ᠬᠥᠮᠦᠵᠢᠯ ᠪᠣᠯᠪᠠᠰᠣᠷᠠᠭᠤᠯᠤᠯ ᠢ᠋ ᠴᠢᠩᠭᠠᠳᠬᠠᠵᠤ ᠲᠤᠬᠠᠢᠯᠠᠭᠰᠠᠨ ᠠᠵᠢᠯ ᠤ᠋ᠨ ᠤᠷ᠎ᠠ ᠴᠢᠳᠠᠪᠤᠷᠢ ᠪᠠᠨ ᠳᠡᠭᠡᠭᠰᠢᠯᠡᠭᠦᠯᠦᠶ᠎ᠡ -ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠬᠥᠳᠡᠯᠮᠦᠷᠢ ᠶ᠋ᠢᠨ ᠮᠠᠷᠭᠤᠯᠳᠤᠭᠠᠨ ᠢ᠋ ᠰᠢᠭᠦᠨ ᠲᠠᠰᠤᠯᠬᠤ ᠪᠣᠳᠠᠲᠤ ᠠᠵᠢᠯ ᠤ᠋ᠨ ᠪᠣᠯᠪᠠᠰᠤᠷᠠᠯ ᠤ᠋ᠨ ᠠᠩᠭᠢ
2020.11.10 ᠲᠣᠰ ᠥᠷᠲᠡᠭᠡᠨ᠎ᠦ ᠨᠠᠢᠷᠠᠭᠤᠯᠤᠭᠴᠢ

ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠢ᠋ ᠲᠠᠰᠤᠯᠤᠨ ᠲᠣᠭᠲᠠᠭᠠᠬᠤ ᠬᠡᠮᠵᠢᠶ᠎ᠡ ᠶ᠋ᠢ ᠤᠯᠠᠮ ᠨᠢᠭᠡ ᠠᠯᠬᠤᠮ ᠨᠢᠭᠡᠳᠭᠡᠬᠦ ᠶ᠋ᠢᠨ ᠲᠥᠯᠥᠭᠡ ᠬᠥᠳᠡᠯᠮᠦᠷᠢᠴᠢᠨ ᠪᠠ ᠬᠥᠮᠦᠨ ᠬᠡᠷᠡᠭᠯᠡᠬᠦ ᠨᠢᠭᠡᠴᠢ ᠶ᠋ᠢᠨ ᠬᠠᠤᠯᠢ ᠶᠣᠰᠣᠨ ᠤ᠋ ᠡᠷᠬᠡ ᠠᠰᠢᠭ ᠢ᠋ ᠦᠨᠡᠨᠬᠦ ᠰᠠᠢᠲᠤᠷ ᠬᠠᠮᠠᠭᠠᠯᠠᠬᠤ ᠶ᠋ᠢᠨ ᠲᠥᠯᠥᠭᠡ 11 ᠰᠠᠷ᠎ᠠ ᠶ᠋ᠢᠨ 6  ᠤ᠋ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠥᠳᠡᠯᠮᠦᠷᠢ ᠶ᠋ᠢᠨ ᠮᠠᠷᠭᠤᠯᠳᠤᠭᠠᠨ ᠢ᠋ ᠰᠢᠭᠦᠨ ᠲᠠᠰᠤᠯᠬᠤ ᠪᠣᠳᠠᠲᠤ ᠠᠵᠢᠯ ᠤ᠋ᠨ ᠪᠣᠯᠪᠠᠰᠤᠷᠠᠯ ᠤ᠋ᠨ ᠠᠩᠭᠢ ᠡᠷᠬᠢᠯᠡᠪᠡ ᠃ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶ᠎ᠠ ᠬᠥᠳᠡᠯᠮᠦᠷᠢ ᠶ᠋ᠢᠨ ᠮᠠᠷᠭᠤᠭᠠᠨ ᠤ᠋ ᠬᠡᠷᠡᠭ ᠢ᠋ ᠰᠢᠭᠦᠨ ᠰᠢᠢᠳᠪᠦᠷᠢᠯᠡᠬᠦ ᠶ᠋ᠢ ᠬᠠᠷᠢᠭᠤᠴᠠᠵᠤ ᠪᠠᠢᠭ᠎ᠠ ᠲᠢᠩᠬᠢᠮ ᠦ᠋ᠨ ᠳᠠᠷᠤᠭ᠎ᠠ ᠵᠢᠴᠢ ᠬᠡᠰᠡᠭ ᠲᠣᠭᠠᠨ ᠤ᠋ ᠰᠢᠭᠦᠬᠦ ᠲᠤᠰᠢᠶᠠᠯᠲᠠᠨ ᠪᠣᠯᠪᠠᠰᠤᠷᠠᠯ ᠳ᠋ᠤ᠌ ᠣᠷᠣᠯᠴᠠᠪᠠ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠯᠢ ᠮᠧᠢ ᠷᠦᠩ ᠰᠤᠷᠤᠯᠭ᠎ᠠ ᠡᠬᠢᠯᠡᠬᠦ ᠶᠣᠰᠣᠯᠠᠯ ᠢ᠋ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ ᠃


 ᠬᠤᠷᠠᠯ ᠳᠡᠭᠡᠷ᠎ᠡ ᠯᠢ ᠮᠧᠢ ᠷᠦᠩ 2019 ᠣᠨ ᠠ᠋ᠴᠠ ᠨᠠᠰᠢᠬᠢ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠢ᠋ ᠰᠢᠭᠦᠨ ᠰᠢᠢᠳᠪᠦᠷᠢᠯᠡᠭᠰᠡᠨ ᠪᠠᠢᠳᠠᠯ ᠢ᠋ ᠰᠢᠭᠦᠨ ᠲᠠᠰᠤᠯᠬᠤ ᠬᠠᠮᠢᠶᠠᠷᠤᠯᠲᠠ ᠶ᠋ᠢᠨ ᠡᠯ᠎ᠡ ᠲᠥᠷᠥᠯ ᠦ᠋ᠨ ᠭᠦᠢᠴᠡᠳᠬᠡᠯ ᠲᠣᠭ᠎ᠠ ᠲᠠᠢ ᠤᠶᠠᠯᠳᠤᠭᠤᠯᠵᠤ ᠪᠠᠢᠭᠠᠳ ᠬᠡᠷᠡᠭ ᠢ᠋ ᠰᠢᠭᠦᠨ ᠰᠢᠢᠳᠪᠦᠷᠢᠯᠡᠬᠦ ᠳᠤᠮᠳᠠ ᠣᠷᠣᠰᠢᠵᠤ ᠪᠠᠢᠭ᠎ᠠ ᠳᠣᠪᠣᠢᠮ᠎ᠠ ᠠᠰᠠᠭᠤᠳᠠᠯ ᠢ᠋ ᠭᠦᠨᠵᠡᠭᠡᠢ ᠵᠠᠳᠠᠯᠵᠠᠢ ᠃ ᠪᠣᠯᠪᠠᠰᠤᠷᠠᠯ ᠳ᠋ᠤ᠌ ᠣᠷᠣᠯᠴᠠᠭᠰᠠᠳ ᠤ᠋ᠨ ᠲᠤᠰ ᠤᠳᠠᠭᠠᠨ ᠤ᠋ ᠪᠣᠯᠪᠠᠰᠤᠷᠠᠯ ᠳ᠋ᠤ᠌ ᠣᠷᠣᠯᠴᠠᠬᠤ ᠶᠠᠪᠤᠳᠠᠯ ᠢ᠋ᠶ᠋ᠠᠷ ᠲᠣᠬᠢᠶᠠᠯ ᠪᠣᠯᠭᠠᠵᠤ ᠰᠢᠭᠦᠨ ᠲᠠᠰᠤᠯᠤᠯᠲᠠ ᠶ᠋ᠢᠨ ᠪᠠᠷᠢᠮᠵᠢᠶ᠎ᠠ ᠶ᠋ᠢ ᠤᠯᠠᠮ ᠨᠢᠭᠡᠳᠦᠯᠲᠡᠢ ᠪᠣᠯᠭᠠᠵᠠᠢ ᠃


 ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠥᠳᠡᠯᠮᠦᠷᠢ ᠵᠠᠮ ᠬᠠᠷᠢᠯᠴᠠᠭ᠎ᠠ ᠰᠤᠷᠭᠠᠨ ᠬᠥᠮᠦᠵᠢᠯ ᠦ᠋ᠨ ᠵᠥᠪᠯᠡᠨ ᠰᠢᠭᠦᠬᠦ ᠲᠢᠩᠬᠢᠮ ᠦ᠋ᠨ ᠳᠠᠷᠤᠭ᠎ᠠ ᠾᠧ ᠶᠠᠨ ᠴᠦᠨ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠢ᠋ ᠰᠢᠭᠦᠬᠦ ᠰᠡᠳᠬᠢᠴᠡ ᠂ ᠲᠠᠰᠤᠯᠤᠨ ᠲᠣᠭᠲᠠᠭᠠᠬᠤ ᠶ᠋ᠢ ᠵᠣᠯᠭᠠᠭᠤᠯᠬᠤ ᠂ ᠬᠥᠳᠡᠯᠮᠦᠷᠢ ᠶ᠋ᠢᠨ ᠭᠡᠷ᠎ᠡ ᠲᠣᠭᠲᠠᠬᠤ ᠂ ᠭᠦᠢᠴᠡᠳᠬᠡᠬᠦ ᠂ ᠬᠤᠪᠢᠷᠠᠭᠤᠯᠬᠤ ᠂ ᠬᠦᠴᠦᠨ ᠦᠭᠡᠢ ᠪᠣᠯᠭᠠᠬᠤ ᠵᠢᠴᠢ ᠠᠵᠢᠯ ᠤ᠋ᠨ ᠬᠠᠷᠠᠭ᠎ᠠ ᠠ᠋ᠴᠠ ᠪᠣᠯᠤᠭᠰᠠᠨ ᠭᠡᠮᠲᠦᠯ ᠦ᠋ᠨ ᠳᠠᠭᠠᠳᠬᠠᠯ ᠤ᠋ᠨ ᠬᠠᠷᠠᠭᠠᠯᠵᠠᠯ ᠵᠡᠷᠭᠡ ᠠᠰᠠᠭᠤᠳᠠᠯ ᠤ᠋ᠨ ᠲᠣᠭᠣᠷᠢᠨ ᠳ᠋ᠤ᠌ ᠰᠢᠭᠦᠨ ᠲᠠᠰᠤᠯᠬᠤ ᠪᠣᠳᠠᠲᠤ ᠶᠠᠪᠤᠳᠠᠯ ᠳᠤᠮᠳᠠᠬᠢ ᠨᠡᠢᠲᠡᠯᠢᠭ ᠵᠢᠱ᠌ᠢᠶ᠎ᠡ ᠵᠢᠴᠢ ᠲᠤᠰ ᠬᠣᠷᠢᠶᠠᠨ ᠤ᠋ ᠥᠭᠡᠷᠡᠴᠢᠯᠡᠯᠲᠡ ᠬᠢᠭᠰᠡᠨ ᠬᠡᠷᠡᠭ ᠦ᠋ᠨ ᠪᠠᠢᠳᠠᠯ ᠲᠠᠢ ᠤᠶᠠᠯᠳᠤᠭᠤᠯᠤᠨ ᠭᠦᠨᠵᠡᠭᠡᠢ ᠨᠠᠷᠢᠨ ᠨᠢᠮᠪᠠᠢ ᠲᠠᠢᠯᠪᠤᠷᠢᠯᠠᠯᠲᠠ ᠬᠢᠪᠡ ᠃ ᠬᠢᠴᠢᠶᠡᠯᠯᠡᠬᠦ ᠠᠭᠤᠯᠭ᠎ᠠ ᠨᠢ ᠨᠠᠷᠢᠨ ᠪᠣᠳᠠᠲᠠᠢ ᠂ ᠪᠦᠲᠦᠴᠡ ᠨᠢ ᠴᠢᠩᠭ᠎ᠠ ᠨᠢᠭᠲᠠ ᠂ ᠳᠠᠷᠤᠢ ᠲᠠᠰᠤᠯᠤᠨ ᠲᠣᠭᠲᠠᠭᠠᠯᠲᠠ ᠶ᠋ᠢᠨ ᠰᠡᠳᠬᠢᠴᠡ ᠶ᠋ᠢᠨ ᠠᠷᠤ ᠳ᠋ᠠᠬᠢ ᠬᠠᠤᠯᠢ ᠲᠣᠭᠲᠠᠭᠠᠬᠤ ᠤᠭ ᠶᠣᠰᠣ ᠶ᠋ᠢ ᠲᠣᠳᠣᠷᠬᠠᠢᠯᠠᠨ ᠥᠭᠦᠯᠡᠭᠰᠡᠨ ᠪᠥᠭᠡᠳ ᠰᠢᠭᠦᠨ ᠲᠠᠰᠤᠯᠬᠤ ᠦᠢᠯᠡᠳᠦᠯᠭᠡ ᠳᠤᠮᠳᠠᠬᠢ ᠭᠣᠣᠯ ᠤᠷᠤᠰᠬᠠᠯ ᠤ᠋ᠨ ᠦᠵᠡᠯᠲᠡ ᠶ᠋ᠢ ᠴᠦ᠍ ᠠᠩᠬᠠᠷᠴᠤ ᠂ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠢ᠋ ᠰᠢᠢᠳᠪᠦᠷᠢᠯᠡᠬᠦ ᠰᠡᠳᠬᠢᠴᠡ ᠶ᠋ᠢ ᠨᠡᠭᠡᠭᠡᠨ ᠥᠷᠭᠡᠳᠬᠡᠵᠦ ᠂ ᠪᠣᠯᠪᠠᠰᠤᠷᠠᠯ ᠳ᠋ᠤ᠌ ᠣᠷᠣᠯᠴᠠᠭᠰᠠᠳ ᠤ᠋ᠨ ᠰᠠᠨᠠᠯ ᠨᠢᠭᠡᠲᠡᠢ ᠰᠠᠢᠨ ᠦᠨᠡᠯᠡᠯᠲᠡ ᠶ᠋ᠢ ᠣᠯᠤᠭᠰᠠᠨ ᠪᠠᠢᠨ᠎ᠠ ᠃


 ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠨᠢ ᠬᠥᠳᠡᠯᠮᠦᠷᠢᠴᠢᠨ ᠦ᠌ ᠲᠤᠰ ᠪᠡᠶ᠎ᠡ ᠶ᠋ᠢᠨ ᠠᠰᠢᠭ ᠲᠤᠰᠠ ᠪᠠ ᠨᠡᠢᠭᠡᠮ ᠦ᠋ᠨ ᠡᠶ᠎ᠡ ᠵᠣᠬᠢᠴᠠᠯ ᠲᠠᠢ ᠲᠣᠭᠲᠠᠭᠤᠨ ᠪᠠᠢᠬᠤ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠥᠳᠡᠯᠮᠦᠷᠢ ᠵᠠᠮ ᠬᠠᠷᠢᠯᠴᠠᠭᠠᠨ ᠤ᠋ ᠰᠤᠷᠭᠠᠨ ᠬᠥᠮᠦᠵᠢᠯ ᠦ᠋ᠨ ᠬᠠᠮᠲᠤᠷᠠᠨ ᠵᠥᠪᠯᠡᠬᠦ ᠲᠢᠩᠬᠢᠮ ᠨᠢ ᠬᠥᠳᠡᠯᠮᠦᠷᠢᠴᠢᠨ ᠦ᠌ ᠬᠠᠤᠯᠢ ᠶᠣᠰᠣᠨ ᠤ᠋ ᠡᠷᠬᠡ ᠠᠰᠢᠭ ᠢ᠋ ᠬᠠᠮᠠᠭᠠᠯᠠᠬᠤ ᠪᠠ ᠠᠵᠢᠯᠴᠢᠨ ᠬᠡᠷᠡᠭᠯᠡᠬᠦ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠬᠠᠷᠢᠴᠠᠭ᠎ᠠ ᠶ᠋ᠢ ᠪᠣᠢ ᠪᠣᠯᠭᠠᠬᠤ ᠶ᠋ᠢ ᠰᠢᠭᠦᠨ ᠲᠠᠰᠤᠯᠬᠤ ᠬᠡᠷᠡᠭ ᠦ᠋ᠨ ᠡᠭᠦᠰᠦᠯᠲᠡ ᠪᠠ ᠵᠣᠭᠰᠣᠴᠠ ᠪᠣᠯᠭᠠᠨ ᠢᠮᠠᠭᠲᠠ ᠶᠡᠬᠡ ᠲᠠᠯ᠎ᠠ ᠠ᠋ᠴᠠ ᠡᠭᠦᠰᠴᠦ ᠂ ᠪᠠᠭ᠎ᠠ ᠠ᠋ᠴᠠ ᠭᠠᠷᠳᠠᠨ ᠲᠠᠰᠤᠯᠤᠨ ᠲᠣᠭᠲᠠᠭᠠᠯᠲᠠ ᠶ᠋ᠢᠨ ᠨᠡᠢᠭᠡᠮ ᠢ᠋ ᠭᠦᠢᠴᠡᠳ ᠪᠠᠳᠠᠷᠠᠭᠤᠯᠬᠤ ᠶ᠋ᠢ ᠪᠠᠷᠢᠮᠲᠠᠯᠠᠨ᠎ᠠ ᠃ ᠳᠠᠷᠠᠭᠠᠴᠢ ᠶ᠋ᠢᠨ ᠠᠯᠬᠤᠮ ᠳ᠋ᠤ᠌ ᠬᠠᠮᠲᠤᠷᠠᠨ ᠵᠥᠪᠯᠡᠬᠦ ᠲᠢᠩᠬᠢᠮ ᠨᠢ ᠲᠤᠰᠬᠠᠢ ᠮᠡᠷᠭᠡᠵᠢᠯ ᠦ᠋ᠨ ᠰᠢᠭᠦᠨ ᠲᠠᠰᠤᠯᠤᠯᠲᠠ ᠶ᠋ᠢᠨ ᠳᠠᠪᠠᠭᠤᠯᠢᠭ ᠢ᠋ᠶ᠋ᠠᠨ ᠭᠦᠢᠴᠡᠳ ᠪᠠᠳᠠᠷᠠᠭᠤᠯᠵᠤ ᠂ ᠳᠣᠣᠷᠠᠬᠢ ᠵᠢᠯᠣᠭᠣᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠡᠯ᠎ᠡ ᠲᠥᠷᠥᠯ ᠦ᠋ᠨ ᠬᠡᠷᠡᠭ ᠢ᠋ ᠨᠠᠷᠢᠨ ᠨᠢᠮᠪᠠᠢ ᠰᠢᠭᠦᠨ ᠰᠢᠢᠳᠪᠦᠷᠢᠯᠡᠬᠦ ᠶ᠋ᠢᠨ ᠲᠣᠭᠣᠷᠢᠨ ᠳ᠋ᠤ᠌ ᠂ ᠣᠯᠠᠨ ᠲᠦᠮᠡᠨ ᠦ᠌ ᠬᠠᠤᠯᠢ ᠴᠠᠭᠠᠵᠠ ᠶ᠋ᠢᠨ ᠱᠠᠭᠠᠷᠳᠠᠯᠭ᠎ᠠ ᠶ᠋ᠢ ᠰᠠᠢᠲᠤᠷ ᠰᠢᠢᠳᠪᠦᠷᠢᠯᠡᠵᠦ ᠂ ᠬᠡᠷᠡᠭ ᠦ᠋ᠨ ᠴᠢᠨᠠᠷ ᠪᠦᠲᠦᠮᠵᠢ ᠪᠡᠨ ᠪᠥᠬᠥ ᠲᠠᠯ᠎ᠠ ᠪᠠᠷ ᠳᠡᠭᠡᠭᠰᠢᠯᠡᠭᠦᠯᠦᠨ᠎ᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )