ᠣᠷᠳᠣᠰ ᠬᠣᠲᠠ ᠶ᠋ᠢᠨ ᠰᠢᠭᠦᠬᠦ᠂ ᠪᠠᠢᠴᠠᠭᠠᠬᠤ ᠬᠣᠶᠠᠷ ᠬᠣᠷᠢᠶ᠎ᠠ ᠵᠠᠰᠠᠭ ᠵᠠᠬᠢᠷᠭᠠᠨ  ᠤ᠋ ᠵᠠᠷᠭᠤ ᠶ᠋ᠢᠨ ᠪᠤᠰᠤ ᠭᠦᠢᠴᠡᠳᠬᠡᠬᠦ ᠬᠡᠷᠡᠭ  ᠢ᠋ ᠭᠦᠢᠴᠡᠳᠬᠡᠬᠦ ᠪᠠ ᠬᠢᠨᠠᠯᠲᠠ ᠲᠠᠯᠪᠢᠬᠤ ᠬᠠᠷᠢᠴᠠᠭ᠎ᠠ ᠶ᠋ᠢ ᠲᠦᠯᠬᠢᠨ ᠠᠬᠢᠭᠤᠯᠵᠤ 《 ᠬᠣᠶᠠᠷ  ᠢ᠋ ᠵᠥᠷᠢᠴᠡᠭᠰᠡᠨ》 ᠠᠰᠠᠭᠤᠳᠠᠯ  ᠢ᠋ ᠰᠢᠢᠳᠪᠦᠷᠢᠯᠡᠬᠦ ᠶ᠋ᠢ ᠲᠦᠯᠬᠢᠨ ᠠᠬᠢᠭᠤᠯᠪᠠ
2020.12.15 ᠲᠣᠰ ᠥᠷᠲᠡᠭᠡᠨ ᠦ ᠨᠠᠢᠷᠠᠭᠤᠯᠤᠭᠴᠢ

      12 ᠰᠠᠷ᠎ᠠ ᠶ᠋ᠢᠨ 10  ᠤ᠋ ᠡᠳᠦᠷ ᠣᠷᠳᠣᠰ ᠬᠣᠲᠠ ᠶ᠋ᠢᠨ ᠠᠷᠠᠳ  ᠤ᠋ᠨ ᠪᠠᠢᠴᠠᠭᠠᠬᠤ ᠬᠣᠷᠢᠶᠠᠨ  ᠤ᠋ ᠵᠢᠷᠭᠤᠳᠤᠭᠠᠷ ᠪᠠᠢᠴᠠᠭᠠᠬᠤ ᠬᠡᠯᠲᠡᠰ ᠪᠣᠯᠤᠨ ᠣᠷᠳᠣᠰ ᠬᠣᠲᠠ ᠶ᠋ᠢᠨ ᠠᠷᠠᠳ  ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠤ᠋ ᠵᠠᠰᠠᠭ ᠵᠠᠬᠢᠷᠭᠠᠨ ᠤ᠋ ᠬᠠᠮᠲᠤᠷᠠᠨ ᠵᠥᠪᠯᠡᠬᠦ ᠲᠠᠩᠬᠢᠮ ᠨᠢ ᠵᠠᠰᠠᠭ ᠵᠠᠬᠢᠷᠭᠠᠨ  ᠤ᠋ ᠪᠤᠰᠤ ᠬᠡᠷᠡᠭ  ᠪᠣᠯᠭᠠᠨ ᠳᠠᠩᠰᠠᠯᠠᠬᠤ ᠵᠢᠴᠢ ᠭᠦᠢᠴᠡᠳᠬᠡᠬᠦ ᠠᠵᠢᠯ  ᠤ᠋ᠨ ᠲᠤᠬᠠᠢ ᠶᠠᠷᠢᠯᠴᠠᠬᠤ ᠬᠤᠷᠠᠯ ᠥᠷᠨᠢᠭᠦᠯᠪᠡ᠃

 ᠬᠠᠤᠯᠢ ᠵᠢ ᠵᠥᠷᠢᠴᠡᠨ ᠭᠠᠵᠠᠷ ᠰᠢᠷᠤᠢ ᠡᠵᠡᠯᠡᠬᠦ  ᠪᠣᠯ ᠤᠯᠤᠰ  ᠠ᠋ᠴᠠ ᠭᠠᠵᠠᠷ ᠰᠢᠷᠤᠢ ᠵᠢᠨ ᠡᠬᠢ ᠪᠠᠶᠠᠯᠢᠭ ᠤ᠋ᠨ  ᠬᠠᠤᠯᠢ  ᠠ᠋ᠴᠠ ᠵᠥᠷᠢᠴᠡᠭᠰᠡᠨ ᠠᠵᠢᠯᠯᠠᠭ᠎ᠠ ᠳᠤᠮᠳᠠᠬᠢ  ᠬᠠᠮᠤᠭ ᠤ᠋ᠨ ᠦᠷᠭᠦᠯᠵᠢ ᠬᠠᠷᠠᠭᠳᠠᠳᠠᠭ ᠲᠥᠷᠦᠯ ᠵᠦᠢᠯ ᠪᠣᠯᠤᠨ᠎ᠠ᠃  ᠵᠥᠪᠰᠢᠶᠡᠷᠡᠯ ᠦᠭᠡᠢ ᠪᠡᠷ ᠬᠠᠤᠯᠢ  ᠪᠤᠰᠤ ᠪᠡᠷ ᠭᠠᠵᠠᠷ ᠰᠢᠷᠤᠢ ᠬᠡᠷᠡᠭᠯᠡᠵᠦ᠂ ᠬᠠᠤᠯᠢ ᠠ᠋ᠴᠠ ᠵᠥᠷᠢᠴᠡᠨ ᠪᠦᠲᠦᠭᠡᠨ  ᠪᠠᠢᠭᠤᠯᠤᠯᠲᠠ ᠬᠢᠬᠦ ᠨᠢ  ᠬᠠᠤᠯᠢ ᠠ᠋ᠴᠠ ᠵᠥᠷᠢᠴᠡᠨ ᠭᠠᠵᠠᠷ ᠡᠵᠡᠯᠡᠬᠦ ᠳᠤᠮᠳᠠ ᠦᠷᠭᠦᠯᠵᠢ ᠳᠤᠬᠢᠶᠠᠯᠳᠤᠳᠠᠭ ᠢᠯᠡᠷᠡᠬᠦ  ᠬᠡᠯᠪᠡᠷᠢ ᠪᠣᠯᠤᠨ᠎ᠠ᠃ ᠬᠠᠤᠯᠢ ᠠ᠋ᠴᠠ ᠵᠥᠷᠢᠴᠡᠭᠰᠡᠨ ᠪᠦᠲᠦᠭᠡᠨ ᠪᠠᠢᠭᠤᠯᠤᠯᠲᠠ ᠵᠢᠨ ᠲᠥᠷᠦᠯ ᠵᠦᠢᠯ ᠨᠢ ᠬᠢᠵᠠᠭᠠᠷ ᠲᠠᠢ ᠭᠠᠵᠠᠷ ᠰᠢᠷᠤᠢ ᠵᠢᠨ ᠡᠬᠢ ᠪᠠᠶᠠᠯᠢᠭ ᠢ᠋ ᠡᠵᠡᠯᠡᠵᠦ᠂ ᠤᠯᠤᠰ ᠣᠷᠤᠨ ᠪᠠ ᠨᠡᠢᠭᠡᠮ ᠨᠡᠢᠲᠡ ᠵᠢᠨ ᠠᠰᠢᠭ ᠲᠤᠰᠠ ᠵᠢ ᠬᠣᠬᠢᠷᠠᠭᠤᠯᠵᠤ᠂ ᠥᠷᠭᠡᠨ ᠤᠯᠠᠨ ᠠᠷᠠᠳ ᠲᠦᠮᠡᠨ ᠤ᠋  ᠣᠷᠤᠰᠢᠨ ᠠᠮᠢᠳᠤᠷᠠᠬᠤ  ᠠᠮᠢ ᠠᠬᠤᠢ ᠵᠢᠨ ᠣᠷᠴᠢᠨ ᠲᠣᠭᠤᠷᠢᠨ ᠢ᠋ ᠡᠪᠳᠦᠳᠡᠭ᠃ ᠬᠠᠤᠯᠢ ᠠ᠋ᠴᠠ ᠵᠥᠷᠢᠴᠡᠨ ᠪᠦᠲᠦᠭᠡᠨ  ᠪᠠᠢᠭᠤᠯᠤᠯᠲᠠ ᠬᠢᠬᠦ  ᠨᠢ ᠵᠠᠰᠠᠭ ᠵᠠᠬᠢᠷᠭᠠᠨ ᠤ᠋ ᠲᠣᠭᠲᠠᠭᠠᠯ ᠤ᠋ᠨ ᠬᠠᠤᠯᠢ ᠶᠣᠰᠤᠴᠢ ᠴᠢᠨᠠᠷ ᠢ᠋ ᠬᠢᠨᠠᠨ ᠪᠠᠢᠴᠠᠭᠠᠬᠤ  ᠠᠰᠠᠭᠤᠳᠠᠯ᠂ ᠠᠯᠪᠠᠳᠠᠨ  ᠭᠦᠢᠴᠡᠳᠭᠡᠭᠦᠯᠬᠦ ᠵᠢ ᠵᠣᠬᠢᠶᠠᠨ  ᠪᠠᠢᠭᠤᠯᠤᠨ ᠬᠡᠷᠡᠭᠵᠢᠭᠦᠯᠬᠦ ᠠᠰᠠᠭᠤᠳᠠᠯ ᠳ᠋ᠤ ᠬᠣᠯᠪᠤᠭᠳᠠᠬᠤ ᠮᠥᠷᠲᠡᠭᠡᠨ ᠪᠠᠰᠠ ᠵᠠᠰᠠᠭ ᠵᠠᠬᠢᠷᠭᠠᠨ ᠤ  ᠰᠢᠳᠬᠡᠯ  ᠢ᠋  ᠬᠡᠷᠡᠭᠵᠢᠭᠦᠯᠬᠦ ᠠᠰᠠᠭᠤᠳᠠᠯ  ᠳ᠋ᠤ ᠬᠣᠯᠪᠤᠭᠳᠠᠬᠤ ᠮᠥᠷᠲᠡᠭᠡᠨ ᠪᠠᠰᠠ ᠬᠠᠤᠯᠢ ᠶᠣᠰᠤᠨ ᠤ᠋ ᠡᠷᠬᠡ ᠠᠰᠢᠭ ᠤ᠋ᠨ  ᠬᠠᠮᠠᠭᠠᠯᠠᠯᠲᠠ ᠵᠢᠨ ᠠᠰᠠᠭᠤᠳᠠᠯ ᠲᠠᠢ ᠬᠣᠯᠪᠤᠭᠳᠠᠨ᠎ᠠ᠃ ᠡᠭᠦᠨ ᠠ᠋ᠴᠠ ᠭᠠᠳᠠᠨ᠎ᠠ  ᠤᠯᠠᠨ ᠲᠦᠮᠡᠨ ᠤ᠋  ᠠᠩᠬᠠᠷᠤᠯ ᠤ᠋ᠨ ᠬᠡᠮᠵᠢᠶ᠎ᠡ ᠥᠨᠳᠦᠷ᠂  ᠵᠥᠷᠢᠴᠡᠯ ᠠᠮᠠᠷᠬᠠᠨ ᠡᠭᠦᠰᠴᠦ᠂ ᠠᠯᠪᠠᠳᠠᠨ ᠭᠦᠢᠴᠡᠳᠬᠡᠬᠦ ᠳ᠋ᠤ ᠬᠦᠴᠢᠷᠲᠠᠢ ᠪᠠᠢᠳᠠᠭ᠃ ᠬᠤᠷᠠᠯ ᠳᠡᠭᠡᠷ᠎ᠡ ᠬᠤᠶᠠᠷ ᠲᠠᠯ᠎ᠠ ᠪᠡᠷ ᠢ᠋ᠢᠡᠨ《 ᠬᠤᠶᠠᠷ ᠢ᠋ ᠵᠥᠷᠢᠴᠡᠭᠰᠡᠨ 》  ᠵᠠᠰᠠᠭ ᠵᠠᠬᠢᠷᠭᠠᠨ ᠤ᠋ ᠵᠠᠷᠭᠤ ᠵᠢᠨ ᠪᠤᠰᠤ ᠭᠦᠢᠴᠡᠳᠬᠡᠬᠦ ᠬᠡᠷᠡᠭ ᠤ᠋ᠨ ᠬᠠᠷᠢᠶᠠᠯᠠᠯ᠂ ᠬᠢᠨᠠᠨ ᠪᠠᠢᠴᠠᠭᠠᠯᠲᠠ᠂ ᠪᠠᠢᠴᠠᠭᠠᠬᠤ ᠬᠢᠨᠠᠯᠲᠠ ᠵᠢᠨ ᠠᠷᠭ᠎ᠠ ᠮᠠᠶᠢᠭ  ᠵᠡᠷᠭᠡ ᠠᠰᠠᠭᠤᠳᠠᠯ ᠤ᠋ᠨ ᠲᠣᠭᠤᠷᠢᠨ ᠳ᠋ᠤ ᠭᠦᠨᠵᠡᠭᠡᠢ   ᠰᠣᠯᠢᠯᠴᠠᠭᠰᠠᠨ ᠪᠥᠭᠡᠳ  ᠳᠠᠷᠠᠭᠠᠴᠢ ᠵᠢᠨ ᠠᠯᠬᠤᠮ ᠤ᠋ᠨ ᠠᠵᠢᠯ ᠤ᠋ᠨ ᠭᠣᠣᠯᠳᠠᠯᠭ᠎ᠠ ᠵᠢᠨ ᠲᠤᠬᠠᠢ ᠠᠩᠬ᠎ᠠ ᠠᠯᠬᠤᠮ ᠤ᠋ᠨ ᠲᠠᠨᠢᠯᠲᠠ ᠲᠠᠢ ᠪᠣᠯᠪᠠ᠃

     ᠲᠤᠰ ᠤᠳᠠᠭᠠᠨ ᠤ᠋ ᠶᠠᠷᠢᠯᠴᠠᠬᠤ ᠬᠤᠷᠠᠯ ᠢ᠋ᠢᠠᠷ ᠳᠠᠮᠵᠢᠭᠤᠯᠤᠨ᠂ ᠰᠢᠭᠦᠬᠦ ᠬᠤᠷᠢᠶᠠ ᠪᠠᠢᠴᠠᠭᠠᠬᠤ ᠬᠣᠷᠢᠶᠠᠨ ᠤ᠋ ᠬᠠᠮᠵᠢᠯᠴᠠᠭ᠎ᠠ ᠵᠢ ᠤᠯᠠᠮ ᠨᠢᠭᠡ ᠠᠯᠬᠤᠮ ᠴᠢᠩᠭᠠᠳᠭᠠᠵᠤ᠂ ᠬᠡᠷᠡᠭᠵᠢᠭᠦᠯᠬᠦ ᠪᠠ ᠬᠢᠨᠠᠯᠲᠠ  ᠲᠠᠯᠪᠢᠵᠤ᠂ ᠬᠠᠷᠢᠯᠴᠠᠨ ᠬᠥᠲᠦᠯᠦᠯᠴᠡᠬᠦ ᠬᠠᠷᠢᠯᠴᠠᠭ᠎ᠠ ᠵᠢ ᠪᠠᠢᠭᠤᠯᠵᠤ᠂ ᠠᠷᠠᠳ ᠤ᠋ᠨ ᠰᠢᠭᠦᠬᠦ ᠬᠣᠷᠢᠶ᠎ᠠ ᠵᠢᠨ  ᠬᠡᠷᠡᠭ ᠰᠢᠢᠳᠪᠦᠷᠢᠯᠡᠬᠦ ᠶᠠᠰᠤ ᠴᠢᠨᠠᠷ ᠪᠠ ᠠᠷᠠᠳ ᠤ᠋ᠨ ᠪᠠᠢᠴᠠᠭᠠᠬᠤ ᠬᠣᠷᠢᠶ᠎ᠠ ᠵᠢᠨ ᠬᠢᠨᠠᠯᠲᠠ ᠲᠠᠯᠪᠢᠬᠤ ᠴᠢᠳᠠᠪᠤᠷᠢ ᠵᠢ ᠳᠡᠭᠡᠭᠰᠢᠯᠡᠭᠦᠯᠵᠦ᠂《 ᠬᠤᠶᠠᠷ ᠢ᠋ ᠵᠥᠷᠢᠴᠡᠭᠰᠡᠨ》 ᠠᠰᠠᠭᠤᠳᠠᠯ ᠢ᠋  ᠰᠢᠢᠳᠪᠦᠷᠢᠯᠡᠬᠦ  ᠳ᠋ᠤ  ᠦᠨᠳᠦᠰᠦᠨ ᠰᠡᠳᠭᠢᠭᠦᠷ ᠬᠠᠩᠭᠠᠭᠰᠠᠨ ᠪᠠᠢᠨ᠎ᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )