ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠳᠤᠭᠤᠢᠯᠠᠩ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠳᠥᠷᠪᠡᠳᠦᠭᠡᠷ ᠲᠣᠭᠣᠷᠢᠨ ᠪᠠᠢᠴᠠᠭᠠᠬᠤ ᠳᠤᠭᠤᠢᠯᠠᠩ ᠤ᠋ᠨ ᠲᠤᠰᠬᠠᠭᠰᠠᠨ ᠠᠰᠠᠭᠤᠳᠠᠯ ᠢ᠋ ᠴᠡᠭᠴᠡᠯᠡᠨ ᠰᠠᠢᠵᠢᠷᠠᠭᠤᠯᠤᠭᠰᠠᠨ ᠪᠠᠢᠳᠠᠯ ᠢ᠋ ᠨᠠᠢᠳᠠᠪᠤᠷᠢᠵᠢᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
2021.09.10 ᠲᠣᠰ ᠥᠷᠲᠡᠭᠡᠨ᠎ᠦ ᠨᠠᠢᠷᠠᠭᠤᠯᠤᠭᠴᠢ

     ᠣᠢᠷ᠎ᠠ ᠳ᠋ᠤ᠌ ᠣᠷᠳᠣᠰ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠳᠥᠷᠪᠡᠳᠦᠭᠡᠷ ᠲᠣᠭᠣᠷᠢᠨ ᠪᠠᠢᠴᠠᠭᠠᠬᠤ ᠳᠤᠭᠤᠢᠯᠠᠩ ᠤ᠋ᠨ ᠲᠤᠰᠬᠠᠭᠰᠠᠨ ᠠᠰᠠᠭᠤᠳᠠᠯ ᠢ᠋ ᠴᠡᠭᠴᠡᠯᠡᠨ ᠰᠠᠢᠵᠢᠷᠠᠭᠤᠯᠤᠭᠰᠠᠨ ᠪᠠᠢᠳᠠᠯ ᠢ᠋ ᠨᠠᠢᠳᠠᠪᠤᠷᠢᠵᠢᠭᠤᠯᠬᠤ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ ᠃ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠰᠦ ᠯᠢ ᠵᠢᠶᠦ᠋ᠨ ᠬᠤᠷᠠᠯ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ ᠃         ᠬᠤᠷᠠᠯ ᠠ᠋ᠴᠠ ᠬᠣᠲᠠ ᠶ᠋ᠢᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠬᠣᠲᠠ ᠶ᠋ᠢᠨ ᠨᠠᠮ ᠤ᠋ᠨ ᠬᠣᠷᠢᠶᠠᠨ ᠤ᠋ ᠳᠥᠷᠪᠡᠳᠦᠭᠡᠷ ᠲᠣᠭᠣᠷᠢᠨ ᠪᠠᠢᠴᠠᠭᠠᠬᠤ ᠳᠤᠭᠤᠢᠯᠠᠩ ᠤ᠋ᠨ ᠲᠤᠰᠬᠠᠭᠰᠠᠨ ᠠᠰᠠᠭᠤᠳᠠᠯ ᠢ᠋ ᠴᠡᠭᠴᠡᠯᠡᠨ ᠰᠠᠢᠵᠢᠷᠠᠭᠤᠯᠤᠭᠰᠠᠨ ᠪᠠᠢᠳᠠᠯ ᠢ᠋ ᠰᠣᠨᠣᠰᠴᠠᠢ ᠃
 ᠬᠤᠷᠠᠯ  ᠳ᠋ᠤ ᠵᠢᠭᠠᠵᠤ ᠭᠠᠷᠭᠠᠭᠰᠠᠨ ᠨᠢ ᠂ ᠲᠣᠭᠣᠷᠢᠨ ᠪᠠᠢᠴᠠᠭᠠᠵᠤ ᠴᠡᠭᠴᠡᠯᠡᠨ ᠥᠭᠡᠷᠡᠴᠢᠯᠡᠬᠦ ᠪᠣᠯ ᠨᠢᠭᠡ ᠤᠳᠠᠭᠠᠨ ᠤ᠋ ᠪᠣᠭᠣᠮᠲᠠ ᠰᠢᠪᠲᠤᠯᠬᠤ ᠲᠡᠢᠨ ᠮᠥᠷᠲᠡᠭᠡᠨ ᠪᠠᠰᠠ ᠴᠤ᠌ ᠨᠢᠭᠡ ᠤᠳᠠᠭᠠᠨ ᠤ᠋ ᠤᠳᠠᠭᠠᠨ ᠳᠠᠭᠠᠭᠠᠮᠠᠭᠠᠢ ᠲᠡᠢᠨ ᠦ᠌ ᠡᠮᠦᠨᠡᠬᠢ ᠬᠤᠭᠤᠴᠠᠭᠠᠨ ᠤ᠋ ᠴᠡᠭᠴᠡᠯᠡᠨ ᠥᠭᠡᠷᠡᠴᠢᠯᠡᠬᠦ ᠠᠵᠢᠯ ᠤ᠋ᠨ ᠰᠠᠭᠤᠷᠢᠨ ᠳᠡᠭᠡᠷ᠎ᠡ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠤᠯᠠᠮ ᠨᠢᠭᠡ ᠠᠯᠬᠤᠮ ᠪᠠᠲᠤᠳᠬᠠᠵᠤ ᠴᠡᠭᠴᠡᠯᠡᠨ ᠥᠭᠡᠷᠡᠴᠢᠯᠡᠬᠦ ᠠᠷᠭ᠎ᠠ ᠬᠡᠮᠵᠢᠶ᠎ᠡ ᠶ᠋ᠢ ᠪᠣᠢ ᠪᠣᠯᠭᠠᠨ ᠴᠡᠭᠴᠡᠯᠡᠨ ᠥᠭᠡᠷᠡᠴᠢᠯᠡᠬᠦ ᠨᠡᠢᠯᠡᠮᠡᠯ ᠬᠦᠴᠦᠨ ᠢ᠋ ᠪᠦᠷᠢᠯᠳᠦᠭᠦᠯᠦᠨ ᠴᠡᠭᠴᠡᠯᠡᠨ ᠰᠠᠢᠵᠢᠷᠠᠭᠤᠯᠬᠤ ᠠᠰᠠᠭᠤᠳᠠᠯ ᠢ᠋ ᠤᠭ ᠲᠤᠨᠢ ᠬᠠᠶᠠᠬᠤ ᠂ ᠤᠷᠲᠤ ᠬᠤᠭᠤᠴᠠᠭᠠᠨ ᠤ᠋ ᠪᠦᠲᠦᠮᠵᠢᠲᠡᠢ ᠲᠣᠭᠲᠠᠴᠠ ᠶ᠋ᠢ ᠪᠠᠢᠭᠤᠯᠬᠤ ᠬᠡᠷᠡᠭᠲᠡᠢ ᠃
    ᠨᠢᠭᠡ ᠳ᠋ᠦ᠍ ᠤᠯᠤᠰ ᠲᠥᠷᠥ ᠶ᠋ᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ ᠃ ᠪᠠᠢᠴᠠᠭᠠᠬᠤ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠨᠢ ᠴᠡᠭᠴᠡᠯᠡᠨ ᠥᠭᠡᠷᠡᠴᠢᠯᠡᠬᠦ ᠠᠵᠢᠯ ᠤ᠋ᠨ ᠭᠣᠣᠯ ᠴᠣᠭᠴᠠ ᠶ᠋ᠢᠨ ᠬᠠᠷᠢᠭᠤᠴᠠᠯᠭ᠎ᠠ ᠶ᠋ᠢ ᠦᠨᠡᠨᠬᠦ ᠡᠭᠦᠷᠭᠡᠯᠡᠵᠦ ᠂ ᠬᠠᠮᠤᠭ ᠤ᠋ᠨ ᠬᠦᠴᠦᠨ ᠪᠦᠬᠦᠢ ᠠᠷᠭ᠎ᠠ ᠬᠡᠮᠵᠢᠶ᠎ᠡ ᠪᠡᠷ ᠡᠯ᠎ᠡ ᠵᠦᠢᠯ ᠦ᠋ᠨ ᠴᠡᠭᠴᠡᠯᠡᠨ ᠥᠭᠡᠷᠡᠴᠢᠯᠡᠬᠦ ᠡᠭᠦᠷᠭᠡ ᠶ᠋ᠢ ᠴᠢᠩᠭ᠎ᠠ ᠠᠳᠬᠤᠵᠤ ᠂ ᠴᠡᠭᠴᠡᠯᠡᠨ ᠥᠭᠡᠷᠡᠴᠢᠯᠡᠬᠦ ᠠᠵᠢᠯ ᠤ᠋ᠨ ᠦᠷ᠎ᠡ ᠪᠦᠲᠦᠮᠵᠢ ᠶ᠋ᠢ ᠦᠨᠡᠨᠬᠦ ᠬᠢᠨᠠᠨ ᠬᠡᠷᠡᠭᠵᠢᠭᠦᠯᠬᠦ ᠶᠠᠰᠤ ᠴᠢᠨᠠᠷ ᠪᠠ ᠬᠠᠤᠯᠢ ᠴᠠᠭᠠᠵᠠ ᠶ᠋ᠢᠨ ᠣᠯᠠᠨ ᠨᠡᠢᠲᠡ ᠶ᠋ᠢ ᠢᠲᠡᠭᠡᠭᠦᠯᠬᠦ ᠬᠦᠴᠦᠨ ᠢ᠋ ᠳᠡᠭᠡᠭᠰᠢᠯᠡᠭᠦᠯᠬᠦ ᠳᠡᠭᠡᠷ᠎ᠡ ᠢᠯᠡᠷᠡᠭᠦᠯᠵᠦ ᠂ ᠣᠷᠳᠣᠰ ᠬᠣᠲᠠ ᠶ᠋ᠢᠨ ᠠᠵᠤ ᠠᠬᠤᠢ ᠨᠡᠢᠭᠡᠮ ᠦ᠋ᠨ ᠴᠢᠨᠠᠷ ᠰᠠᠢᠲᠠᠢ ᠬᠥᠭᠵᠢᠯᠲᠡ ᠳ᠋ᠦ᠍ ᠨᠡᠩ ᠬᠦᠴᠦᠨ ᠲᠡᠭᠦᠯᠳᠡᠷ ᠬᠠᠤᠯᠢ ᠴᠠᠭᠠᠵᠠ ᠶ᠋ᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠬᠤ ᠬᠡᠷᠡᠭᠲᠡᠢ ᠃
    ᠬᠣᠶᠠᠷ ᠲᠤ᠌ ᠠᠵᠢᠯ ᠤ᠋ᠨ ᠬᠠᠷᠢᠭᠤᠴᠠᠯᠭ᠎ᠠ ᠶ᠋ᠢ ᠤᠯᠠᠮ ᠴᠢᠨᠠᠭᠰᠢᠳᠠ ᠨᠠᠢᠳᠠᠪᠤᠷᠢᠵᠢᠭᠤᠯᠬᠤ ᠬᠡᠷᠡᠭᠲᠡᠢ ᠃ ᠤᠳᠤᠷᠢᠳᠬᠤ ᠪᠠᠭ ᠤ᠋ᠨ  ᠭᠡᠰᠢᠭᠦᠨ ᠨᠠᠷ ᠲᠠᠨᠢᠯᠲᠠ ᠪᠠᠨ ᠤᠯᠠᠮ ᠭᠦᠨᠵᠡᠭᠡᠢᠷᠡᠭᠦᠯᠵᠦ ᠂ ᠳᠠᠷᠤᠯᠲᠠ ᠪᠠᠨ ᠳᠠᠬᠢᠨ ᠳᠠᠮᠵᠢᠭᠤᠯᠵᠤ ᠂ ᠠᠵᠢᠯᠯᠠᠭ᠎ᠠ ᠪᠠᠨ ᠤᠯᠠᠮ ᠴᠢᠩᠭᠠᠳᠬᠠᠵᠤ ᠃ 《ᠨᠢᠭᠡ ᠠᠵᠢᠯ ᠤ᠋ᠨ ᠪᠠᠢᠷᠢ ᠬᠣᠣᠰ ᠬᠠᠷᠢᠭᠤᠴᠠᠯᠭ᠎ᠠ》 ᠶ᠋ᠢ ᠴᠢᠩᠭ᠎ᠠ ᠨᠠᠢᠳᠠᠪᠤᠷᠢᠵᠢᠭᠤᠯᠵᠤ ᠂ ᠡᠯ᠎ᠡ ᠲᠥᠷᠥᠯ ᠦ᠋ᠨ ᠵᠠᠰᠠᠨ ᠴᠡᠭᠴᠡᠯᠡᠬᠦ ᠡᠭᠦᠷᠭᠡ ᠶ᠋ᠢᠨ ᠨᠠᠷᠢᠨ ᠬᠠᠭᠤᠳᠠᠰᠤ ᠶ᠋ᠢ ᠤᠯᠠᠮ ᠴᠢᠨᠠᠭᠰᠢᠳᠠ ᠭᠦᠨᠵᠡᠭᠡᠢᠷᠡᠭᠦᠯᠵᠦ ᠂ ᠲᠣᠭᠣᠷᠢᠨ ᠪᠠᠢᠴᠠᠭᠠᠵᠤ ᠬᠠᠷᠢᠭᠤ ᠲᠤᠰᠬᠠᠬᠤ ᠂ ᠴᠡᠭᠴᠡᠯᠡᠨ ᠰᠠᠢᠵᠢᠷᠠᠭᠤᠯᠬᠤ ᠲᠥᠰᠦᠯ ᠦ᠋ᠨ ᠴᠠᠭ ᠤ᠋ᠨ ᠬᠢᠵᠠᠭᠠᠷ ᠤ᠋ᠨ ᠱᠠᠭᠠᠷᠳᠠᠯᠭ᠎ᠠ ᠶᠣᠰᠣᠭᠠᠷ ᠂ ᠡᠯ᠎ᠡ ᠲᠥᠷᠥᠯ ᠦ᠋ᠨ ᠵᠠᠰᠠᠨ ᠰᠠᠢᠵᠢᠷᠠᠭᠤᠯᠬᠤ ᠡᠭᠦᠷᠭᠡ ᠪᠡᠨ ᠥᠨᠳᠥᠷ ᠶᠠᠰᠤ ᠴᠢᠨᠠᠷ ᠴᠢᠨᠰᠠᠭ᠎ᠠ ᠪᠠᠷ ᠪᠡᠶᠡᠯᠡᠭᠦᠯᠵᠦ ᠂ ᠴᠡᠭᠴᠡᠯᠡᠨ ᠥᠭᠡᠷᠡᠴᠢᠯᠡᠬᠦ ᠠᠵᠢᠯ ᠤ᠋ᠨ ᠪᠣᠳᠠᠲᠠᠢ ᠳᠦᠷᠢᠮ ᠲᠣᠭᠲᠠᠭᠠᠯ ᠢ᠋ ᠦᠨᠡᠨᠬᠦ ᠪᠠᠲᠤᠯᠠᠬᠤ ᠬᠡᠷᠡᠭᠲᠡᠢ ᠃
      ᠭᠤᠷᠪᠠ ᠳ᠋ᠤ᠌ ᠂ ᠴᠡᠭᠴᠡᠯᠡᠨ ᠥᠭᠡᠷᠡᠴᠢᠯᠡᠬᠦ ᠪᠣᠳᠠᠲᠤ ᠦᠷ᠎ᠡ ᠪᠦᠲᠦᠮᠵᠢ ᠶ᠋ᠢ ᠤᠯᠠᠮ ᠳᠡᠭᠡᠭᠰᠢᠯᠡᠭᠦᠯᠦᠨ᠎ᠡ ᠃ ᠲᠣᠭᠣᠷᠢᠨ ᠪᠠᠢᠴᠠᠭᠠᠵᠤ ᠴᠡᠭᠴᠡᠯᠡᠨ ᠰᠠᠢᠵᠢᠷᠠᠭᠤᠯᠬᠤ ᠶ᠋ᠢ ᠨᠠᠢᠳᠠᠪᠤᠷᠢᠵᠢᠭᠤᠯᠤᠭᠰᠠᠨ ᠪᠠᠢᠳᠠᠯ ᠳ᠋ᠤ᠌ ᠬᠢᠨᠠᠯᠲᠠ ᠲᠠᠯᠪᠢᠵᠤ ᠪᠠᠢᠴᠠᠭᠠᠬᠤ ᠠᠵᠢᠯ ᠢ᠋ ᠴᠢᠩᠭᠠᠳᠬᠠᠵᠤ ᠂ ᠦᠷ᠎ᠡ ᠪᠦᠲᠦᠮᠵᠢ ᠶ᠋ᠢ ᠮᠥᠷᠳᠡᠨ ᠤᠬᠤᠴᠢᠯᠠᠬᠤ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ᠋ ᠬᠡᠷᠡᠭᠵᠢᠭᠦᠯᠵᠦ ᠂ ᠴᠡᠭᠴᠡᠯᠡᠨ ᠥᠭᠡᠷᠡᠴᠢᠯᠡᠬᠦ ᠠᠵᠢᠯ ᠢ᠋ ᠴᠢᠬᠤᠯᠠᠴᠢᠯᠠᠭᠰᠠᠨ ᠥᠬᠡᠢ ᠂ ᠬᠠᠰᠢ ᠶᠠᠰᠢ ᠪᠠᠷ ᠴᠡᠭᠴᠡᠯᠡᠨ ᠥᠭᠡᠷᠡᠴᠢᠯᠡᠵᠦ ᠰᠠᠢᠵᠢᠷᠠᠭᠤᠯᠤᠭᠰᠠᠨ ᠂ ᠬᠤᠳᠠᠯ ᠬᠠᠭᠤᠷᠮᠠᠭ ᠢ᠋ᠶ᠋ᠠᠷ ᠴᠡᠭᠴᠡᠯᠡᠨ ᠥᠭᠡᠷᠡᠴᠢᠯᠡᠭᠰᠡᠨ ᠳ᠋ᠦ᠍ᠨᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠃ 《 ᠣᠳᠣᠬᠢ ᠶ᠋ᠢ ᠥᠭᠡᠷᠡᠴᠢᠯᠡᠬᠦ 》 ᠪᠠ 《 ᠥᠨᠢ ᠤᠳᠠᠭᠠᠨ ᠥᠭᠡᠷᠡᠴᠢᠯᠡᠯᠲᠡ ᠬᠢᠬᠦ 》  ᠶ᠋ᠢ ᠤᠶᠠᠯᠳᠤᠭᠤᠯᠬᠤ ᠶ᠋ᠢ ᠪᠠᠷᠢᠮᠲᠠᠯᠠᠵᠤ ᠥᠩᠭᠡᠨ ᠲᠠᠯ᠎ᠠ ᠪᠠ ᠦᠨᠳᠦᠰᠦ ᠰᠤᠷᠪᠤᠯᠵᠢ ᠶ᠋ᠢ ᠵᠡᠷᠭᠡᠪᠡᠷ ᠵᠠᠰᠠᠬᠤ ᠶ᠋ᠢ ᠭᠦᠨᠵᠡᠭᠡᠢᠷᠡᠭᠦᠯᠵᠦ ᠳᠦᠷᠢᠮ ᠲᠣᠭᠲᠠᠭᠠᠯ ᠲᠣᠭᠲᠠᠭᠠᠬᠤ ᠶ᠋ᠢ ᠴᠢᠩᠭᠠᠳᠬᠠᠵᠤ ᠂ ᠳᠦᠷᠢᠮ ᠦ᠋ᠨ ᠲᠠᠯ᠎ᠠ ᠪᠠᠷ ᠳᠠᠬᠢᠨ ᠰᠡᠷᠭᠦᠬᠦ ᠶ᠋ᠢ ᠬᠣᠷᠢᠭᠯᠠᠬᠤ ᠠᠵᠢᠯ ᠤ᠋ᠨ ᠦᠷ᠎ᠡ ᠪᠦᠲᠦᠮᠵᠢ ᠪᠡᠨ ᠳᠡᠭᠡᠭᠰᠢᠯᠡᠭᠦᠯᠬᠦ ᠬᠡᠷᠡᠭᠲᠡᠢ ᠃
 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )