ᠰᠡᠳᠬᠢᠯ ᠨᠢᠭᠡᠳᠦᠨ ᠬᠦᠴᠦ ᠪᠡᠨ ᠬᠠᠮᠲᠤᠳᠬᠠᠵᠤ ᠬᠠᠢᠷ᠎ᠠ ᠬᠠᠯᠠᠮᠵᠢ ᠪᠠᠷ ᠬᠥᠮᠦᠨ ᠦ᠌ ᠰᠡᠳᠬᠢᠯ ᠢ᠋ ᠳᠤᠯᠠᠭᠠᠴᠠᠭᠤᠯᠤᠨᠠᠮ - ᠬᠠᠩᠭᠢᠨ ᠬᠤᠰᠢᠭᠤᠨ ᠤ᠋ ᠡᠨᠡᠷᠢᠯ ᠬᠠᠢᠷ᠎ᠠ ᠬᠠᠯᠠᠮᠵᠢ
2020.11.03 ᠲᠣᠰ ᠥᠷᠲᠡᠭᠡᠨ᠎ᠦ ᠨᠠᠢᠷᠠᠭᠤᠯᠤᠭᠴᠢ

ᠨᠢᠭᠡᠨ ᠨᠢᠭᠤᠷ ᠲᠠᠨ ᠳ᠋ᠤ᠌ ᠬᠦᠨᠳᠦᠳᠬᠡᠯ ᠳᠡᠪᠰᠢᠭᠦᠯᠦᠶ᠎ᠡ
 ᠨᠢᠭᠡ ᠬᠤᠪᠢ ᠬᠥᠳᠡᠯᠭᠡᠬᠦ ᠬᠦᠴᠦᠨ ᠲᠡᠢ
 ᠡᠳᠦᠷᠵᠢᠨ ᠰᠥᠨᠢᠵᠢᠨ ᠪᠠᠢᠯᠳᠤᠵᠤ
 ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ  ᠬᠣᠷᠢᠶ᠎ᠠ ᠶ᠋ᠢᠨ ᠺᠠᠲ᠋ᠷ  ᠴᠠᠭᠳᠠᠭ᠎ᠠ
 ᠯᠠᠪᠳᠠᠭᠤᠨ ᠪᠦᠲᠦᠮᠵᠢᠲᠡᠢ ᠠᠵᠢᠯᠯᠠᠬᠤ ᠪᠠᠷ ᠳᠠᠮᠵᠢᠨ
 ᠬᠢᠵᠢᠭ ᠢ᠋ ᠰᠡᠷᠭᠡᠢᠯᠡᠬᠦ ᠪᠠᠲᠤ ᠪᠡᠬᠢ ᠹᠷᠣᠨᠲ ᠢ᠋ ᠪᠠᠢᠭᠤᠯᠪᠠ
 ᠲᠡᠳᠡᠨ ᠦ᠌ ᠰᠢᠷᠭᠠᠭᠤ  ᠴᠢᠷᠮᠠᠢᠯᠭ᠎ᠠ ᠨᠢ ᠠᠮᠵᠢᠯᠲᠠ ᠣᠯᠵᠠᠢ
 ᠣᠯᠠᠨ ᠲᠦᠮᠡᠨ ᠦ᠌ ᠵᠥᠪᠰᠢᠶᠡᠷᠡᠯ ᠪᠠ ᠮᠠᠭᠲᠠᠭᠠᠯ
 

《 ᠰᠢᠭᠦᠬᠦ ᠬᠣᠷᠢᠶᠠᠨ ᠤ᠋ ᠺᠠᠲ᠋ᠷ  ᠴᠠᠭᠳᠠᠭ᠎ᠠ ᠨᠠᠷ ᠠᠷᠠᠳ ᠲᠦᠮᠡᠨ ᠲᠡᠢ ᠰᠡᠳᠬᠢᠯ ᠵᠢᠷᠦᠬᠡ ᠪᠡᠨ ᠬᠣᠯᠪᠣᠵᠤ ᠂ ᠬᠢᠵᠢᠭ ᠡᠪᠡᠳᠴᠢᠨ ᠢ᠋ ᠡᠰᠡᠷᠭᠦᠴᠡᠬᠦ ᠠᠵᠢᠯ ᠳ᠋ᠤ᠌ ᠭᠠᠷᠭᠠᠭᠰᠠᠨ ᠴᠢᠷᠮᠠᠢᠯᠭ ᠠ ᠳ᠋ᠤ᠌ ᠲᠠᠯᠠᠷᠬᠠᠵᠤ  ᠪᠠᠢᠨ᠎ᠠ 》 ᠃ 3 ᠰᠠᠷ ᠠ ᠶ᠋ᠢᠨ 11 ᠦ᠌ ᠡᠳᠦᠷ ᠳ᠋ᠦᠩᠱᠧᠩ ᠲᠣᠭᠣᠷᠢᠭ ᠤ᠋ᠨ ᠴᠧᠨ ᠵᠢᠶᠠ ᠴᠢᠦᠢ ᠨᠡᠢᠭᠡᠮ ᠲᠣᠭᠣᠷᠢᠭ ᠤ᠋ᠨ ᠨᠠᠮ ᠤ᠋ᠨ ᠡᠭᠦᠷ ᠦ᠋ᠨ ᠱᠦᠵᠢ ᠵᠠᠩ ᠬᠣᠩ ᠰᠢᠶᠠᠣ ᠬᠡᠮᠡᠷᠯᠢᠭ ᠲᠤᠭ ᠡᠷᠭᠦᠨ ᠬᠣᠲᠠ ᠶ᠋ᠢᠨ ᠳᠤᠮᠳᠠ ᠵᠡᠷᠭᠡ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠢᠷᠡᠭᠰᠡᠨ ᠰᠡᠳᠬᠢᠯ  ᠳᠣᠭᠳᠤᠯᠤᠮ᠎ᠠ ᠬᠡᠯᠡᠪᠡ ᠃ 《 ᠰᠡᠳᠬᠢᠯ ᠨᠢᠭᠡᠳᠦᠨ ᠬᠦᠴᠦ ᠪᠡᠨ ᠬᠠᠮᠲᠤᠳᠬᠠᠵᠤ  ᠬᠠᠢᠷ᠎ᠠ ᠬᠠᠯᠠᠮᠵᠢ ᠶ᠋ᠢᠨ  ᠠᠵᠢᠯᠯᠠᠵᠠᠭ᠎ᠠ ᠨᠢ ᠬᠥᠮᠦᠨ ᠦ᠌ ᠰᠡᠳᠬᠢᠯ ᠢ᠋  ᠳᠤᠯᠠᠭᠠᠴᠠᠭᠤᠯᠤᠨ᠎ᠠ》 ᠬᠡᠮᠡᠷᠯᠢᠭ ᠬᠤᠰᠢᠭᠤᠨ ᠤ᠋ ᠦᠭᠡ ᠨᠢᠭᠡᠪᠦᠷᠢ ᠨᠢ ᠣᠯᠠᠨ ᠤ᠋ ᠠᠩᠬᠠᠷᠤᠯ ᠢ᠋ ᠲᠠᠲᠠᠵᠤ ᠂ 《 ᠡᠨᠡᠬᠦ ᠬᠡᠮᠡᠷᠯᠢᠭ ᠲᠤᠭ ᠪᠣᠯ ᠮᠠᠨ ᠤ᠋ ᠴᠸᠨ ᠵᠢᠶᠠ ᠴᠢᠦᠢ ᠨᠡᠢᠭᠡᠮ ᠲᠣᠭᠣᠷᠢᠭ ᠤ᠋ᠨ ᠠᠷᠠᠳ ᠣᠯᠠᠨ ᠤ᠋ ᠰᠢᠭᠦᠬᠦ ᠬᠣᠷᠢᠶᠠᠨ ᠤ᠋ ᠺᠠᠲ᠋ᠷ  ᠴᠠᠭᠳᠠᠭ᠎ᠠ ᠳ᠋ᠤ᠌ ᠲᠠᠯᠠᠷᠬᠠᠵᠤ  ᠪᠠᠢᠭ᠎ᠠ ᠰᠡᠳᠬᠢᠯᠭᠡ ᠮᠥᠨ ᠃ ᠬᠢᠵᠢᠭ ᠦ᠋ᠨ ᠪᠠᠢᠳᠠᠯ ᠤ᠋ᠨ  ᠡᠮᠦᠨ᠎ᠡ ᠲᠠ ᠨᠠᠷ ᠰᠠᠢᠨ  ᠳᠤᠷ᠎ᠠ ᠠ᠋ᠴᠠ ᠪᠠᠨ ᠲᠠᠨᠠᠷ ᠲᠤ᠌ ᠲᠠᠯᠠᠷᠬᠠᠵᠤ  ᠪᠠᠢᠨ᠎ᠠ᠃》
 ᠦᠷᠭᠦᠯᠵᠢᠯᠡᠨ ᠨᠢᠭᠡ  ᠰᠠᠷ᠎ᠠ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ  ᠬᠣᠷᠢᠶ᠎ᠠ ᠶ᠋ᠢᠨ ᠵᠢᠵᠢᠭᠦᠷᠯᠡᠭᠴᠢ ᠺᠠᠲ᠋ᠷ  ᠴᠠᠭᠳᠠᠭ᠎ᠠ ᠣᠷᠣᠨ ᠰᠠᠭᠤᠴᠠ ᠶ᠋ᠢᠨ ᠲᠣᠭᠣᠷᠢᠭ ᠤ᠋ᠨ ᠡᠭᠦᠳᠡᠨ ᠳ᠋ᠦ᠍ ᠴᠡᠭ ᠲᠣᠭᠲᠠᠭᠠᠨ ᠵᠢᠵᠢᠭᠦᠷᠯᠡᠨ ᠰᠠᠬᠢᠵᠤ ᠵᠢᠵᠢᠭ ᠲᠣᠭᠣᠷᠢᠭ ᠤ᠋ᠨ ᠨᠡᠰᠢ ᠴᠠᠰᠢ ᠥᠩᠭᠡᠷᠡᠬᠦ ᠲᠡᠷᠭᠡ ᠬᠥᠰᠬᠡ ᠪᠣᠯᠤᠨ  ᠭᠠᠳᠠᠨ᠎ᠠ ᠠ᠋ᠴᠠ ᠢᠷᠡᠭᠰᠡᠨ ᠬᠥᠮᠦᠰ ᠢ᠋  ᠴᠢᠩᠭ᠎ᠠ ᠬᠠᠮᠢᠶᠠᠷᠤᠨ ᠡᠵᠡᠮᠳᠡᠵᠦ ᠬᠢᠵᠢᠭ ᠢ᠋ ᠰᠡᠷᠭᠡᠢᠯᠡᠨ ᠡᠵᠡᠮᠳᠡᠬᠦ ᠮᠡᠳᠡᠯᠭᠡ ᠪᠣᠯᠤᠨ ᠰᠡᠷᠭᠡᠢᠯᠡᠨ ᠡᠵᠡᠮᠳᠡᠬᠦ ᠲᠥᠷᠥ ᠶ᠋ᠢᠨ  ᠪᠣᠳᠤᠯᠭ᠎ᠠ ᠶ᠋ᠢ ᠢᠳᠡᠪᠬᠢᠲᠡᠢ ᠤᠬᠠᠭᠤᠯᠵᠤ ᠂ ᠣᠷᠣᠵᠤ ᠭᠠᠷᠬᠤ ᠬᠥᠮᠦᠰ ᠲᠦ᠍  ᠪᠡᠶ᠎ᠡ ᠶ᠋ᠢᠨ ᠬᠠᠯᠠᠭᠤᠨ ᠢ᠋ᠶ᠋ᠠᠨ ᠬᠡᠮᠵᠢᠨ ᠂ ᠦᠨᠳᠦᠰᠦᠨ ᠮᠡᠳᠡᠭᠡ ᠵᠠᠩᠭᠢ ᠶ᠋ᠢ ᠳᠠᠩᠰᠠᠯᠠᠵᠤ ᠃ ᠺᠠᠲ᠋ᠷ  ᠴᠠᠭᠳᠠᠭ᠎ᠠ ᠨᠠᠷ ᠬᠢᠵᠢᠭ ᠢ᠋ ᠰᠡᠷᠭᠡᠢᠯᠡᠬᠦ  ᠡᠮᠦᠨ᠎ᠡ ᠹᠷᠣᠨᠲ ᠤ᠋ᠨ ᠵᠢᠵᠢᠭᠦᠷᠯᠡᠭᠴᠢ ᠪᠣᠯᠬᠤ ᠪᠠᠷ ᠪᠠᠷᠠᠬᠤ ᠥᠬᠡᠢ ᠨᠡᠩ ᠴᠤ᠌ ᠰᠠᠭᠤᠭᠠᠯᠢ ᠠᠷᠠᠳ ᠲᠤ᠌ ᠦᠢᠯᠡᠴᠢᠯᠡᠬᠦ ᠰᠠᠢᠨ ᠲᠤᠷᠠᠴᠤᠳ ᠠ᠋ᠴᠠ ᠲᠤᠰᠠᠭᠠᠷᠯᠠᠭᠳᠠᠵᠤ  ᠪᠠᠢᠭ᠎ᠠ ᠰᠠᠭᠤᠭᠠᠯᠢ ᠠᠷᠠᠳ ᠤ᠋ᠨ ᠬᠣᠭ ᠨᠣᠪᠰᠢ ᠶ᠋ᠢ ᠠᠷᠢᠯᠭᠠᠵᠤ ᠠᠮᠢᠳᠤᠷᠠᠯ ᠤ᠋ᠨ ᠴᠢᠬᠤᠯᠠ ᠬᠡᠷᠡᠭᠴᠡᠭᠡᠨ ᠦ᠌ ᠵᠦᠢᠯ ᠢ᠋ ᠡᠵᠡᠨᠲᠡᠨ ᠡᠴᠡ ᠪᠠᠢᠳᠠᠯ ᠢ᠋ ᠨᠠᠷᠢᠨ ᠬᠢᠨᠠᠮᠠᠭᠠᠢ ᠵᠠᠳᠠᠯᠵᠤ ᠂ ᠲᠥᠷᠥ ᠶ᠋ᠢᠨ ᠪᠣᠳᠣᠯᠭ ᠠ ᠶ᠋ᠢ ᠲᠠᠢᠯᠪᠤᠷᠢᠯᠠᠵᠤ ᠂ ᠥᠷᠭᠡᠨ ᠣᠯᠠᠨ ᠰᠠᠭᠤᠭᠠᠯᠢ ᠠᠷᠠᠳ ᠤ᠋ᠨ ᠣᠢᠯᠠᠭᠠᠯᠲᠠ ᠳᠡᠮᠵᠢᠯᠭᠡ ᠶ᠋ᠢ ᠣᠯᠪᠠ ᠁ ᠡᠳᠡᠭᠡᠷ ᠵᠢᠵᠢᠭ ᠰᠠᠵᠢᠭ ᠤᠴᠢᠷ ᠢ᠋ ᠰᠠᠭᠤᠭᠠᠯᠢ ᠠᠷᠠᠳ ᠪᠦᠷ ᠨᠢᠳᠦᠨ ᠳ᠋ᠡᠭᠡᠨ ᠬᠠᠪᠴᠢᠬᠤ ᠴᠢᠬᠤᠯᠠᠲᠠᠢ ᠃
 ᠨᠢᠭᠡ ᠤᠳᠠᠭᠠᠨ ᠤ᠋ ᠳᠠᠢᠯᠠᠯᠳᠤᠭᠠᠨ ᠤ᠋ ᠢᠯᠠᠯᠲᠠ
 ᠵᠠᠢᠯᠠᠰᠢ ᠦᠭᠡᠢ ᠨᠢᠭᠡ ᠪᠦᠯᠦᠭ ᠬᠠᠷᠠᠮ ᠦᠭᠡᠢ ᠵᠣᠷᠢᠭᠤᠯᠬᠤ ᠬᠥᠮᠦᠨ  ᠴᠢᠷᠮᠠᠢᠯᠭ᠎ᠠ ᠲᠠᠢ
 ᠰᠡᠳᠬᠢᠯ ᠳ᠋ᠦ᠍ ᠬᠣᠨᠣᠭᠰᠢᠭᠰᠠᠨ ᠭᠦᠨ ᠰᠡᠳᠬᠢᠯᠭᠡ
 ᠬᠠᠷᠢᠶᠠᠲᠤ ᠲᠣᠭᠣᠷᠢᠭ ᠤ᠋ᠨ ᠰᠠᠭᠤᠭᠠᠯᠢ ᠠᠷᠠᠳ ᠡᠴᠡ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ ᠠ ᠶ᠋ᠢᠨ ᠺᠠᠲ᠋ᠷ  ᠴᠠᠭᠳᠠᠭ᠎ᠠ
 ᠨᠢᠭᠡ ᠰᠠᠷ ᠠ ᠭᠠᠷᠤᠢ ᠶ᠋ᠢᠨ ᠲᠤᠷᠰᠢᠬᠢ ᠬᠢᠵᠢᠭ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠲᠤᠬᠠᠢ ᠯᠠᠪᠲᠠᠢ
  ᠬᠠᠷᠢᠭᠤᠴᠠᠯᠭ᠎ᠠ ᠵᠣᠷᠢᠭᠵᠢᠭᠤᠯᠤᠯ ᠪᠣᠯᠵᠤ  ᠪᠠᠢᠨ᠎ᠠ
 ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠺᠠᠲ᠋ᠷ  ᠴᠠᠭᠳᠠᠭ᠎ᠠ ᠤᠯᠠᠮ ᠴᠢᠷᠮᠠᠢᠵᠤ
 ᠬᠠᠯᠠᠰᠢᠷᠠᠯ ᠥᠬᠡᠢ ᠴᠢᠷᠮᠠᠢᠵᠤ
 ᠬᠠᠷᠢᠶ᠎ᠠ ᠣᠷᠣᠨ ᠤ᠋ ᠰᠠᠭᠤᠭᠠᠯᠢ ᠠᠷᠠᠳ ᠤ᠋ᠨ ᠡᠷᠡᠭᠦᠯ ᠮᠡᠨᠳᠦ ᠠᠮᠤᠷ ᠲᠦᠪᠰᠢᠨ ᠢ᠋ ᠬᠠᠮᠠᠭᠠᠯᠠᠬᠤ

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )