ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠰᠤᠳᠤᠯᠤᠨ ᠪᠦᠲᠦᠭᠡᠭᠰᠡᠨ ᠬᠠᠤᠯᠢ ᠴᠠᠭᠠᠵᠠ ᠶ᠋ᠢᠨ ᠬᠡᠷᠡᠭ  ᠵᠢᠱ᠌ᠢᠶ᠎ᠡ ᠶ᠋ᠢᠨ ᠡᠭᠦᠯᠡᠨ ᠵᠢᠯᠣᠭᠣᠳᠤᠯᠭ᠎ᠠ ᠨᠢ 2020 ᠣᠨ ᠤ᠋ ᠢᠨᠲ᠋ᠧᠷ ᠰᠦᠯᠵᠢᠶ᠎ᠡ + ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡ ᠶ᠋ᠢᠨ ᠰᠢᠨ᠎ᠡ ᠶ᠋ᠢ ᠡᠭᠦᠳᠬᠦ ᠬᠡᠷᠡᠭᠯᠡᠭᠡᠨ ᠦ᠌ ᠱᠠᠩᠨᠠᠯ ᠢ ᠬᠦᠷᠲᠡᠪᠡ
2020.12.22 ᠲᠣᠰ ᠥᠷᠲᠡᠭᠡᠨ ᠦ ᠨᠠᠢᠷᠠᠭᠤᠯᠤᠭᠴᠢ

 

     2020 ᠣᠨ ᠤ᠋ 11  ᠰᠠᠷ᠎ᠠ ᠶ᠋ᠢᠨ 24 ᠦ᠌ ᠡᠳᠦᠷ ᠂ ᠳᠤᠮᠳᠠᠳᠤ ᠤᠯᠤᠰ ᠤ᠋ᠨ ᠺᠣᠮᠫᠢᠶᠦ᠋ᠲ᠋ᠧᠷ ᠦ᠋ᠨ ᠬᠡᠷᠡᠭᠯᠡᠭᠴᠢᠳ ᠦ᠋ᠨ ᠨᠡᠢᠭᠡᠮᠯᠢᠭ ᠦ᠋ᠨ ᠵᠠᠰᠠᠭ ᠤ᠋ᠨ ᠶᠠᠪᠤᠳᠠᠯ ᠤ᠋ᠨ ᠮᠡᠳᠡᠭᠡᠯᠡᠯ ᠦ᠋ᠨ ᠰᠠᠯᠪᠤᠷᠢ ᠨᠡᠢᠭᠡᠮᠯᠢᠭ ᠦ᠋ᠨ ᠭᠣᠣᠯᠯᠠᠨ ᠡᠷᠬᠢᠯᠡᠭᠰᠡᠨ 2020 ᠣᠨ ᠤ᠋ ᠵᠠᠰᠠᠭ ᠤ᠋ᠨ ᠭᠠᠵᠠᠷ ᠤ᠋ᠨ ᠰᠢᠯᠢᠳᠡᠭ ᠪᠦᠲᠦᠭᠡᠨ ᠪᠠᠢᠭᠤᠯᠤᠯᠲᠠ ᠪᠣᠯᠤᠨ ᠤᠳᠤᠷᠢᠳᠬᠤ ᠲᠤᠷᠰᠢᠯᠭ᠎ᠠ ᠰᠣᠯᠢᠯᠴᠠᠬᠤ ᠶᠡᠬᠡ ᠬᠤᠷᠠᠯ ᠨᠢ ᠬᠠᠢᠨᠠᠨ ᠮᠣᠵᠢ ᠶ᠋ᠢᠨ ᠬᠠᠶᠢᠺᠸᠤ ᠬᠣᠲᠠ ᠳᠦ ᠶᠠᠪᠤᠭᠳᠠᠯ᠎ᠠ᠃ ᠲᠤᠰ ᠤᠳᠠᠭᠠᠨ ᠤ᠋ ᠬᠤᠷᠠᠯ ᠳ᠋ᠤ᠌ ᠪᠠᠢᠭᠠᠯᠢ ᠶ᠋ᠢᠨ ᠡᠬᠢ ᠪᠠᠶᠠᠯᠢᠭ ᠤ᠋ᠨ ᠶᠠᠮᠤᠨ ᠂ ᠠᠮᠢ ᠠᠬᠤᠢ ᠣᠷᠴᠢᠨ ᠲᠣᠭᠣᠷᠢᠨ ᠤ᠋ ᠶᠠᠮᠤᠨ ᠂ ᠳᠣᠲᠣᠭᠠᠳᠤ ᠶ᠋ᠢ ᠬᠠᠮᠠᠭᠠᠯᠠᠬᠤ ᠶᠠᠮᠤᠨ ᠵᠡᠷᠭᠡ 20 ᠭᠠᠷᠤᠢ ᠤᠯᠤᠰ ᠤ᠋ᠨ  ᠵᠥᠪᠯᠡᠯ ᠪᠠᠢᠵᠤ ᠂ ᠠᠷᠠᠳ ᠤ᠋ᠨ ᠳᠡᠭᠡᠳᠦ ᠵᠡᠷᠭᠡ ᠵᠢᠨ ᠰᠢᠭᠦᠬᠦ ᠬᠣᠷᠢᠶ᠎ᠠ ᠂ ᠱᠠᠩᠬᠠᠢ  ᠬᠤᠲᠠ ᠶ᠋ᠢᠨ ᠳᠡᠭᠡᠳᠦ ᠵᠡᠷᠭᠡ ᠶ᠋ᠢᠨ ᠰᠢᠭᠦᠬᠦ ᠬᠣᠷᠢᠶ᠎ᠠ ᠂ ᠪᠡᠭᠡᠵᠢᠩ ᠬᠤᠲᠠ ᠵᠢᠨ ᠳᠡᠭᠡᠳᠦ ᠵᠡᠷᠭᠡ ᠶ᠋ᠢᠨ ᠰᠢᠭᠦᠬᠦ ᠬᠣᠷᠢᠶ᠎ᠠ  ᠵᠡᠷᠭᠡ 20 ᠭᠠᠷᠤᠢ ᠰᠢᠭᠦᠬᠦ ᠬᠣᠷᠢᠶ᠎ᠠ ᠂ ᠾᠧᠪᠧᠢ ᠮᠣᠵᠢ ᠶ᠋ᠢᠨ ᠵᠠᠰᠠᠭ ᠤ᠋ᠨ ᠣᠷᠳᠣᠨ ᠂ ᠯᠢᠶᠣᠤᠨᠢᠩ ᠮᠣᠵᠢ ᠶ᠋ᠢᠨ ᠵᠠᠰᠠᠭ ᠤ᠋ᠨ ᠣᠷᠳᠣᠨ ᠵᠡᠷᠭᠡ 150 ᠭᠠᠷᠤᠢ ᠡᠯ᠎ᠡ ᠱᠠᠲᠤᠨ ᠤ᠋ ᠵᠠᠰᠠᠭ ᠤ᠋ᠨ ᠣᠷᠳᠣᠨ ᠤᠷᠤᠯᠴᠠᠭᠰᠠᠨ ᠶᠤᠮ᠃ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠪᠡᠶ᠎ᠡ ᠪᠡᠨ ᠳᠠᠭᠠᠭᠠᠵᠤ ᠰᠤᠳᠤᠯᠤᠨ ᠦᠢᠯᠡᠳᠦᠭᠰᠡᠨ ᠬᠠᠤᠯᠢ ᠴᠠᠭᠠᠵᠠ ᠶ᠋ᠢᠨ ᠬᠡᠷᠡᠭ ᠦ᠋ᠨ ᠵᠢᠱ᠌ᠢᠶ᠎ᠡ ᠡᠭᠦᠯᠡᠨ ᠵᠢᠯᠣᠭᠣᠳᠤᠯᠭ᠎ᠠ ᠶ᠋ᠢᠨ ᠰᠢᠰᠲ᠋ᠧᠮ ᠨᠢ 2020 ᠣᠨ ᠤ᠋ ᠢᠨᠲ᠋ᠧᠷ ᠰᠦᠯᠵᠢᠶ᠎ᠡ + ᠵᠠᠰᠠᠭ ᠤ᠋ᠨ ᠶᠠᠪᠤᠳᠠᠯ ᠤ᠋ᠨ ᠦᠢᠯᠡᠴᠢᠯᠡᠭᠡ ᠶ᠋ᠢᠨ ᠰᠢᠨ᠎ᠡ ᠶ᠋ᠢ ᠡᠭᠦᠳᠬᠦ ᠬᠡᠷᠡᠭᠯᠡᠭᠡᠨ ᠦ᠌ APP  ᠱᠠᠩᠨᠠᠯ ᠢ᠋ ᠬᠦᠷᠲᠡᠪᠡ᠃


     

      ᠤᠷᠴᠢᠮ ᠤᠨ ᠬᠡᠳᠦᠨ ᠵᠢᠯ ᠦᠳ ᠲᠤ᠂ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠮᠡᠳᠡᠭᠡᠯᠡᠯ ᠦ᠋ᠨ ᠪᠦᠲᠦᠭᠡᠨ ᠪᠠᠢᠭᠤᠯᠤᠯᠲᠠ ᠶ᠋ᠢᠨ ᠵᠠᠮ ᠳ᠋ᠤ᠌ ᠲᠠᠰᠤᠷᠠᠯᠲᠠ ᠦᠭᠡᠢ ᠡᠷᠢᠯᠬᠢᠯᠡᠨ ᠤᠷᠤᠭᠰᠢᠯᠠᠵᠤ ᠠᠩᠬᠠᠨ ᠤ ᠠᠮᠵᠢᠯᠲᠠ ᠤᠯᠤᠭᠰᠠᠨ ᠪᠠᠢᠨ᠎ᠠ᠃
      ᠲᠤᠰ ᠤᠳᠠᠭ᠎ᠠ ᠱᠠᠩᠨᠠᠯ ᠬᠦᠷᠲᠡᠭᠰᠡᠨ ᠬᠠᠤᠯᠢ ᠴᠠᠭᠠᠵᠠ ᠶ᠋ᠢᠨ ᠬᠡᠷᠡᠭ  ᠵᠢᠱ᠌ᠢᠶ᠎ᠡ ᠶ᠋ᠢᠨ ᠡᠭᠦᠯᠡᠨ ᠵᠢᠯᠣᠭᠣᠳᠤᠯᠭ᠎ᠠ ᠶ᠋ᠢᠨ ᠰᠢᠰᠲ᠋ᠧᠮ ᠢ᠋ 2020 ᠣᠨ ᠤ᠋ 5 ᠰᠠᠷ᠎ᠠ ᠶ᠋ᠢᠨ 24 ᠦ᠌ ᠡᠳᠦᠷ ᠡᠴᠡ ᠡᠬᠢᠯᠡᠨ  ᠪᠦᠲᠦᠭᠡᠨ ᠪᠠᠢᠭᠤᠯᠵᠤ ᠂ ᠨᠢᠭᠡᠳᠦᠯᠲᠡᠢ ᠲᠠᠰᠤᠯᠤᠨ ᠲᠣᠭᠲᠠᠭᠠᠯᠲᠠ ᠶ᠋ᠢᠨ ᠪᠠᠷᠢᠮᠵᠢᠶ᠎ᠠ ᠶ᠋ᠢ ᠪᠡᠶᠡᠯᠡᠭᠦᠯᠬᠦ ᠂ ᠬᠡᠷᠡᠭ ᠵᠢᠱᠢᠶ᠎ᠡ ᠵᠢᠨ ᠲᠠᠰᠤᠯᠤᠨ ᠲᠣᠭᠲᠠᠭᠠᠯᠲᠠ ᠶ᠋ᠢᠨ ᠦᠷ᠎ᠡ ᠠᠰᠢᠭ ᠢ᠋ ᠳᠡᠭᠡᠭᠰᠢᠯᠡᠭᠦᠯᠬᠦ ᠂ ᠲᠠᠰᠤᠯᠤᠨ ᠲᠣᠭᠲᠠᠭᠠᠯᠲᠠ ᠶ᠋ᠢᠨ ᠡᠷᠬᠡ ᠰᠦᠷᠲᠦ ᠴᠢᠨᠠᠷ ᠢ᠋ ᠳᠡᠭᠡᠭᠰᠢᠯᠡᠭᠦᠯᠬᠦ ᠵᠡᠷᠭᠡ ᠲᠠᠯ᠎ᠠ ᠳᠦ ᠢᠳᠡᠪᠬᠢᠲᠡᠢ ᠦᠢᠯᠡᠳᠦᠯ ᠦᠵᠡᠭᠦᠯᠪᠡ ᠃ ᠰᠢᠰᠲ᠋ᠧᠮ ᠦ᠋ᠨ ᠳᠣᠲᠣᠭᠠᠳᠤ ᠪᠦᠲᠦᠭᠡᠨ ᠪᠠᠢᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠥᠨᠳᠥᠷ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠠᠤᠯᠢ ᠴᠠᠭᠠᠵᠠ ᠶ᠋ᠢᠨ ᠬᠡᠷᠡᠭ ᠵᠢᠱ᠌ᠢᠶ᠎ᠡ ᠳ᠋ᠠᠢᠲ᠋ᠠ ᠬᠥᠮᠥᠷᠭᠡ ᠶ᠋ᠢᠨ ᠬᠠᠷᠢᠴᠠᠭᠠᠨ ᠤ᠋ ᠬᠡᠯᠪᠡᠷᠢ ᠶ᠋ᠢᠨ ᠬᠡᠷᠡᠭ  ᠵᠢᠱ᠌ᠢᠶ᠎ᠡ ᠵᠢᠨ ᠳ᠋ᠠᠢᠲ᠋ᠠ ᠬᠥᠮᠥᠷᠭᠡ ᠂ ᠲᠠᠰᠤᠯᠤᠨ ᠲᠣᠭᠲᠠᠭᠠᠯᠲᠠ ᠶ᠋ᠢ ᠳᠠᠭᠠᠭᠤᠯᠬᠤ ᠳ᠋ᠠᠢᠲ᠋ᠠ ᠬᠥᠮᠥᠷᠭᠡ ᠂ ᠬᠠᠤᠯᠢ ᠴᠠᠭᠠᠵᠠ ᠬᠠᠤᠯᠢ ᠲᠣᠭᠲᠠᠭᠠᠯ ᠤ᠋ᠨ ᠳ᠋ᠠᠢᠲ᠋ᠠ ᠬᠥᠮᠥᠷᠭᠡ ᠂ ᠮᠡᠳᠡᠯᠭᠡ ᠴᠢᠭ ᠦ᠋ᠨ ᠳ᠋ᠠᠢᠲ᠋ᠠ ᠬᠥᠮᠥᠷᠭᠡ ᠂ ᠪᠦᠬᠦ ᠠᠭᠤᠯᠭ᠎ᠠ ᠶ᠋ᠢ ᠡᠷᠢᠬᠦ ᠳ᠋ᠠᠢᠲ᠋ᠠ ᠬᠥᠮᠥᠷᠭᠡ ᠵᠡᠷᠭᠡ ᠳᠦ ᠰᠠᠭᠤᠷᠢᠯᠠᠭᠰᠠᠨ ᠪᠠᠢᠨ᠎ᠠ᠃ ᠰᠢᠰᠲ᠋ᠧᠮ ᠦ᠋ᠨ ᠲᠣᠭ᠎ᠠ ᠪᠠᠷᠢᠮᠲᠠ ᠨᠢ ᠪᠦᠬᠦ ᠣᠷᠣᠨ ᠤ᠋ ᠰᠢᠭᠦᠬᠦ ᠬᠣᠷᠢᠶ᠎ᠠ ᠶ᠋ᠢᠨ ᠵᠠᠰᠠᠭ ᠵᠠᠬᠢᠷᠭᠠᠨ ᠂ ᠠᠷᠠᠳ ᠤ᠋ᠨ ᠳᠤᠮᠳᠠᠬᠢ ᠵᠢᠭᠡᠯᠡᠯᠭᠡ ᠂ ᠭᠡᠷ᠎ᠡ ᠶ᠋ᠢᠨ ᠵᠢᠭᠤᠷᠠᠯᠳᠤᠭᠠᠨ ᠤ᠋ ᠲᠥᠷᠥᠯ ᠵᠦᠢᠯ ᠂ ᠠᠶᠤᠯ ᠲᠠᠢ  ᠲᠡᠷᠭᠡ ᠵᠢᠯᠣᠭᠣᠳᠤᠭᠰᠠᠨ ᠵᠡᠷᠭᠡ ᠬᠡᠷᠡᠭ  ᠵᠢᠱᠢᠶ᠎ᠡ ᠶᠢ ᠦᠨᠡᠯᠡᠨ ᠪᠠᠢᠴᠠᠭᠠᠭᠰᠠᠨ ᠦᠷ᠎ᠡ ᠳ᠋ᠦᠩ ᠡᠴᠡ ᠢᠷᠡᠯᠲᠡ ᠲᠡᠢ ᠃ ᠰᠢᠰᠲ᠋ᠧᠮ ᠨᠢ ᠵᠠᠩᠭᠢᠯᠠᠭ᠎ᠠ ᠶ᠋ᠢᠨ ᠦᠭᠡ ᠂ ᠬᠡᠷᠡᠭ ᠵᠢᠱᠢᠶ᠎ᠡ᠂ ᠲᠥᠷᠥᠯ ᠵᠦᠢᠯ ᠵᠡᠷᠭᠡ ᠮᠡᠳᠡᠭᠡ ᠵᠠᠩᠭᠢ ᠶ᠋ᠢ ᠦᠨᠳᠦᠰᠦᠯᠡᠨ ᠬᠡᠷᠡᠭ  ᠵᠢᠱ᠌ᠢᠶ᠎ᠡ ᠶ᠋ᠢ ᠨᠠᠷᠢᠯᠢᠭ ᠣᠨᠣᠪᠴᠢᠲᠠᠢ ᠪᠠᠢᠴᠠᠭᠠᠨ ᠯᠠᠪᠯᠠᠬᠤ ᠪᠠ ᠲᠦᠯᠬᠢᠨ  ᠬᠦᠷᠭᠡᠵᠦ᠂ ᠲᠠᠰᠤᠯᠤᠨ ᠲᠣᠭᠲᠠᠭᠠᠯᠲᠠ  ᠳᠦ ᠵᠢᠯᠣᠭᠣᠳᠤᠮᠵᠢ ᠪᠣᠯᠬᠤ  ᠪᠤᠶᠤ ᠵᠢᠯᠣᠭᠣᠳᠤᠯᠭ᠎ᠠ ᠶ᠋ᠢᠨ ᠴᠢᠨᠠᠷᠲᠠᠢ ᠬᠡᠷᠡᠭ  ᠵᠢᠱ᠌ᠢᠶ᠎ᠡ ᠶ᠋ᠢ ᠡᠷᠢᠬᠦ ᠵᠡᠷᠭᠡ ᠴᠢᠳᠠᠮᠵᠢ ᠶ᠋ᠢ ᠪᠡᠶᠡᠯᠡᠭᠦᠯᠦᠭᠰᠡᠨ ᠪᠠᠢᠨ᠎ᠠ ᠃ ᠡᠭᠦᠨ ᠡᠴᠡ ᠭᠠᠳᠠᠨ᠎ᠠ ᠂ ᠬᠠᠤᠯᠢ ᠬᠡᠷᠡᠭᠵᠢᠭᠦᠯᠬᠦ ᠬᠡᠷᠡᠭ  ᠵᠢᠱ᠌ᠢᠶ᠎ᠡ ᠳ᠋ᠡᠬᠢ ᠡᠭᠦᠯᠡᠨ ᠵᠢᠯᠣᠭᠣᠳᠤᠯᠭ᠎ᠠ ᠨᠢ ᠳᠣᠲᠣᠭᠠᠳᠤ ᠭᠠᠳᠠᠭᠠᠳᠤ ᠶ᠋ᠢᠨ ᠰᠦᠯᠵᠢᠶ᠎ᠡ ᠶ᠋ᠢ ᠰᠠᠯᠭᠠᠵᠤ ᠂ ᠳᠣᠲᠣᠭᠠᠳᠤ ᠭᠠᠳᠠᠭᠠᠳᠤ ᠶ᠋ᠢᠨ ᠰᠦᠯᠵᠢᠶ᠎ᠡ ᠶ᠋ᠢ ᠰᠠᠯᠭᠠᠬᠤ ᠶ᠋ᠢ  ᠪᠡᠶᠡᠯᠡᠭᠦᠯᠬᠦ ᠪᠠᠢᠷᠢᠯᠠᠭᠤᠯᠤᠯᠲᠠ ᠨᠢ ᠳᠣᠲᠣᠭᠠᠳᠤ ᠬᠣᠲᠠ ᠶ᠋ᠢᠨ ᠰᠢᠭᠦᠬᠦ ᠬᠣᠷᠢᠶᠠᠨ ᠤ᠋ ᠰᠢᠭᠦᠭᠴᠢ ᠳ᠋ᠦ᠍ ᠦᠢᠯᠡᠴᠢᠯᠡᠵᠦ ᠂ ᠭᠠᠳᠠᠭᠠᠳᠤ ᠤᠯᠤᠰ ᠲᠤ᠌ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠂ ᠪᠠᠢᠴᠠᠭᠠᠬᠤ ᠪᠠᠢᠭᠤᠯᠭ᠎ᠠ ᠂ ᠬᠠᠤᠯᠢ ᠴᠠᠭᠠᠵᠠ ᠶ᠋ᠢᠨ ᠵᠠᠰᠠᠭ ᠵᠠᠬᠢᠷᠭᠠᠨ ᠤ᠋ ᠪᠠᠢᠭᠤᠯᠭ᠎ᠠ ᠂ ᠬᠠᠤᠯᠢᠴᠢ ᠶ᠋ᠢᠨ ᠬᠡᠷᠡᠭ ᠡᠷᠬᠢᠯᠡᠬᠦ ᠭᠠᠵᠠᠷ ᠵᠡᠷᠭᠡ ᠡᠯ᠎ᠡ ᠲᠥᠷᠥᠯ ᠦ᠋ᠨ ᠬᠠᠤᠯᠢ ᠴᠠᠭᠠᠵᠠ ᠶ᠋ᠢᠨ ᠠᠵᠢᠯᠲᠠᠨ ᠪᠠ ᠥᠷᠭᠡᠨ ᠣᠯᠠᠨ ᠠᠷᠠᠳ ᠲᠦᠮᠡᠨ ᠳ᠋ᠦ᠍ ᠦᠢᠯᠡᠴᠢᠯᠡᠵᠦ ᠪᠣᠯᠬᠤ ᠬᠠᠤᠯᠢ ᠴᠠᠭᠠᠵᠠ ᠶ᠋ᠢᠨ  ᠦᠷ᠎ᠡ ᠠᠰᠢᠭ ᠢ ᠳᠡᠭᠡᠭᠰᠢᠯᠡᠭᠦᠯᠦᠭᠰᠡᠨ ᠪᠠᠢᠨ᠎ᠠ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )