ᠰᠠᠬᠢᠯᠭ᠎ᠠ ᠪᠠᠲᠤ ᠶ᠋ᠢ ᠤᠯᠠᠮ ᠨᠢᠭᠡ ᠠᠯᠬᠤᠮ ᠴᠢᠩᠭ᠎ᠠ ᠲᠣᠳᠣᠷᠬᠠᠢ ᠪᠣᠯᠭᠠᠵᠤ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠳᠡᠬᠦ ᠠᠵᠢᠯ ᠢ᠋ ᠬᠦᠴᠦᠲᠡᠢ ᠪᠥᠭᠡᠳ ᠡᠮᠬᠢ ᠵᠢᠷᠤᠮ ᠲᠠᠢ ᠪᠠᠷ ᠥᠷᠨᠢᠭᠦᠯᠬᠦ ᠶ᠋ᠢ ᠲᠦᠯᠬᠢᠨ ᠠᠬᠢᠭᠤᠯᠬᠤ ᠶ᠋ᠢᠨ ᠲᠤᠰᠠᠳᠠ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠲᠡᠢᠨ ᠳ᠋ᠦ᠍ ᠡᠷᠡᠰ ᠴᠣᠬᠢᠯᠲᠠ ᠥᠭᠬᠦ ᠬᠡᠷᠡᠭᠲᠡᠢ᠃ ᠣᠳᠣ ᠪᠦᠬᠦ ᠬᠣᠲᠠ ᠶ᠋ᠢᠨ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠳ᠋ᠤ᠌ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠳᠤᠮᠳᠠ 《ᠠᠷᠪᠠ ᠶ᠋ᠢ ᠳᠠᠭᠠᠭᠤᠯᠬᠤ᠂ ᠠᠷᠪᠠ ᠶᠢ ᠴᠠᠭᠠᠵᠠᠯᠠᠬᠤ 》 ᠰᠠᠬᠢᠯᠭ᠎ᠠ ᠪᠠᠲᠤ ᠶ᠋ᠢᠨ ᠱᠠᠭᠠᠷᠳᠠᠯᠭ᠎ᠠ ᠶᠢ ᠳᠤᠷᠠᠳᠪᠠ᠃
ᠨᠢᠭᠡ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠲᠤᠬᠠᠢ ᠨᠠᠮ ᠤ᠋ᠨ ᠲᠥᠪ ᠬᠣᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠂ ᠬᠣᠲᠠ ᠶ᠋ᠢᠨ ᠨᠠᠮ ᠤ᠋ᠨ ᠬᠣᠷᠢᠶᠠᠨ ᠤ᠋ ᠴᠠᠭᠠᠵᠠᠯᠠᠬᠤ ᠴᠢᠨᠠᠷᠲᠠᠢ ᠲᠣᠭᠲᠠᠭᠠᠯ ᠠ᠋ᠴᠠ ᠵᠥᠷᠢᠴᠡᠭᠰᠡᠨ ᠶᠠᠪᠤᠳᠠᠯ ᠢ᠋ ᠴᠢᠩᠭ᠎ᠠ ᠴᠠᠭᠠᠵᠠᠯᠠᠨ᠎ᠠ᠃ ᠨᠠᠮ ᠤ᠋ᠨ ᠲᠥᠪ ᠬᠣᠷᠢᠶᠠᠨ ᠤ᠋ ᠰᠢᠢᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠂ ᠬᠣᠲᠠ ᠂ ᠬᠣᠷᠢᠶᠠᠨ ᠤ᠋ ᠡᠯ᠎ᠡ ᠱᠠᠲᠤᠨ ᠤ᠋ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠤᠳᠤᠷᠢᠳᠬᠤ ᠳᠤᠭᠤᠢᠯᠠᠩ ᠤ᠋ᠨ ᠡᠯ᠎ᠡ ᠵᠦᠢᠯ ᠦ᠋ᠨ ᠲᠣᠬᠢᠷᠠᠭᠤᠯᠤᠯᠲᠠ ᠪᠠᠢᠷᠢᠯᠠᠭᠤᠯᠤᠯᠲᠠ ᠶ᠋ᠢ ᠲᠦᠷᠦᠭᠦᠯᠡᠨ ᠲᠤᠤᠱᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ ᠃
ᠬᠣᠶᠠᠷ ᠂ ᠲᠤᠰᠢᠶᠠᠯ ᠤ᠋ᠨ ᠪᠠᠢᠷᠢ ᠠ᠋ᠴᠠ ᠪᠠᠨ ᠳᠤᠷ᠎ᠠ ᠪᠠᠷ ᠢ᠋ᠶ᠋ᠠᠨ ᠰᠠᠯᠬᠤ ᠂ ᠪᠠᠢᠯᠳᠤᠭᠠᠨ ᠤ᠋ ᠲᠠᠯᠠᠪᠤᠷ ᠠ᠋ᠴᠠ ᠤᠬᠤᠷᠢᠬᠤ ᠂ ᠬᠠᠷᠢᠭᠤᠴᠠᠯᠭ᠎ᠠ ᠠᠯᠳᠠᠵᠤ ᠲᠤᠰᠢᠶᠠᠯ ᠢ᠋ᠶ᠋ᠠᠨ ᠭᠤᠲᠤᠭᠠᠭᠰᠠᠨ ᠵᠡᠷᠭᠡ ᠠᠵᠢᠯᠯᠠᠭ᠎ᠠ ᠶ᠋ᠢ ᠴᠢᠩᠭ᠎ᠠ ᠴᠠᠭᠠᠵᠠᠯᠠᠬᠤ ᠬᠡᠷᠡᠭᠲᠡᠢ ᠃ ᠪᠡᠶ᠎ᠡ ᠪᠡᠷ ᠢ᠋ᠶ᠋ᠡᠨ ᠲᠦᠷᠦᠭᠦᠯᠡᠨ ᠰᠡᠷᠭᠡᠢᠯᠡᠯᠲᠡ ᠳ᠋ᠤ᠌ ᠣᠷᠣᠯᠴᠠᠵᠤ ᠂ ᠪᠡᠶ᠎ᠡ ᠪᠡᠷ ᠢ᠋ᠶ᠋ᠡᠨ ᠬᠡᠪ ᠳᠠᠭᠤᠷᠢᠶᠠᠯ ᠪᠣᠯᠵᠤ ᠂ ᠵᠢᠯᠣᠭᠣᠳᠤᠯᠭ᠎ᠠ ᠶ᠋ᠢ ᠳᠠᠭᠠᠵᠤ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠡᠵᠡᠮᠰᠢᠬᠦ ᠨᠢᠭᠡᠳᠦᠭᠡᠷ ᠹᠷᠣᠨᠲ ᠲᠤ᠌ ᠵᠣᠭᠰᠣᠵᠤ ᠂ ᠬᠠᠮᠢᠭ᠎ᠠ ᠡᠭᠦᠷᠭᠡ ᠬᠦᠨᠳᠦ ᠪᠠᠢᠪᠠᠯ ᠲᠡᠨᠳᠡ ᠰᠢᠭᠦᠬᠦ ᠬᠣᠷᠢᠶᠠᠨ ᠤ᠋ ᠺᠠᠲ᠋ᠷ ᠴᠠᠭᠳᠠᠭ᠎ᠠ ᠳᠠᠭᠤᠷᠢᠶᠠᠯ ᠪᠤᠯᠠᠬᠤ ᠬᠡᠷᠡᠭᠲᠡᠢ ᠃
ᠭᠤᠷᠪᠠ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠢ᠋ ᠥᠪᠡᠷᠲᠡᠭᠡᠨ ᠡᠵᠡᠨ ᠮᠡᠳᠡᠵᠦ ᠰᠢᠢᠳᠪᠦᠷᠢᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠬᠢᠵᠢᠭ᠌ ᠦ᠋ᠨ ᠪᠠᠢᠳᠠᠯ ᠤ᠋ᠨ ᠠᠵᠢᠯ ᠤ᠋ᠨ ᠵᠢᠭᠠᠪᠤᠷᠢ ᠠᠪᠴᠤ ᠮᠡᠳᠡᠭᠦᠯᠬᠦ ᠳᠦᠷᠢᠮ ᠢ᠋ ᠲᠦᠷᠦᠭᠦᠯᠡᠨ ᠴᠢᠩᠭᠠᠳᠬᠠᠵᠤ ᠂ ᠡᠮᠨᠡᠯᠭᠡ ᠶ᠋ᠢᠨ ᠬᠣᠷᠢᠶᠠᠨ ᠤ᠋ ᠰᠡᠷᠭᠡᠢᠯᠡᠨ ᠬᠢᠵᠠᠭᠠᠷᠯᠠᠬᠤ ᠠᠯᠪᠠᠨ ᠭᠡᠷ ᠡᠴᠡ ᠨᠢᠭᠡᠳᠦᠯᠲᠡᠢ ᠵᠢᠯᠣᠭᠣᠳᠤᠭᠤᠯᠬᠤ ᠶ᠋ᠢ ᠰᠣᠨᠣᠰᠬᠤ ᠬᠡᠷᠡᠭᠲᠡᠢ ᠃
ᠳᠥᠷᠪᠡ ᠂ ᠬᠤᠪᠢ ᠬᠥᠮᠦᠨ ᠵᠢᠴᠢ ᠭᠡᠷ ᠪᠦᠯᠢ ᠶ᠋ᠢᠨ ᠬᠢᠵᠢᠭ ᠦ᠋ᠨ ᠪᠠᠢᠳᠠᠯ ᠢ᠋ ᠨᠢᠭᠤᠨ ᠳᠠᠯᠳᠠᠯᠠᠬᠤ ᠶ᠋ᠢ ᠴᠢᠩᠭ᠎ᠠ ᠴᠠᠭᠠᠵᠠᠯᠠᠬᠤ ᠬᠠᠮᠢᠶ᠎ᠠ ᠪᠦᠬᠦᠢ ᠪᠠᠢᠳᠠᠯ ᠭᠡᠷ ᠪᠦᠯᠢ ᠶ᠋ᠢᠨ ᠴᠢᠬᠤᠯᠠ ᠪᠦᠬᠦᠢ ᠲᠤᠰᠠᠭᠠᠷᠯᠠᠬᠤ ᠂ ᠬᠢᠵᠢᠭ᠌ ᠦ᠋ᠨ ᠪᠠᠢᠳᠠᠯ ᠢ᠋ ᠬᠢᠨᠠᠨ ᠬᠡᠮᠵᠢᠬᠦ ᠂ ᠡᠮᠴᠢᠯᠡᠭᠡᠨ ᠦ ᠠᠵᠢᠭᠯᠠᠯᠲᠠ ᠵᠡᠷᠭᠡ ᠬᠠᠮᠢᠶᠠᠷᠤᠨ ᠬᠢᠵᠠᠭᠠᠷᠯᠠᠬᠤ ᠠᠷᠭ᠎ᠠ ᠬᠡᠮᠵᠢᠶ᠎ᠡ ᠲᠡᠢ ᠬᠠᠮᠵᠢᠯᠴᠠᠬᠤ ᠬᠡᠷᠡᠭᠲᠡᠢ᠃
ᠲᠠᠪᠤ ᠂ ᠬᠢᠵᠢᠭ᠌ ᠦ᠋ᠨ ᠪᠠᠢᠳᠠᠯ ᠤ᠋ᠨ ᠰᠡᠷᠭᠡᠢᠯᠡᠨ ᠬᠢᠵᠠᠭᠠᠷᠯᠠᠬᠤ ᠵᠣᠭᠣᠰ ᠮᠥᠩᠭᠥ ᠡᠳ᠋ ᠪᠣᠳᠠᠰ ᠢ᠋ ᠱᠠᠮᠰᠢᠬᠤ ᠂ ᠬᠣᠷᠢᠬᠤ ᠂ ᠨᠡᠭᠦᠯᠭᠡᠨ ᠬᠡᠷᠡᠭᠯᠡᠬᠦ ᠂ ᠪᠦᠷᠢᠯᠭᠡᠨ ᠰᠦᠢᠳᠬᠡᠬᠦ ᠶᠠᠪᠤᠳᠠᠯ ᠢ᠋ ᠴᠢᠩᠭ᠎ᠠ ᠴᠠᠭᠠᠵᠠᠯᠠᠨ᠎ᠠ᠃ ᠬᠠᠮᠠᠭᠠᠯᠠᠯᠲᠠ ᠶ᠋ᠢᠨ ᠡᠳ᠋ ᠪᠣᠳᠠᠰ ᠂ ᠲᠥᠬᠥᠭᠡᠷᠦᠮᠵᠢ ᠂ ᠪᠠᠭᠠᠵᠢ ᠬᠡᠷᠡᠭᠰᠡᠯ ᠢ᠋ ᠬᠤᠳᠠᠯ ᠢ᠋ᠶ᠋ᠠᠷ ᠮᠡᠳᠡᠭᠦᠯᠬᠦ ᠥᠬᠡᠢ ᠂ ᠬᠠᠭᠤᠷᠮᠠᠭᠯᠠᠨ ᠠᠪᠬᠤ ᠂ ᠪᠦᠷᠢᠯᠭᠡᠨ ᠰᠦᠢᠳᠬᠡᠬᠦ ᠪᠠ ᠳᠤᠷ᠎ᠠ ᠪᠠᠷ ᠢ᠋ᠶ᠋ᠠᠨ ᠡᠵᠡᠯᠡᠭᠦᠯᠬᠦ ᠶ᠋ᠢ ᠲᠦᠷᠦᠭᠦᠯᠡᠨ ᠪᠡᠶᠡᠯᠡᠭᠦᠯᠦᠨ᠎ᠡ ᠃
ᠵᠢᠷᠭᠤᠭ᠎ᠠ ᠂ ᠬᠢᠵᠢᠭ᠌ ᠦ᠋ᠨ ᠪᠠᠢᠳᠠᠯ ᠤ᠋ᠨ ᠶᠠᠷᠢᠶ᠎ᠠ ᠬᠡᠯᠡᠯᠴᠡᠭᠡ ᠶ᠋ᠢ ᠨᠡᠢᠲᠡᠯᠡᠬᠦ ᠶ᠋ᠢ ᠴᠢᠩᠭ᠎ᠠ ᠴᠠᠭᠠᠵᠠᠯᠠᠨ᠎ᠠ ᠃ᠣᠯᠠᠨ ᠲᠦᠮᠡᠨ ᠦ᠌ ᠠᠵᠢᠯ ᠢ᠋ ᠰᠠᠢᠲᠤᠷ ᠲᠦᠷᠦᠭᠦᠯᠡᠨ ᠬᠢᠵᠦ ᠂ ᠤᠷᠮ᠎ᠠ ᠵᠣᠷᠢᠭ ᠢ᠋ ᠲᠣᠭᠲᠠᠭᠤᠨ ᠪᠠᠢᠯᠭᠠᠵᠤ ᠂ ᠢᠲᠡᠭᠡᠯ ᠵᠣᠷᠢᠭ ᠢ᠋ ᠨᠡᠮᠡᠭᠳᠡᠭᠦᠯᠦᠨ ᠴᠤᠤᠷᠬᠠᠯ ᠢ᠋ ᠢᠲᠡᠭᠡᠬᠦ ᠥᠬᠡᠢ ᠂ ᠴᠤᠤᠷᠬᠠᠯ ᠲᠠᠷᠬᠠᠭᠠᠬᠤ ᠥᠬᠡᠢ ᠪᠣᠯ ᠣᠯᠠᠨ ᠲᠦᠮᠡᠨ ᠦ᠌ ᠳᠣᠲᠣᠨᠣ ᠬᠥᠮᠦᠨ ᠪᠠ ᠲᠦᠰᠢᠭ ᠲᠤᠯᠭᠠᠭᠤᠷᠢ ᠪᠣᠯᠵᠤ ᠴᠢᠳᠠᠨ᠎ᠠ ᠃
ᠳᠣᠯᠣᠭ᠎ᠠ ᠂ ᠡᠳ᠋ ᠪᠣᠳᠠᠰ ᠢ᠋ ᠥᠷᠢᠰᠦᠯᠳᠦᠨ ᠪᠤᠯᠢᠶᠠᠬᠤ ᠂ ᠪᠠᠷᠠᠭᠠᠨ ᠤ᠋ ᠦᠨ᠎ᠡ ᠶ᠋ᠢ ᠳᠦᠷᠭᠢᠭᠦᠯᠦᠨ ᠥᠰᠬᠡᠬᠦ ᠂ ᠬᠡᠳᠦ ᠠᠰᠢᠭ ᠣᠯᠬᠤ ᠵᠡᠷᠭᠡ ᠵᠠᠬ᠎ᠠ ᠳᠡᠯᠭᠡᠭᠦᠷ ᠦ᠋ᠨ ᠡᠮᠬᠢ ᠲᠢᠭ᠍ᠯᠢᠮ ᠢ᠋ ᠬᠠᠷᠰᠢᠯᠠᠬᠤ ᠠᠵᠢᠯᠯᠠᠭ᠎ᠠ ᠳ᠋ᠤ᠌ ᠣᠷᠣᠯᠴᠠᠬᠤ ᠶ᠋ᠢ ᠴᠢᠩᠭ᠎ᠠ ᠴᠠᠭᠠᠵᠠᠯᠠᠬᠤ ᠬᠡᠷᠡᠭᠲᠡᠢ ᠃ ᠰᠠᠢᠨ ᠰᠠᠢᠬᠠᠨ ᠵᠠᠬ᠎ᠠ ᠵᠡᠭᠡᠯᠢ ᠪᠣᠯᠤᠨ ᠨᠡᠢᠭᠡᠮ ᠦ᠋ᠨ ᠡᠮᠬᠢ ᠳᠢᠭᠯᠢᠮ ᠢ᠋ ᠲᠦᠷᠦᠭᠦᠯᠡᠨ ᠬᠠᠮᠠᠭᠠᠯᠠᠬᠤ ᠬᠡᠷᠡᠭᠲᠡᠢ ᠃
ᠨᠠᠢ᠍ᠮᠠ ᠂ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠵᠤ ᠪᠠᠢᠴᠠᠭᠠᠬᠤ ᠴᠡᠭ ᠦ᠋ᠨ ᠮᠡᠳᠡᠭᠡ ᠵᠠᠩᠭᠢ ᠶ᠋ᠢ ᠴᠤᠭᠯᠠᠭᠤᠯᠤᠨ ᠳᠠᠩᠰᠠᠯᠠᠬᠤ ᠂ ᠪᠡᠶ᠎ᠡ ᠶ᠋ᠢᠨ ᠳᠤᠯᠠᠭᠠᠨ ᠢ᠋ ᠰᠢᠯᠭᠠᠨ ᠪᠠᠢᠴᠠᠭᠠᠬᠤ ᠵᠡᠷᠭᠡ ᠠᠵᠢᠯ ᠢ᠋ ᠬᠠᠷᠰᠢᠯᠠᠵᠤ ᠪᠣᠯᠬᠤ ᠦᠭᠡᠢ᠃ ᠭᠠᠳᠠᠭᠰᠢ ᠭᠠᠷᠬᠤ ᠪᠤᠶᠤ ᠣᠯᠠᠨ ᠨᠡᠢᠲᠡ ᠶ᠋ᠢᠨ ᠲᠠᠯᠠᠪᠤᠷ ᠲᠤ᠌ ᠣᠴᠢᠬᠤ ᠦᠶᠡᠰ ᠠᠮᠠᠪᠴᠢ ᠵᠡᠭᠦᠬᠦ ᠶ᠋ᠢᠨ ᠬᠠᠮᠲᠤ ᠭᠡᠷ ᠪᠦᠯᠢ ᠶ᠋ᠢᠨ ᠠᠵᠢᠯ ᠢ᠋ᠶ᠋ᠠᠨ ᠰᠠᠢᠲᠤᠷ ᠬᠢᠬᠦ ᠬᠡᠷᠡᠭᠲᠡᠢ ᠃
ᠶᠢᠰᠦ ᠂ ᠬᠢᠵᠢᠭ᠌ ᠦ᠋ᠨ ᠪᠠᠢᠳᠠᠯ ᠢ᠋ ᠬᠦᠴᠦᠨ ᠦᠭᠡᠢ ᠪᠣᠯᠭᠠᠬᠤ ᠠ᠋ᠴᠠ ᠡᠮᠦᠨ᠎ᠡ ᠵᠣᠬᠢᠶᠠᠨ ᠪᠠᠢᠭᠤᠯᠵᠤ ᠨᠠᠢᠷᠠᠯᠳᠤᠭᠰᠠᠨ ᠴᠤᠭᠯᠠᠭᠠᠨ ᠤ᠋ ᠤᠯᠠᠭᠠᠨ ᠴᠠᠭᠠᠨ ᠪᠠᠶᠠᠷ ᠲᠡᠮᠳᠡᠭᠯᠡᠬᠦ ᠤᠴᠢᠷ ᠵᠡᠷᠭᠡ ᠠᠵᠢᠯᠯᠠᠭ᠎ᠠ ᠳ᠋ᠤ᠌ ᠣᠷᠣᠯᠴᠠᠬᠤ ᠶ᠋ᠢ ᠴᠢᠩᠭ᠎ᠠ ᠴᠠᠭᠠᠵᠠᠯᠠᠬᠤ ᠬᠡᠷᠡᠭᠲᠡᠢ ᠨᠠᠮ ᠤ᠋ᠨ ᠭᠡᠰᠢᠭᠦᠨ ᠺᠠᠲ᠋ᠷ ᠤ᠋ᠨ ᠵᠢᠱ᠌ᠢᠶᠡᠴᠢ ᠦᠢᠯᠡᠳᠦᠯ ᠢ᠋ ᠭᠦᠢᠴᠡᠳ ᠪᠠᠳᠠᠷᠠᠭᠤᠯᠵᠤ ᠂ ᠲᠥᠷᠥᠭᠦᠯᠦᠨ ᠬᠥᠮᠦᠵᠢᠭᠦᠯᠬᠦ ᠂ ᠲᠥᠷᠥᠯ ᠰᠠᠳᠤᠨ ᠨᠠᠢᠵᠠ ᠨᠥᠬᠥᠳ ᠢ᠋ ᠨᠢ ᠬᠥᠮᠦᠵᠢᠭᠦᠯᠵᠦ ᠂ ᠰᠢᠨ᠎ᠡ ᠵᠢᠯ ᠳ᠋ᠦ᠍ ᠬᠦᠷᠦᠭᠰᠡᠨ ᠦᠭᠡᠢ ᠂ ᠲᠥᠷᠥᠯ ᠰᠠᠳᠤᠨ ᠨᠠᠢᠵᠠ ᠨᠥᠬᠥᠳ ᠢ᠋ᠶ᠋ᠡᠨ ᠨᠢ ᠡᠷᠭᠢᠵᠦ ᠦᠵᠡᠬᠦ ᠪᠡᠷ ᠣᠴᠢᠬᠤ ᠦᠭᠡᠢ ᠃
ᠠᠷᠪᠠ ᠂ ᠳᠡᠭᠡᠳᠦ ᠱᠠᠲᠤᠨ ᠤ᠋ ᠬᠣᠯᠪᠣᠭᠳᠠᠯ ᠪᠦᠬᠦᠢ ᠱᠠᠭᠠᠷᠳᠠᠯᠭ᠎ᠠ ᠪᠣᠯᠤᠨ ᠲᠣᠭᠲᠠᠭᠠᠯ ᠵᠢᠴᠢ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠢ᠋ ᠨᠥᠯᠥᠭᠡᠯᠡᠬᠦ ᠪᠤᠰᠤᠳ ᠦᠢᠯᠡ ᠠᠵᠢᠯᠯᠠᠭ᠎ᠠ ᠶ᠋ᠢ ᠴᠢᠩᠭ᠎ᠠ ᠴᠠᠭᠠᠵᠠᠯᠠᠬᠤ ᠬᠡᠷᠡᠭᠲᠡᠢ᠃ ᠪᠡᠶ᠎ᠡ ᠪᠡᠷ ᠢ᠋ᠶ᠋ᠡᠨ ᠲᠦᠷᠦᠭᠦᠯᠡᠨ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠲᠡᠮᠡᠴᠡᠯ ᠦ᠋ᠨ ᠳᠤᠮᠳᠠ ᠴᠡᠭᠡᠵᠢ ᠲᠦᠷᠢᠨ ᠭᠠᠷᠴᠤ ᠂ ᠡᠷᠡᠯᠬᠡᠭᠯᠡᠨ ᠲᠡᠮᠡᠴᠡᠵᠦ ᠂ ᠯᠠᠪᠳᠠᠭᠤᠨ ᠪᠠᠲᠤᠲᠠᠢ ᠠᠵᠢᠯᠯᠠᠵᠤ ᠂ ᠨᠤᠲᠤᠭ ᠳᠡᠪᠢᠰᠬᠡᠷ ᠢ᠋ᠶ᠋ᠡᠨ ᠬᠠᠮᠠᠭᠠᠯᠠᠬᠤ ᠳ᠋ᠤ᠌ ᠬᠠᠷᠢᠭᠤᠴᠠᠯᠭ᠎ᠠ ᠲᠠᠢ ᠂ ᠨᠤᠲᠤᠭ ᠳᠡᠪᠢᠰᠬᠡᠷ ᠢ᠋ᠶ᠋ᠡᠨ ᠬᠠᠮᠠᠭᠠᠯᠠᠬᠤ ᠳ᠋ᠤ᠌ ᠬᠠᠷᠢᠭᠤᠴᠠᠯᠭ᠎ᠠ ᠲᠠᠢ ᠪᠠᠢᠵᠤ ᠂ ᠨᠤᠲᠤᠭ ᠳᠡᠪᠢᠰᠬᠡᠷ ᠢ᠋ᠶ᠋ᠡᠨ ᠬᠠᠮᠠᠭᠠᠯᠠᠬᠤ ᠳ᠋ᠤ᠌ ᠬᠠᠷᠢᠭᠤᠴᠠᠯᠭ᠎ᠠ ᠪᠠᠨ ᠭᠦᠢᠴᠡᠳᠬᠡᠬᠦ ᠶ᠋ᠢ ᠦᠨᠡᠨᠬᠦ ᠭᠦᠢᠴᠡᠳᠬᠡᠬᠦ ᠬᠡᠷᠡᠭᠲᠡᠢ ᠃
ᠪᠥᠬᠥ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠬᠢᠵᠢᠭ᠌ ᠦ᠋ᠨ ᠪᠠᠢᠳᠠᠯ ᠢ᠋ ᠰᠡᠷᠭᠡᠢᠯᠡᠨ ᠬᠢᠵᠠᠭᠠᠷᠯᠠᠬᠤ ᠠᠵᠢᠯ ᠤ᠋ᠨ ᠬᠦᠨᠳᠦ ᠶᠡᠬᠡ ᠤᠯᠤᠰ ᠲᠥᠷᠥ ᠶ᠋ᠢᠨ ᠬᠠᠷᠢᠭᠤᠴᠠᠯᠭ᠎ᠠ ᠶ᠋ᠢ ᠡᠷᠡᠰ ᠡᠭᠦᠷᠭᠡᠯᠡᠵᠦ ᠂ ᠲᠤᠰ ᠪᠠᠢᠭᠤᠯᠭ᠎ᠠ ᠂ ᠲᠤᠰ ᠰᠠᠯᠠᠭ᠎ᠠ ᠮᠥᠴᠢᠷ ᠂ ᠺᠠᠲ᠋ᠷ ᠴᠠᠭᠳᠠᠭ᠎ᠠ ᠶ᠋ᠢ ᠴᠢᠩᠭ᠎ᠠ ᠬᠠᠮᠢᠶᠠᠷᠴᠤ ᠂ ᠴᠢᠩᠭ᠎ᠠ ᠬᠢᠨᠠᠯᠲᠠ ᠲᠠᠯᠪᠢᠬᠤ ᠬᠡᠷᠡᠭᠲᠡᠢ ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠰᠠᠯᠠᠭ᠎ᠠ ᠮᠥᠴᠢᠷ ᠦ᠋ᠨ ᠬᠢᠨ ᠬᠢᠨᠠᠯᠲᠠ ᠲᠠᠯᠪᠢᠵᠤ ᠰᠠᠬᠢᠯᠭ᠎ᠠ ᠪᠠᠲᠤ ᠶ᠋ᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶ᠋ᠢ ᠴᠢᠩᠭᠠᠳᠬᠠᠵᠤ 《ᠠᠷᠪᠠ ᠶ᠋ᠢ ᠳᠠᠭᠠᠭᠤᠯᠬᠤ᠂ ᠠᠷᠪᠠ ᠶᠢ ᠴᠠᠭᠠᠵᠠᠯᠠᠬᠤ 》 ᠰᠠᠬᠢᠯᠭ᠎ᠠ ᠪᠠᠲᠤ ᠶ᠋ᠢᠨ ᠱᠠᠭᠠᠷᠳᠠᠯᠭ᠎ᠠ ᠶ᠋ᠢ ᠵᠥᠷᠢᠴᠡᠭᠰᠡᠨ ᠪᠦᠬᠦᠨ ᠢ᠋ ᠴᠢᠩᠭ᠎ᠠ ᠰᠢᠢᠳᠬᠡᠬᠦ ᠮᠥᠷᠲᠡᠭᠡᠨ 《ᠠᠷᠪᠠ ᠶ᠋ᠢ ᠳᠠᠭᠠᠭᠤᠯᠬᠤ᠂ ᠠᠷᠪᠠ ᠶᠢ ᠴᠠᠭᠠᠵᠠᠯᠠᠬᠤ 》 ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠲᠠᠢ ᠬᠥᠮᠦᠨ ᠦ᠌ ᠬᠠᠷᠢᠭᠤᠴᠠᠯᠭ᠎ᠠ ᠶ᠋ᠢ ᠴᠢᠩᠭ᠎ᠠ ᠨᠡᠬᠡᠮᠵᠢᠯᠡᠬᠦ ᠬᠡᠷᠡᠭᠲᠡᠢ᠃
ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠢᠯᠡᠴᠢᠯᠡᠨ ᠮᠡᠳᠡᠭᠦᠯᠬᠦ ᠤᠲᠠᠰᠤ 0477 - 81602800
ᠣᠷᠳᠣᠰ ᠬᠣᠲᠠ ᠶ᠋ᠢᠨ ᠠᠷᠠᠳ ᠶ᠋ᠢᠨ ᠳᠤᠮᠳᠠ ᠵᠡᠷᠭᠡ ᠶᠢᠨ ᠰᠢᠳᠬᠡᠬᠦ ᠬᠣᠷᠢᠶ᠎ᠠ
2020 ᠣᠨ ᠤ᠋ 2 ᠰᠠᠷ᠎ᠠ ᠶ᠋ᠢᠨ 12 ᠤ᠋ ᠡᠳᠦᠷ
ᠦᠨᠡᠯᠡᠬᠦ 0ᠦᠨᠡᠯᠡᠯᠲᠡ᠎ᠲᠠᠢ