ᠬᠣᠲᠠ ᠶ᠋ᠢᠨ ᠳᠤᠮᠳᠠ ᠵᠡᠷᠭᠡ ᠶ᠋ᠢᠨ ᠱᠢᠭᠦᠬᠦ ᠬᠣᠷᠢᠶ᠎ᠠ ᠶ᠋ᠢᠨ ᠠᠷᠪᠠᠨ ᠨᠢᠭᠡᠳᠦᠭᠡᠷ ᠨᠠᠮ ᠤ᠋ᠨ ᠡᠭᠦᠷ ᠦ᠋ᠨ ᠨᠠᠮ ᠤ᠋ᠨ ᠭᠡᠰᠢᠭᠦᠨ ᠵᠣᠭᠣᠰ ᠬᠠᠨᠳᠢᠪᠯᠠᠬᠤ ᠳ᠋ᠤ᠌ ᠠᠩᠬᠠᠨ ᠤ᠋ ᠰᠡᠳᠭᠢᠯ ᠢ᠋ᠶ᠋ᠡᠷ ᠬᠢᠵᠢᠭ ᠢ᠋ ᠡᠰᠡᠷᠭᠦᠴᠡᠬᠦ ᠰᠡᠳᠭᠢᠯ ᠢ᠋ᠶ᠋ᠡᠨ ᠢᠯᠡᠳᠭᠡᠵᠦ ᠦᠨᠡᠨᠴᠢ ᠰᠢᠳᠤᠷᠭᠤ ᠪᠠᠷ ᠡᠷᠭᠦᠶ᠎ᠡ
2020.10.16 ᠲᠣᠰ ᠥᠷᠲᠡᠭᠡᠨ ᠦ ᠨᠠᠢᠷᠠᠭᠤᠯᠤᠭᠴᠢ

ᠪᠡᠶ᠎ᠡ ᠶ᠋ᠢᠨ ᠬᠠᠯᠠᠭᠤᠨ ᠨᠢ ᠳᠡᠭᠡᠭᠰᠢᠯᠡᠭᠡᠳ 40 ᠭᠷᠠᠳᠦ᠋ᠰ ᠲᠦ᠍ ᠬᠦᠷᠴᠦ᠂ ᠠᠮᠢᠰᠭᠤᠯᠯᠠᠬᠤ ᠨᠢ ᠬᠦᠴᠢᠷᠳᠡᠵᠦ᠂ ᠬᠠᠨᠢᠶᠠᠬᠤ ᠨᠢ ᠲᠦᠷᠭᠡᠨ᠂ ᠪᠡᠶ᠎ᠡ ᠨᠢ ᠪᠥᠬᠥᠢᠨ᠎ᠡ᠃ 3 ᠰᠠᠷ᠎ᠠ ᠶ᠋ᠢᠨ 12  ᠤ᠋ ᠡᠳᠦᠷ ᠂ ᠨᠠᠮ ᠤ᠋ᠨ ᠭᠡᠱᠢᠭᠦᠳ ᠢ᠋ ᠵᠣᠬᠢᠶᠠᠨ ᠪᠠᠢᠭᠤᠯᠤᠨ ᠰᠠᠢᠨ ᠳᠤᠷ᠎ᠠ ᠠ᠋ᠴᠠ ᠪᠠᠨ ᠵᠣᠭᠣᠰ ᠮᠥᠩᠭᠥ ᠪᠡᠷ ᠲᠤᠰᠠᠯᠠᠵᠤ ᠰᠢᠨ᠎ᠡ ᠲᠢᠲᠢᠮ ᠠᠭᠤᠰᠭᠢᠨ ᠦᠷᠪᠢᠰᠦᠯ ᠦ᠋ᠨ ᠬᠢᠵᠢᠭ ᠢ᠋ ᠰᠡᠷᠭᠡᠢᠯᠡᠨ ᠬᠢᠵᠠᠭᠠᠷᠯᠠᠬᠤ ᠠᠵᠢᠯ ᠢ᠋ ᠳᠡᠮᠵᠢᠬᠦ ᠲᠤᠬᠠᠢ ᠰᠤᠷᠭᠠᠭᠤᠯᠢ ᠶ᠋ᠢᠨ ᠪᠠᠢᠭᠤᠯᠤᠯᠭ᠎ᠠ ᠶ᠋ᠢᠨ ᠨᠠᠮ ᠤ᠋ᠨ ᠬᠣᠷᠢᠶᠠᠨ ᠤ᠋ ᠰᠠᠨᠠᠭᠠᠴᠢᠯᠠᠭ᠎ᠠ ᠶ᠋ᠢ ᠢᠳᠡᠪᠬᠢᠲᠡᠢ ᠴᠤᠤᠷᠢᠶᠠᠲᠤᠨ ᠳᠠᠭᠠᠵᠤ ᠂ ᠬᠣᠲᠠ ᠶ᠋ᠢᠨ ᠳᠤᠮᠳᠠ ᠰᠤᠷᠭᠠᠭᠤᠯᠢ ᠶ᠋ᠢᠨ ᠠᠷᠪᠠᠨ ᠨᠢᠭᠡᠳᠦᠭᠡᠷ ᠨᠠᠮ ᠤ᠋ᠨ ᠡᠭᠦᠷ ᠨᠢ ᠨᠠᠮ ᠤ᠋ᠨ  ᠭᠡᠰᠢᠭᠦᠨ ᠦ᠌ ᠰᠠᠢᠨ ᠳᠤᠷ᠎ᠠ ᠠ᠋ᠴᠠ ᠪᠠᠨ ᠪᠠᠢᠬᠤ ᠶ᠋ᠢ ᠬᠦᠨᠳᠦᠳᠭᠡᠵᠦ ᠂ ᠴᠢᠳᠠᠯ ᠤ᠋ᠨ ᠢ᠋ᠶ᠋ᠠᠨ ᠬᠢᠷᠢ ᠪᠡᠷ ᠬᠢᠬᠦ ᠵᠠᠷᠴᠢᠮ ᠢ᠋ ᠪᠠᠷᠢᠮᠲᠠᠯᠠᠵᠤ ᠂ ᠪᠦᠬᠦ ᠨᠠᠮ ᠤ᠋ᠨ  ᠭᠡᠰᠢᠭᠦᠳ ᠢ᠋ ᠲᠤᠰ ᠤᠳᠠᠭᠠᠨ ᠤ᠋ ᠵᠣᠭᠣᠰ ᠬᠠᠨᠳᠢᠪᠯᠠᠬᠤ ᠠᠵᠢᠯᠯᠠᠭ᠎ᠠ ᠳ᠋ᠤ᠌ ᠢᠳᠡᠪᠬᠢᠲᠡᠢ ᠣᠷᠣᠯᠴᠠᠭᠤᠯᠬᠤ ᠪᠠᠷ ᠤᠷᠢᠶᠠᠯᠠᠪᠠ ᠃
 

ᠬᠣᠲᠠ ᠶ᠋ᠢᠨ ᠳᠤᠮᠳᠠᠳᠤ ᠰᠤᠷᠭᠠᠭᠤᠯᠢ ᠶ᠋ᠢᠨ ᠨᠠᠮ ᠤ᠋ᠨ ᠡᠣᠳᠣᠷᠢᠣᠠᠬᠣ ᠲᠣᠭᠣᠢᠯᠠᠠᠢ᠎ᠠ ᠶ᠋ᠢᠨ  ᠭᠡᠰᠢᠭᠦᠨ᠂ ᠳᠡᠳ᠋ ᠳᠠᠷᠤᠭ᠎ᠠ ᠡᠾᠸ ᠵᠦᠩ ᠫᠢᠩ ᠡᠠᠷᠪᠠᠠ ᠨᠢᠭᠡᠳᠦᠭᠡᠷ ᠨᠠᠮ ᠤ᠋ᠨ ᠡᠭᠦᠷ ᠦ᠋ᠨ  ᠱᠦᠵᠢ ᠵᠠᠩ ᠶᠤᠸᠠᠢ ᠹᠧᠩ ᠪᠡᠶ᠎ᠡ ᠪᠡᠷ ᠢ᠋ᠶ᠋ᠡᠨ ᠳᠠᠭᠠᠭᠤᠯᠤᠨ ᠵᠣᠭᠣᠰ ᠲᠤᠰᠠᠯᠠᠪᠠ ᠃ ᠵᠠᠩ ᠶᠤᠸᠠᠢ ᠹᠧᠩ ᠲᠤᠬᠠᠢ ᠶ᠋ᠢᠨ ᠲᠠᠯᠠᠪᠠᠢ ᠳ᠋ᠤ᠌ ᠪᠦᠬᠦ ᠨᠠᠮ ᠤ᠋ᠨ  ᠭᠡᠰᠢᠭᠦᠳ ᠲᠡᠢ ᠶᠠᠷᠢᠯᠴᠠᠬᠤ ᠳ᠋ᠠᠭᠠᠨ ᠄ 《 ᠡᠨᠡ ᠬᠦ᠌ ᠭᠡᠨᠡᠳᠲᠡ ᠶ᠋ᠢᠨ ᠭᠠᠢ  ᠭᠠᠮᠰᠢᠭ ᠤ᠋ᠨ ᠡᠮᠦᠨ᠎ᠡ ᠂ ᠳᠤᠮᠳᠠᠳᠤ ᠤᠯᠤᠰ ᠤ᠋ᠨ ᠡᠪ ᠬᠠᠮᠲᠤ ᠨᠠᠮ ᠠᠷᠠᠳ ᠲᠦᠮᠡᠨ ᠦ᠌  ᠠᠰᠢᠭ ᠲᠤᠰᠠ ᠶ᠋ᠢ ᠲᠡᠷᠢᠭᠦᠨ ᠪᠠᠢᠷᠢᠨ ᠳ᠋ᠤ᠌ ᠲᠠᠯᠪᠢᠵᠤ ᠴᠢᠳᠠᠨ᠎ᠠ ᠂ ᠭᠠᠭᠴᠠ ᠬᠦ᠌ ᠳᠤᠮᠳᠠᠳᠤ ᠤᠯᠤᠰ ᠤ᠋ᠨ ᠡᠪ ᠬᠠᠮᠲᠤ ᠨᠠᠮ ᠡᠢᠮᠦ ᠶᠡᠬᠡ ᠦᠷᠡᠭᠳᠡᠯ ᠭᠠᠷᠭᠠᠵᠤ ᠂ ᠱᠠᠲᠤ ᠦᠶ᠎ᠡ ᠶ᠋ᠢᠨ ᠴᠢᠨᠠᠷᠲᠠᠢ ᠬᠢᠵᠢᠭ ᠦ᠋ᠨ ᠪᠠᠢᠳᠠᠯ ᠢ᠋ ᠡᠰᠡᠷᠭᠦᠴᠡᠨ ᠲᠤᠯᠬᠤ ᠯᠤᠲᠤ ᠶᠡᠬᠡ ᠢᠯᠠᠯᠲᠠ ᠶ᠋ᠢ ᠣᠯᠵᠤ ᠂ ᠪᠠᠰᠠ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠤᠳᠤᠷᠢᠳᠤᠯᠭ᠎ᠠ ᠶ᠋ᠢᠨ ᠳᠣᠣᠷᠠᠬᠢ ᠠᠷᠠᠳ ᠲᠦᠮᠡᠨ ᠯᠡ ᠰᠠᠶᠢ ᠭᠡᠳᠡᠷᠭᠦ ᠡᠰᠡᠷᠭᠦᠴᠡᠬᠦ ᠡᠭᠦᠷᠭᠡ ᠦᠭᠡᠢ ᠶᠦ᠍ᠮ ᠃ ᠳᠤᠮᠳᠠᠳᠤ ᠤᠯᠤᠰ ᠤ᠋ᠨ ᠬᠥᠮᠦᠨ ᠪᠣᠯᠤᠭᠰᠠᠨ ᠤ᠋ ᠬᠤᠪᠢ ᠳ᠋ᠤ᠌ ᠪᠢᠳᠡ  ᠣᠮᠤᠭᠰᠢᠯ ᠲᠠᠢ ᠪᠠᠢᠵᠤ ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠨᠢᠭᠡᠨ  ᠭᠡᠰᠢᠭᠦᠨ ᠪᠣᠯᠤᠭᠰᠠᠨ ᠤ᠋ ᠬᠤᠪᠢ ᠳ᠋ᠤ᠌ ᠪᠢᠳᠡ ᠨᠡᠩ  ᠣᠮᠤᠭᠰᠢᠯ ᠲᠠᠢ ᠪᠠᠢᠨ᠎ᠠ ᠃ ᠪᠦᠬᠦ ᠨᠠᠮ ᠤ᠋ᠨ  ᠭᠡᠰᠢᠭᠦᠳ ᠬᠢᠵᠢᠭ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯᠯᠠᠭ᠎ᠠ ᠶ᠋ᠢ ᠳᠡᠮᠵᠢᠬᠦ ᠪᠣᠳᠠᠲᠤ ᠠᠵᠢᠯᠯᠠᠭ᠎ᠠ ᠪᠠᠷ ᠢ᠋ᠶ᠋ᠠᠨ ᠠᠩᠬᠠᠨ ᠤ᠋ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ ᠂ ᠬᠢᠵᠢᠭ ᠦ᠋ᠨ ᠪᠠᠢᠳᠠᠯ ᠢ᠋ ᠰᠡᠷᠭᠡᠢᠯᠡᠵᠦ ᠬᠣᠷᠢᠭᠯᠠᠨ ᠴᠣᠬᠢᠬᠤ ᠠᠵᠢᠯ ᠳ᠋ᠤ᠌ ᠬᠤᠪᠢ ᠨᠡᠮᠡᠷᠢ ᠦᠵᠡᠭᠦᠯᠬᠦ ᠪᠡᠷ ᠴᠢᠷᠮᠠᠢᠬᠤ ᠬᠡᠷᠡᠭᠲᠡᠢ ᠭᠡᠵᠡᠢ !

 

 

ᠡᠮᠬᠢ ᠵᠢᠷᠤᠮ ᠲᠠᠢ ᠵᠣᠬᠢᠶᠠᠨ ᠪᠠᠢᠭᠤᠯᠤᠯᠲᠠ ᠶ᠋ᠢᠨ ᠲᠣᠬᠢᠷᠠᠭᠤᠯᠤᠯᠲᠠ ᠪᠠᠷ ᠳᠠᠮᠵᠢᠭᠠᠳ ᠂ ᠠᠷᠪᠠᠨ ᠨᠢᠭᠡᠳᠦᠭᠡᠷ ᠨᠠᠮ ᠤ᠋ᠨ ᠡᠭᠦᠷ ᠦ᠋ᠨ ᠵᠣᠭᠣᠰ ᠬᠠᠨᠳᠢᠪᠯᠠᠬᠤ ᠠᠵᠢᠯᠯᠠᠭ᠎ᠠ ᠤᠷᠤᠭᠱᠢᠲᠠᠢ ᠶᠠᠪᠤᠭᠳᠠᠵᠤ ᠂ ᠵᠣᠭᠣᠰ ᠬᠠᠨᠳᠢᠪᠯᠠᠬᠤ ᠨᠢ ᠰᠦᠯᠵᠢᠶᠡᠨ ᠳᠡᠭᠡᠷ᠎ᠡ ᠪᠠ ᠰᠦᠯᠵᠢᠶᠡᠨ ᠡᠴᠡ ᠭᠠᠳᠠᠨᠠᠬᠢ ᠶ᠋ᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠢ᠋ ᠠᠪᠴᠤ ᠂ ᠨᠠᠮ ᠤ᠋ᠨ  ᠭᠡᠰᠢᠭᠦᠳ ᠢᠳᠡᠪᠬᠢᠲᠡᠢ ᠪᠡᠷ ᠣᠷᠣᠯᠴᠠᠵᠤ ᠂ ᠨᠥᠬᠥᠷᠰᠡᠭ ᠲᠤᠰᠠᠯᠠᠭᠴᠢ ᠶ᠋ᠢᠨ ᠭᠠᠷ ᠢ᠋ ᠢᠳᠡᠪᠬᠢᠲᠡᠢ ᠰᠤᠩᠭᠠᠵᠤ ᠂ ᠥᠪᠡᠷ ᠦ᠋ᠨ ᠨᠢᠭᠡ ᠬᠤᠪᠢ ᠬᠠᠢᠷ᠎ᠠ ᠬᠠᠯᠠᠮᠵᠢ ᠪᠠᠨ ᠬᠠᠨᠳᠢᠪᠯᠠᠬᠤ ᠪᠣᠯᠤᠨ᠎ᠠ ᠃
 ᠨᠠᠷᠢᠨ ᠭᠣᠷᠣᠬᠠᠨ ᠡᠣᠷᠣᠰᠣᠠ ᠳᠠᠯᠠᠢ ᠪᠣᠯᠵᠠᠢ ᠃ ᠣᠳᠣᠨ ᠤ᠋ ᠭᠡᠷᠡᠯ ᠢᠶᠠᠨ ᠨᠣᠴᠣᠭᠠᠵᠤ ᠂ ᠲᠩᠷᠢ ᠶ᠋ᠢᠨ ᠣᠶᠣᠳᠠᠯ ᠢ᠋ ᠭᠡᠢᠭᠦᠯᠦᠨ᠎ᠡ ᠃ ᠬᠣᠲᠠ ᠶ᠋ᠢᠨ ᠳᠤᠮᠳᠠ ᠰᠤᠷᠭᠠᠭᠤᠯᠢ ᠶ᠋ᠢᠨ ᠡᠠᠷᠪᠠᠠ ᠨᠢᠭᠡᠳᠦᠭᠡᠷ ᠨᠠᠮ ᠤ᠋ᠨ ᠡᠭᠦᠷ ᠦ᠋ᠨ ᠨᠠᠮ ᠤ᠋ᠨ ᠭᠡᠱᠢᠭᠦᠳ ᠵᠢᠱ᠌ᠢᠶᠡᠴᠢ ᠳᠠᠭᠠᠭᠤᠯᠬᠤ ᠦᠢᠯᠡᠳᠦᠯ ᠢ᠋ᠶ᠋ᠡᠨ ᠦᠨᠡᠨᠬᠦ ᠪᠠᠳᠠᠷᠠᠭᠤᠯᠵᠤ ᠂ ᠬᠠᠢᠷ᠎ᠠ ᠬᠠᠯᠠᠮᠵᠢ ᠶ᠋ᠢ ᠳᠠᠮᠵᠢᠭᠤᠯᠤᠨ ᠂ ᠬᠠᠢᠷ᠎ᠠ ᠬᠠᠯᠠᠮᠵᠢ ᠪᠠᠷ ᠬᠦᠴᠦᠨ ᠢ᠋ᠶ᠋ᠡᠨ ᠨᠢᠭᠲᠠᠷᠠᠭᠤᠯᠵᠤ ᠂ ᠰᠡᠳᠭᠢᠯ ᠰᠠᠨᠠᠭ᠎ᠠ ᠪᠠᠨ ᠲᠥᠪᠯᠡᠷᠡᠭᠦᠯᠦᠨ ᠡᠮᠦᠨ᠎ᠡ ᠹᠷᠣᠨᠲ ᠲᠤ᠌ ᠲᠡᠮᠡᠴᠡᠯᠳᠦᠭᠰᠡᠨ ᠬᠢᠵᠢᠭ ᠢ᠋ ᠰᠡᠷᠭᠡᠢᠯᠡᠨ ᠡᠵᠡᠮᠳᠡᠬᠦ ᠠᠵᠢᠯᠲᠠᠨ ᠢ᠋ ᠪᠦᠬᠦ ᠬᠦᠴᠦᠨ ᠢ᠋ᠶ᠋ᠡᠷ ᠢ᠋ᠶ᠋ᠡᠨ ᠳᠡᠮᠵᠢᠨ᠎ᠡ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )