《 ᠣᠶᠣᠨ ᠡᠭᠡᠴᠢ ᠲᠠ ᠦᠨᠡᠬᠡᠷ ᠬᠡᠦᠬᠡᠳ ᠦ᠋ᠳ ᠲᠦ᠍ ᠮᠥᠩᠭᠥ ᠣᠯᠭᠣᠭᠰᠠᠨ ᠤᠤ ? 》 ᠪᠢ ᠶᠡᠬᠡ ᠭᠠᠢᠬᠠᠵᠤ ᠪᠠᠢᠨ᠎ᠠ ᠃ 《ᠬᠡᠯᠡᠯᠭᠡᠨ ᠦᠭᠡᠢ ᠵᠥᠪᠰᠢᠶᠡᠷᠡᠬᠦ ᠵᠦᠢᠯ ᠢ᠋ ᠵᠠᠪᠠᠯ ᠬᠢᠵᠦ ᠳᠡᠢᠯᠬᠦ ᠮᠥᠷᠲᠡᠭᠡᠨ ᠡᠨᠡ ᠪᠣᠯ ᠬᠡᠦᠬᠡᠳ ᠲᠦ᠍ ᠬᠢᠭᠰᠡᠨ ᠠᠮᠠᠯᠠᠯᠲᠠ ᠪᠠ ᠬᠠᠪᠰᠤᠷᠤᠯᠭ᠎ᠠ ᠪᠣᠯᠤᠨ᠎ᠠ 》᠃ ᠣᠶᠤᠨᠴᠢᠮᠡᠭ ᠬᠠᠷᠢᠭᠤᠯᠤᠭᠰᠠᠨ ᠨᠢ ᠃
ᠡᠨᠡ ᠪᠣᠯ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠶ᠋ᠢᠨ ᠬᠣᠶᠠᠳᠤᠭᠠᠷ ᠵᠥᠪᠯᠡᠨ ᠰᠢᠭᠦᠬᠦ ᠲᠢᠩᠬᠢᠮ ᠦ᠋ᠨ ᠰᠢᠭᠦᠭᠴᠢ ᠶ᠋ᠢᠨ ᠬᠠᠪᠰᠤᠷᠤᠭᠴᠢ ᠣᠶᠤᠨᠴᠢᠮᠡᠭ ᠨᠠᠷ ᠤ᠋ᠨ ᠡᠶᠡᠳᠡᠭᠦᠯᠦᠯᠲᠡ ᠶ᠋ᠢᠨ ᠨᠢᠭᠡᠨ ᠶᠠᠪᠤᠴᠠ ᠨᠢ ᠮᠠᠰᠢ ᠬᠦᠴᠢᠷ ᠪᠡᠷᠬᠡᠰᠢᠶᠡᠯ ᠲᠡᠢ ᠪᠣᠯᠪᠠᠴᠤ ᠦᠷ᠎ᠡ ᠳ᠋ᠦᠩ ᠨᠢ ᠮᠠᠰᠢ ᠳᠦᠭᠦᠷᠡᠩ ᠠᠰᠠᠷᠠᠨ ᠲᠡᠵᠢᠭᠡᠬᠦ ᠵᠠᠷᠤᠳᠠᠯ ᠤ᠋ᠨ ᠵᠢᠭᠤᠷᠠᠯᠳᠤᠭᠠᠨ ᠤ᠋ ᠬᠡᠷᠡᠭ ᠪᠣᠯᠤᠨ᠎ᠠ᠃ ᠯᠢ ᠣᠪᠣᠭᠲᠤ ᠵᠠᠩ ᠣᠪᠣᠭᠲᠤ ᠤᠤᠯ ᠤ᠋ᠨ ᠡᠷ᠎ᠡ ᠡᠮ᠎ᠡ ᠶ᠋ᠢᠨ ᠬᠠᠷᠢᠴᠠᠭ᠎ᠠ ᠲᠠᠢ 2012 ᠣᠨ ᠳ᠋ᠤ᠌ ᠵᠠᠷᠭᠤᠯᠳᠤᠭᠰᠠᠨ ᠤ᠋ ᠳᠠᠷᠠᠭ᠎ᠠ ᠤᠷᠤᠭ ᠰᠠᠯᠬᠤ ᠪᠠᠷ ᠲᠠᠰᠤᠯᠤᠯᠲᠠ ᠬᠢᠵᠦ᠂ ᠬᠣᠶᠠᠷ ᠬᠡᠦᠬᠡᠨ ᠢ᠋ᠶ᠋ᠡᠨ ᠡᠵᠢ ᠵᠠᠩ ᠣᠪᠣᠭᠲᠤ ᠠᠰᠠᠷᠠᠨ ᠲᠡᠵᠢᠭᠡᠭᠰᠡᠨ ᠠᠪᠤ ᠯᠢ ᠣᠪᠣᠭᠲᠤ ᠪᠦᠷᠢ ᠳ᠋ᠦ᠍ ᠰᠠᠷ᠎ᠠ ᠪᠦᠷᠢ 300 ᠲᠥᠭᠥᠷᠢᠭ ᠦ᠋ᠨ ᠠᠰᠠᠷᠠᠨ ᠲᠡᠵᠢᠭᠡᠬᠦ ᠮᠥᠩᠭᠥ ᠥᠭᠬᠦ ᠪᠡᠷ ᠲᠠᠰᠤᠯᠵᠠᠢ᠃ ᠴᠠᠭ ᠬᠤᠭᠤᠴᠠᠭ᠎ᠠ ᠥᠩᠭᠡᠷᠡᠬᠦ ᠶ᠋ᠢ ᠳᠠᠭᠠᠯᠳᠤᠨ ᠪᠠᠷᠠᠭᠠᠨ ᠤ᠋ ᠦᠨ᠎ᠡ ᠲᠠᠰᠤᠷᠠᠯᠲᠠ ᠦᠭᠡᠢ ᠨᠡᠮᠡᠭᠳᠡᠬᠦ ᠶ᠋ᠢ ᠳᠠᠭᠠᠯᠳᠤᠨ᠂ ᠤᠤᠯ ᠤ᠋ᠨ ᠰᠢᠭᠦᠨ ᠲᠠᠰᠤᠯᠤᠯᠲᠠ ᠳ᠋ᠤ᠌ ᠲᠣᠭᠲᠠᠭᠠᠭᠰᠠᠨ ᠠᠰᠠᠷᠠᠨ ᠲᠡᠵᠢᠭᠡᠬᠦ ᠵᠠᠷᠤᠳᠠᠯ ᠨᠢ ᠨᠢᠭᠡᠨᠲᠡ ᠬᠡᠦᠬᠡᠳ ᠦ᠋ᠨ ᠢ᠋ᠶ᠋ᠡᠨ ᠵᠠᠷᠤᠳᠠᠯ ᠢ᠋ ᠬᠠᠩᠭᠠᠵᠤ ᠳᠡᠢᠯᠬᠦ ᠦᠭᠡᠢ ᠪᠣᠯᠤᠭᠰᠠᠨ ᠪᠥᠭᠡᠳ ᠬᠡᠳᠦᠨ ᠵᠢᠯ ᠦ᠋ᠨ ᠬᠤᠭᠤᠴᠠᠭᠠᠨ ᠳ᠋ᠤ᠌ ᠬᠡᠦᠬᠡᠳ ᠦ᠋ᠨ ᠬᠢᠨᠢ ᠰᠤᠷᠭᠠᠭᠤᠯᠢ ᠳ᠋ᠤ᠌ ᠣᠷᠣᠬᠤ᠂ ᠡᠪᠡᠳᠴᠢᠨ ᠦᠵᠡᠭᠦᠯᠬᠦ ᠵᠠᠷᠤᠳᠠᠯ ᠨᠢ ᠯᠤᠲᠤ ᠶᠡᠬᠡ ᠵᠠᠷᠤᠳᠠᠯ ᠤ᠋ᠨ ᠮᠥᠩᠭᠥ ᠴᠦ᠍ ᠬᠦᠷᠬᠦ ᠦᠭᠡᠢ ᠪᠣᠯᠪᠠ᠃ ᠠᠪᠤ ᠯᠢ ᠣᠪᠣᠭᠲᠤ ᠲᠠᠢ ᠵᠥᠪᠳᠡᠯᠴᠡᠭᠡᠳ ᠦᠷ᠎ᠡ ᠳ᠋ᠦᠩ ᠭᠠᠷᠤᠭᠰᠠᠨ ᠦᠭᠡᠢ ᠡᠵᠢ ᠵᠠᠩ ᠣᠪᠣᠭᠲᠤ ᠠᠷᠭ᠎ᠠ ᠪᠤᠰᠤ ᠬᠡᠦᠬᠡᠳ ᠦ᠋ᠨ ᠢ᠋ᠶ᠋ᠡᠨ ᠨᠡᠷ᠎ᠡ ᠪᠡᠷ ᠵᠠᠭᠠᠯᠳᠤᠭᠰᠠᠨ ᠠᠪᠤ ᠯᠢ ᠣᠪᠣᠭᠲᠤ ᠶ᠋ᠢ ᠠᠰᠠᠷᠠᠨ ᠲᠡᠵᠢᠭᠡᠬᠦ ᠵᠠᠷᠤᠳᠠᠯ ᠢ᠋ᠶ᠋ᠠᠨ ᠨᠡᠮᠡᠭᠳᠡᠭᠦᠯᠬᠦ ᠱᠠᠭᠠᠷᠳᠠᠯᠭ᠎ᠠ ᠳᠤᠷᠠᠳᠴᠠᠢ᠃ ᠡᠴᠢᠭᠡ ᠯᠢ ᠣᠪᠣᠭᠲᠤ ᠰᠢᠨ᠎ᠡ ᠭᠡᠷ ᠪᠦᠯᠢ ᠪᠠᠢᠭᠤᠯᠤᠭᠰᠠᠨ ᠪᠥᠭᠡᠳ ᠰᠢᠨ᠎ᠡ ᠲᠥᠷᠥᠭᠰᠡᠨ ᠦᠷ᠎ᠡ ᠬᠡᠦᠬᠡᠳ ᠢ᠋ᠶ᠋ᠡᠨ ᠵᠢᠷᠮᠦᠰᠦᠯᠡᠭᠰᠡᠨ ᠭᠡᠷ ᠦ᠋ᠨ ᠠᠬᠠᠮᠠᠳ ᠨᠢ ᠠᠰᠠᠷᠠᠨ ᠲᠡᠵᠢᠭᠡᠬᠦ ᠵᠠᠷᠤᠳᠠᠯ ᠮᠥᠩᠭᠥ ᠶ᠋ᠢ ᠨᠢ ᠨᠡᠩ ᠢᠯᠡᠭᠦᠦ ᠥᠭᠬᠦ ᠦᠭᠡᠢ ᠮᠥᠷᠲᠡᠭᠡᠨ ᠠᠰᠠᠷᠠᠨ ᠲᠡᠵᠢᠭᠡᠬᠦ ᠵᠠᠷᠤᠳᠠᠯ ᠨᠢ ᠡᠷ᠎ᠡ ᠡᠮ᠎ᠡ ᠬᠣᠶᠠᠭᠤᠯᠠ ᠶ᠋ᠢᠨ ᠬᠠᠮᠲᠤ ᠶ᠋ᠢᠨ ᠡᠳ᠋ ᠬᠥᠷᠥᠩᠭᠡ ᠡᠴᠡ ᠲᠡᠳᠡᠨ ᠦ᠌ ᠣᠳᠣ ᠶ᠋ᠢᠨ ᠡᠬᠡᠨᠡᠷ ᠨᠢ ᠰᠠᠨᠠᠯ ᠢ᠋ ᠠᠪᠬᠤ ᠴᠢᠬᠤᠯᠠ ᠲᠠᠢ ᠭᠡᠵᠦ ᠮᠠᠷᠭᠤᠭᠰᠠᠨ ᠪᠠᠢᠨ᠎ᠠ᠃ ᠨᠢᠭᠡᠳᠦᠭᠡᠷ ᠰᠢᠭᠦᠯᠲᠡ ᠳ᠋ᠦ᠍ ᠰᠢᠭᠦᠬᠦ ᠬᠣᠷᠢᠶ᠎ᠠ ᠯᠢ ᠣᠪᠣᠭᠲᠤ ᠶ᠋ᠢᠨ ᠣᠷᠣᠯᠭ᠎ᠠ ᠶ᠋ᠢᠨ ᠪᠠᠢᠳᠠᠯ ᠵᠢᠴᠢ ᠲᠤᠬᠠᠢ ᠶ᠋ᠢᠨ ᠭᠠᠵᠠᠷ ᠤ᠋ᠨ ᠬᠡᠷᠡᠭᠯᠡᠭᠡᠨ ᠦ᠌ ᠲᠦᠪᠰᠢᠨ ᠢ᠋ ᠶᠡᠷᠦᠩᠬᠡᠢᠯᠡᠨ ᠪᠣᠳᠣᠯᠬᠢᠯᠠᠬᠤ《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠤᠷᠤᠭ ᠤ᠋ᠨ ᠬᠠᠤᠯᠢ》 ᠶ᠋ᠢᠨ ᠭᠤᠴᠢᠨ ᠵᠢᠷᠭᠤᠳᠤᠭᠠᠷ ᠵᠦᠢᠯ᠂ 《ᠠᠷᠠᠳ ᠤ᠋ᠨ ᠳᠡᠭᠡᠳᠦ ᠰᠢᠭᠦᠬᠦ ᠬᠣᠷᠢᠶ᠎ᠠ ᠠ᠋ᠴᠠ ᠤᠷᠤᠭ ᠰᠠᠯᠬᠤ ᠬᠡᠷᠡᠭ ᠢ᠋ ᠰᠢᠭᠦᠨ ᠰᠢᠢᠳᠪᠦᠷᠢᠯᠡᠵᠦ ᠦᠷ᠎ᠡ ᠬᠡᠦᠬᠡᠳ ᠦ᠋ᠨ ᠠᠰᠠᠷᠠᠨ ᠲᠡᠵᠢᠭᠡᠬᠦ ᠠᠰᠠᠭᠤᠳᠠᠯ ᠢ᠋ ᠰᠢᠢᠳᠪᠦᠷᠢᠯᠡᠬᠦ ᠲᠤᠬᠠᠢ ᠠᠷᠠᠳ ᠤ᠋ᠨ ᠳᠡᠭᠡᠳᠦ ᠰᠢᠭᠦᠬᠦ ᠬᠣᠷᠢᠶᠠᠨ ᠤ᠋ ᠠᠯᠢ ᠣᠯᠠᠨ ᠪᠣᠳᠠᠲᠠᠢ ᠰᠠᠨᠠᠯ》 ᠤ᠋ᠨ ᠳᠣᠯᠣᠳᠤᠭᠠᠷ ᠵᠦᠢᠯ ᠦ᠋ᠨ ᠲᠣᠭᠲᠠᠭᠠᠯ ᠢ᠋ ᠦᠨᠳᠦᠰᠦᠯᠡᠵᠦ᠂ ᠬᠣᠶᠠᠷ ᠥᠬᠢᠨ ᠦ᠌ ᠠᠰᠠᠷᠠᠨ ᠲᠡᠵᠢᠭᠡᠬᠦ ᠰᠦᠢᠳᠬᠡᠯ ᠢ᠋ 0 ᠲᠥᠭᠥᠷᠢᠭ ᠪᠣᠯᠭᠠᠨ ᠨᠡᠮᠡᠭᠳᠡᠭᠦᠯᠪᠡ᠃
ᠨᠢᠭᠡᠳᠦᠭᠡᠷ ᠰᠢᠭᠦᠯᠲᠡ ᠶ᠋ᠢᠨ ᠰᠢᠭᠦᠨ ᠲᠠᠰᠤᠯᠤᠯᠲᠠ ᠭᠠᠷᠭᠠᠭᠰᠠᠨ ᠤ᠋ ᠳᠠᠷᠠᠭ᠎ᠠ᠂ ᠠᠪᠤ ᠯᠢ ᠣᠪᠣᠭᠲᠤ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠳ᠋ᠤ᠌ ᠳᠡᠭᠡᠭᠰᠢ ᠵᠠᠭᠠᠯᠳᠤᠭᠰᠠᠨ ᠦᠭᠡᠢ᠃ ᠲᠡᠭᠦᠨ ᠦ᠌ ᠬᠡᠯᠡᠬᠦ ᠪᠡᠷ ᠬᠡᠦᠬᠡᠳ ᠦ᠋ᠨ ᠡᠵᠢ ᠵᠠᠩ ᠣᠪᠣᠭᠲᠤ ᠠᠵᠢᠯ ᠦᠭᠡᠢ ᠭᠡᠷ ᠲᠡᠭᠡᠨ ᠪᠠᠢᠬᠤ ᠪᠣᠯᠬᠣᠷ ᠬᠡᠦᠬᠡᠳ ᠢ᠋ᠶ᠋ᠡᠨ ᠨᠠᠢᠳᠠᠨ ᠬᠠᠮᠢᠶᠠᠷᠤᠭᠤᠯᠬᠤ ᠪᠠᠷ ᠬᠦᠷᠭᠡᠭᠰᠡᠨ ᠴᠢᠬᠤᠯᠠ ᠪᠤᠰᠤ ᠵᠠᠷᠤᠳᠠᠯ ᠮᠥᠩᠭᠥ ᠥᠭᠬᠦ ᠴᠢᠬᠤᠯᠠ ᠦᠭᠡᠢ ᠃ ᠡᠨᠡ ᠨᠢ ᠠᠰᠠᠷᠠᠨ ᠲᠡᠵᠢᠭᠡᠬᠦ ᠵᠠᠷᠤᠳᠠᠯ ᠢ᠋ ᠨᠡᠮᠡᠭᠳᠡᠭᠦᠯᠬᠦ ᠦᠨᠳᠦᠰᠦᠯᠡᠯ ᠪᠣᠯᠭᠠᠵᠤ ᠪᠣᠯᠬᠤ ᠦᠭᠡᠢ ᠪᠥᠭᠡᠳ ᠥᠪᠡᠷ ᠦ᠋ᠨ ᠠᠮᠢᠳᠤᠷᠠᠯ ᠤ᠋ᠨ ᠳᠠᠷᠤᠭᠠᠰᠤ ᠬᠡᠳᠦ ᠬᠦᠨᠳᠦ ᠪᠠᠢᠭᠰᠠᠨ ᠴᠤ᠌ ᠣᠷᠣᠯᠭ᠎ᠠ ᠨᠢ ᠥᠨᠳᠥᠷ ᠪᠢᠰᠢ ᠪᠣᠯᠤᠭᠰᠠᠨ ᠤ᠋ ᠳᠠᠷᠠᠭ᠎ᠠ ᠪᠠᠰᠠ ᠬᠣᠶᠠᠷ ᠬᠡᠦᠬᠡᠳ ᠢ᠋ᠶ᠋ᠡᠨ ᠠᠰᠠᠷᠠᠨ ᠲᠡᠵᠢᠭᠡᠬᠦ ᠵᠠᠷᠤᠳᠠᠯ ᠨᠡᠮᠡᠵᠦ ᠪᠣᠯᠬᠤ ᠦᠭᠡᠢ ᠃
ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠶ᠋ᠢᠨ ᠬᠣᠶᠠᠳᠤᠭᠠᠷ ᠵᠥᠪᠯᠡᠨ ᠰᠢᠭᠦᠬᠦ ᠲᠢᠩᠬᠢᠮ ᠦ᠋ᠨ ᠳᠠᠷᠤᠭ᠎ᠠ ᠶ᠋ᠢᠨ ᠲᠤᠰᠠᠯᠠᠭᠴᠢ ᠣᠶᠤᠨᠴᠢᠮᠡᠭ ᠪᠣᠳᠠᠲᠤ ᠪᠠᠢᠳᠠᠯ ᠢ᠋ ᠣᠢᠯᠠᠭᠠᠭᠰᠠᠨ ᠤ᠋ ᠳᠠᠷᠠᠭ᠎ᠠ ᠬᠣᠶᠠᠷ ᠲᠠᠯ᠎ᠠ ᠶ᠋ᠢ ᠢᠳᠡᠪᠬᠢᠲᠡᠢ ᠵᠣᠬᠢᠶᠠᠨ ᠪᠠᠢᠭᠤᠯᠵᠤ ᠡᠶᠡᠳᠡᠭᠦᠯᠬᠦ ᠠᠵᠢᠯ ᠬᠢᠪᠡ ᠃ ᠭᠡᠲᠡᠯ᠎ᠡ ᠠᠰᠠᠷᠠᠨ ᠲᠡᠵᠢᠭᠡᠬᠦ ᠰᠦᠢᠳᠬᠡᠯ ᠦ᠋ᠨ ᠲᠥᠰᠥᠪ ᠬᠣᠶᠠᠷ ᠲᠠᠯ᠎ᠠ ᠪᠠᠷ ᠢ᠋ᠶ᠋ᠠᠨ ᠰᠢᠭᠦᠬᠦ ᠲᠢᠩᠬᠢᠮ ᠳᠡᠭᠡᠷ᠎ᠡ ᠨᠢᠭᠡᠨᠲᠡ 《ᠬᠡᠯᠡ ᠮᠡᠳᠡᠬᠦ》 ᠪᠡᠨ ᠡᠬᠢᠯᠡᠭᠦᠯᠵᠡᠢ ᠃
ᠯᠢ ᠣᠪᠣᠭᠲᠤ ᠄ 《 ᠪᠢ ᠴᠢᠮ᠎ᠠ ᠳ᠋ᠤ᠌ ᠤᠷᠵᠢᠨᠤᠨ ᠵᠢᠯ ᠬᠥᠳᠡᠭᠡ ᠲᠣᠰᠬᠣᠨ ᠤ᠋ ᠶᠠᠳᠠᠭᠤ ᠶ᠋ᠢ ᠲᠡᠳᠬᠦᠬᠦ ᠲᠥᠷᠥ ᠶ᠋ᠢᠨ ᠪᠣᠳᠣᠯᠭ᠎ᠠ ᠶ᠋ᠢ ᠡᠳ᠋ᠯᠡᠭᠦᠯᠬᠦ ᠦᠭᠡᠢ ᠴᠢ ᠢᠯᠡᠴᠢᠯᠡᠨ ᠮᠡᠳᠡᠭᠦᠯᠦᠭᠰᠡᠨ ᠶᠦ᠍ᠮ 》 ᠃
ᠵᠠᠩ xx ᠄ 《 ᠬᠡᠨ ᠴᠢᠮᠠᠢ ᠢᠯᠡᠴᠢᠯᠡᠪᠡᠯ ᠴᠢ ᠶᠠᠳᠠᠭᠤ ᠶ᠋ᠢ ᠲᠡᠳᠬᠦᠬᠦ ᠨᠥᠬᠥᠴᠡᠯ ᠳ᠋ᠦ᠍ ᠣᠭᠲᠣ ᠨᠡᠢᠴᠡᠬᠦ ᠦᠭᠡᠢ ᠪᠣᠯᠤᠨ᠎ᠠ 》 ᠃
ᠯᠢ ᠣᠪᠣᠭᠲᠤ ᠄ 《 ᠪᠢ ᠣᠳᠣ ᠬᠣᠶᠠᠷ ᠨᠠᠰᠤᠲᠠᠨ ᠢ᠋ ᠠᠰᠠᠷᠠᠬᠤ ᠲᠡᠳᠦᠢ ᠦᠭᠡᠢ ᠪᠠᠰᠠ ᠬᠣᠶᠠᠷ ᠬᠡᠦᠬᠡᠳ ᠢ᠋ ᠴᠢᠨᠢ ᠠᠰᠠᠷᠠᠬᠤ ᠳ᠋ᠤ᠌ ᠢᠯᠡᠭᠦᠴᠡ ᠵᠣᠭᠣᠰ ᠬᠠᠮᠢᠭ᠎ᠠ ᠪᠠᠢᠨ᠎ᠠ 》 ᠭᠡᠵᠡᠢ ᠃
ᠵᠠᠩ xx ᠄ 《 ᠲᠡᠷᠡ ᠬᠣᠶᠠᠷ ᠬᠡᠦᠬᠡᠳ ᠴᠢᠨᠢ ᠴᠢᠨᠦ ᠲᠡᠷᠡ ᠬᠣᠶᠠᠷ ᠥᠬᠢᠨ ᠴᠢᠨᠢ ᠪᠢᠰᠢ ᠦᠦ ? 》
ᠣᠶᠤᠨ ᠄ 《 ᠦᠷ᠎ᠡ ᠬᠡᠦᠬᠡᠳ ᠢ᠋ᠶ᠋ᠡᠨ ᠠᠰᠠᠷᠠᠨ ᠲᠡᠵᠢᠭᠡᠬᠦ ᠪᠣᠯ ᠡᠴᠢᠭᠡ ᠡᠬᠡ ᠶ᠋ᠢᠨ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠮᠥᠨ ᠂ ᠬᠡᠦᠬᠡᠳ ᠨᠢᠭᠡᠪᠦᠷᠢ ᠴᠥᠮ ᠡᠴᠢᠭᠡ ᠡᠬᠡ ᠪᠡᠨ ᠬᠠᠢᠷᠠᠯᠠᠬᠤ ᠶ᠋ᠢ ᠬᠦᠰᠡᠳᠡᠭ ᠂ ᠡᠴᠢᠭᠡ ᠡᠬᠡ ᠶ᠋ᠢᠨ ᠬᠣᠭᠣᠷᠣᠨᠳᠣ ᠶ᠋ᠢᠨ ᠵᠥᠷᠢᠴᠡᠯ ᠮᠠᠷᠭᠤᠭᠠᠨ ᠬᠡᠦᠬᠡᠳ ᠦ᠋ᠨ ᠪᠡᠶ᠎ᠡ ᠳᠡᠭᠡᠷ᠎ᠡ ᠦᠷᠭᠦᠯᠵᠢᠯᠡᠬᠦ ᠶᠣᠰᠣ ᠦᠭᠡᠢ ᠪᠠᠢᠪᠠᠯ ᠵᠣᠬᠢᠨ᠎ᠠ ᠃ ᠬᠡᠦᠬᠡᠳ ᠦ᠋ᠨ ᠢᠷᠡᠭᠡᠳᠦᠢ ᠶ᠋ᠢᠨ ᠲᠥᠯᠥᠭᠡ ᠬᠣᠶᠠᠷ ᠡᠲᠡᠭᠡᠳ ᠢ᠋ᠶ᠋ᠡᠷ ᠢ᠋ᠶ᠋ᠡᠨ ᠪᠦᠷ ᠬᠦᠴᠢᠷ ᠪᠡᠷᠬᠡᠰᠢᠶᠡᠯ ᠢ᠋ ᠢᠯᠠᠨ ᠳᠠᠪᠠᠬᠤ ᠬᠡᠷᠡᠭᠲᠡᠢ ᠂ ᠡᠨᠡ ᠪᠣᠯ ᠬᠠᠤᠯᠢ ᠴᠠᠭᠠᠵᠠ ᠳ᠋ᠤ᠌ ᠲᠣᠭᠲᠠᠭᠠᠭᠰᠠᠨ ᠡᠭᠦᠷᠭᠡ ᠮᠥᠨ ᠪᠥᠭᠡᠳ ᠪᠠᠰᠠ ᠴᠤ᠌ ᠡᠴᠢᠭᠡ ᠡᠬᠡ ᠶ᠋ᠢᠨ ᠬᠠᠷᠢᠭᠤᠴᠠᠯᠭ᠎ᠠ ᠮᠥᠨ ᠃
ᠨᠠᠷᠢᠨ ᠬᠢᠨᠠᠮᠠᠭᠠᠢ ᠶᠣᠰᠣ ᠶᠠᠷᠢᠬᠤ ᠪᠠᠷ ᠳᠠᠮᠵᠢᠨ ᠬᠣᠶᠠᠷ ᠲᠠᠯ᠎ᠠ ᠶ᠋ᠢᠨ ᠰᠡᠳᠬᠢᠯ ᠰᠠᠨᠠᠭ᠎ᠠ ᠨᠡᠯᠢᠶᠡᠳ ᠠᠭᠤᠵᠢᠷᠠᠪᠠ᠃ ᠡᠨᠡ ᠲᠣᠬᠢᠶᠠᠯ ᠢ᠋ᠶ᠋ᠠᠷ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠢᠷᠭᠡᠨ ᠦ᠌ ᠬᠡᠷᠡᠭ ᠦ᠋ᠨ ᠲᠦᠷᠭᠡᠨ ᠰᠢᠭᠦᠯᠲᠡ ᠶ᠋ᠢᠨ ᠬᠣᠶᠠᠳᠤᠭᠠᠷ ᠬᠤᠷᠠᠯ ᠤ᠋ᠨ ᠲᠢᠩᠬᠢᠮ ᠦ᠋ᠨ ᠰᠢᠭᠦᠭᠴᠢ ᠶ᠋ᠢᠨ ᠬᠠᠪᠰᠤᠷᠤᠭᠴᠢ ᠣᠶᠤᠨᠴᠢᠮᠡᠭ ᠬᠠᠷᠠᠭᠠᠯᠵᠠᠨ ᠲᠡᠵᠢᠭᠡᠬᠦ ᠰᠦᠢᠳᠬᠡᠯ ᠭᠦᠢᠴᠡᠳᠬᠡᠬᠦ ᠲᠥᠰᠦᠯ ᠢ᠋ ᠲᠣᠭᠲᠠᠭᠠᠪᠠ᠂ ᠬᠡᠦᠬᠡᠳ ᠲᠦ᠍ ᠠᠰᠢᠭᠲᠠᠢ ᠵᠠᠷᠴᠢᠮ ᠢ᠋ ᠪᠣᠳᠣᠯᠬᠢᠯᠠᠭᠠᠳ ᠯᠢ ᠣᠪᠣᠭᠲᠤ ᠶ᠋ᠢ ᠠᠵᠤ ᠠᠬᠤᠢ ᠶ᠋ᠢᠨ ᠠᠷᠭ᠎ᠠ ᠪᠠᠷ ᠬᠡᠦᠬᠡᠳ ᠢ᠋ ᠠᠰᠠᠷᠠᠵᠤ ᠲᠡᠵᠢᠭᠡᠬᠦ ᠡᠮᠵᠡᠭᠯᠡᠯ ᠢ᠋ ᠨᠥᠬᠥᠪᠥᠷᠢᠯᠡᠬᠦ ᠶ᠋ᠢ ᠬᠦᠰᠡᠬᠦ ᠪᠥᠭᠡᠳ ᠳᠡᠭᠡᠭᠰᠢ ᠵᠠᠭᠠᠯᠳᠤᠬᠤ ᠶ᠋ᠢ ᠨᠢ ᠬᠦᠰᠡᠵᠦ ᠪᠠᠢᠨ᠎ᠠ᠃ ᠯᠢ ᠣᠪᠣᠭᠲᠤ ᠯᠠᠪᠳᠠᠭᠤᠬᠠᠨ ᠶᠠᠷᠢᠬᠤ ᠲᠠᠢ ᠵᠡᠷᠭᠡ ᠡᠨᠡ ᠲᠥᠰᠦᠯ ᠢ᠋ ᠣᠭᠲᠣ ᠵᠥᠪᠰᠢᠶᠡᠷᠡᠬᠦ ᠦᠭᠡᠢ᠂ ᠵᠥᠪᠬᠡᠨ ᠰᠠᠷ᠎ᠠ ᠪᠦᠷᠢ 450 ᠲᠥᠭᠥᠷᠢᠭ ᠦ᠋ᠨ ᠠᠰᠠᠷᠠᠨ ᠲᠡᠵᠢᠭᠡᠬᠦ ᠮᠥᠩᠭᠥ ᠥᠭᠬᠦ ᠶ᠋ᠢ ᠵᠥᠪᠰᠢᠶᠡᠷᠡᠭᠰᠡᠨ ᠪᠣᠯᠪᠠᠴᠤ ᠵᠠᠩ ᠣᠪᠣᠭᠲᠤ ᠶ᠋ᠢᠨ ᠨᠢᠭᠡᠳᠦᠭᠡᠷ ᠰᠢᠭᠦᠯᠲᠡ ᠶ᠋ᠢᠨ ᠰᠢᠭᠦᠨ ᠲᠠᠰᠤᠯᠤᠯᠲᠠ ᠳ᠋ᠤ᠌ ᠬᠢᠭᠰᠡᠨ ᠠᠰᠠᠷᠠᠨ ᠲᠡᠵᠢᠭᠡᠬᠦ ᠨᠢᠭᠡ ᠮᠥᠩᠭᠥ ᠴᠦ᠍ ᠳᠤᠲᠠᠭᠤ ᠡᠶᠡᠳᠡᠭᠦᠯᠬᠦ ᠠᠵᠢᠯ ᠳᠠᠬᠢᠨᠲᠠ ᠬᠦᠴᠢᠷᠳᠡᠯ ᠳ᠋ᠦ᠍ ᠲᠤᠯᠭᠠᠷᠠᠵᠠᠢ᠃ ᠬᠣᠵᠢᠮ ᠨᠢ ᠣᠶᠤᠨᠴᠢᠮᠡᠭ ᠯᠢ ᠣᠪᠣᠭᠲᠤ ᠶ᠋ᠢᠨ ᠰᠠᠨᠠᠯ ᠢ᠋ ᠨᠠᠷᠢᠨ ᠬᠢᠨᠠᠮᠠᠭᠠᠢ ᠰᠣᠨᠣᠰᠴᠤ ᠯᠢ ᠣᠪᠣᠭᠲᠤ ᠶ᠋ᠢᠨ ᠠᠵᠤ ᠠᠬᠤᠢ ᠶ᠋ᠢᠨ ᠪᠠᠢᠳᠠᠯ ᠬᠦᠴᠢᠷᠲᠡᠢ ᠮᠥᠷᠲᠡᠭᠡᠨ ᠰᠢᠨ᠎ᠡ ᠵᠣᠬᠢᠶᠠᠨ ᠪᠠᠢᠭᠤᠯᠤᠭᠰᠠᠨ ᠭᠡᠷ ᠪᠦᠯᠢ ᠳ᠋ᠦ᠍ ᠪᠠᠰᠠ ᠬᠣᠶᠠᠷ ᠬᠡᠦᠬᠡᠳ ᠢ᠋ ᠠᠰᠠᠷᠠᠨ ᠲᠡᠵᠢᠭᠡᠬᠦ ᠴᠢᠬᠤᠯᠠ ᠲᠠᠢ ᠃ ᠬᠡᠷᠪᠡ ᠬᠣᠶᠠᠷ ᠡᠲᠡᠭᠡᠳ ᠢ᠋ᠶ᠋ᠡᠷ ᠢ᠋ᠶ᠋ᠡᠨ ᠠᠰᠠᠷᠠᠨ ᠲᠡᠵᠢᠭᠡᠬᠦ ᠵᠠᠷᠤᠳᠠᠯ ᠠᠪᠬᠤ ᠲᠠᠯ᠎ᠠ ᠪᠠᠷ ᠡᠶᠡᠳᠡᠭᠦᠯᠬᠦ ᠰᠠᠨᠠᠯ ᠲᠣᠭᠲᠠᠭᠠᠵᠤ ᠳᠡᠢᠯᠬᠦ ᠦᠭᠡᠢ ᠪᠣᠯ ᠯᠢ ᠣᠪᠣᠭᠲᠤ ᠳ᠋ᠤ᠌ ᠰᠠᠷ᠎ᠠ ᠪᠦᠷᠢ 600 ᠲᠥᠭᠥᠷᠢᠭ ᠦ᠋ᠨ ᠠᠰᠠᠷᠠᠨ ᠲᠡᠵᠢᠭᠡᠬᠦ ᠵᠠᠷᠤᠳᠠᠯ ᠥᠭᠬᠦ ᠪᠡᠷ ᠲᠠᠰᠤᠯᠤᠭᠰᠠᠨ ᠴᠤ᠌ ᠥᠪᠡᠷ ᠢ᠋ᠶ᠋ᠡᠨ ᠠᠯᠪᠠᠳᠠᠯᠭ᠎ᠠ ᠪᠠᠷ ᠬᠡᠷᠡᠭᠵᠢᠭᠦᠯᠬᠦ ᠦᠭᠡᠢ ᠪᠠᠢᠵᠤ ᠮᠡᠳᠡᠨ᠎ᠡ ᠃ ᠬᠠᠯᠠᠰᠢᠷᠠᠯ ᠦᠭᠡᠢ ᠢᠳᠭᠠᠭᠰᠠᠨ ᠤ᠋ ᠳᠠᠷᠠᠭ᠎ᠠ ᠯᠢ ᠣᠪᠣᠭᠲᠤ ᠰᠠᠷ᠎ᠠ ᠪᠦᠷᠢ 550 ᠲᠥᠭᠥᠷᠢᠭ ᠦ᠋ᠨ ᠠᠰᠠᠷᠠᠨ ᠲᠡᠵᠢᠭᠡᠬᠦ ᠵᠠᠷᠤᠳᠠᠯ ᠥᠭᠬᠦ ᠪᠡᠷ ᠵᠥᠪᠰᠢᠶᠡᠷᠡᠪᠡ ᠃ ᠣᠶᠤᠨᠴᠢᠮᠡᠭ ᠵᠠᠩ xx ᠵᠢᠨ ᠠᠵᠢᠯ ᠬᠢᠵᠦ ᠡᠬᠢᠯᠡᠮᠡᠭᠴᠡ ᠪᠡᠨ ᠵᠠᠩ xx ᠴᠠᠭ ᠲᠤᠬᠠᠢ ᠳ᠋ᠤᠨᠢ ᠠᠰᠠᠷᠠᠨ ᠲᠡᠵᠢᠭᠡᠬᠦ ᠵᠠᠷᠤᠳᠠᠯ ᠢ᠋ᠶ᠋ᠠᠨ ᠲᠤᠰᠢᠶᠠᠭᠰᠠᠨ ᠦᠭᠡᠢ ᠪᠥᠭᠡᠳ ᠬᠡᠦᠬᠡᠳ ᠢ᠋ᠶ᠋ᠡᠨ ᠪᠣᠯᠭᠣᠭᠠᠵᠤ ᠦᠵᠡᠵᠦ ᠥᠩᠭᠡᠷᠡᠭᠰᠡᠨ ᠦᠭᠡᠢ ᠴᠦ᠍ ᠭᠡᠰᠡᠨ ᠨᠠᠢᠷ ᠲᠠᠯᠪᠢᠵᠤ ᠵᠠᠩ ᠣᠪᠣᠭᠲᠤ ᠳ᠋ᠤ᠌ ᠶᠣᠰᠣ ᠤᠴᠢᠷ ᠢ᠋ᠶ᠋ᠠᠨ ᠨᠠᠷᠢᠯᠢᠭ ᠰᠠᠢᠬᠠᠨ ᠲᠠᠢᠯᠪᠤᠷᠢᠯᠠᠨ ᠥᠭᠴᠦ᠂ ᠠᠪᠤ ᠡᠵᠢ ᠦᠷ᠎ᠡ ᠬᠡᠦᠬᠡᠳ ᠦ᠋ᠨ ᠬᠠᠷᠢᠴᠠᠭ᠎ᠠ ᠪᠠᠨ ᠵᠠᠰᠠᠨ ᠰᠠᠢᠵᠢᠷᠠᠭᠤᠯᠬᠤ ᠵᠠᠷᠴᠢᠮ ᠢ᠋ᠶ᠋ᠠᠷ ᠵᠠᠩ xxx ᠵᠣᠬᠢᠬᠤ ᠬᠡᠮᠵᠢᠶ᠎ᠡ ᠪᠡᠷ ᠨᠠᠢᠷ ᠲᠠᠯᠪᠢᠬᠤ ᠶ᠋ᠢ ᠬᠦᠰᠡᠭᠰᠡᠨ ᠪᠠᠢᠨ᠎ᠠ᠃ ᠣᠶᠤᠨᠴᠢᠮᠡᠭ ᠨᠢ ᠡᠨᠡ ᠬᠡᠷᠡᠭ ᠲᠦ᠍ ᠬᠣᠶᠠᠷ ᠲᠠᠯ᠎ᠠ ᠶ᠋ᠢᠨ ᠡᠳ᠋ ᠦ᠋ᠨ ᠵᠠᠰᠠᠭ ᠤ᠋ᠨ ᠬᠦᠴᠦᠨ ᠴᠢᠳᠠᠯ ᠂ ᠡᠩ ᠦ᠋ᠨ ᠪᠠᠢᠳᠠᠯ ᠳ᠋ᠤ᠌ ᠬᠡᠦᠬᠡᠳ ᠦ᠋ᠳ ᠢ᠋ ᠵᠣᠷᠢᠭᠵᠢᠭᠤᠯᠤᠨ ᠰᠠᠷ᠎ᠠ ᠪᠦᠷᠢ ᠬᠡᠦᠬᠡᠳ ᠲᠦ᠍ 50 ᠶᠤᠸᠠᠨ ᠤ᠋ ᠰᠤᠷᠤᠯᠭ᠎ᠠ ᠶ᠋ᠢᠨ ᠲᠡᠳᠬᠦᠮᠵᠢ ᠂ ᠨᠠᠰᠤᠨ ᠳ᠋ᠤ᠌ ᠬᠦᠷᠲᠡᠯ᠎ᠡ ᠣᠯᠭᠣᠨ᠎ᠠ ᠃ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠣᠶᠤᠨᠴᠢᠮᠡᠭ ᠶ᠋ᠢᠨ ᠬᠠᠷᠠᠮ ᠦᠭᠡᠢ ᠬᠠᠢᠷ᠎ᠠ ᠰᠠᠨᠠᠭᠠᠴᠢᠯᠠᠭ᠎ᠠ ᠡᠴᠡ ᠪᠡᠨ ᠭᠠᠷ ᠠᠳᠬᠤᠵᠤ ᠂ ᠰᠠᠨᠠᠯ ᠨᠢᠭᠡᠳᠴᠡᠢ ᠃ᠠᠪᠤ ᠯᠢ ᠣᠪᠣᠭᠲᠤ ᠰᠠᠷ᠎ᠠ ᠪᠦᠷᠢ 550 ᠲᠥᠭᠥᠷᠢᠭ ᠦ᠋ᠨ ᠠᠰᠠᠷᠠᠨ ᠲᠡᠵᠢᠭᠡᠬᠦ ᠮᠥᠩᠭᠥ ᠲᠤᠰᠢᠶᠠᠨ᠎ᠠ ᠃ ᠢᠩᠭᠢᠭᠡᠳ ᠠᠰᠠᠷᠠᠨ ᠲᠡᠵᠢᠭᠡᠬᠦ ᠰᠦᠢᠳᠬᠡᠯ ᠦ᠋ᠨ ᠵᠢᠭᠤᠷᠠᠯᠳᠤᠭᠠᠨ ᠤ᠋ ᠬᠡᠷᠡᠭ ᠢ᠋ ᠲᠡᠭᠦᠰ ᠠᠮᠵᠢᠯᠲᠠ ᠲᠠᠢ ᠰᠢᠢᠳᠪᠦᠷᠢᠯᠡᠪᠡ ᠃
ᠲᠤᠰ ᠬᠡᠷᠡᠭ ᠲᠦ᠍ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠢᠷᠭᠡᠨ ᠦ᠌ ᠲᠦᠷᠭᠡᠨ ᠰᠢᠭᠦᠯᠲᠡ ᠶ᠋ᠢᠨ ᠬᠣᠶᠠᠳᠤᠭᠠᠷ ᠬᠤᠷᠠᠯ ᠤ᠋ᠨ ᠲᠢᠩᠬᠢᠮ ᠦ᠋ᠨ ᠰᠢᠭᠦᠭᠴᠢ ᠶ᠋ᠢᠨ ᠬᠠᠪᠰᠤᠷᠤᠭᠴᠢ ᠣᠶᠤᠨᠴᠢᠮᠡᠭ ᠲᠡᠰᠪᠦᠷᠢ ᠬᠠᠲᠠᠭᠤᠵᠢᠯᠲᠠᠢ ᠡᠶᠡᠳᠡᠭᠦᠯᠦᠯᠲᠡ ᠪᠠ ᠬᠠᠢᠷ᠎ᠠ ᠰᠡᠳᠬᠢᠯᠭᠡ ᠪᠦᠬᠦᠢ ᠬᠠᠪᠰᠤᠷᠤᠯᠭ᠎ᠠ ᠪᠠᠷ ᠬᠠᠤᠯᠢ ᠴᠠᠭᠠᠵᠠ ᠨᠢ ᠳᠤᠯᠠᠭᠠᠨ ᠤ᠋ ᠬᠡᠮᠵᠢᠶ᠎ᠡ ᠲᠡᠢ ᠰᠢᠭᠦᠭᠴᠢ ᠲᠤᠰᠢᠶᠠᠯᠲᠠᠨ ᠤ᠋ ᠬᠠᠢᠷ᠎ᠠ ᠰᠡᠳᠬᠢᠯᠭᠡ ᠲᠡᠢ ᠪᠡᠷ ᠬᠡᠷᠡᠭ ᠬᠠᠤᠯᠢ ᠴᠠᠭᠠᠵᠠ ᠶ᠋ᠢᠨ ᠦᠷ᠎ᠡ ᠠᠰᠢᠭ ᠪᠠ ᠨᠡᠢᠭᠡᠮ ᠦ᠋ᠨ ᠦᠷ᠎ᠡ ᠠᠰᠢᠭ ᠤ᠋ᠨ ᠨᠢᠭᠡᠳᠦᠯ ᠢ᠋ ᠤᠯᠠᠮ ᠨᠢᠭᠡ ᠠᠯᠬᠤᠮ ᠢᠯᠡᠷᠡᠭᠦᠯᠪᠡ ᠃
ᠦᠨᠡᠯᠡᠬᠦ 0ᠦᠨᠡᠯᠡᠯᠲᠡ᠎ᠲᠠᠢ