ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠠᠪᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠦᠨ ᠴᠢᠬᠤᠯᠠ ᠰᠤᠷᠭᠠᠯ ᠦᠭᠡ ᠶᠢᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠦᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠰᠢ ᠶᠢᠨ ᠫᠢᠩ ᠦᠨ ᠠᠮᠤᠷ ᠠᠮᠤᠭᠤᠯᠠᠩ ᠳᠤᠮᠳᠠᠳᠤ ᠤᠯᠤᠰ ᠤᠨ ᠪᠠᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠬᠤ ᠶᠢᠨ ᠲᠥᠯᠥᠭᠡ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠣᠷᠢᠶᠠᠨ ᠤ ᠰᠢᠢᠳᠪᠦᠷᠢᠲᠦ ᠪᠣᠳᠣᠯᠭ᠎ᠠ ᠪᠠᠢᠭᠤᠯᠤᠯᠲᠠ ᠳ᠋ᠤ ᠦᠨᠡᠨᠬᠦ ᠨᠢᠭᠡᠳᠬᠡᠵᠦ᠂ ᠰᠢᠨ᠎ᠡ ᠴᠠᠭ ᠦᠶ᠎ᠡ ᠶᠢᠨ ᠣᠷᠳᠣᠰ ᠬᠣᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠠᠵᠢᠯ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃12 ᠰᠠᠷ᠎ᠠ ᠶᠢᠨ 7 ᠤ ᠡᠳᠦᠷ ᠂ ᠪᠥᠬᠥ ᠬᠣᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠵᠠᠬᠢᠳᠠᠯ ᠰᠤᠷᠪᠤᠯᠵᠢᠯᠠᠭ᠎ᠠ ᠶᠢᠨ ᠰᠢᠰᠲ᠋ᠧᠮ ᠦᠨ ᠤᠳᠤᠷᠢᠳᠬᠤ ᠺᠠᠳ᠋ᠷᠴᠤᠳ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠲᠠᠪᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠦᠨ ᠰᠤᠷᠭᠠᠯ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠨᠢ ᠬᠣᠲᠠ ᠶᠢᠨ ᠨᠠᠮ ᠤᠨ ᠬᠣᠷᠢᠶᠠᠨ ᠤ ᠨᠠᠮ ᠤᠨ ᠰᠤᠷᠭᠠᠭᠤᠯᠢ ᠳᠤ ᠬᠢᠴᠢᠶᠡᠯ ᠡᠬᠢᠯᠡᠪᠡ ᠃ ᠬᠣᠲᠠ ᠶᠢᠨ ᠨᠠᠮ ᠤᠨ ᠬᠣᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠣᠷᠢᠶᠠᠨ ᠤ ᠱᠦᠵᠢ ᠢᠦᠶ ᠰᠢᠨ ᠹᠠᠩ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠨᠢᠭᠡᠳᠦᠭᠡᠷ ᠬᠢᠴᠢᠶᠡᠯ ᠢ᠋ ᠡᠬᠢᠯᠡᠭᠦᠯᠦᠭᠰᠡᠨ ᠪᠠᠢᠨ᠎ᠠ ᠃ ᠬᠣᠲᠠ ᠶᠢᠨ ᠳᠤᠮᠳᠠ ᠵᠡᠷᠭᠡ ᠶᠢᠨ ᠰᠢᠭᠦᠬᠦ ᠬᠣᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠠᠪᠰᠤᠷᠤᠨ ᠵᠢᠯᠣᠭᠣᠳᠤᠯᠭ᠎ᠠ ᠬᠢᠪᠡ ᠃
ᠰᠦ ᠯᠢ ᠵᠢᠶᠦ᠋ᠨ 《 ᠨᠡᠶᠢᠭᠡᠮ ᠦᠨ ᠲᠥᠪ ᠭᠣᠣᠯᠴᠢ ᠰᠢᠳᠤᠷᠭᠤ ᠶᠤᠰᠤ ᠬᠠᠤᠯᠢ ᠪᠠᠷ ᠵᠠᠰᠠᠬᠤ ᠥᠷᠲᠡᠭ ᠦᠨ ᠬᠥᠭᠡᠭᠡᠴᠡᠯᠳᠦᠯ ᠢ ᠪᠠᠲᠤ ᠡᠵᠡᠮᠰᠢᠵᠦ ᠂ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠬᠠᠤᠯᠢ ᠪᠡᠷ ᠵᠠᠰᠠᠬᠤ ᠵᠠᠮ ᠢᠶᠠᠷ ᠭᠤᠢᠪᠠᠰᠢ ᠦᠭᠡᠢ ᠵᠠᠮᠨᠠᠶ᠎ᠠ 》 ᠭᠡᠬᠦ ᠤᠷᠢᠶ᠎ᠠ ᠪᠠᠷ ᠰᠡᠳᠦᠪ ᠪᠣᠯᠭᠠᠵᠤ ᠂ ᠶᠡᠷᠦᠩᠬᠡᠢ ᠱᠦᠵᠢ ᠰᠢ ᠶᠢᠨ ᠫᠢᠩ ᠦᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠶ ᠨᠢᠭᠲᠠ ᠤᠶᠠᠯᠳᠤᠭᠤᠯᠵᠤ᠂ ᠪᠦᠬᠦ ᠲᠠᠯ᠎ᠠ ᠪᠠᠷ ᠭᠦᠨᠵᠡᠭᠡᠢ ᠲᠠᠢᠯᠤᠮᠵᠢ ᠬᠢᠪᠡ᠃
ᠰᠦ ᠯᠢ ᠵᠢᠶᠦ᠋ᠨ ᠵᠢᠭᠠᠵᠤ ᠭᠠᠷᠭᠠᠭᠰᠠᠨ ᠨᠢ ᠂ ᠠᠷᠠᠳ ᠤᠨ ᠰᠢᠭᠦᠬᠦ ᠬᠣᠷᠢᠶ᠎ᠠ ᠨᠢ ᠨᠠᠮ ᠤᠨ ᠤᠳᠤᠷᠢᠳᠤᠯᠭ᠎ᠠ ᠳᠣᠣᠷᠠᠬᠢ ᠲᠥᠷᠥ ᠶᠢᠨ ᠰᠢᠭᠦᠨ ᠲᠠᠰᠤᠯᠬᠤ ᠪᠠᠢᠭᠤᠯᠭ᠎ᠠ ᠪᠣᠯᠤᠭᠰᠠᠨ ᠤ ᠬᠤᠪᠢ ᠳᠤ ᠂ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢ ᠪᠠᠷᠢᠮᠲᠠᠯᠠᠵᠤ ᠂ ᠬᠥᠭᠵᠢᠯᠲᠡ ᠶᠢᠨ ᠶᠡᠬᠡ ᠲᠠᠯ᠎ᠠ ᠳᠤ ᠢᠳᠡᠪᠬᠢᠲᠡᠶ ᠦᠢᠯᠡᠴᠢᠯᠡᠵᠦ᠂ ᠨᠡᠶᠢᠭᠡᠮ ᠦᠨ ᠲᠥᠪ ᠭᠣᠣᠯᠴᠢ ᠰᠢᠳᠤᠷᠭᠤ ᠶᠣᠰᠣ ᠶᠢ ᠡᠷᠡᠰ ᠬᠠᠮᠠᠭᠠᠯᠠᠵᠤ ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯ ᠤᠨ ᠲᠥᠷᠥᠭᠳᠡᠯ ᠂ ᠠᠮᠤᠷ ᠲᠦᠪᠰᠢᠨ ᠦ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ ᠃
ᠨᠢᠭᠡ ᠳᠦ ᠠᠷᠠᠳ ᠤᠨ ᠰᠢᠭᠦᠬᠦ ᠬᠣᠷᠢᠶᠠᠨ ᠤ ᠠᠵᠢᠯ ᠳᠠᠬᠢ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠶ ᠂ ᠠᠷᠠᠳ ᠤᠨ ᠰᠢᠭᠦᠬᠦ ᠬᠣᠷᠢᠶᠠᠨ ᠤ ᠤᠯᠤᠰ ᠲᠦᠷᠦᠴᠢ ᠴᠢᠨᠠᠷ ᠢ ᠣᠨᠣᠪᠴᠢᠲᠠᠶ ᠡᠵᠡᠮᠰᠢᠨ᠎ᠡ᠃ ᠠᠷᠠᠳ ᠤᠨ ᠰᠢᠭᠦᠬᠦ ᠬᠣᠷᠢᠶ᠎ᠠ ᠨᠢ ᠤᠯᠤᠰ ᠲᠦᠷᠦ ᠬᠠᠤᠯᠢ ᠴᠠᠭᠠᠵᠠ ᠶᠢᠨ ᠪᠠᠢᠭᠤᠯᠭ᠎ᠠ ᠪᠣᠯᠤᠭᠰᠠᠨ ᠤ ᠬᠤᠪᠢ ᠳᠤ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠤᠨ ᠲᠦᠷᠦ ᠶᠢᠨ ᠰᠢᠭᠦᠨ ᠲᠠᠰᠤᠯᠬᠤ ᠪᠠᠢᠭᠤᠯᠭ᠎ᠠ ᠪᠠᠢᠵᠤ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠠᠪᠤᠴᠠ ᠳᠤ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠳᠠᠭ᠃ ᠨᠠᠮ ᠤᠨ ᠬᠠᠷᠢᠴᠠᠯᠠᠰᠢ ᠦᠭᠡᠢ ᠤᠳᠤᠷᠢᠳᠤᠯᠭ᠎ᠠ ᠪᠣᠯ ᠰᠢᠭᠦᠬᠦ ᠬᠣᠷᠢᠶᠠᠨ ᠤ ᠠᠵᠢᠯ ᠤᠨ ᠬᠠᠮᠤᠭ ᠤᠨ ᠳᠡᠭᠡᠳᠦ ᠪᠠᠷᠢᠮᠵᠢᠶ᠎ᠠ ᠂ ᠬᠠᠮᠤᠭ ᠤᠨ ᠶᠡᠬᠡ ᠳᠠᠪᠠᠭᠤᠯᠢᠭ ᠂ ᠬᠥᠭᠵᠢᠵᠦ ᠤᠷᠤᠭᠰᠢᠯᠠᠬᠤ ᠶᠢᠨ ᠬᠠᠮᠤᠭ ᠤᠨ ᠦᠨᠳᠦᠰᠦᠨ ᠪᠠᠲᠤᠯᠠᠭ᠎ᠠ ᠮᠥᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠵᠢᠨ ᠣᠯᠭᠣᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠶᠴᠡᠳᠬᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠠᠷᠠᠳ ᠤᠨ ᠰᠢᠭᠦᠬᠦ ᠬᠣᠷᠢᠶ᠎ᠠ ᠡᠷᠬᠡᠪᠰᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠭᠤᠢᠪᠠᠰᠢ ᠦᠭᠡᠢ ᠪᠡᠷ ᠪᠠᠷᠢᠮᠲᠠᠯᠠᠨ ᠴᠢᠩᠭᠠᠳᠬᠠᠵᠤ ᠂ ᠤᠯᠤᠰ ᠣᠷᠣᠨ ᠤ ᠠᠰᠢᠭ ᠲᠤᠰᠠ ᠪᠣᠯᠤᠨ ᠠᠷᠠᠳ ᠲᠦᠮᠡᠨ ᠦ ᠠᠰᠢᠭ ᠲᠤᠰᠠ ᠳᠤ ᠦᠨᠡᠨᠴᠢ᠂ ᠦᠨᠳᠦᠰᠦᠨ ᠬᠠᠤᠯᠢ ᠪᠤᠯᠤᠨ ᠬᠠᠤᠯᠢ ᠴᠠᠭᠠᠵᠠ ᠳᠤ ᠦᠨᠡᠨᠴᠢ᠂ ᠰᠢᠭᠦᠨ ᠲᠠᠰᠤᠯᠬᠤ ᠡᠭᠦᠷᠭᠡ ᠴᠢᠳᠠᠪᠤᠷᠢ ᠶᠢᠨ ᠦᠶᠯᠡᠳᠦᠯ ᠢᠶᠡᠨ ᠭᠦᠶᠴᠡᠳ ᠪᠠᠳᠠᠷᠠᠭᠤᠯᠵᠠᠶ᠃ ᠬᠠᠤᠯᠢ ᠴᠠᠭᠠᠵᠠ ᠶᠢᠨ ᠰᠢᠭᠦᠨ ᠲᠠᠰᠤᠯᠬᠤ ᠠᠵᠢᠯ ᠤᠨ ᠢᠮᠠᠭᠲᠠ ᠵᠥᠪ ᠴᠢᠭᠯᠡᠯ ᠢᠶᠡᠷ ᠤᠷᠤᠭᠰᠢᠯᠠᠬᠤ ᠪᠠ ᠬᠥᠭᠵᠢᠬᠦ ᠶᠢ ᠦᠨᠡᠨ ᠬᠦ ᠪᠠᠲᠤᠯᠠᠪᠠ᠃
ᠬᠣᠶᠠᠷ ᠲᠤ ᠠᠷᠠᠳ ᠲᠦᠮᠡᠨ ᠢᠶᠡᠷ ᠭᠣᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ ᠂ ᠠᠷᠠᠳ ᠤᠨ ᠰᠢᠭᠦᠬᠦ ᠬᠣᠷᠢᠶᠠᠨ ᠤ ᠠᠷᠠᠳᠴᠢ ᠴᠢᠨᠠᠷ ᠢ ᠣᠨᠣᠪᠴᠢᠲᠠᠶ ᠡᠵᠡᠮᠰᠢᠨ᠎ᠡ᠃ ᠠᠷᠠᠳ ᠲᠦᠮᠡᠨ ᠪᠣᠯ ᠬᠠᠤᠯᠢ ᠶᠣᠰᠣᠭᠠᠷ ᠤᠯᠤᠰ ᠢᠶᠠᠨ ᠵᠠᠰᠠᠬᠤ ᠭᠣᠣᠯ ᠴᠣᠭᠴᠠ ᠪᠠ ᠬᠦᠴᠦᠨ ᠴᠢᠳᠠᠯ ᠤᠨ ᠡᠬᠢ ᠪᠤᠯᠠᠭ ᠂ ᠮᠠᠷᠺᠰ ᠤᠨ ᠦᠵᠡᠯ ᠦᠨ ᠲᠦᠷᠦ ᠶᠢᠨ ᠨᠠᠮ ᠤᠨ ᠤᠯᠤᠰ ᠲᠦᠷᠦ ᠶᠢᠨ ᠮᠥᠨ ᠴᠢᠨᠠᠷ ᠢᠶᠠᠨ ᠡᠭᠦᠷᠢᠳᠡ ᠬᠠᠳᠠᠭᠠᠯᠠᠬᠤ ᠰᠢᠯᠢᠳᠡᠭ ᠵᠠᠩ ᠰᠤᠷᠲᠠᠯ ᠂ ᠠᠷᠠᠳ ᠤᠨ ᠰᠢᠭᠦᠬᠦ ᠬᠣᠷᠢᠶᠠᠨ ᠤ ᠦᠨᠳᠦᠰᠦᠨ ᠰᠢᠨᠵᠢ ᠴᠢᠨᠠᠷ ᠮᠥᠨ᠃ ᠠᠷᠠᠳ ᠲᠦᠮᠡᠨ ᠢᠶᠡᠷ ᠭᠣᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠠᠷᠠᠳ ᠤᠨ ᠰᠢᠭᠦᠬᠦ ᠬᠣᠷᠢᠶᠠᠨ ᠤ ᠡᠯ᠎ᠡ ᠵᠦᠢᠯ ᠦᠨ ᠰᠢᠶᠳᠪᠦᠷᠢᠲᠦ ᠪᠣᠳᠣᠯᠭ᠎ᠠ ᠶᠢᠨ ᠪᠠᠢᠷᠢᠭᠤᠯᠤᠯᠲᠠ ᠪᠠ ᠪᠣᠳᠠᠲᠠᠶ ᠠᠵᠢᠯ ᠤᠨ ᠳᠤᠮᠳᠠ ᠨᠠᠶᠢᠳᠠᠪᠤᠷᠢᠵᠢᠭᠤᠯᠵᠤ ᠂ ᠠᠷᠠᠳ ᠲᠦᠮᠡᠨ ᠦ ᠦᠨᠳᠦᠰᠦᠨ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠪᠠ ᠨᠠᠩ ᠥᠨᠳᠥᠷ ᠬᠠᠤᠯᠢ ᠴᠠᠭᠠᠵᠠ ᠶᠢᠨ ᠬᠡᠷᠡᠭᠴᠡᠭᠡ ᠪᠡᠷ ᠰᠢᠭᠦᠨ ᠲᠠᠰᠤᠯᠬᠤ ᠭᠦᠢᠴᠡᠳᠬᠡᠬᠦ ᠠᠵᠢᠯ ᠤᠨ ᠡᠭᠦᠰᠦᠯᠲᠡ ᠪᠠ ᠦᠷ᠎ᠡ ᠳ᠋ᠦᠩ ᠪᠣᠯᠭᠠᠵᠤ ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠨᠠᠩ ᠭᠦᠶᠴᠡᠳ ᠂ ᠵᠣᠯ ᠵᠢᠷᠭᠠᠯ ᠤᠨ ᠲᠥᠷᠥᠭᠳᠡᠯ ᠢ ᠨᠠᠩ ᠦᠷᠭᠦᠯᠵᠢᠯᠡᠨ ᠂ ᠠᠮᠤᠷ ᠲᠦᠪᠰᠢᠨ ᠦ ᠲᠥᠷᠥᠭᠳᠡᠯ ᠢ ᠨᠠᠩ ᠪᠠᠲᠤᠯᠠᠭ᠎ᠠ ᠲᠠᠶ ᠪᠣᠯᠭᠠᠬᠤ ᠪᠠᠷ ᠴᠢᠷᠮᠠᠶᠢᠨ᠎ᠠ ᠃
ᠭᠤᠷᠪᠠ ᠳᠤ ᠲᠥᠪ ᠭᠣᠣᠯᠴᠢ ᠪᠠᠷ ᠰᠢᠭᠦᠨ ᠲᠠᠰᠤᠯᠬᠤ ᠪᠠᠷ ᠨᠡᠶᠢᠭᠡᠮ ᠦᠨ ᠠᠩᠬᠠᠷᠤᠯ ᠲᠠᠯᠪᠢᠵᠤ ᠪᠠᠶᠢᠭ᠎ᠠ ᠵᠦᠶᠯ ᠳᠦ ᠬᠠᠷᠢᠭᠤᠯᠲᠠ ᠥᠭᠬᠦ ᠶᠢ ᠪᠠᠷᠢᠮᠲᠠᠯᠠᠵᠤ᠂ ᠠᠷᠠᠳ ᠤᠨ ᠰᠢᠭᠦᠬᠦ ᠬᠣᠷᠢᠶᠠᠨ ᠤ ᠬᠠᠷᠢᠭᠤ ᠥᠭᠬᠦ ᠴᠢᠨᠠᠷ ᠢ ᠣᠨᠣᠪᠴᠢᠲᠠᠶ ᠡᠵᠡᠮᠳᠡᠬᠦ ᠬᠡᠷᠡᠭᠲᠡᠶ᠃ ᠠᠷᠠᠳ ᠤᠨ ᠰᠢᠭᠦᠬᠦ ᠬᠣᠷᠢᠶ᠎ᠠ ᠲᠥᠪ ᠭᠣᠣᠯᠴᠢ ᠬᠠᠤᠯᠢ ᠴᠠᠭᠠᠵᠠ ᠶᠢᠨ ᠲᠠᠰᠤᠯᠤᠨ ᠲᠣᠭᠲᠠᠭᠠᠯᠲᠠ ᠪᠡᠷ ᠳᠠᠮᠵᠢᠭᠤᠯᠤᠨ ᠂ ᠠᠷᠠᠳ ᠣᠯᠠᠨ ᠤ ᠲᠥᠪ ᠭᠣᠣᠯᠴᠢ ᠰᠢᠳᠤᠷᠭᠤ ᠶᠣᠰᠣᠨ ᠤ ᠲᠤᠬᠠᠢ ᠬᠦᠰᠡᠯ ᠡᠷᠡᠮᠡᠯᠵᠡᠯ ᠳᠦ ᠬᠠᠷᠢᠭᠤᠯᠲᠠ ᠥᠭᠴᠦ ᠂ ᠲᠥᠪ ᠭᠣᠣᠯᠴᠢ ᠣᠨᠴᠠᠭᠠᠢ ᠬᠡᠷᠡᠭ ᠢ ᠰᠢᠭᠦᠨ ᠲᠠᠰᠤᠯᠬᠤ ᠪᠠᠷ ᠳᠠᠮᠵᠢᠭᠤᠯᠤᠨ ᠂ ᠨᠡᠢᠭᠡᠮ ᠵᠢᠷᠤᠮ ᠤᠨ ᠭᠣᠣᠯᠯᠠᠭᠴᠢ ᠥᠷᠲᠡᠭ ᠦᠨ ᠦᠵᠡᠯᠲᠡ ᠦᠢᠯᠡᠳᠦᠯᠭᠡᠵᠢᠭᠦᠯᠦᠨ᠎ᠡ᠃ ᠪᠣᠳᠠᠲᠤ ᠴᠣᠭᠴᠠ ᠶᠢᠨ ᠲᠥᠪ ᠭᠣᠣᠯᠴᠢ ᠬᠢᠭᠡᠳ ᠳᠡᠰ ᠳᠠᠷᠠᠭᠠᠯᠠᠯ ᠤᠨ ᠲᠥᠪ ᠭᠣᠣᠯᠴᠢ ᠪᠠᠢᠬᠤ ᠶᠢ ᠵᠦᠶ ᠵᠣᠬᠢᠰᠲᠠᠶ ᠬᠠᠮᠲᠤ ᠳᠤᠨᠢ ᠬᠠᠷᠠᠭᠠᠯᠵᠠᠬᠤ ᠶᠢ ᠪᠠᠷᠢᠮᠲᠠᠯᠠᠵᠤ ᠂ ᠠᠷᠠᠳ ᠤᠯᠠᠨ ᠤ ᠬᠦᠰᠡᠯ ᠱᠠᠭᠠᠷᠳᠠᠯᠭ᠎ᠠ ᠳᠤ ᠬᠠᠤᠯᠢ ᠶᠣᠰᠣᠭᠠᠷ ᠲᠥᠪ ᠭᠣᠣᠯᠴᠢ ᠪᠠᠷ ᠬᠠᠨᠳᠤᠵᠤ᠂ ᠬᠠᠤᠯᠢ ᠪᠠᠷᠢᠬᠤ ᠤᠯᠠᠨ ᠨᠡᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠤᠯᠢ ᠪᠠᠷᠢᠬᠤ ᠡᠷᠬᠡ ᠶᠢ ᠬᠠᠮᠠᠭᠠᠯᠠᠨ᠎ᠠ᠃ ᠬᠠᠤᠯᠢ ᠴᠠᠭᠠᠵᠠ ᠪᠠ ᠣᠯᠠᠨ ᠨᠡᠢᠢᠲᠡ ᠶᠢᠨ ᠠᠰᠢᠭ ᠲᠤᠰᠠ ᠶᠢ ᠬᠠᠮᠠᠭᠠᠯᠠᠬᠤ ᠦᠢᠯᠡ ᠠᠵᠢᠯᠯᠠᠭ᠎ᠠ ᠶᠢ ᠵᠣᠷᠢᠭᠵᠢᠭᠤᠯᠵᠤ ᠂ ᠬᠠᠤᠯᠢ ᠴᠠᠭᠠᠵᠠ ᠪᠠ ᠨᠡᠢᠭᠡᠮ ᠨᠡᠢᠢᠲᠡ ᠶᠢᠨ ᠶᠣᠰᠣ ᠮᠣᠷᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠵᠦ ᠂ ᠦᠨᠡᠨ ᠶᠣᠰᠣᠨ ᠤ ᠲᠥᠯᠥᠭᠡ ᠡᠷᠡᠯᠬᠡᠭᠯᠡᠨ ᠲᠡᠮᠡᠴᠡᠭᠰᠡᠳ ᠦᠨ ᠵᠣᠷᠢᠭᠲᠠᠢ ᠠᠵᠢᠯᠯᠠᠬᠤ ᠶᠢ ᠠᠬᠢᠭᠤᠯᠵᠤ᠂ ᠨᠡᠶᠢᠭᠡᠮ ᠵᠢᠷᠤᠮ ᠤᠨ ᠭᠣᠣᠯᠯᠠᠭᠴᠢ ᠦᠷᠳᠡᠭ ᠦᠨ ᠦᠵᠡᠯᠲᠡ ᠶᠢ ᠨᠡᠢᠭᠡᠮ ᠨᠡᠢᠲᠡ ᠶᠢᠨ ᠬᠠᠶᠢᠷ᠎ᠠ ᠰᠡᠳᠬᠢᠯᠭᠡ ᠶᠢᠨ ᠮᠡᠳᠡᠷᠡᠮᠵᠢ ᠪᠠ ᠦᠢᠯᠡ ᠠᠵᠢᠯᠯᠠᠭ᠎ᠠ ᠶᠢᠨ ᠳᠠᠳᠬᠠᠯ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃
ᠲᠦᠷᠪᠡ ᠳᠦ ᠂ ᠬᠠᠤᠯᠢ ᠪᠠᠷᠢᠬᠤ ᠨᠢ ᠠᠵᠤ ᠠᠬᠤᠶ ᠨᠡᠢᠭᠡᠮ ᠦᠨ ᠬᠥᠭᠵᠢᠯᠲᠡ ᠶᠢᠨ ᠶᠡᠬᠡ ᠲᠠᠯ᠎ᠠ ᠳᠤ ᠦᠶᠯᠡᠴᠢᠯᠡᠬᠦ ᠶᠢ ᠪᠠᠷᠢᠮᠲᠠᠯᠠᠵᠤ᠂ ᠠᠷᠠᠳ ᠤᠨ ᠰᠢᠭᠦᠬᠦ ᠬᠣᠷᠢᠶᠠᠨ ᠤ ᠨᠡᠶᠢᠭᠡᠮᠴᠢ ᠴᠢᠨᠠᠷ ᠢ ᠣᠨᠣᠪᠴᠢᠲᠠᠶ ᠡᠵᠡᠮᠰᠢᠬᠦ ᠬᠡᠷᠡᠭᠲᠡᠶ᠃ 《ᠪᠦᠬᠦ ᠲᠠᠯ᠎ᠠ ᠳᠤ ᠦᠶᠯᠡᠴᠢᠯᠡᠵᠦ᠂ ᠠᠷᠠᠳ ᠲᠦᠮᠡᠨ ᠦ ᠲᠥᠯᠥᠭᠡ ᠬᠠᠤᠯᠢ ᠪᠠᠷᠢᠬᠤ》 ᠪᠣᠯ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠥᠨᠢᠳᠡ ᠶᠢᠨ ᠭᠣᠣᠯ ᠰᠡᠳᠦᠪ ᠮᠥᠨ᠃ ᠦᠶᠯᠡᠴᠢᠯᠡᠭᠡᠨ ᠦ ᠲᠥᠪ ᠪᠠ ᠶᠡᠬᠡ ᠲᠠᠯ᠎ᠠ ᠳᠤ ᠦᠶᠯᠡᠴᠢᠯᠡᠬᠦ ᠶᠢ ᠢᠮᠠᠭᠲᠠ ᠴᠢᠬᠤᠯᠠ ᠠᠵᠢᠯ ᠤᠨ ᠲᠤᠰᠢᠶᠠᠯ ᠬᠠᠷᠢᠭᠤᠴᠠᠯᠭ᠎ᠠ ᠪᠣᠯᠭᠠᠬᠤ ᠶᠢ ᠪᠠᠷᠢᠮᠲᠠᠯᠠᠵᠤ᠂ ᠬᠠᠤᠯᠢ ᠪᠠᠷᠢᠬᠤ ᠦᠶᠯᠡᠴᠢᠯᠡᠭᠡᠨ ᠦ ᠪᠠᠲᠤᠯᠠᠭ᠎ᠠ ᠶᠢᠨ ᠤᠶᠠᠯᠳᠤᠯ ᠤᠨ ᠴᠡᠭ᠂ ᠬᠦᠴᠦᠯᠡᠬᠦ ᠴᠡᠭ ᠢ ᠣᠨᠣᠪᠴᠢᠲᠠᠶ ᠡᠷᠢᠬᠦ ᠬᠡᠷᠡᠭᠲᠡᠶ᠃ ᠬᠠᠤᠯᠢ ᠴᠠᠭᠠᠵᠠ ᠶᠢᠨ ᠰᠠᠨᠠᠭᠤᠯᠭ᠎ᠠ ᠂ ᠲᠠᠰᠤᠯᠤᠨ ᠲᠣᠭᠲᠠᠭᠠᠬᠤ ᠠᠷᠭ᠎ᠠ ᠂ ᠲᠥᠷᠥ ᠶᠢᠨ ᠪᠣᠳᠣᠯᠭ᠎ᠠ ᠶᠢᠨ ᠰᠢᠯᠭᠠᠯᠲᠠ᠂ ᠠᠰᠢᠭ ᠲᠤᠰᠠ ᠶᠢᠨ ᠲᠡᠩᠴᠡᠭᠦᠷᠢ ᠵᠡᠷᠭᠡ ᠶᠢ ᠢᠳᠡᠪᠬᠢᠲᠡᠢ ᠬᠡᠷᠡᠭᠯᠡᠵᠦ ᠂ ᠰᠢᠭᠦᠨ ᠲᠠᠰᠤᠯᠬᠤ ᠡᠭᠦᠷᠭᠡ ᠴᠢᠳᠠᠪᠤᠷᠢ ᠪᠠ ᠤᠷᠲᠤᠳᠬᠠᠬᠤ ᠴᠢᠳᠠᠮᠵᠢ ᠶᠢ ᠪᠠᠳᠠᠷᠠᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠬᠤ ᠳᠤ ᠦᠶᠯᠡᠴᠢᠯᠡᠬᠦ᠂ ᠤᠯᠤᠰ ᠤᠨ ᠴᠢᠬᠤᠯᠠ ᠶᠡᠬᠡ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ᠂ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠦᠨ ᠠᠵᠤ ᠠᠬᠤᠶ ᠶᠢᠨ ᠪᠠᠶᠢᠭᠤᠯᠤᠯ ᠤᠨ ᠲᠡᠭᠦᠯᠳᠡᠷᠵᠢᠯ ᠢ ᠠᠬᠢᠭᠤᠯᠬᠤ ᠵᠡᠷᠭᠡ ᠲᠠᠯ᠎ᠠ ᠪᠠᠷ ᠦᠶᠯᠡᠳᠦᠯ ᠢᠶᠡᠨ ᠭᠦᠶᠴᠡᠳ ᠪᠦᠲᠦᠮᠵᠢᠲᠡᠶ ᠪᠠᠳᠠᠷᠠᠭᠤᠯᠪᠠ᠃
ᠬᠠᠮᠤᠭ ᠰᠡᠭᠦᠯ ᠳᠦᠨᠢ ᠂ ᠰᠦ ᠯᠢ ᠵᠢᠶᠦ᠋ᠨ ᠢᠯᠡᠷᠬᠡᠶᠢᠯᠡᠭᠰᠡᠨ ᠨᠢ ᠂ ᠪᠦᠬᠦ ᠬᠣᠲᠠ ᠶᠢᠨ ᠰᠢᠭᠦᠬᠦ ᠬᠣᠷᠢᠶᠠᠨ ᠤ ᠰᠢᠰᠲ᠋ᠧᠮ ᠦᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠦᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠦᠨ ᠰᠤᠷᠭᠠᠯ ᠦᠭᠡ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠤᠨ ︽ᠰᠠᠨᠠᠭᠤᠯᠭ᠎ᠠ︾ ᠳᠤ ᠲᠣᠭᠲᠠᠭ᠎ᠠ ᠭᠰᠠᠨ ᠡᠯ᠎ᠡ ᠵᠦᠢᠯ ᠦᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠤᠱᠯᠠᠭᠤᠯᠤᠨ ᠨᠠᠢᠳᠠᠪᠤᠷᠢᠵᠢᠭᠤᠯᠤᠨ᠎ᠠ᠃ ᠰᠢ ᠶᠢᠨ ᠫᠢᠩ ᠦᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠠᠷᠠᠳ ᠤᠨ ᠰᠢᠭᠦᠬᠦ ᠬᠣᠷᠢᠶᠠᠨ ᠤ ᠠᠵᠢᠯ ᠤᠨ ᠪᠦᠬᠦ ᠶᠠᠪᠤᠴᠠ ᠪᠠ ᠡᠯ᠎ᠡ ᠲᠠᠯ᠎ᠠ ᠳᠤ ᠡᠷᠡᠰ ᠲᠤᠤᠱᠯᠠᠭᠤᠯᠤᠨ ᠨᠠᠢᠳᠠᠪᠤᠷᠢᠵᠢᠭᠤᠯᠬᠤ ᠂ ᠠᠷᠠᠳ ᠤᠨ ᠰᠢᠭᠦᠬᠦ ᠬᠣᠷᠢᠶᠠᠨ ᠤ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠡᠷ ᠭᠦᠢᠴᠡᠳᠬᠡᠵᠦ᠂ ᠠᠮᠤᠷ ᠠᠮᠤᠭᠤᠯᠠᠩ ᠣᠷᠳᠣᠰ᠂ ᠬᠠᠤᠯᠢ ᠪᠠᠷ ᠵᠠᠰᠠᠬᠤ ᠣᠷᠳᠣᠰ ᠤᠨ ᠪᠦᠲᠦᠭᠡᠨ ᠪᠠᠶᠢᠭᠤᠯᠤᠯᠲᠠ ᠳᠤ ᠬᠠᠮᠲᠤ ᠪᠠᠷ ᠰᠢᠨ᠎ᠡ ᠬᠤᠪᠢ ᠨᠡᠮᠡᠷᠢ ᠦᠵᠡᠭᠦᠯᠪᠡ᠃
ᠦᠨᠡᠯᠡᠬᠦ 0ᠦᠨᠡᠯᠡᠯᠲᠡ ᠲᠠᠢ