠠᠭ ᠨᠢᠭᠡ ᠵᠦᠢᠯ ᠦ᠋ᠨ ᠪᠣᠯᠪᠠᠰᠤᠨ ᠪᠤᠰᠤ ᠦᠢᠯᠡ ᠠᠵᠢᠯᠯᠠᠭ᠎ᠠ ᠮᠥᠨ ᠂ ᠮᠠᠨ ᠤ᠋ ᠤᠯᠤᠰ ᠤ᠋ᠨ ᠠᠵᠤ ᠠᠬᠤᠢ ᠶ᠋ᠢᠨ ᠴᠢᠨᠠᠷ ᠰᠠᠢᠲᠠᠢ ᠬᠥᠭᠵᠢᠯᠲᠡ ᠲᠡᠢ ᠂ ᠤᠯᠤᠰ ᠤ᠋ᠨ ᠬᠦᠴᠦᠨ ᠦ᠌ ᠳᠡᠯᠡᠬᠡᠢ ᠨᠡᠢᠲᠡ ᠪᠡᠷ ᠢ᠋ᠶ᠋ᠡᠨ ᠠᠩᠬᠠᠷᠪᠠᠰᠤ ᠵᠣᠬᠢᠬᠤ ᠪᠣᠳᠠᠰ ᠤ᠋ᠨ ᠪᠣᠯᠪᠠᠰᠤᠨ ᠤ᠋ ᠬᠡᠪ ᠨᠠᠮᠪᠠ ᠴᠤ᠌ ᠨᠡᠢᠴᠡᠬᠦ ᠦᠭᠡᠢ ᠶᠦ᠍ᠮ ᠃ ᠥᠷᠭᠡᠨ ᠣᠯᠠᠨ ᠬᠣᠲᠠ ᠶ᠋ᠢᠨ ᠠᠷᠠᠳ ᠪᠣᠯᠪᠠᠰᠤᠨ ᠬᠡᠪ ᠪᠣᠯᠪᠠᠰᠤᠷᠠᠯ ᠢ᠋ᠶ᠋ᠠᠨ ᠲᠠᠰᠤᠷᠠᠯᠲᠠ ᠦᠭᠡᠢ  ᠳᠡᠭᠡᠭᠰᠢᠯᠡᠭᠦᠯᠵᠦ᠂ ᠥᠨᠳᠥᠷ ᠣᠭᠲᠠᠷᠭᠤᠢ ᠶ᠋ᠢᠨ ᠬᠠᠶᠠᠯᠲᠠ ᠶ᠋ᠢᠨ ᠠᠶᠤᠯ ᠤ᠋ᠨ ᠦᠵᠡᠯᠲᠡ ᠶ᠋ᠢ ᠪᠣᠢ ᠪᠣᠯᠭᠠᠵᠤ᠂ ᠥᠪᠡᠷ ᠢ᠋ ᠪᠡᠨ ᠱᠠᠭᠠᠷᠳᠠᠨ᠂ ᠥᠪᠡᠷ ᠢ᠋ ᠪᠡᠨ ᠰᠡᠷᠡᠮᠵᠢᠯᠡᠭᠦᠯᠵᠦ᠂ ᠥᠪᠡᠷ ᠦ᠋ᠨ ᠪᠡᠶ᠎ᠡ ᠪᠡᠨ ᠬᠢᠵᠠᠭᠠᠷᠯᠠᠵᠤ᠂ ᠥᠪᠡᠷ ᠦ᠋ᠨ ᠠᠮᠢ ᠨᠠᠰᠤ ᠪᠠᠨ ᠲᠠᠮᠤ ᠶ᠋ᠢᠨ ᠣᠷᠣᠨ ᠳ᠋ᠤ᠌ ᠤᠨᠠᠬᠤ ᠶᠠᠪᠤᠳᠠᠯ ᠢ᠋ ᠰᠡᠷᠭᠡᠢᠯᠡᠬᠦ ᠬᠡᠷᠡᠭᠲᠡᠢ᠃ ᠨᠡᠢᠭᠡᠮ ᠦ᠋ᠨ ᠳᠠᠪᠬᠤᠷᠭ᠎ᠠ ᠶ᠋ᠢᠨ ᠲᠠᠯ᠎ᠠ ᠠ᠋ᠴᠠ ᠵᠠᠳᠠᠯᠪᠠᠯ ᠂ ᠥᠨᠳᠥᠷ ᠪᠠᠷᠢᠯᠭ᠎ᠠ ᠶ᠋ᠢᠨ ᠣᠷᠣᠨ ᠰᠠᠭᠤᠴᠠ ᠶ᠋ᠢᠨ ᠲᠣᠭᠣᠷᠢᠭ ᠪᠣᠯ ᠲᠤᠰ ᠲᠥᠷᠥᠯ ᠦ᠋ᠨ ᠬᠡᠷᠡᠭ ᠣᠯᠠᠨ ᠭᠠᠷᠳᠠᠭ ᠣᠷᠣᠨ ᠮᠥᠨ ᠂ ᠲᠡᠷᠡ ᠨᠢ ᠭᠡᠷ  ᠪᠠᠢᠰᠢᠩ ᠤ᠋ᠨ ᠬᠠᠮᠢᠶᠠᠷᠤᠯᠲᠠ ᠂ ᠠᠳᠠᠯ ᠠᠬᠤᠢ ᠂ ᠨᠡᠢᠭᠡᠮ ᠲᠣᠭᠣᠷᠢᠭ ᠂ ᠠᠮᠤᠷ ᠢ᠋ ᠬᠠᠮᠠᠭᠠᠯᠠᠬᠤ ᠵᠡᠷᠭᠡ ᠣᠯᠠᠨ ᠰᠠᠯᠠᠭ᠎ᠠ ᠮᠥᠴᠢᠷ ᠦ᠋ᠨ ᠬᠠᠮᠢᠶᠠᠷᠤᠯᠲᠠ ᠳ᠋ᠤ᠌ ᠬᠣᠯᠪᠣᠭᠳᠠᠵᠤ ᠪᠠᠢᠳᠠᠭ ᠂ ᠡᠯ᠎ᠡ ᠰᠠᠯᠠᠭ᠎ᠠ ᠮᠥᠴᠢᠷ ᠦ᠋ᠳ ᠬᠠᠮᠵᠢᠯᠴᠠᠭ᠎ᠠ ᠪᠠᠨ ᠴᠢᠩᠭᠠᠳᠭᠠᠵᠤ ᠂ ᠵᠠᠰᠠᠬᠤ  ᠰᠢᠰᠲ᠋ᠧᠮᠴᠢ ᠶ᠋ᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠤᠬᠠᠭᠤᠯᠬᠤ ᠪᠠ ᠬᠢᠨᠠᠯᠲᠠ ᠲᠠᠯᠪᠢᠬᠤ ᠪᠠᠨ ᠴᠢᠩᠭᠠᠳᠭᠠᠨ ᠂ ᠲᠤᠰ ᠲᠥᠷᠥᠯ ᠦ᠋ᠨ ᠬᠡᠷᠡᠭ ᠡᠭᠦᠰᠬᠦ ᠶ᠋ᠢ ᠰᠡᠷᠭᠡᠢᠯᠡᠬᠦ ᠪᠠ ᠪᠠᠭᠠᠰᠬᠠᠵᠤ ᠂ ᠨᠡᠢᠭᠡᠮ ᠦ᠋ᠨ ᠡᠶ᠎ᠡ ᠵᠣᠬᠢᠴᠠᠯ ᠲᠠᠢ ᠲᠣᠭᠲᠠᠭᠤᠨ ᠪᠠᠢᠬᠤ ᠶ᠋ᠢ ᠬᠠᠮᠠᠭᠠᠯᠠᠬᠤ ᠬᠡᠷᠡᠭᠲᠡᠢ ᠃ ᠠᠷᠠᠳ ᠤ᠋ᠨ ᠱᠢᠭᠦᠬᠦ ᠬᠣᠷᠢᠶ᠎ᠠ 《 ᠰᠠᠨᠠᠯ 》  ᠢ᠋ ᠪᠦᠬᠦ ᠲᠠᠯ᠎ᠠ ᠪᠠᠷ ᠲᠤᠤᠱᠯᠠᠭᠤᠯᠤᠨ ᠨᠠᠢᠳᠠᠪᠤᠷᠢᠵᠢᠭᠤᠯᠵᠤ ᠂ ᠨᠡᠢᠭᠡᠮ ᠦ᠋ᠨ ᠶᠡᠷᠦᠩᠬᠡᠢᠯᠡᠨ ᠵᠠᠰᠠᠬᠤ ᠳ᠋ᠤ᠌ ᠢᠳᠡᠪᠬᠢᠲᠡᠢ ᠣᠷᠣᠯᠴᠠᠵᠤ ᠂ ᠠᠷᠠᠳ ᠢᠷᠭᠡᠨ ᠪᠠ ᠡᠷᠡᠭᠦᠦ  ᠰᠢᠳᠭᠡᠯ ᠢ᠋ ᠬᠣᠣᠰᠯᠠᠭᠤᠯᠤᠨ ᠂ ᠰᠡᠷᠭᠡᠢᠯᠡᠬᠦ ᠪᠠ ᠵᠠᠯᠬᠠᠭᠠᠨ  ᠰᠢᠳᠭᠡᠬᠦ ᠶ᠋ᠢᠨ ᠬᠠᠮᠲᠤ ᠬᠡᠷᠡᠭᠯᠡᠵᠦ ᠂ ᠡᠨᠳᠡᠭᠳᠡᠯ ᠳᠤᠲᠠᠭᠳᠠᠯ ᠲᠠᠢ ᠲᠠᠯ᠎ᠠ ᠶ᠋ᠢ ᠣᠯᠵᠤ ᠮᠡᠳᠡᠪᠡᠯ ᠴᠠᠭ ᠲᠤᠬᠠᠢ ᠳ᠋ᠤᠨᠢ ᠬᠠᠤᠯᠢ ᠴᠠᠭᠠᠵᠠ ᠶ᠋ᠢᠨ ᠰᠠᠨᠠᠭᠤᠯᠭ᠎ᠠ ᠭᠠᠷᠭᠠᠵᠤ ᠂ ᠶᠠᠯ᠎ᠠ ᠬᠢᠭᠰᠡᠳ ᠢ᠋ ᠴᠢᠩᠭ᠎ᠠ ᠵᠠᠯᠬᠠᠭᠠᠨ ᠰᠢᠳᠭᠡᠬᠦ ᠦᠭᠡᠢ ᠪᠠᠢᠵᠤ ᠂ ᠰᠠᠭᠤᠭᠠᠯᠢ ᠠᠷᠠᠳ ᠤ᠋ᠨ ᠠᠮᠤᠷ ᠲᠠᠢᠪᠤᠩ ᠠᠵᠤ ᠲᠥᠷᠥᠬᠦ ᠶ᠋ᠢ ᠬᠠᠮᠠᠭᠠᠯᠠᠵᠤ ᠂ ᠨᠡᠢᠭᠡᠮ ᠦ᠋ᠨ ᠲᠥᠪ ᠭᠣᠣᠯᠴᠢ  ᠰᠢᠳᠤᠷᠭᠤ ᠶᠣᠰᠣ ᠶ᠋ᠢ ᠬᠠᠮᠠᠭᠠᠯᠠᠬᠤ ᠬᠡᠷᠡᠭᠲᠡᠢ ᠃
 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )