ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠢ᠋ ᠲᠠᠰᠤᠯᠤᠨ ᠲᠣᠭᠲᠠᠭᠠᠬᠤ ᠬᠡᠮᠵᠢᠶ᠎ᠡ ᠶ᠋ᠢ ᠤᠯᠠᠮ ᠨᠢᠭᠡ ᠠᠯᠬᠤᠮ ᠨᠢᠭᠡᠳᠭᠡᠬᠦ ᠶ᠋ᠢᠨ ᠲᠥᠯᠥᠭᠡ ᠬᠥᠳᠡᠯᠮᠦᠷᠢᠴᠢᠳ ᠪᠠ ᠬᠥᠮᠦᠨ ᠬᠡᠷᠡᠭᠯᠡᠬᠦ ᠨᠢᠭᠡᠴᠢ ᠶ᠋ᠢᠨ ᠬᠠᠤᠯᠢ ᠶᠣᠰᠣᠨ ᠤ᠋ ᠡᠷᠬᠡ ᠠᠰᠢᠭ ᠢ᠋ ᠦᠨᠡᠨᠬᠦ ᠰᠠᠢᠲᠤᠷ ᠬᠠᠮᠠᠭᠠᠯᠠᠬᠤ ᠶ᠋ᠢᠨ ᠲᠥᠯᠥᠭᠡ 11 ᠰᠠᠷ᠎ᠠ ᠶ᠋ᠢᠨ 6 ᠤ᠋ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠥᠳᠡᠯᠮᠦᠷᠢ ᠶ᠋ᠢᠨ ᠮᠠᠷᠭᠤᠯᠳᠤᠭᠠᠨ ᠢ᠋ ᠰᠢᠭᠦᠨ ᠲᠠᠰᠤᠯᠬᠤ ᠪᠣᠳᠠᠲᠤ ᠠᠵᠢᠯ ᠤ᠋ᠨ ᠪᠣᠯᠪᠠᠰᠤᠷᠠᠯ ᠤ᠋ᠨ ᠠᠩᠭᠢ ᠡᠷᠬᠢᠯᠡᠪᠡ ᠃ ᠡᠯ᠎ᠡ ᠬᠣᠰᠢᠭᠤ ᠲᠣᠭᠣᠷᠢᠭ ᠤ᠋ᠨ ᠰᠢᠭᠦᠬᠦ ᠬᠣᠷᠢᠶ᠎ᠠ ᠬᠥᠳᠡᠯᠮᠦᠷᠢ ᠶ᠋ᠢᠨ ᠮᠠᠷᠭᠤᠭᠠᠨ ᠤ᠋ ᠬᠡᠷᠡᠭ ᠢ᠋ ᠰᠢᠭᠦᠨ ᠰᠢᠢᠳᠪᠦᠷᠢᠯᠡᠬᠦ ᠶ᠋ᠢ ᠬᠠᠷᠢᠭᠤᠴᠠᠵᠤ ᠪᠠᠢᠭ᠎ᠠ ᠲᠢᠩᠬᠢᠮ ᠦ᠋ᠨ ᠳᠠᠷᠤᠭ᠎ᠠ ᠵᠢᠴᠢ ᠬᠡᠰᠡᠭ ᠲᠣᠭᠠᠨ ᠤ᠋ ᠰᠢᠭᠦᠬᠦ ᠲᠤᠰᠢᠶᠠᠯᠲᠠᠨ ᠪᠣᠯᠪᠠᠰᠤᠷᠠᠯ ᠳ᠋ᠤ᠌ ᠣᠷᠣᠯᠴᠠᠪᠠ ᠃ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠳᠡᠳ᠋ ᠳᠠᠷᠤᠭ᠎ᠠ ᠯᠢ ᠮᠧᠢ ᠷᠦᠩ ᠰᠤᠷᠤᠯᠭ᠎ᠠ ᠡᠬᠢᠯᠡᠬᠦ ᠶᠣᠰᠣᠯᠠᠯ ᠢ᠋ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ ᠃
ᠬᠤᠷᠠᠯ ᠳᠡᠭᠡᠷ᠎ᠡ ᠯᠢ ᠮᠧᠢ ᠷᠦᠩ 2019 ᠣᠨ ᠠ᠋ᠴᠠ ᠨᠠᠰᠢᠬᠢ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠢ᠋ ᠰᠢᠭᠦᠨ ᠰᠢᠢᠳᠪᠦᠷᠢᠯᠡᠭᠰᠡᠨ ᠪᠠᠢᠳᠠᠯ ᠢ᠋ ᠰᠢᠭᠦᠨ ᠲᠠᠰᠤᠯᠬᠤ ᠬᠠᠮᠢᠶᠠᠷᠤᠯᠲᠠ ᠶ᠋ᠢᠨ ᠡᠯ᠎ᠡ ᠲᠥᠷᠥᠯ ᠦ᠋ᠨ ᠪᠦᠷᠢᠳᠬᠡᠯ ᠲᠣᠭ᠎ᠠ ᠲᠠᠢ ᠤᠶᠠᠯᠳᠤᠭᠤᠯᠵᠤ ᠪᠠᠢᠭᠠᠳ ᠬᠡᠷᠡᠭ ᠢ᠋ ᠰᠢᠭᠦᠨ ᠰᠢᠢᠳᠪᠦᠷᠢᠯᠡᠬᠦ ᠳᠤᠮᠳᠠ ᠣᠷᠣᠰᠢᠵᠤ ᠪᠠᠢᠭ᠎ᠠ ᠳᠣᠪᠣᠢᠮ᠎ᠠ ᠠᠰᠠᠭᠤᠳᠠᠯ ᠢ᠋ ᠭᠦᠨᠵᠡᠭᠡᠢ ᠵᠠᠳᠠᠯᠵᠠᠢ ᠃ ᠪᠣᠯᠪᠠᠰᠤᠷᠠᠯ ᠳ᠋ᠤ᠌ ᠣᠷᠣᠯᠴᠠᠭᠰᠠᠳ ᠤ᠋ᠨ ᠲᠤᠰ ᠤᠳᠠᠭᠠᠨ ᠤ᠋ ᠪᠣᠯᠪᠠᠰᠤᠷᠠᠯ ᠳ᠋ᠤ᠌ ᠣᠷᠣᠯᠴᠠᠬᠤ ᠶᠠᠪᠤᠳᠠᠯ ᠢ᠋ᠶ᠋ᠠᠷ ᠲᠣᠬᠢᠶᠠᠯ ᠪᠣᠯᠭᠠᠵᠤ ᠰᠢᠭᠦᠨ ᠲᠠᠰᠤᠯᠤᠯᠲᠠ ᠶ᠋ᠢᠨ ᠪᠠᠷᠢᠮᠵᠢᠶ᠎ᠠ ᠶ᠋ᠢ ᠤᠯᠠᠮ ᠨᠢᠭᠡᠳᠦᠯᠲᠡᠢ ᠪᠣᠯᠭᠠᠵᠠᠢ ᠃
ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠬᠥᠳᠡᠯᠮᠦᠷᠢ ᠵᠠᠮ ᠬᠠᠷᠢᠯᠴᠠᠭ᠎ᠠ ᠰᠤᠷᠭᠠᠨ ᠬᠥᠮᠦᠵᠢᠯ ᠦ᠋ᠨ ᠵᠥᠪᠯᠡᠨ ᠰᠢᠭᠦᠬᠦ ᠲᠢᠩᠬᠢᠮ ᠦ᠋ᠨ ᠳᠠᠷᠤᠭ᠎ᠠ ᠾᠧ ᠶᠠᠨ ᠴᠦᠨ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠢ᠋ ᠰᠢᠭᠦᠬᠦ ᠠᠷᠭ᠎ᠠ ᠪᠣᠳᠣᠯᠭ᠎ᠠ ᠂ ᠲᠠᠰᠤᠯᠤᠨ ᠲᠣᠭᠲᠠᠭᠠᠬᠤ ᠶ᠋ᠢ ᠵᠣᠯᠭᠠᠭᠤᠯᠬᠤ ᠂ ᠬᠥᠳᠡᠯᠮᠦᠷᠢ ᠶ᠋ᠢᠨ ᠭᠡᠷ᠎ᠡ ᠲᠣᠭᠲᠠᠬᠤ ᠂ ᠬᠡᠷᠡᠭᠵᠢᠭᠦᠯᠬᠦ ᠂ ᠬᠤᠪᠢᠷᠠᠭᠤᠯᠬᠤ ᠂ ᠬᠦᠴᠦᠨ ᠦᠭᠡᠢ ᠪᠣᠯᠭᠠᠬᠤ ᠵᠢᠴᠢ ᠠᠵᠢᠯ ᠤ᠋ᠨ ᠬᠠᠷᠠᠭ᠎ᠠ ᠠ᠋ᠴᠠ ᠪᠣᠯᠤᠭᠰᠠᠨ ᠭᠡᠮᠲᠦᠯ ᠦ᠋ᠨ ᠳᠠᠭᠠᠳᠬᠠᠯ ᠤ᠋ᠨ ᠬᠠᠷᠠᠭᠠᠯᠵᠠᠯ ᠵᠡᠷᠭᠡ ᠠᠰᠠᠭᠤᠳᠠᠯ ᠤ᠋ᠨ ᠲᠣᠭᠣᠷᠢᠨ ᠳ᠋ᠤ᠌ ᠰᠢᠭᠦᠨ ᠲᠠᠰᠤᠯᠬᠤ ᠪᠣᠳᠠᠲᠤ ᠶᠠᠪᠤᠳᠠᠯ ᠳᠤᠮᠳᠠᠬᠢ ᠨᠡᠢᠲᠡᠯᠢᠭ ᠵᠢᠱ᠌ᠢᠶ᠎ᠡ ᠵᠢᠴᠢ ᠲᠤᠰ ᠬᠣᠷᠢᠶᠠᠨ ᠤ᠋ ᠥᠭᠡᠷᠡᠴᠢᠯᠡᠯᠲᠡ ᠬᠢᠭᠰᠡᠨ ᠬᠡᠷᠡᠭ ᠦ᠋ᠨ ᠪᠠᠢᠳᠠᠯ ᠲᠠᠢ ᠤᠶᠠᠯᠳᠤᠭᠤᠯᠤᠨ ᠭᠦᠨᠵᠡᠭᠡᠢ ᠨᠠᠷᠢᠨ ᠨᠢᠮᠪᠠᠢ ᠲᠠᠢᠯᠪᠤᠷᠢᠯᠠᠯᠲᠠ ᠬᠢᠪᠡ ᠃ ᠬᠢᠴᠢᠶᠡᠯᠯᠡᠬᠦ ᠠᠭᠤᠯᠭ᠎ᠠ ᠨᠢ ᠨᠠᠷᠢᠨ ᠪᠣᠳᠠᠲᠠᠢ ᠂ ᠪᠦᠲᠦᠴᠡ ᠨᠢ ᠴᠢᠩᠭ᠎ᠠ ᠨᠢᠭᠲᠠ ᠂ ᠳᠠᠷᠤᠢ ᠲᠠᠰᠤᠯᠤᠨ ᠲᠣᠭᠲᠠᠭᠠᠯᠲᠠ ᠶ᠋ᠢᠨ ᠰᠡᠳᠬᠢᠴᠡ ᠶ᠋ᠢᠨ ᠠᠷᠤ ᠳ᠋ᠠᠬᠢ ᠬᠠᠤᠯᠢ ᠲᠣᠭᠲᠠᠭᠠᠬᠤ ᠤᠭ ᠶᠣᠰᠣ ᠶ᠋ᠢ ᠲᠣᠳᠣᠷᠬᠠᠢᠯᠠᠨ ᠥᠭᠦᠯᠡᠭᠰᠡᠨ ᠪᠥᠭᠡᠳ ᠰᠢᠭᠦᠨ ᠲᠠᠰᠤᠯᠬᠤ ᠦᠢᠯᠡᠳᠦᠯᠭᠡ ᠳᠤᠮᠳᠠᠬᠢ ᠭᠣᠣᠯ ᠤᠷᠤᠰᠬᠠᠯ ᠤ᠋ᠨ ᠦᠵᠡᠯᠲᠡ ᠶ᠋ᠢ ᠴᠦ᠍ ᠠᠩᠬᠠᠷᠴᠤ ᠂ ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠢ᠋ ᠰᠢᠢᠳᠪᠦᠷᠢᠯᠡᠬᠦ ᠰᠡᠳᠬᠢᠴᠡ ᠶ᠋ᠢ ᠨᠡᠭᠡᠭᠡᠨ ᠥᠷᠭᠡᠳᠬᠡᠵᠦ ᠂ ᠪᠣᠯᠪᠠᠰᠤᠷᠠᠯ ᠳ᠋ᠤ᠌ ᠣᠷᠣᠯᠴᠠᠭᠰᠠᠳ ᠤ᠋ᠨ ᠰᠠᠨᠠᠯ ᠨᠢᠭᠡᠲᠡᠢ ᠰᠠᠢᠨ ᠦᠨᠡᠯᠡᠯᠲᠡ ᠶ᠋ᠢ ᠣᠯᠤᠭᠰᠠᠨ ᠪᠠᠢᠨ᠎ᠠ ᠃
ᠬᠥᠳᠡᠯᠮᠦᠷᠢ ᠶ᠋ᠢᠨ ᠮᠠᠷᠭᠤᠯᠳᠤᠭᠠᠨ ᠤ᠋ ᠬᠡᠷᠡᠭ ᠨᠢ ᠬᠥᠳᠡᠯᠮᠦᠷᠢᠴᠢᠨ ᠦ᠌ ᠲᠤᠰ ᠪᠡᠶ᠎ᠡ ᠶ᠋ᠢᠨ ᠠᠰᠢᠭ ᠲᠤᠰᠠ ᠪᠠ ᠨᠡᠢᠭᠡᠮ ᠦ᠋ᠨ ᠡᠶ᠎ᠡ ᠵᠣᠬᠢᠴᠠᠯ ᠲᠠᠢ ᠲᠣᠭᠲᠠᠭᠤᠨ ᠪᠠᠢᠬᠤ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠥᠳᠡᠯᠮᠦᠷᠢ ᠵᠠᠮ ᠬᠠᠷᠢᠯᠴᠠᠭ᠎ᠠ ᠰᠤᠷᠭᠠᠨ ᠬᠥᠮᠦᠵᠢᠯ ᠦ᠋ᠨ ᠬᠠᠮᠲᠤᠷᠠᠨ ᠵᠥᠪᠯᠡᠬᠦ ᠲᠢᠩᠬᠢᠮ ᠨᠢ ᠬᠥᠳᠡᠯᠮᠦᠷᠢᠴᠢᠨ ᠦ᠌ ᠬᠠᠤᠯᠢ ᠶᠣᠰᠣᠨ ᠤ᠋ ᠡᠷᠬᠡ ᠠᠰᠢᠭ ᠢ᠋ ᠬᠠᠮᠠᠭᠠᠯᠠᠬᠤ ᠪᠠ ᠠᠵᠢᠯᠴᠢᠨ ᠬᠡᠷᠡᠭᠯᠡᠬᠦ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠬᠠᠷᠢᠴᠠᠭ᠎ᠠ ᠶ᠋ᠢ ᠪᠣᠢ ᠪᠣᠯᠭᠠᠬᠤ ᠶ᠋ᠢ ᠰᠢᠭᠦᠨ ᠲᠠᠰᠤᠯᠬᠤ ᠬᠡᠷᠡᠭ ᠦ᠋ᠨ ᠡᠭᠦᠰᠦᠯᠲᠡ ᠪᠠ ᠵᠣᠭᠰᠣᠴᠠ ᠪᠣᠯᠭᠠᠨ ᠢᠮᠠᠭᠲᠠ ᠶᠡᠬᠡ ᠲᠠᠯ᠎ᠠ ᠠ᠋ᠴᠠ ᠡᠭᠦᠰᠴᠦ ᠂ ᠪᠠᠭ᠎ᠠ ᠠ᠋ᠴᠠ ᠭᠠᠷᠳᠠᠨ ᠲᠠᠰᠤᠯᠤᠨ ᠲᠣᠭᠲᠠᠭᠠᠬᠤ ᠢ᠋ ᠭᠦᠢᠴᠡᠳ ᠪᠠᠳᠠᠷᠠᠭᠤᠯᠬᠤ ᠶ᠋ᠢ ᠪᠠᠷᠢᠮᠲᠠᠯᠠᠨ᠎ᠠ ᠃ ᠳᠠᠷᠠᠭᠠᠴᠢ ᠶ᠋ᠢᠨ ᠠᠯᠬᠤᠮ ᠳ᠋ᠤ᠌ ᠬᠠᠮᠲᠤᠷᠠᠨ ᠵᠥᠪᠯᠡᠬᠦ ᠲᠢᠩᠬᠢᠮ ᠨᠢ ᠲᠤᠰᠬᠠᠢ ᠮᠡᠷᠭᠡᠵᠢᠯ ᠦ᠋ᠨ ᠰᠢᠭᠦᠨ ᠲᠠᠰᠤᠯᠤᠯᠲᠠ ᠶ᠋ᠢᠨ ᠳᠠᠪᠠᠭᠤᠯᠢᠭ ᠢ᠋ᠶ᠋ᠠᠨ ᠭᠦᠢᠴᠡᠳ ᠪᠠᠳᠠᠷᠠᠭᠤᠯᠵᠤ ᠂ ᠳᠣᠣᠷᠠᠬᠢ ᠵᠢᠯᠣᠭᠣᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠡᠯ᠎ᠡ ᠲᠥᠷᠥᠯ ᠦ᠋ᠨ ᠬᠡᠷᠡᠭ ᠢ᠋ ᠨᠠᠷᠢᠨ ᠨᠢᠮᠪᠠᠢ ᠰᠢᠭᠦᠨ ᠰᠢᠢᠳᠪᠦᠷᠢᠯᠡᠬᠦ ᠶ᠋ᠢᠨ ᠲᠣᠭᠣᠷᠢᠨ ᠳ᠋ᠤ᠌ ᠂ ᠣᠯᠠᠨ ᠲᠦᠮᠡᠨ ᠦ᠌ ᠬᠠᠤᠯᠢ ᠴᠠᠭᠠᠵᠠ ᠶ᠋ᠢᠨ ᠠᠰᠠᠭᠤᠳᠠᠯ ᠢ ᠰᠠᠢᠲᠤᠷ ᠰᠢᠢᠳᠪᠦᠷᠢᠯᠡᠵᠦ ᠂ ᠬᠡᠷᠡᠭ ᠰᠢᠭᠦᠬᠦ ᠴᠢᠨᠠᠷ ᠪᠠ ᠦᠷ᠎ᠡ ᠠᠰᠢᠭ ᠢ᠋ᠶ᠋ᠠᠨ ᠪᠥᠬᠥ ᠲᠠᠯ᠎ᠠ ᠪᠠᠷ ᠳᠡᠭᠡᠭᠰᠢᠯᠡᠭᠦᠯᠦᠨ᠎ᠡ ᠃
ᠦᠨᠡᠯᠡᠬᠦ 0ᠦᠨᠡᠯᠡᠯᠲᠡ᠎ᠲᠠᠢ