ᠡᠩᠨᠡᠭᠡᠨ ᠦ᠌ ᠰᠤᠷᠭᠠᠨ ᠬᠥᠮᠦᠵᠢᠯ ᠢ᠋ ᠴᠡᠭᠴᠡᠯᠡᠬᠦ ᠠᠵᠢᠯ ᠢ᠋ ᠭᠦᠨᠵᠡᠭᠡᠢ ᠬᠥᠭᠵᠢᠭᠦᠯᠬᠦ ᠶ᠋ᠢ ᠪᠦᠬᠦ ᠲᠠᠯ᠎ᠠ ᠪᠠᠷ ᠠᠬᠢᠭᠤᠯᠬᠤ ᠶ᠋ᠢᠨ ᠲᠥᠯᠥᠭᠡ 3 ᠰᠠᠷ᠎ᠠ ᠶ᠋ᠢᠨ 12 ᠤ᠋ ᠡᠳᠦᠷ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠨᠢᠭᠡ ᠮᠥᠴᠡ ᠤᠩᠰᠢᠬᠤ ᠶᠠᠪᠤᠳᠠᠯ ᠢ᠋ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠲᠡᠢ ᠤᠶᠠᠯᠳᠤᠭᠤᠯᠵᠤ᠂ ᠤᠳᠤᠷᠢᠳᠬᠤ ᠪᠠᠭ ᠤ᠋ᠨ ᠪᠦᠬᠦ ᠭᠡᠰᠢᠭᠦᠳ ᠲᠣᠯᠣᠭᠠᠢᠯᠠᠨ ᠪᠦᠬᠦ ᠬᠣᠷᠢᠶᠠᠨ ᠤ᠋ ᠡᠯ᠎ᠡ ᠰᠠᠯᠠᠭ᠎ᠠ ᠮᠥᠴᠢᠷ ᠂ ᠬᠠᠮᠲᠤᠷᠠᠨ ᠵᠥᠪᠯᠡᠬᠦ ᠲᠢᠩᠬᠢᠮ ᠦ᠋ᠨ ᠬᠢᠨ ᠡᠩᠨᠡᠭᠡᠨ ᠦ᠌ ᠰᠤᠷᠭᠠᠨ ᠬᠥᠮᠦᠵᠢᠯ ᠦ᠋ᠨ ᠴᠡᠭᠴᠡᠯᠡᠯᠲᠡ ᠶ᠋ᠢᠨ ᠴᠢᠬᠤᠯᠠ ᠶᠠᠷᠢᠶᠠᠨ ᠤ᠋ ᠵᠣᠷᠢᠭ ᠰᠠᠨᠠᠭ᠎ᠠ ᠂ ᠨᠠᠮ ᠤ᠋ᠨ ᠲᠡᠦᠬᠡ ᠪᠣᠯᠤᠨ ᠨᠠᠮ ᠤ᠋ᠨ ᠣᠨᠣᠯ ᠲᠥᠷᠥ ᠶ᠋ᠢᠨ ᠪᠣᠳᠣᠯᠭ᠎ᠠ᠂ 《 ᠢᠷᠭᠡᠨ ᠦ᠌ ᠬᠠᠤᠯᠢ ᠶ᠋ᠢᠨ ᠪᠢᠴᠢᠭ 》 ᠵᠡᠷᠭᠡ ᠰᠢᠭᠦᠨ ᠲᠠᠰᠤᠯᠬᠤ ᠭᠦᠢᠴᠡᠳᠬᠡᠬᠦ ᠲᠤᠬᠠᠢᠯᠠᠭᠰᠠᠨ ᠠᠵᠢᠯ ᠤ᠋ᠨ ᠮᠡᠳᠡᠯᠭᠡ ᠵᠢᠴᠢ 《 ᠰᠢᠭᠦᠮᠵᠢᠯᠡᠯ ᠥᠭᠦᠯᠡᠯ 》 ᠵᠡᠷᠭᠡ ᠰᠣᠩᠭᠣᠳᠠᠭ ᠵᠣᠬᠢᠶᠠᠯ ᠪᠦᠲᠦᠭᠡᠯ ᠵᠢ ᠰᠤᠷᠤᠯᠴᠠᠵᠠᠢ᠃
ᠥᠷᠯᠥᠭᠡᠨ ᠦ᠌ ᠤᠷᠠᠨ ᠤᠩᠰᠢᠯᠭ᠎ᠠ ᠶ᠋ᠢᠨ ᠳᠠᠭᠤᠨ ᠤ᠋ ᠳᠤᠮᠳᠠ ᠬᠢᠲᠠᠳ ᠤ᠋ᠨ ᠰᠣᠶᠣᠯ ᠢ᠋ ᠣᠢᠯᠠᠭᠠᠬᠤ᠄ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠲᠡᠦᠬᠡ ᠶ᠋ᠢᠨ ᠲᠤᠢᠯ ᠤ᠋ᠨ ᠬᠠᠲᠠᠭᠤᠵᠢᠯᠲᠠᠢ ᠲᠡᠮᠡᠴᠡᠯ ᠦ᠋ᠨ ᠲᠡᠦᠬᠡᠨ ᠶᠠᠪᠤᠴᠠ ᠶ᠋ᠢ ᠡᠷᠭᠢᠴᠡᠭᠦᠯᠦᠨ ᠪᠣᠳᠣᠬᠤ ᠳ᠋ᠤ᠌ ᠳᠤᠮᠳᠠᠳᠤ ᠶ᠋ᠢᠨ ᠦᠨᠳᠦᠰᠦᠲᠡᠨ ᠦ᠌ ᠴᠥᠬᠥᠷᠡᠰᠢ ᠦᠭᠡᠢ ᠠᠮᠢᠳᠤᠷᠠᠬᠤ ᠵᠣᠷᠢᠭ ᠰᠠᠨᠠᠭ᠎ᠠ ᠶ᠋ᠢ ᠭᠦᠨᠵᠡᠭᠡᠢ ᠣᠢᠯᠠᠭᠠᠵᠤ ᠂ ᠤᠳᠤᠷᠢᠳᠤᠯᠭ᠎ᠠ ᠶ᠋ᠢᠨ ᠵᠢᠱ᠌ᠢᠶ᠎ᠡ ᠦᠵᠡᠭᠦᠯᠬᠦ ᠲᠦᠷᠦᠭᠦᠯᠡᠨ ᠡᠯ᠎ᠡ ᠰᠠᠯᠠᠭ᠎ᠠ ᠮᠥᠴᠢᠷ ᠂ ᠬᠠᠮᠲᠤᠷᠠᠨ ᠵᠥᠪᠯᠡᠬᠦ ᠲᠢᠩᠬᠢᠮ ᠱᠠᠲᠤ ᠳᠠᠷᠠᠭᠠᠯᠠᠨ ᠤᠷᠤᠭᠰᠢᠯᠠᠵᠤ ᠂ ᠪᠦᠬᠦ ᠲᠠᠯ᠎ᠠ ᠪᠠᠷ ᠶᠠᠪᠤᠭᠳᠠᠭᠤᠯᠤᠨ ᠂ ᠰᠤᠷᠤᠯᠴᠠᠯᠭ᠎ᠠ ᠪᠠᠷ ᠳᠠᠮᠵᠢᠨ ᠣᠨᠣᠯ ᠤ᠋ᠨ ᠮᠡᠳᠡᠯᠭᠡ ᠶ᠋ᠢ 《 ᠳᠠᠬᠢᠨ ᠴᠡᠨᠡᠭᠵᠢᠭᠦᠯᠬᠦ 》 ᠬᠦᠰᠡᠯᠡᠩ ᠢᠲᠡᠭᠡᠯ ᠪᠢᠰᠢᠷᠡᠯ ᠢ᠋ ᠣᠯᠵᠤ 《 ᠳᠠᠬᠢᠨᠲᠠ ᠨᠥᠬᠥᠪᠥᠷᠢᠯᠡᠬᠦ 》 ᠨᠠᠮᠴᠢ ᠴᠢᠨᠠᠷ ᠤ᠋ᠨ ᠪᠣᠯᠪᠠᠰᠤᠷᠠᠯ ᠢ᠋ 《 ᠳᠠᠬᠢᠨ ᠳᠠᠪᠲᠠᠨ ᠪᠣᠯᠪᠠᠰᠤᠷᠠᠭᠤᠯᠬᠤ 》 ᠠᠵᠢᠯ ᠤ᠋ᠨ ᠴᠢᠳᠠᠪᠤᠷᠢ ᠲᠠᠢ ᠪᠣᠯᠭᠠᠵᠤ 《 ᠳᠠᠬᠢᠨ ᠳᠡᠭᠡᠭᠰᠢᠯᠡᠭᠦᠯᠬᠦ 》 ᠰᠤᠷᠤᠯᠴᠠᠯᠭ᠎ᠠ ᠶ᠋ᠢᠨ ᠦᠷ᠎ᠡ ᠳ᠋ᠦᠩ ᠢ᠋ ᠣᠯᠤᠨ᠎ᠠ᠃
ᠬᠠᠮᠲᠤᠪᠠᠷ ᠦᠵᠡᠶ᠎ᠡ
ᠦᠨᠡᠯᠡᠬᠦ 0ᠦᠨᠡᠯᠡᠯᠲᠡ ᠲᠠᠢ