ᠨᠢᠭᠡᠨ ᠮᠠᠰᠢᠨ ᠲᠡᠭᠡᠭᠡᠪᠦᠷᠢ ᠶ᠋ᠢᠨ ᠬᠢᠵᠠᠭᠠᠷᠲᠤ ᠺᠣᠮᠫᠠᠨᠢ ᠨᠢ ᠨᠢᠭᠡᠨ ᠵᠠᠰᠠᠭ ᠵᠠᠬᠢᠷᠭᠠᠨ ᠤ᠋ ᠪᠠᠢᠭᠤᠯᠭ᠎ᠠ ᠶ᠋ᠢᠨ ᠱᠠᠭᠠᠷᠳᠠᠯᠭ᠎ᠠ ᠶᠣᠰᠣᠭᠠᠷ ᠬᠠᠭᠠᠰ ᠵᠢᠯ ᠣᠷᠴᠢᠮ ᠤ᠋ᠨ ᠡᠳ᠋ ᠦ᠋ᠨ ᠶᠠᠪᠤᠳᠠᠯ ᠤ᠋ᠨ ᠪᠠᠢᠳᠠᠯ ᠢ᠋ᠶ᠋ᠠᠨ ᠮᠡᠳᠡᠭᠦᠯᠦᠨ ᠬᠦᠷᠭᠡᠬᠦ ᠦᠶ᠎ᠡ ᠳ᠋ᠦ᠍ ᠂ ᠡᠳ᠋ ᠦ᠋ᠨ ᠶᠠᠪᠤᠳᠠᠯ ᠤ᠋ᠨ ᠠᠵᠢᠯᠲᠠᠨ ᠨᠢ ᠲᠣᠭ᠎ᠠ ᠪᠦᠷᠢᠳᠬᠡᠯ ᠦ᠋ᠨ ᠲᠣᠭ᠎ᠠ ᠪᠠᠷᠢᠮᠲᠠ ᠶ᠋ᠢᠨ ᠬᠣᠯᠪᠣᠭᠳᠠᠯ ᠪᠦᠬᠦᠢ ᠲᠣᠭᠠᠴᠠᠭ᠎ᠠ ᠬᠢᠬᠦ ᠠᠷᠭ᠎ᠠ ᠶ᠋ᠢ ᠡᠵᠡᠮᠰᠢᠭᠰᠡᠨ ᠦᠭᠡᠢ ᠡᠴᠡ ᠪᠣᠯᠵᠤ ᠂ ᠭᠦᠢᠴᠡᠳᠬᠡᠯ ᠲᠣᠭ᠎ᠠ ᠶ᠋ᠢᠨ ᠲᠣᠭ᠎ᠠ ᠪᠠᠷᠢᠮᠲᠠ ᠶ᠋ᠢ ᠪᠤᠷᠤᠭᠤ ᠲᠠᠭᠯᠠᠭᠰᠠᠨ ᠪᠥᠭᠡᠳ ᠬᠡᠷᠡᠭ ᠦ᠋ᠨ ᠳᠠᠷᠠᠭ᠎ᠠ ᠪᠠᠰᠠ ᠳᠠᠬᠢᠨ ᠬᠢᠨᠠᠯᠲᠠ ᠬᠢᠭᠰᠡᠨ ᠦᠭᠡᠢ ᠡᠴᠡ ᠪᠣᠯᠵᠤ ᠂ ᠦᠨᠡᠨ ᠪᠣᠳᠠᠲᠠᠢ ᠪᠤᠰᠤ ᠲᠣᠭ᠎ᠠ ᠪᠦᠷᠢᠳᠬᠡᠯ ᠦ᠋ᠨ ᠮᠠᠲ᠋ᠧᠷᠢᠶᠠᠯ ᠬᠠᠩᠭᠠᠭᠰᠠᠨ ᠬᠠᠤᠯᠢ ᠠ᠋ᠴᠠ ᠵᠥᠷᠢᠴᠡᠭᠰᠡᠨ ᠦᠢᠯᠡ ᠠᠵᠢᠯᠯᠠᠭ᠎ᠠ ᠪᠣᠯᠤᠨ᠎ᠠ ᠃ ᠵᠠᠰᠠᠭ ᠵᠠᠬᠢᠷᠭᠠᠨ ᠤ᠋ ᠪᠠᠢᠭᠤᠯᠭ᠎ᠠ ᠲᠤᠰ ᠺᠤᠮᠫᠠᠨᠢ ᠳ᠋ᠦ᠍ ᠵᠠᠰᠠᠭ ᠵᠠᠬᠢᠷᠭᠠᠨ ᠤ᠋ ᠰᠢᠳᠬᠡᠯ ᠥᠭᠬᠦ ᠪᠥᠭᠡᠳ ᠲᠤᠰ ᠺᠤᠮᠫᠠᠨᠢ ᠵᠢ ᠢᠲᠡᠭᠡᠯ ᠠᠯᠳᠠᠭᠰᠠᠨ ᠨᠡᠷᠡᠰ ᠲᠦ᠍ ᠣᠷᠣᠭᠤᠯᠤᠨ᠎ᠠ ᠃
ᠮᠠᠰᠢᠨ ᠲᠡᠭᠡᠭᠡᠪᠦᠷᠢ ᠶ᠋ᠢᠨ ᠬᠢᠵᠠᠭᠠᠷᠲᠤ ᠺᠣᠮᠫᠠᠨᠢ ᠨᠢᠭᠡᠨ ᠵᠠᠰᠠᠭ ᠵᠠᠬᠢᠷᠭᠠᠨ ᠤ᠋ ᠪᠠᠢᠭᠤᠯᠭ᠎ᠠ ᠶ᠋ᠢ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶᠠᠨ ᠳ᠋ᠤ᠌ ᠵᠠᠭᠠᠯᠳᠤᠵᠤ ᠂ ᠵᠠᠰᠠᠭ ᠵᠠᠬᠢᠷᠭᠠᠨ ᠤ᠋ ᠰᠢᠳᠬᠡᠯ ᠦ᠋ᠨ ᠲᠣᠭᠲᠠᠭᠠᠯ ᠢ᠋ ᠬᠦᠴᠦᠨ ᠦᠭᠡᠢ ᠪᠣᠯᠭᠠᠬᠤ ᠪᠠᠷ ᠭᠤᠶᠤᠴᠢᠯᠠᠨ᠎ᠠ ᠃
ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶᠠᠨ ᠤ᠋ ᠵᠠᠰᠠᠭ ᠵᠠᠬᠢᠷᠭᠠᠨ ᠤ᠋ ᠮᠠᠷᠭᠤᠯᠳᠤᠭᠠᠨ ᠢ᠋ ᠡᠶᠡᠳᠡᠭᠦᠯᠦᠨ ᠰᠢᠢᠳᠪᠦᠷᠢᠯᠡᠬᠦ ᠲᠥᠪ ᠡᠴᠡ ᠲᠤᠰ ᠬᠡᠷᠡᠭ ᠦ᠋ᠨ ᠮᠠᠲ᠋ᠧᠷᠢᠶᠠᠯ ᠢ᠋ ᠬᠢᠨᠠᠨ ᠪᠠᠢᠴᠠᠭᠠᠭᠰᠠᠨ ᠤ᠋ ᠳᠠᠷᠠᠭ᠎ᠠ ᠲᠡᠷᠡ ᠳᠠᠷᠤᠢ ᠳ᠋ᠤᠨᠢ ᠮᠠᠰᠢᠨ ᠲᠡᠭᠡᠭᠡᠪᠦᠷᠢ ᠶ᠋ᠢᠨ ᠬᠢᠵᠠᠭᠠᠷᠲᠤ ᠺᠣᠮᠫᠠᠨᠢ ᠲᠠᠢ ᠬᠠᠷᠢᠯᠴᠠᠵᠤ ᠂ ᠬᠡᠷᠡᠭ ᠦ᠋ᠨ ᠥᠩᠭᠡᠷᠡᠯᠲᠡ ᠶ᠋ᠢ ᠨᠠᠷᠢᠨ ᠣᠢᠯᠭᠠᠵᠠᠢ ᠃
《ᠪᠢᠳᠡ ᠶᠡᠷᠦ ᠡᠴᠡ ᠪᠡᠨ ᠬᠠᠤᠯᠢ ᠶᠣᠰᠣᠭᠠᠷ ᠡᠵᠡᠩᠨᠡᠵᠦ ᠂ ᠬᠠᠤᠯᠢ ᠶᠣᠰᠣᠭᠠᠷ ᠮᠡᠳᠡᠭᠦᠯᠵᠦ ᠪᠠᠢᠨ᠎ᠠ ᠂ ᠡᠨᠡ ᠤᠳᠠᠭ᠎ᠠ ᠵᠣᠷᠢᠭᠤᠳᠠ ᠬᠢᠭᠰᠡᠨ ᠪᠢᠰᠢ ᠃ ᠪᠢᠳᠡᠨ ᠢ᠋ ᠲᠤᠰᠠᠯᠠᠭᠠᠴᠢ !︕ ᠡᠨᠡ ᠬᠡᠳᠦᠨ ᠵᠢᠯ ᠺᠣᠮᠫᠠᠨᠢ ᠡᠵᠡᠩᠨᠡᠬᠦ ᠳ᠋ᠤ ᠲᠣᠩ ᠬᠦᠴᠢᠷᠲᠡᠢ ᠪᠣᠯᠵᠠᠢ ᠃ ᠬᠡᠷᠪᠡ ᠡᠨᠡ ᠬᠡᠳᠦᠨ ᠮᠥᠩᠭᠥ ᠪᠡᠨ ᠲᠤᠰᠢᠶᠠᠪᠠᠯ ᠮᠠᠨ ᠤ᠋ ᠺᠣᠮᠫᠠᠨᠢ ᠶᠠᠭᠠᠬᠢᠵᠤ ᠲᠡᠰᠬᠦ ᠪᠢᠯᠡ ᠁》
ᠬᠢᠵᠢᠭ᠌ ᠤᠨ ᠪᠠᠢᠳᠠᠯ ᠳᠣᠣᠷ᠎ᠠ ᠠᠵᠤ ᠠᠬᠤᠢᠯᠠᠯ ᠤ᠋ᠨ ᠠᠵᠤ ᠠᠬᠤᠢ ᠶ᠋ᠢᠨ ᠳᠠᠷᠤᠯᠲᠠ ᠶᠡᠬᠡ ᠂ ᠬᠡᠷᠪᠡ ᠠᠵᠤ ᠠᠬᠤᠢᠯᠠᠯ ᠳᠠᠮᠫᠤᠷᠠᠪᠠᠯ ᠂ ᠡᠭᠦᠨ ᠢ᠋ ᠳᠠᠭᠠᠯᠳᠤᠨ ᠠᠵᠢᠯᠴᠢᠨ ᠤ᠋ ᠠᠵᠢᠯ ᠠᠯᠳᠠᠭᠰᠠᠨ ᠠ᠋ᠴᠠ ᠪᠣᠯᠤᠭᠰᠠᠨ ᠡᠯ᠎ᠡ ᠲᠥᠷᠥᠯ ᠦ᠋ᠨ ᠠᠰᠠᠭᠤᠳᠠᠯ ᠭᠠᠷᠴᠤ ᠢᠷᠡᠨ᠎ᠡ ᠃ ᠵᠠᠰᠠᠭ ᠵᠠᠬᠢᠷᠭᠠᠨ ᠤ᠋ ᠮᠠᠷᠭᠤᠯᠳᠤᠭᠠᠨ ᠢ᠋ ᠲᠣᠬᠢᠷᠠᠮᠵᠢᠲᠠᠢ ᠰᠢᠢᠳᠪᠦᠷᠢᠯᠡᠵᠦ ᠂ ᠬᠢᠵᠢᠭ᠌ ᠤᠨ ᠪᠠᠢᠳᠠᠯ ᠳᠣᠣᠷ᠎ᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠰᠢᠯᠢᠳᠡᠭᠵᠢᠭᠦᠯᠬᠦ ᠪᠠ ᠠᠷᠠᠳ ᠤ᠋ᠨ ᠠᠮᠢᠳᠤᠷᠠᠯ ᠢ᠋ ᠪᠠᠲᠤᠯᠠᠬᠤ ᠳ᠋ᠤ᠌ ᠬᠣᠯᠪᠣᠭᠳᠠᠬᠤ ᠲᠥᠷᠥ ᠶ᠋ᠢᠨ ᠪᠣᠳᠣᠯᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠬᠤ ᠶ᠋ᠢᠨ ᠲᠥᠯᠥᠭᠡ ᠂ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠠ᠋ᠴᠠ ᠲᠤᠰ ᠤᠳᠠᠭᠠᠨ ᠤ᠋ ᠵᠠᠰᠠᠭ ᠵᠠᠬᠢᠷᠭᠠᠨ ᠤ᠋ ᠬᠡᠷᠡᠭ ᠢ᠋ ᠵᠠᠭᠠᠯᠳᠤᠬᠤ ᠠ᠋ᠴᠠ ᠡᠮᠦᠨ᠎ᠡ ᠡᠶᠡᠳᠡᠭᠦᠯᠦᠨ ᠰᠢᠢᠳᠪᠦᠷᠢᠯᠡᠬᠦ ᠪᠡᠷ ᠲᠣᠭᠲᠠᠪᠠ ᠃
ᠡᠶᠡᠳᠡᠭᠦᠯᠦᠨ ᠰᠢᠢᠳᠪᠦᠷᠢᠯᠡᠬᠦ ᠶᠠᠪᠤᠴᠠ ᠳ᠋ᠤ᠌ ᠂ ᠡᠶᠡᠳᠡᠭᠦᠯᠦᠭᠴᠢ ᠨᠢᠭᠡ ᠲᠠᠯ᠎ᠠ ᠪᠠᠷ ᠮᠠᠰᠢᠨ ᠲᠡᠷᠭᠡᠨ ᠦ᠌ ᠲᠡᠭᠡᠭᠡᠪᠦᠷᠢ ᠶ᠋ᠢᠨ ᠬᠢᠵᠠᠭᠠᠷᠲᠤ ᠺᠣᠮᠫᠠᠨᠢ ᠳ᠋ᠤ᠌ ᠬᠦᠯᠢᠴᠡᠩᠭᠦᠢ ᠬᠠᠤᠯᠢ ᠲᠠᠢᠯᠪᠤᠷᠢᠯᠠᠨ ᠵᠠᠳᠠᠯᠵᠤ ᠂ ᠠᠵᠤ ᠠᠬᠤᠢᠯᠠᠯ ᠤ᠋ᠨ ᠢ᠋ᠶ᠋ᠠᠨ ᠢᠲᠡᠭᠡᠯ ᠠᠯᠳᠠᠭᠰᠠᠨ ᠤ᠋ ᠦᠷ᠎ᠡ ᠳ᠋ᠦᠩ ᠢ᠋ ᠴᠢᠩᠭ᠎ᠠ ᠮᠡᠳᠡᠭᠳᠡᠵᠦ ᠂ ᠲᠣᠭ᠎ᠠ ᠪᠦᠷᠢᠳᠬᠡᠯ ᠦ᠋ᠨ ᠠᠵᠢᠯ ᠢ᠋ ᠴᠢᠬᠤᠯᠠᠴᠢᠯᠠᠵᠤ ᠂ ᠨᠥᠭᠦᠭᠡ ᠲᠠᠯ᠎ᠠ ᠪᠠᠷ ᠮᠠᠰᠢᠨ ᠲᠡᠷᠭᠡᠨ ᠦ᠌ ᠲᠡᠭᠡᠭᠡᠪᠦᠷᠢ ᠶ᠋ᠢᠨ ᠺᠣᠮᠫᠠᠨᠢ ᠶ᠋ᠢᠨ ᠡᠵᠡᠩᠨᠡᠯᠲᠡᠶ᠋ᠢᠨ ᠪᠠᠢᠳᠠᠯ ᠪᠣᠯᠤᠨ ᠣᠷᠣᠰᠢᠵᠤ ᠪᠠᠢᠭ᠎ᠠ ᠬᠦᠴᠢᠷᠳᠡᠯ ᠣᠷᠣᠰᠢᠵᠤ ᠪᠠᠢᠬᠤ ᠶ᠋ᠢ ᠵᠠᠰᠠᠭ ᠵᠠᠬᠢᠷᠭᠠᠨ ᠤ᠋ ᠪᠠᠢᠭᠤᠯᠤᠯᠭ᠎ᠠ ᠳ᠋ᠤ᠌ ᠢᠳᠡᠪᠬᠢᠲᠡᠢ ᠪᠡᠷ ᠲᠣᠳᠣᠷᠬᠠᠢᠯᠠᠵᠤ ᠂ ᠬᠣᠶᠠᠷ ᠲᠠᠯ᠎ᠠ ᠶ᠋ᠢᠨ ᠡᠪᠰᠡᠬᠦ ᠶ᠋ᠢ ᠠᠬᠢᠭᠤᠯᠬᠤ ᠬᠡᠷᠡᠭᠲᠡᠢ ᠭᠡᠵᠦ ᠠᠵᠤ ᠠᠬᠤᠢᠯᠠᠯ ᠳ᠋ᠤ᠌ ᠰᠠᠨᠠᠭᠤᠯᠬᠤ ᠬᠡᠷᠡᠭᠲᠡᠢ ᠃ ᠬᠠᠮᠤᠭ ᠡᠴᠦᠰ ᠲᠦ᠍ ᠂ ᠡᠶᠡᠳᠡᠭᠦᠯᠦᠭᠴᠢ ᠶ᠋ᠢᠨ ᠳᠠᠭᠠᠭᠠᠮᠠᠭᠠᠢ ᠲᠣᠬᠢᠷᠠᠭᠤᠯᠤᠯᠲᠠ ᠪᠠᠷ ᠳᠠᠮᠵᠢᠨ ᠂ ᠵᠠᠰᠠᠭ ᠵᠠᠬᠢᠷᠭᠠᠨ ᠤ᠋ ᠪᠠᠢᠭᠤᠯᠤᠯᠭ᠎ᠠ ᠠ᠋ᠴᠠ ᠬᠡᠰᠡᠭ ᠵᠠᠰᠠᠭ ᠵᠠᠬᠢᠷᠭᠠᠨ ᠤ᠋ ᠲᠣᠷᠭᠠᠭᠤᠯᠢ ᠶ᠋ᠢᠨ ᠵᠣᠭᠣᠰ ᠢ᠋ ᠬᠠᠰᠤᠵᠤ ᠬᠡᠯᠲᠦᠷᠢᠭᠦᠯᠬᠦ ᠶ᠋ᠢ ᠵᠥᠪᠰᠢᠶᠡᠷᠡᠵᠦ ᠂ ᠮᠠᠰᠢᠨ ᠲᠡᠷᠭᠡᠨ ᠦ᠌ ᠲᠡᠭᠡᠭᠡᠪᠦᠷᠢ ᠶ᠋ᠢᠨ ᠺᠣᠮᠫᠠᠨᠢ ᠵᠠᠭᠠᠯᠳᠤᠯᠭ᠎ᠠ ᠪᠠᠨ ᠪᠤᠴᠠᠭᠠᠪᠠ ᠃
ᠲᠤᠰ ᠤᠳᠠᠭᠠᠨ ᠤ᠋ ᠵᠠᠰᠠᠭ ᠵᠠᠬᠢᠷᠭᠠᠨ ᠤ᠋ ᠮᠠᠷᠭᠤᠯᠳᠤᠭᠠᠨ ᠢ᠋ ᠲᠣᠬᠢᠲᠠᠢ ᠰᠢᠢᠳᠪᠦᠷᠢᠯᠡᠵᠦ ᠂ ᠵᠠᠰᠠᠭ ᠵᠠᠬᠢᠷᠭᠠᠨ ᠤ᠋ ᠬᠠᠤᠯᠢ ᠬᠡᠷᠡᠭᠵᠢᠭᠦᠯᠬᠦ ᠡᠷᠬᠡ ᠰᠦᠷᠲᠦ ᠴᠢᠨᠠᠷ ᠢ᠋ ᠬᠠᠮᠠᠭᠠᠯᠠᠵᠤ ᠂ ᠬᠠᠤᠯᠢ ᠴᠠᠭᠠᠵᠠ ᠶ᠋ᠢᠨ ᠡᠬᠢ ᠪᠠᠶᠠᠯᠢᠭ ᠢ᠋ ᠠᠷᠪᠢᠯᠠᠭᠰᠠᠨ ᠢ᠋ᠶ᠋ᠠᠷ ᠪᠠᠷᠠᠬᠤ ᠦᠭᠡᠢ ᠪᠠᠰᠠ ᠠᠷᠠᠳ ᠠ᠋ᠴᠠ ᠡᠵᠡᠩᠨᠡᠭᠰᠡᠨ ᠠᠵᠤ ᠠᠬᠤᠢᠯᠠᠯ ᠤ᠋ᠨ ᠪᠡᠷᠬᠡ ᠪᠣᠭᠣᠮᠲᠠᠶ᠋ᠢ ᠲᠤᠭᠤᠯᠵᠤ ᠳᠠᠬᠢᠨ ᠠᠮᠢᠯᠠᠬᠤ ᠠᠵᠠ ᠲᠣᠬᠢᠶᠠᠯ ᠢ᠋ ᠣᠯᠬᠤ ᠶ᠋ᠢ ᠪᠦᠲᠦᠮᠵᠢᠲᠡᠢ ᠪᠡᠷ ᠬᠠᠪᠰᠤᠷᠤᠨ ᠂ ᠬᠡᠷᠡᠭ ᠢ᠋ ᠰᠢᠢᠳᠪᠦᠷᠢᠯᠡᠵᠦ ᠤᠴᠢᠷ ᠶᠠᠪᠤᠳᠠᠯ ᠢ᠋ ᠳᠠᠭᠤᠰᠬᠠᠬᠤ ᠦᠷ᠎ᠡ ᠪᠦᠲᠦᠮᠵᠢ ᠶ᠋ᠢ ᠦᠨᠡᠨ ᠬᠦ᠌ ᠣᠯᠤᠭᠰᠠᠨ ᠪᠠᠢᠨ᠎ᠠ ᠃
ᠦᠨᠡᠯᠡᠬᠦ 0ᠦᠨᠡᠯᠡᠯᠲᠡ᠎ᠲᠠᠢ