ᠬᠡᠷᠡᠭ ᠦ᠋ᠨ ᠪᠠᠢᠳᠠᠯ ᠢ᠋ ᠲᠤᠬᠠᠢ ᠶ᠋ᠢᠨ ᠭᠠᠵᠠᠷ ᠲᠤᠨᠢ ᠬᠠᠢᠨ ᠪᠠᠢᠴᠠᠭᠠᠵᠤ ᠣᠢᠯᠠᠭᠠᠵᠤ ᠲᠥᠪ ᠭᠣᠣᠯᠴᠢ ᠪᠠᠷ ᠬᠡᠷᠡᠭ ᠰᠢᠢᠳᠪᠦᠷᠢᠯᠡᠬᠦ
2020.11.10 ᠲᠣᠰ ᠥᠷᠲᠡᠭᠡᠨ᠎ᠦ ᠨᠠᠢᠷᠠᠭᠤᠯᠤᠭᠴᠢ

ᠠᠯᠲᠠᠨ ᠨᠠᠮᠤᠷ ᠤ᠋ᠨ ᠤᠯᠠᠷᠢᠯ ᠤ᠋ᠨ ᠥᠷᠯᠥᠭᠡ ᠨᠢᠭᠡᠨᠲᠡ ᠵᠢᠭᠠᠬᠠᠨ ᠬᠦᠢᠲᠡᠨ ᠰᠠᠨᠠᠭᠳᠠᠪᠠ ᠃ 10 ᠰᠠᠷ᠎ᠠ ᠶ᠋ᠢᠨ 30 ᠤ᠋ ᠡᠳᠦᠷ ᠦ᠋ᠨ ᠥᠷᠯᠥᠭᠡ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠠᠷᠠᠳ ᠤ᠋ᠨ ᠳᠤᠮᠳᠠᠬᠢ ᠵᠢᠭᠡᠯᠡᠯᠭᠡ ᠶ᠋ᠢᠨ ᠬᠠᠮᠲᠤᠷᠠᠨ ᠵᠥᠪᠯᠡᠬᠦ ᠲᠢᠩᠬᠢᠮ ᠦ᠋ᠨ ᠭᠤᠷᠪᠠᠳᠤᠭᠠᠷ ᠬᠥᠮᠦᠨ ᠮᠠᠰᠢᠨ ᠲᠡᠷᠭᠡ ᠪᠡᠷ ᠡᠵᠡᠨ ᠬᠣᠷᠣᠭ᠎ᠠ ᠬᠤᠰᠢᠭᠤᠨ ᠤ᠋ ᠨᠢᠭᠡᠨ ᠲᠣᠰᠬᠣᠨ ᠳ᠋ᠤ᠌ ᠬᠦᠷᠴᠦ ᠨᠥᠬᠥᠪᠥᠷᠢ ᠵᠣᠭᠣᠰ ᠢ᠋ ᠬᠤᠪᠢᠶᠠᠷᠢᠯᠠᠬᠤ ᠵᠢᠭᠤᠷᠠᠯᠳᠤᠭᠠᠨ ᠤ᠋ ᠬᠡᠷᠡᠭ ᠦ᠋ᠨ ᠲᠤᠬᠠᠢ ᠮᠠᠷᠭᠤᠭᠠᠨ ᠲᠠᠢ ᠪᠠᠢᠭ᠎ᠠ ᠲᠣᠮᠣ ᠬᠠᠰᠢᠯᠭ᠎ᠠ ᠶ᠋ᠢᠨ ᠪᠠᠢᠳᠠᠯ ᠳ᠋ᠤ᠌ ᠲᠤᠬᠠᠢ ᠶ᠋ᠢᠨ ᠭᠠᠵᠠᠷ ᠲᠤᠨᠢ ᠬᠠᠢᠨ ᠪᠠᠢᠴᠠᠭᠠᠯᠲᠠ ᠬᠢᠵᠡᠢ᠃


 ᠶᠠᠮᠠᠷ ᠨᠢᠭᠡᠨ ᠲᠣᠰᠬᠣᠨ ᠤ᠋ ᠵᠥᠪᠯᠡᠯ ᠦ᠋ᠨ ᠪᠦᠷᠢᠯᠳᠦᠬᠦᠨ ᠲᠡᠢ ᠪᠠᠢᠳᠠᠯ ᠢ᠋ ᠪᠠᠢᠴᠠᠭᠠᠨ ᠣᠢᠯᠠᠭᠠᠬᠤ
 ᠲᠤᠰ ᠬᠡᠷᠡᠭ ᠪᠣᠯ ᠡᠵᠡᠨ ᠬᠣᠷᠣᠭ᠎ᠠ ᠬᠤᠰᠢᠭᠤᠨ ᠤ᠋ ᠨᠢᠭᠡᠨ ᠲᠣᠰᠬᠣᠨ ᠤ᠋ ᠭᠤᠷᠪᠠᠨ ᠬᠤᠷᠰᠢᠶ᠎ᠠ ᠶ᠋ᠢᠨ ᠬᠣᠭᠤᠷᠤᠨᠳᠤᠬᠢ ᠨᠡᠭᠦᠷᠡᠰᠦᠨ ᠠᠭᠤᠷᠬᠠᠢ ᠶ᠋ᠢᠨ 《 ᠤᠰᠤᠨ ᠬᠠᠰᠢᠯᠭ᠎ᠠ ᠂ ᠤᠰᠤᠨ ᠭᠠᠳᠠᠷᠭᠤ ᠂ ᠦᠶᠡᠷ ᠵᠠᠯᠠᠬᠤ ᠰᠤᠪᠠᠭ ᠂ ᠦᠶᠡᠷ ᠵᠠᠯᠠᠬᠤ ᠠᠭᠤᠢ ᠂ ᠬᠠᠳᠠᠭᠠᠯᠠᠬᠤ ᠬᠣᠭᠣᠯᠠᠢ ᠂ ᠴᠢᠯᠠᠭᠤᠨ ᠬᠡᠷᠡᠮ ᠂ ᠲᠣᠮᠣ ᠨᠡᠭᠡᠯᠡᠬᠡᠢ 》  ᠶ᠋ᠢᠨ ᠨᠥᠬᠥᠪᠥᠷᠢ ᠵᠣᠭᠣᠰ ᠤ᠋ᠨ ᠬᠤᠪᠢᠶᠠᠷᠢᠯᠠᠯᠲᠠ ᠡᠴᠡ ᠪᠣᠯᠤᠭᠰᠠᠨ ᠵᠢᠭᠤᠷᠠᠯᠳᠤᠭᠠᠨ ᠪᠣᠯᠤᠨ᠎ᠠ ᠃


 ᠭᠠᠴᠠᠭᠠᠨ ᠤ᠋ ᠵᠥᠪᠯᠡᠯ ᠦ᠋ᠨ ᠭᠤᠷᠪᠠᠨ ᠬᠣᠷᠢᠶᠠᠨ ᠤ᠋ ᠳᠠᠷᠤᠭ᠎ᠠ ᠭᠠᠴᠠᠭᠠᠨ ᠤ᠋ ᠠᠷᠠᠳ ᠲᠠᠢ ᠲᠣᠮᠣ ᠬᠠᠰᠢᠯᠭ᠎ᠠ ᠶ᠋ᠢᠨ ᠪᠠᠢᠳᠠᠯ ᠢ᠋ ᠪᠠᠢᠴᠠᠭᠠᠵᠤ ᠣᠢᠯᠠᠭᠠᠵᠠᠢ
 ᠬᠡᠷᠡᠭ ᠲᠦ᠍ ᠬᠣᠯᠪᠣᠭᠳᠠᠭᠰᠠᠨ ᠲᠣᠮᠣ ᠬᠠᠰᠢᠯᠭ᠎ᠠ ᠶ᠋ᠢ ᠳᠡᠭᠡᠷ᠎ᠡ ᠵᠠᠭᠤᠨ ᠤ᠋ ᠳᠠᠯᠠᠭᠠᠳ ᠣᠨ ᠳ᠋ᠤ᠌ ᠪᠠᠢᠭᠤᠯᠤᠭᠰᠠᠨ ᠮᠥᠷᠲᠡᠭᠡᠨ ᠬᠣᠶᠠᠷ ᠲᠠᠯ᠎ᠠ ᠶ᠋ᠢᠨ ᠲᠤᠬᠠᠢ ᠶ᠋ᠢᠨ ᠬᠥᠮᠦᠨ ᠦ᠌ ᠳᠡᠪᠰᠢᠭᠦᠯᠦᠭᠰᠡᠨ ᠭᠡᠷᠡᠴᠢ ᠪᠠᠷᠢᠮᠲᠠ ᠨᠢ ᠭᠣᠣᠯᠳᠠᠭᠤ ᠭᠡᠷᠡᠴᠢᠯᠡᠭᠴᠢ ᠶ᠋ᠢᠨ ᠭᠡᠷᠡᠴᠢ ᠦᠭᠡ ᠮᠥᠨ᠃ ᠬᠡᠷᠡᠭ ᠦ᠋ᠨ ᠪᠣᠳᠠᠲᠤ ᠶᠠᠪᠤᠳᠠᠯ ᠢ᠋ ᠣᠨᠣᠪᠴᠢᠲᠠᠢ ᠣᠢᠯᠠᠭᠠᠬᠤ ᠶ᠋ᠢᠨ ᠲᠥᠯᠥᠭᠡ ᠬᠠᠮᠲᠤᠷᠠᠨ ᠵᠥᠪᠯᠡᠬᠦ ᠲᠢᠩᠬᠢᠮ ᠶᠠᠭᠤᠨ ᠤ᠋ ᠡᠮᠦᠨ᠎ᠡ ᠲᠣᠰᠬᠣᠨ ᠤ᠋ ᠵᠥᠪᠯᠡᠯ ᠦ᠋ᠨ ᠭᠡᠰᠢᠭᠦᠳ ᠲᠡᠢ ᠶᠠᠷᠢᠯᠴᠠᠬᠤ ᠂ ᠪᠠᠢᠴᠠᠭᠠᠬᠤ ᠨᠢ ᠭᠤᠷᠪᠠᠨ ᠬᠣᠷᠢᠶᠠᠨ ᠤ᠋ ᠪᠣᠳᠠᠲᠠᠢ ᠣᠷᠣᠨ ᠪᠠᠢᠷᠢ ᠪᠣᠯᠤᠨ ᠮᠠᠷᠭᠤᠭᠠᠨ ᠲᠠᠢ ᠤᠰᠤᠨ ᠬᠠᠰᠢᠯᠭ᠎ᠠ ᠶ᠋ᠢᠨ ᠣᠷᠣᠨ ᠪᠠᠢᠷᠢ ᠶ᠋ᠢᠨ ᠲᠤᠬᠠᠢ ᠳᠥᠭᠥᠮ ᠣᠢᠯᠠᠪᠤᠷᠢ ᠬᠢᠭᠰᠡᠨ ᠪᠠᠢᠨ᠎ᠠ ᠃ ᠬᠣᠵᠢᠮ ᠨᠢ ᠮᠥᠨ ᠴᠦ᠍ ᠬᠡᠷᠡᠭ ᠲᠦ᠍ ᠬᠣᠯᠪᠣᠭᠳᠠᠭᠰᠠᠨ ᠲᠣᠮᠣ ᠬᠠᠰᠢᠯᠭ᠎ᠠ ᠶ᠋ᠢᠨ ᠲᠤᠬᠠᠢ ᠶ᠋ᠢᠨ ᠲᠠᠯᠠᠪᠠᠢ ᠳ᠋ᠤ᠌ ᠬᠦᠷᠴᠦ ᠂ ᠬᠠᠰᠢᠯᠭ᠎ᠠ ᠶ᠋ᠢᠨ ᠣᠳᠣᠬᠢ ᠪᠠᠢᠳᠠᠯ ᠵᠢᠴᠢ ᠤᠰᠤᠨ ᠤ᠋ ᠬᠠᠰᠢᠯᠭ᠎ᠠ ᠶ᠋ᠢᠨ ᠪᠠᠢᠷᠢ ᠂ ᠪᠦᠲᠦᠭᠡᠨ ᠪᠠᠢᠭᠤᠯᠤᠯᠲᠠ ᠂ ᠬᠠᠮᠠᠭᠠᠯᠠᠯᠲᠠ ᠂ ᠤᠰᠤ ᠲᠠᠲᠠᠬᠤ ᠵᠢᠴᠢ ᠤᠰᠤ ᠬᠡᠷᠡᠭᠯᠡᠬᠦ ᠪᠠᠢᠳᠠᠯ ᠵᠡᠷᠭᠡ ᠪᠠᠢᠳᠠᠯ ᠢ᠋ ᠪᠠᠢᠴᠠᠭᠠᠨ ᠦᠵᠡᠵᠡᠢ ᠃ ᠭᠤᠷᠪᠠᠨ ᠬᠣᠷᠢᠶᠠᠨ ᠤ᠋ ᠳᠠᠷᠤᠭ᠎ᠠ ᠵᠢᠴᠢ ᠲᠤᠬᠠᠢ ᠶ᠋ᠢᠨ ᠲᠠᠯᠠᠪᠤᠷ ᠲᠤ᠌ ᠬᠦᠷᠦᠭᠰᠡᠨ ᠲᠣᠰᠬᠣᠨ ᠤ᠋ ᠠᠷᠠᠳ ᠲᠠᠢ ᠪᠣᠳᠠᠲᠠᠢ ᠪᠠᠢᠳᠠᠯ ᠢ᠋ ᠣᠢᠯᠠᠭᠠᠵᠤ ᠂ ᠡᠯ᠎ᠡ ᠲᠠᠯ᠎ᠠ ᠶ᠋ᠢᠨ ᠲᠤᠬᠠᠢ ᠶ᠋ᠢᠨ ᠬᠥᠮᠦᠨ ᠦ᠌ ᠱᠠᠭᠠᠷᠳᠠᠯᠭ᠎ᠠ ᠶ᠋ᠢ ᠰᠣᠨᠣᠰᠴᠤ ᠂ ᠭᠤᠷᠪᠠᠨ ᠬᠣᠷᠢᠶᠠᠨ ᠤ᠋ ᠳᠠᠷᠤᠭ᠎ᠠ ᠪᠠᠷ ᠨᠤᠲᠠᠯᠠᠭᠤᠯᠤᠭᠰᠠᠨ ᠤ᠋ ᠳᠠᠷᠠᠭ᠎ᠠ ᠣᠷᠣᠨ ᠪᠠᠢᠷᠢ ᠶ᠋ᠢᠨ ᠵᠢᠷᠤᠭ ᠵᠢᠷᠤᠪᠠ ᠃ ᠲᠤᠬᠠᠢ ᠶ᠋ᠢᠨ ᠭᠠᠵᠠᠷ ᠲᠤᠨᠢ ᠬᠠᠢᠨ ᠪᠠᠢᠴᠠᠭᠠᠬᠤ ᠪᠠᠷ ᠳᠠᠮᠵᠢᠭᠤᠯᠤᠨ ᠲᠢᠩᠬᠢᠮ ᠦ᠋ᠨ ᠬᠢᠨᠠᠨ ᠪᠠᠢᠴᠠᠭᠠᠯᠲᠠ ᠲᠠᠢ ᠤᠶᠠᠯᠳᠤᠭᠤᠯᠤᠨ ᠪᠠᠢᠳᠠᠯ ᠢ᠋ ᠪᠠᠢᠴᠠᠭᠠᠨ ᠲᠣᠳᠣᠷᠬᠠᠢᠯᠠᠵᠤ ᠂ ᠬᠠᠮᠲᠤᠷᠠᠨ ᠵᠥᠪᠯᠡᠬᠦ ᠲᠢᠩᠬᠢᠮ ᠨᠢ ᠲᠤᠰ ᠬᠡᠷᠡᠭ ᠢ᠋ ᠳᠠᠷᠠᠭᠠᠴᠢ ᠶ᠋ᠢᠨ ᠠᠯᠬᠤᠮ ᠳ᠋ᠤ᠌ ᠲᠥᠪ ᠭᠣᠣᠯᠴᠢ ᠪᠠᠷ ᠰᠢᠭᠦᠨ ᠰᠢᠢᠳᠪᠦᠷᠢᠯᠡᠬᠦ ᠂ ᠰᠢᠭᠦᠨ ᠲᠠᠰᠤᠯᠬᠤ ᠳ᠋ᠤ᠌ ᠨᠡᠩ ᠯᠠᠪᠳᠠᠭᠤᠨ ᠪᠠᠲᠤᠲᠠᠢ ᠰᠠᠭᠤᠷᠢ ᠲᠠᠯᠪᠢᠵᠠᠢ ᠃ ᠲᠤᠰ ᠤᠳᠠᠭᠠᠨ ᠤ᠋ ᠪᠣᠳᠠᠲᠠᠢ ᠬᠠᠢᠨ ᠪᠠᠢᠴᠠᠭᠠᠯᠲᠠ ᠨᠢ ᠲᠤᠬᠠᠢ ᠶ᠋ᠢᠨ ᠬᠥᠮᠦᠨ ᠦ᠌ ᠵᠠᠭᠠᠯᠳᠤᠯᠭ᠎ᠠ ᠶ᠋ᠢᠨ ᠬᠣᠬᠢᠷᠠᠯ ᠢ᠋ ᠪᠠᠭᠠᠰᠬᠠᠬᠤ ᠶ᠋ᠢᠨ ᠬᠠᠮᠲᠤ ᠂ ᠭᠡᠷ ᠦ᠋ᠨ ᠡᠭᠦᠳᠡᠨ ᠳ᠋ᠡᠬᠢ ᠰᠢᠭᠦᠭᠴᠢ ᠲᠤᠰᠢᠶᠠᠯᠲᠠᠨ ᠤ᠋ ᠪᠠᠢᠴᠠᠭᠠᠯᠲᠠ ᠪᠠᠷ ᠣᠯᠠᠨ ᠲᠦᠮᠡᠨ ᠳ᠋ᠦ᠍ ᠰᠢᠭᠦᠬᠦ ᠬᠣᠷᠢᠶᠠᠨ ᠤ᠋ ᠠᠵᠢᠯ ᠢ᠋ ᠨᠡᠩ ᠰᠠᠢᠨ ᠣᠢᠯᠠᠭᠤᠯᠵᠠᠢ ᠃


 ᠮᠠᠷᠭᠤᠭᠠᠨ ᠲᠠᠢ ᠬᠠᠰᠢᠯᠭ᠎ᠠ ᠵᠢᠷᠤᠭ ᠢ᠋ ᠲᠤᠬᠠᠢ ᠶ᠋ᠢᠨ ᠭᠠᠵᠠᠷ ᠲᠤᠨᠢ ᠪᠠᠢᠴᠠᠭᠠᠨ ᠦᠵᠡᠭᠰᠡᠨ ᠪᠥᠭᠡᠳ 3 ᠬᠣᠷᠢᠶᠠᠨ ᠳᠠᠷᠤᠭ᠎ᠠ ᠳ᠋ᠤ᠌ ᠮᠠᠷᠭᠤᠭᠠᠨ ᠲᠠᠢ ᠲᠣᠮᠣ ᠬᠠᠰᠢᠯᠭ᠎ᠠ ᠶ᠋ᠢᠨ ᠵᠢᠷᠤᠭ ᠵᠢᠷᠤᠪᠠ
 ᠣᠢᠷ᠎ᠠ ᠶ᠋ᠢᠨ ᠵᠢᠯ ᠡᠴᠡ ᠠᠷᠠᠳ ᠤ᠋ᠨ ᠬᠣᠭᠣᠷᠣᠨᠳᠣᠬᠢ ᠵᠢᠭᠡᠯᠡᠯᠭᠡ ᠶ᠋ᠢᠨ ᠬᠠᠮᠲᠤᠷᠠᠨ ᠵᠥᠪᠯᠡᠬᠦ ᠲᠢᠩᠬᠢᠮ ᠶᠡᠷᠦ ᠨᠢ ᠨᠢᠭᠡᠳᠦᠭᠡᠷ ᠹᠷᠣᠨᠲ ᠲᠤ᠌ ᠭᠦᠨᠵᠡᠭᠡᠢᠷᠡᠨ ᠪᠣᠳᠠᠲᠤ ᠪᠠᠢᠳᠠᠯ ᠢ᠋ ᠣᠢᠯᠠᠭᠠᠬᠤ ᠠᠵᠢᠯ ᠢ᠋ ᠨᠢᠭᠡᠨ ᠪᠠᠢᠩᠭᠤ ᠶ᠋ᠢᠨ ᠴᠢᠨᠠᠷᠲᠠᠢ ᠠᠵᠢᠯ ᠪᠣᠯᠭᠠᠨ ᠣᠨᠴᠠᠭᠠᠢᠯᠠᠨ ᠣᠯᠠᠨ ᠲᠦᠮᠡᠨ ᠦ᠌ ᠠᠰᠢᠭ ᠲᠤᠰᠠ ᠳ᠋ᠤ᠌ ᠬᠣᠯᠪᠣᠭᠳᠠᠭᠰᠠᠨ ᠬᠡᠷᠡᠭ ᠢ᠋ ᠰᠢᠭᠦᠨ ᠰᠢᠢᠳᠪᠦᠷᠢᠯᠡᠬᠦ ᠦᠶ᠎ᠡ ᠳ᠋ᠦ᠍ ᠨᠡᠩ ᠴᠦ᠍ ᠬᠡᠷᠡᠭ ᠦ᠋ᠨ ᠨᠠᠷᠢᠨ ᠵᠦᠢᠯᠡᠰ ᠡᠴᠡ ᠭᠠᠷᠳᠠᠨ ᠪᠣᠳᠠᠲᠠᠢ ᠭᠠᠵᠠᠷ ᠲᠤᠨᠢ ᠪᠠᠢᠴᠠᠭᠠᠯᠲᠠ ᠬᠢᠬᠦ ᠴᠢᠬᠤᠯᠠᠲᠠᠢ ᠬᠡᠷᠡᠭ ᠢ᠋ ᠨᠢᠭᠡᠳ ᠨᠢᠭᠡ ᠪᠡᠷ ᠪᠠᠢᠴᠠᠭᠠᠭᠰᠠᠨ ᠨᠢ ᠦᠨᠡᠨ ᠪᠣᠳᠠᠲᠠᠢ ᠪᠠᠢᠳᠠᠯ  ᠨᠢ ᠯᠠᠪᠲᠠᠢ᠃ ᠬᠣᠢᠰᠢᠳᠠ ᠠᠷᠠᠳ ᠤ᠋ᠨ ᠵᠢᠭᠡᠯᠡᠯᠭᠡ ᠶ᠋ᠢᠨ ᠬᠠᠮᠲᠤᠷᠠᠨ ᠵᠥᠪᠯᠡᠬᠦ ᠲᠢᠩᠬᠢᠮ ᠨᠢ 《 ᠬᠡᠷᠡᠭ ᠲᠦ᠍ ᠴᠢᠭᠯᠡᠭᠦᠯᠦᠨ ᠬᠥᠳᠡᠭᠡ ᠪᠠᠭᠤᠯᠭᠠᠬᠤ + ᠭᠠᠵᠠᠷ ᠲᠤᠨᠢ ᠪᠠᠢᠴᠠᠭᠠᠬᠤ 》 ᠬᠡᠷᠡᠭ ᠢ᠋ ᠰᠢᠢᠳᠪᠦᠷᠢᠯᠡᠬᠦ ᠬᠡᠯᠪᠡᠷᠢ ᠶ᠋ᠢ ᠦᠷᠭᠦᠯᠵᠢᠯᠡᠨ ᠬᠡᠷᠡᠭᠵᠢᠭᠦᠯᠵᠦ ᠂ ᠬᠠᠤᠯᠢ ᠵᠦᠢ ᠪᠠ ᠶᠣᠰᠣ ᠳᠦᠷᠢᠮ ᠢ᠋ ᠪᠠᠷᠢᠮᠲᠠᠯᠠᠬᠤ ᠶ᠋ᠢᠨ ᠬᠠᠮᠲᠤ ᠬᠠᠤᠯᠢ ᠴᠠᠭᠠᠵᠠ ᠶ᠋ᠢᠨ ᠬᠡᠷᠡᠭ ᠪᠣᠯᠭᠠᠨ ᠪᠣᠯᠭᠠᠨ ᠳ᠋ᠤ᠌ ᠲᠥᠪ ᠭᠣᠣᠯᠴᠢ ᠰᠢᠳᠤᠷᠭᠤ ᠪᠠᠢᠬᠤ ᠶ᠋ᠢ ᠠᠬᠢᠭᠤᠯᠬᠤ ᠪᠠᠷ ᠴᠢᠷᠮᠠᠢᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )