ᠳᠣᠣᠷᠠᠲᠤ ᠱᠠᠲᠤᠨ ᠤ᠋ ᠰᠢᠭᠦᠬᠦ ᠬᠣᠷᠢᠶᠠᠨ ᠤ᠋ ᠠᠵᠢᠯ ᠳ᠋ᠤ᠌ ᠬᠢᠨᠠᠯᠲᠠ ᠲᠠᠯᠪᠢᠬᠤ ᠪᠠ ᠵᠢᠯᠣᠭᠣᠳᠬᠤ ᠪᠣᠯ ᠮᠠᠨ ᠤ᠋ ᠤᠯᠤᠰ ᠤ᠋ᠨ ᠬᠠᠤᠯᠢ ᠴᠠᠭᠠᠵᠠ ᠠ᠋ᠴᠠ ᠳᠡᠭᠡᠳᠦ ᠱᠠᠲᠤᠨ ᠤ᠋ ᠰᠢᠭᠦᠬᠦ ᠬᠣᠷᠢᠶᠠᠨ ᠳ᠋ᠤ᠌ ᠣᠯᠭᠣᠭᠰᠠᠨ ᠨᠢᠭᠡᠨ ᠴᠢᠬᠤᠯᠠ ᠡᠭᠦᠷᠭᠡ ᠬᠠᠷᠢᠭᠤᠴᠠᠯᠭ᠎ᠠ ᠮᠥᠨ ᠂ ᠡᠯ᠎ᠡ ᠱᠠᠲᠤᠨ ᠤ᠋ ᠰᠢᠭᠦᠬᠦ ᠬᠣᠷᠢᠶᠠᠨ ᠤ᠋ ᠬᠠᠤᠯᠢ ᠴᠠᠭᠠᠵᠠ ᠶ᠋ᠢ ᠲᠥᠪ ᠴᠢᠩᠭ᠎ᠠ ᠬᠡᠷᠡᠭᠵᠢᠭᠦᠯᠬᠦ ᠶ᠋ᠢ ᠦᠨᠡᠨ ᠬᠦ᠌ ᠪᠠᠲᠤᠯᠠᠬᠤ ᠬᠦᠴᠦᠲᠡᠢ ᠠᠷᠭ᠎ᠠ ᠬᠡᠮᠵᠢᠶ᠎ᠡ ᠮᠥᠨ ᠃ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠢᠷᠭᠡᠨ ᠦ᠌ ᠬᠡᠷᠡᠭ ᠢ᠋ ᠰᠢᠭᠦᠨ ᠲᠠᠰᠤᠯᠬᠤ ᠠᠵᠢᠯ ᠤ᠋ᠨ ᠵᠢᠯᠣᠭᠣᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠭᠠᠵᠤ ᠂ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠢᠷᠭᠡᠨ ᠦ᠌ ᠬᠡᠷᠡᠭ ᠢ᠋ ᠰᠢᠭᠦᠨ ᠲᠠᠰᠤᠯᠬᠤ ᠠᠵᠢᠯ ᠤ᠋ᠨ ᠪᠦᠬᠦᠯᠢ ᠴᠣᠭᠴᠠ ᠶ᠋ᠢᠨ ᠬᠢᠷᠢ ᠬᠡᠮᠵᠢᠶ᠎ᠡ ᠪᠠ ᠶᠠᠰᠤ ᠴᠢᠨᠠᠷ ᠢ᠋ ᠳᠡᠭᠡᠭᠰᠢᠯᠡᠭᠦᠯᠬᠦ ᠶ᠋ᠢᠨ ᠲᠥᠯᠥᠭᠡ ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠢᠷᠭᠡᠨ ᠦ᠌ ᠬᠡᠷᠡᠭ ᠢ᠋ ᠲᠦᠷᠭᠡᠨ ᠰᠢᠭᠦᠬᠦ ᠬᠣᠶᠠᠳᠤᠭᠠᠷ ᠬᠠᠮᠲᠤᠷᠠᠨ ᠵᠥᠪᠯᠡᠬᠦ ᠲᠢᠩᠬᠢᠮ ᠦ᠋ᠨ ᠭᠤᠷᠪᠠᠳᠤᠭᠠᠷ ᠬᠥᠮᠦᠨ 2020 ᠣᠨ ᠤ᠋ 3 ᠰᠠᠷ᠎ᠠ ᠶ᠋ᠢᠨ 13 ᠤ᠋ ᠡᠳᠦᠷ ᠬᠣᠰᠢᠭᠤᠨ ᠤ᠋ ᠰᠢᠭᠦᠬᠦ ᠬᠣᠷᠢᠶᠠᠨ ᠳ᠋ᠤ᠌ ᠬᠦᠷᠴᠦ ᠪᠠᠢᠴᠠᠭᠠᠨ ᠰᠤᠳᠤᠯᠤᠯᠲᠠ ᠬᠢᠭᠰᠡᠨ ᠪᠥᠭᠡᠳ ᠬᠣᠯᠪᠣᠭᠳᠠᠯ ᠪᠦᠬᠦᠢ ᠠᠰᠠᠭᠤᠳᠠᠯ ᠢ᠋ ᠬᠣᠰᠢᠭᠤᠨ ᠤ᠋ ᠰᠢᠭᠦᠬᠦ ᠬᠣᠷᠢᠶ᠎ᠠ ᠲᠠᠢ ᠶᠠᠷᠢᠯᠴᠠᠪᠠ ᠃
ᠪᠠᠢᠴᠠᠭᠠᠨ ᠰᠤᠳᠤᠯᠤᠯᠲᠠ ᠶ᠋ᠢᠨ ᠶᠠᠪᠤᠴᠠ ᠳ᠋ᠤ᠌ ᠂ ᠳᠠᠯᠠᠳ ᠬᠣᠰᠢᠭᠤᠨ ᠤ᠋ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠵᠢᠶᠣᠤ ᠽᠢ ᠵᠦᠩ ᠬᠣᠰᠢᠭᠤᠨ ᠤ᠋ ᠰᠢᠭᠦᠬᠦ ᠬᠣᠷᠢᠶᠠᠨ ᠤ᠋ ᠢᠷᠭᠡᠨ ᠦ᠌ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠠᠵᠢᠯᠯᠠᠭᠠᠨ ᠤ᠋ ᠪᠠᠢᠳᠠᠯ ᠢ᠋ ᠬᠠᠷᠢᠭᠤ ᠮᠡᠳᠡᠭᠦᠯᠦᠭᠰᠡᠨ ᠪᠥᠭᠡᠳ ᠢᠷᠭᠡᠨ ᠦ᠌ ᠬᠡᠷᠡᠭ ᠦ᠋ᠨ ᠰᠢᠭᠦᠨ ᠲᠠᠰᠤᠯᠤᠯᠲᠠ ᠶ᠋ᠢᠨ ᠣᠯᠤᠭᠰᠠᠨ ᠠᠮᠵᠢᠯᠲᠠ ᠪᠦᠲᠦᠮᠵᠢ ᠵᠢᠴᠢ ᠣᠳᠣᠬᠠᠨ ᠳ᠋ᠤ᠌ ᠣᠷᠤᠰᠢᠵᠤ ᠪᠠᠢᠭ᠎ᠠ ᠵᠠᠷᠢᠮ ᠠᠰᠠᠭᠤᠳᠠᠯ ᠤ᠋ᠨ ᠲᠤᠬᠠᠢ ᠵᠠᠳᠠᠯᠤᠯᠲᠠ ᠬᠢᠪᠡ ᠃
ᠪᠠᠢᠴᠠᠭᠠᠨ ᠰᠤᠳᠤᠯᠤᠯᠲᠠ ᠶ᠋ᠢᠨ ᠶᠠᠪᠤᠴᠠ ᠳᠤᠮᠳᠠ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠶ᠋ᠢᠨ ᠬᠣᠶᠠᠳᠤᠭᠠᠷ ᠬᠠᠮᠲᠤᠷᠠᠨ ᠵᠥᠪᠯᠡᠬᠦ ᠲᠢᠩᠬᠢᠮ ᠠᠩᠬᠠᠷᠤᠭᠰᠠᠨ ᠨᠢ ᠂ ᠣᠳᠣᠬᠠᠨ ᠳ᠋ᠤ᠌ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠲᠠᠢ ᠨᠡᠪᠲᠡᠷᠡᠯᠴᠡᠬᠦ ᠲᠣᠭᠲᠠᠴᠠ ᠨᠢ ᠲᠡᠭᠦᠯᠳᠡᠷ ᠪᠤᠰᠤ ᠂ ᠲᠠᠰᠤᠯᠤᠨ ᠲᠣᠭᠲᠠᠭᠠᠯᠲᠠ ᠶ᠋ᠢᠨ ᠪᠠᠷᠢᠮᠵᠢᠶ᠎ᠠ ᠨᠢ ᠨᠢᠭᠡᠳᠦᠯ ᠦᠭᠡᠢ ᠂ ᠬᠡᠷᠡᠭ ᠢ᠋ ᠵᠠᠯᠭᠠᠯᠳᠤᠭᠤᠯᠬᠤ ᠳ᠋ᠤ᠌ ᠰᠠᠭᠠᠳ ᠦᠭᠡᠢ ᠪᠠᠢᠬᠤ ᠵᠡᠷᠭᠡ ᠠᠰᠠᠭᠤᠳᠠᠯ ᠣᠷᠤᠰᠢᠵᠤ ᠪᠠᠢᠨ᠎ᠠ ᠃ ᠡᠭᠦᠨ ᠳ᠋ᠦ᠍ ᠂ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠶ᠋ᠢᠨ ᠬᠣᠶᠠᠳᠤᠭᠠᠷ ᠬᠠᠮᠲᠤᠷᠠᠨ ᠵᠥᠪᠯᠡᠬᠦ ᠲᠢᠩᠬᠢᠮ ᠰᠠᠭᠤᠳᠠᠯ ᠤ᠋ᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠂ ᠨᠢᠭᠡ ᠳ᠋ᠦ᠍ ᠳᠣᠣᠷᠠᠲᠤ ᠱᠠᠲᠤᠨ ᠤ᠋ ᠬᠢᠨᠠᠨ ᠵᠢᠯᠣᠭᠣᠳᠬᠤ ᠲᠣᠭᠲᠠᠴᠠ ᠶ᠋ᠢ ᠲᠡᠭᠦᠯᠳᠡᠷᠵᠢᠭᠦᠯᠵᠦ ᠂ ᠳᠡᠭᠡᠳᠦ ᠳᠣᠣᠷᠠᠲᠤ ᠱᠠᠲᠤᠨ ᠤ᠋ ᠰᠢᠭᠦᠬᠦ ᠬᠣᠷᠢᠶᠠᠨ ᠤ᠋ ᠬᠣᠭᠣᠷᠣᠨᠳᠣᠬᠢ ᠨᠡᠪᠲᠡᠷᠡᠯᠴᠡᠭᠡ ᠪᠠ ᠵᠣᠬᠢᠴᠠᠭᠤᠯᠤᠯ ᠢ᠋ᠶ᠋ᠠᠨ ᠴᠢᠩᠭᠠᠳᠭᠠᠵᠤ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠠ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠬᠣᠭᠣᠷᠣᠨᠳᠣᠬᠢ ᠢᠳᠡᠪᠬᠢᠵᠢᠯ ᠢ᠋ ᠭᠦᠢᠴᠡᠳ ᠳᠠᠢᠴᠢᠯᠠᠨ ᠂ ᠳᠡᠭᠡᠳᠦ ᠳᠣᠣᠷᠠᠲᠤ ᠱᠠᠲᠤᠨ ᠤ᠋ ᠬᠠᠮᠵᠢᠯᠴᠠᠭ᠎ᠠ ᠂ ᠬᠣᠣᠰ ᠴᠢᠭᠯᠡᠯ ᠢ᠋ᠶ᠋ᠡᠷ ᠬᠣᠯᠪᠣᠭᠠᠯᠠᠨ ᠬᠥᠳᠡᠯᠦᠯᠴᠡᠵᠦ ᠂ ᠳᠡᠭᠡᠳᠦ ᠳᠣᠣᠷᠠᠳᠤ ᠱᠠᠲᠤᠨ ᠤ᠋ ᠰᠢᠭᠦᠬᠦ ᠬᠣᠷᠢᠶᠠᠨ ᠤ᠋ ᠠᠵᠢᠯ ᠤ᠋ᠨ ᠪᠦᠬᠦᠯᠢ ᠴᠣᠭᠴᠠ ᠶ᠋ᠢᠨ ᠨᠡᠢᠯᠡᠯ ᠬᠦᠴᠦᠨ ᠢ᠋ ᠪᠦᠷᠢᠯᠳᠦᠭᠦᠯᠬᠦ ᠬᠡᠷᠡᠭᠲᠡᠢ ᠂ ᠬᠣᠶᠠᠷ ᠲᠤ᠌ ᠠᠳᠠᠯᠢ ᠲᠥᠷᠥᠯ ᠦ᠋ᠨ ᠬᠡᠷᠡᠭ ᠲᠦ᠍ ᠳᠡᠭᠡᠳᠦ ᠳᠣᠣᠷᠠᠲᠤ ᠱᠠᠲᠤᠨ ᠤ᠋ ᠰᠢᠭᠦᠬᠦ ᠬᠣᠷᠢᠶ᠎ᠠ ᠂ ᠡᠯ᠎ᠡ ᠰᠠᠯᠠᠭ᠎ᠠ ᠮᠥᠴᠢᠷ ᠦ᠋ᠨ ᠬᠣᠭᠣᠷᠣᠨᠳᠣ ᠪᠠᠨ ᠨᠡᠪᠲᠡᠷᠡᠯᠴᠡᠬᠦ ᠪᠡᠨ ᠴᠢᠩᠭᠠᠳᠭᠠᠵᠤ ᠂ ᠲᠠᠰᠤᠯᠤᠨ ᠲᠣᠭᠲᠠᠭᠠᠯᠲᠠ ᠶ᠋ᠢᠨ ᠪᠠᠷᠢᠮᠵᠢᠶ᠎ᠠ ᠶ᠋ᠢ ᠨᠢᠭᠡᠳᠭᠡᠵᠦ ᠂ ᠬᠠᠤᠯᠢ ᠴᠠᠭᠠᠵᠠ ᠶ᠋ᠢᠨ ᠡᠷᠬᠡ ᠰᠦᠷᠲᠦ ᠴᠢᠨᠠᠷ ᠪᠠ ᠲᠥᠪ ᠴᠢᠩᠭ᠎ᠠ ᠴᠢᠨᠠᠷ ᠢ᠋ ᠬᠠᠮᠲᠤ ᠪᠠᠷ ᠬᠠᠮᠠᠭᠠᠯᠠᠨ᠎ᠠ ᠃ ᠠᠳᠠᠯᠢ ᠲᠥᠷᠥᠯ ᠦ᠋ᠨ ᠬᠡᠷᠡᠭ ᠦ᠋ᠨ ᠬᠠᠤᠯᠢ ᠴᠠᠭᠠᠵᠠ ᠶ᠋ᠢ ᠲᠣᠬᠢᠷᠠᠭᠤᠯᠤᠨ ᠬᠡᠷᠡᠭᠯᠡᠬᠦ ᠣᠢᠯᠠᠭᠠᠯᠲᠠ ᠨᠢ ᠨᠢᠭᠡᠳᠦᠯ ᠦᠭᠡᠢ ᠦᠶᠡᠰ ᠂ ᠪᠠᠢᠴᠠᠭᠠᠨ ᠰᠤᠳᠤᠯᠤᠯᠲᠠ ᠶ᠋ᠢ ᠴᠢᠩᠭᠠᠳᠭᠠᠵᠤ ᠂ ᠦᠨᠡᠨᠬᠦ ᠶᠠᠪᠤᠭᠳᠠᠵᠤ ᠪᠣᠯᠬᠤ ᠰᠢᠭᠦᠨ ᠲᠠᠰᠤᠯᠤᠯᠲᠠ ᠶ᠋ᠢᠨ ᠦᠨᠳᠦᠰᠦᠯᠡᠯ ᠢ᠋ ᠬᠠᠮᠲᠤᠪᠠᠷ ᠳᠤᠷᠠᠳᠴᠤ ᠂ ᠠᠳᠠᠯᠢ ᠲᠥᠷᠥᠯ ᠦ᠋ᠨ ᠬᠡᠷᠡᠭ ᠢ᠋ ᠠᠳᠠᠯᠢ ᠪᠤᠰᠤ ᠰᠢᠭᠦᠨ ᠲᠠᠰᠤᠯᠬᠤ ᠦᠵᠡᠭᠳᠡᠯ ᠡᠭᠦᠰᠬᠦ ᠶ᠋ᠢ ᠲᠠᠰᠤ ᠬᠣᠷᠢᠭᠯᠠᠨ᠎ᠠ ᠂ ᠭᠤᠷᠪᠠ ᠳ᠋ᠤ᠌ ᠦᠨᠳᠦᠰᠦᠨ ᠱᠠᠲᠤᠨ ᠤ᠋ ᠱᠢᠭᠦᠬᠦ ᠬᠣᠷᠢᠶ᠎ᠠ ᠨᠢ ᠥᠭᠡᠷᠡᠴᠢᠯᠡᠨ ᠲᠠᠰᠤᠯᠤᠭᠰᠠᠨ ᠪᠠ ᠪᠤᠴᠠᠭᠠᠭᠳᠠᠭᠰᠠᠨ ᠬᠡᠷᠡᠭ ᠲᠦ᠍ ᠴᠢᠭᠯᠡᠭᠦᠯᠦᠨ ᠂ ᠥᠭᠡᠷᠡᠴᠢᠯᠡᠨ ᠵᠠᠯᠠᠷᠠᠭᠤᠯᠤᠭᠰᠠᠨ ᠰᠢᠯᠲᠠᠭᠠᠨ ᠢ᠋ ᠢᠳᠡᠪᠬᠢᠲᠡᠢ ᠵᠠᠳᠠᠯᠤᠨ ᠂ ᠬᠠᠨᠳᠤᠯᠭᠠᠲᠤ ᠴᠢᠨᠠᠷ ᠲᠠᠢ ᠴᠡᠭᠴᠡᠯᠡᠨ ᠰᠠᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠤ ᠂ ᠲᠠᠨᠢᠯᠲᠠ ᠪᠠᠨ ᠨᠢᠭᠡᠳᠭᠡᠵᠦ ᠂ ᠳᠡᠭᠡᠭᠰᠢ ᠵᠠᠭᠠᠯᠳᠤᠭᠰᠠᠨ ᠬᠡᠷᠡᠭ ᠢ᠋ ᠥᠭᠡᠷᠡᠴᠢᠯᠡᠨ ᠲᠠᠰᠤᠯᠤᠭᠰᠠᠨ ᠨᠣᠷᠮ᠎ᠠ ᠶ᠋ᠢ ᠪᠦᠲᠦᠮᠵᠢᠲᠡᠢ ᠪᠡᠷ ᠬᠣᠷᠢᠭᠯᠠᠵᠤ ᠂ ᠳᠠᠬᠢᠨ ᠰᠢᠭᠦᠯᠭᠡᠬᠦ ᠪᠡᠷ ᠪᠤᠴᠠᠭᠠᠭᠰᠠᠨ ᠨᠣᠷᠮ᠎ᠠ ᠳᠡᠭᠡᠭᠰᠢᠯᠡᠬᠦ ᠬᠠᠨᠳᠤᠰᠢ ᠶ᠋ᠢ ᠪᠦᠲᠦᠮᠵᠢᠲᠡᠢ ᠪᠡᠷ ᠬᠣᠷᠢᠭᠯᠠᠨ ᠵᠣᠭᠰᠣᠭᠠᠬᠤ ᠬᠡᠷᠡᠭᠲᠡᠢ ᠃
ᠶᠠᠷᠢᠯᠴᠠᠬᠤ ᠳᠤᠮᠳᠠ ᠂ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠬᠢᠭᠡᠳ ᠳᠠᠯᠠᠳ ᠬᠣᠰᠢᠭᠤᠨ ᠤ᠋ ᠰᠢᠭᠦᠬᠦ ᠬᠣᠷᠢᠶ᠎ᠠ ᠳᠡᠭᠡᠳᠦ ᠳᠣᠣᠷᠠᠳᠤ ᠱᠠᠲᠤᠨ ᠤ᠋ ᠰᠢᠭᠦᠬᠦ ᠬᠣᠷᠢᠶ᠎ᠠ ᠲᠠᠢ ᠣᠢᠯᠠᠭᠠᠯᠴᠠᠨ ᠂ ᠵᠣᠬᠢᠴᠠᠯᠳᠤᠬᠤ ᠶ᠋ᠢᠨ ᠲᠤᠬᠠᠢ ᠬᠠᠯᠠᠭᠤᠨ ᠶᠠᠷᠢᠯᠴᠠᠭ᠎ᠠ ᠥᠷᠨᠢᠭᠦᠯᠬᠦ ᠶ᠋ᠢᠨ ᠬᠠᠮᠲᠤ ᠢᠳᠡᠪᠬᠢᠲᠡᠢ ᠰᠠᠨᠠᠭᠤᠯᠭ᠎ᠠ ᠪᠠ ᠶᠠᠪᠤᠭᠤᠯ ᠤ᠋ᠨ ᠪᠦᠲᠦᠮᠵᠢᠲᠡᠢ ᠠᠷᠭ᠎ᠠ ᠶ᠋ᠢ ᠳᠤᠷᠠᠳᠴᠤ ᠂ ᠲᠤᠰ ᠤᠳᠠᠭᠠᠨ ᠤ᠋ ᠪᠠᠢᠴᠠᠭᠠᠨ ᠰᠤᠳᠤᠯᠤᠯᠲᠠ ᠲᠡᠭᠦᠰ ᠠᠮᠵᠢᠯᠲᠠ ᠣᠯᠪᠠ ᠃
ᠦᠨᠡᠯᠡᠬᠦ 0ᠦᠨᠡᠯᠡᠯᠲᠡ ᠲᠠᠢ