9 ᠰᠠᠷ᠎ᠠ ᠶ᠋ᠢᠨ 13 ᠤ᠋ ᠡᠳᠦᠷ
ᠬᠢᠶ᠎ᠡ ᠪᠠᠭᠰᠢ ᠲᠣᠭᠣᠷᠢᠭ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢᠨ ᠬᠢᠶ᠎ᠡ ᠪᠠᠭᠰᠢ ᠲᠣᠭᠣᠷᠢᠭ ᠲᠤ᠌ ᠰᠠᠭᠤᠭ᠎ᠠ ᠰᠢᠭᠦᠬᠦ ᠬᠣᠷᠢᠶ
《 ᠰᠡᠳᠬᠢᠯ ᠬᠣᠯᠪᠤᠨ ᠠᠵᠢᠯᠯᠠᠬᠤ ᠲᠠᠰᠤᠭ 》 ᠵᠢᠩᠬᠢᠨᠢ ᠪᠡᠷ ᠫᠠᠢᠰᠠ ᠰᠡᠬᠦᠪᠡ︕
ᠥᠨᠥᠳᠥᠷ ᠡᠴᠡ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ
ᠠᠷᠠᠳ ᠤ᠋ᠨ ᠳᠠᠭᠤᠨ ᠢ᠋ ᠰᠣᠨᠣᠰᠴᠤ ᠂ ᠠᠷᠠᠳ ᠤ᠋ᠨ ᠪᠠᠢᠳᠠᠯ ᠢ᠋ ᠣᠢᠯᠠᠭᠠᠨ ᠂ ᠠᠷᠠᠳ ᠤ᠋ᠨ ᠵᠣᠪᠠᠨᠢᠯ ᠢ᠋ ᠠᠷᠢᠯᠭᠠᠵᠤ ᠂ ᠠᠷᠠᠳ ᠤ᠋ᠨ ᠣᠶᠤᠨ ᠢ᠋ ᠴᠤᠭᠯᠠᠭᠤᠯᠤᠨ᠎ᠠ
ᠲᠥᠯᠥᠭᠡᠯᠡᠭᠴᠢ ᠶ᠋ᠢᠨ ᠬᠢᠨᠠᠯᠲᠠ ᠶ᠋ᠢ ᠦᠨᠡᠨ ᠰᠡᠳᠬᠢᠯ ᠡᠴᠡ ᠪᠡᠨ ᠬᠦᠯᠢᠶᠡᠵᠦ
ᠴᠤ᠋ ᠰᠢᠨ᠎ᠡ ᠠᠴᠢᠶᠠᠯᠠᠪᠤᠷᠢ ᠪᠣᠯᠤᠨ ᠲᠠᠪᠴᠠᠩ ᠲᠠᠢ ᠪᠣᠯᠵᠠᠢ ︕
ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ ᠨᠢ ᠰᠢᠭᠦᠬᠦ ᠬᠣᠷᠢᠶ᠎ᠠ ᠬᠢᠭᠡᠳ ᠣᠯᠠᠨ ᠲᠦᠮᠡᠨ ᠦ᠌ 《 ᠬᠣᠯᠪᠣᠭᠠᠴᠢᠨ 》 ᠪᠣᠯᠬᠤ ᠪᠠᠷ ᠪᠠᠷᠠᠬᠤ ᠦᠭᠡᠢ ᠪᠠᠰᠠ ᠲᠥᠪ ᠭᠣᠣᠯᠴᠢ ᠪᠠᠷ ᠬᠠᠤᠯᠢ ᠪᠠᠷᠢᠬᠤ ᠶ᠋ᠢᠨ 《 ᠬᠢᠨᠠᠯᠲᠠ ᠲᠠᠯᠪᠢᠭᠴᠢ 》 ᠪᠣᠯᠤᠨ᠎ᠠ ᠃ ᠰᠢᠭᠦᠬᠦ ᠬᠣᠷᠢᠶᠠᠨ ᠳ᠋ᠤ᠌ ᠰᠠᠭᠤᠭ᠎ᠠ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢᠨ 《 ᠰᠡᠳᠬᠢᠯ ᠬᠣᠯᠪᠤᠨ ᠠᠵᠢᠯᠯᠠᠬᠤ ᠲᠠᠰᠤᠭ 》 ᠫᠠᠢᠰᠠ ᠡᠯᠭᠦᠨ ᠪᠠᠢᠭᠤᠯᠤᠭᠳᠠᠭᠰᠠᠨ ᠨᠢ ᠪᠣᠯ ᠬᠢᠶ᠎ᠡ ᠪᠠᠭᠰᠢ ᠲᠣᠭᠣᠷᠢᠭ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶ᠎ᠠ ᠪᠠ ᠲᠣᠭᠤᠷᠢᠭ ᠤ᠋ᠨ ᠰᠢᠭᠦᠬᠦ ᠬᠣᠷᠢᠶ᠎ᠠ ᠶ᠋ᠢᠨ ᠠᠷᠠᠳ ᠲᠦᠮᠡᠨ ᠦ᠌ ᠵᠣᠭᠰᠣᠯᠲᠠ ᠶ᠋ᠢ ᠪᠠᠷᠢᠮᠲᠠᠯᠠᠬᠤ ᠂ ᠣᠯᠠᠨ ᠲᠦᠮᠡᠨᠴᠢ ᠱᠤᠭᠤᠮ ᠢ᠋ ᠦᠢᠯᠡᠳᠦᠯᠭᠡᠵᠢᠭᠦᠯᠦᠭᠰᠡᠨ ᠠᠮᠢᠳᠤᠯᠢᠭ ᠦᠢᠯᠡᠳᠦᠯᠭᠡ ᠪᠣᠯᠤᠨ᠎ᠠ ᠂ ᠡᠨᠡ ᠨᠢ ᠰᠢᠭᠦᠬᠦ ᠬᠣᠷᠢᠶ᠎ᠠ ᠶ᠋ᠢᠨ ᠬᠢᠨᠠᠯᠲᠠ ᠶ᠋ᠢ ᠨᠡᠩ ᠤᠬᠠᠮᠰᠠᠷ ᠠ᠋ᠴᠠ ᠪᠠᠨ ᠬᠦᠯᠢᠶᠡᠵᠦ ᠂ ᠠᠵᠢᠯ ᠢ᠋ᠶ᠋ᠠᠨ ᠴᠢᠩᠭᠠᠳᠬᠠᠨ ᠰᠠᠢᠵᠢᠷᠠᠭᠤᠯᠬᠤ ᠳ᠋ᠤ᠌ ᠴᠢᠬᠤᠯᠠ ᠠᠷᠭ᠎ᠠ ᠵᠠᠮ ᠬᠠᠩᠭᠠᠨ ᠂ ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠬᠦ ᠬᠣᠷᠢᠶ᠎ᠠ ᠶ᠋ᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠳ᠋ᠤ᠌ ᠴᠢᠬᠤᠯᠠ ᠠᠴᠢ ᠬᠣᠯᠪᠣᠭᠳᠠᠯ ᠲᠠᠢ ᠶᠤᠮ ᠃
ᠦᠳᠡ ᠶ᠋ᠢᠨ ᠡᠮᠦᠨᠡᠬᠢ 10 ᠴᠠᠭ ᠲᠤ᠌ ᠂ 《 ᠰᠡᠳᠬᠢᠯ ᠬᠣᠯᠪᠤᠨ ᠠᠵᠢᠯᠯᠠᠬᠤ ᠲᠠᠰᠤᠭ 》 ᠤ᠋ᠨ ᠫᠠᠢᠰᠠ ᠰᠡᠬᠦᠬᠦ ᠶᠣᠰᠣᠯᠠᠯ ᠵᠢᠩᠬᠢᠨᠢ ᠪᠡᠷ ᠡᠬᠢᠯᠡᠵᠡᠢ ᠃
ᠠᠵᠢᠯᠯᠠᠭ᠎ᠠ ᠳᠤᠮᠳᠠ ᠂ ᠬᠢᠶ᠎ᠡ ᠪᠠᠭᠰᠢ ᠲᠣᠭᠣᠷᠢᠭ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢᠨ ᠰᠢᠭᠦᠬᠦ ᠬᠣᠷᠢᠶᠠᠨ ᠳ᠋ᠤ᠌ ᠰᠠᠭᠤᠭ᠎ᠠ 《 ᠰᠡᠳᠬᠢᠯ ᠬᠣᠯᠪᠤᠨ ᠠᠵᠢᠯᠯᠠᠬᠤ ᠲᠠᠰᠤᠭ 》 ᠤ᠋ᠨ ᠪᠤᠳᠠᠳᠠᠴᠢᠯᠠᠬᠰᠠᠨ ᠠᠵᠢᠯᠯᠠᠭᠠᠨ ᠤ᠋ ᠠᠵᠢᠯ ᠤ᠋ᠨ ᠲᠥᠰᠦᠯ ᠢ᠋ ᠤᠩᠰᠢᠨ ᠲᠠᠢᠯᠪᠤᠷᠢᠯᠠᠵᠤ ᠂ 《 ᠰᠡᠳᠬᠢᠯ ᠬᠣᠯᠪᠤᠨ ᠠᠵᠢᠯᠯᠠᠬᠤ ᠲᠠᠰᠤᠭ 》 ᠶ᠋ᠢᠨ ᠫᠠᠢᠰᠠ ᠰᠡᠬᠦᠬᠦ ᠶᠣᠰᠣᠯᠠᠯ ᠶᠠᠪᠤᠭᠤᠯᠤᠭᠰᠠᠨ ᠤ᠋ ᠬᠠᠮᠲᠤ ᠂ ᠣᠨᠴᠠ ᠤᠷᠢᠭᠰᠠᠨ ᠡᠶᠡᠳᠡᠭᠦᠯᠦᠭᠴᠢ ᠳ᠋ᠦ᠍ ᠤᠷᠢᠭᠳᠠᠭᠰᠠᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢᠳ ᠲᠦ᠍ ᠦᠨᠡᠮᠯᠡᠯ ᠣᠯᠭᠣᠭᠰᠠᠨ ᠪᠠᠢᠨ᠎ᠠ ᠃
ᠲᠦᠷᠦᠭᠦᠦ ᠪᠦᠯᠦᠭ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ 20 ᠲᠥᠯᠥᠭᠡᠯᠡᠭᠴᠢ ᠨᠢ ᠲᠤᠰ ᠪᠦᠷᠢ ᠰᠤᠷᠭᠠᠨ ᠬᠥᠮᠦᠵᠢᠯ ᠂ ᠮᠥᠩᠭᠥᠨ ᠭᠦᠢᠯᠭᠡᠭᠡ ᠂ ᠬᠤᠳᠠᠯᠳᠤᠭ᠎ᠠ ᠂ ᠰᠣᠶᠣᠯ ᠂ ᠠᠳᠠᠯ ᠠᠬᠤᠢ ᠶ᠋ᠢᠨ ᠬᠠᠮᠢᠶᠠᠷᠤᠯᠲᠠ ᠵᠢᠴᠢ ᠵᠡᠭᠡᠯᠢ ᠭᠤᠳᠤᠮᠵᠢ ᠶ᠋ᠢᠨ ᠨᠡᠢᠭᠡᠮ ᠲᠣᠭᠣᠷᠢᠭ ᠵᠡᠷᠭᠡ ᠣᠯᠠᠨ ᠠᠳᠠᠯᠢ ᠪᠤᠰᠤ ᠬᠦᠷᠢᠶ᠎ᠡ ᠬᠡᠪᠴᠢᠶ᠎ᠡ ᠡᠴᠡ ᠢᠷᠡᠭᠰᠡᠨ ᠪᠠᠢᠨ᠎ᠠ ᠃ 《 ᠰᠡᠳᠬᠢᠯ ᠬᠣᠯᠪᠤᠨ ᠠᠵᠢᠯᠯᠠᠬᠤ ᠲᠠᠰᠤᠭ 》 ᠲᠤ᠌ ᠲᠦᠰᠢᠭᠯᠡᠨ ᠂ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ ᠨᠢ ᠬᠡᠷᠡᠭ ᠢ᠋ ᠡᠶᠡᠳᠡᠭᠦᠯᠬᠦ ᠂ ᠭᠡᠷᠡᠴᠢ ᠶ᠋ᠢ ᠦᠵᠡᠨ ᠭᠦᠢᠴᠡᠳᠬᠡᠬᠦ ᠂ ᠲᠢᠩᠬᠢᠮ ᠤ᠋ᠨ ᠰᠢᠭᠦᠯᠲᠡ ᠶ᠋ᠢ ᠰᠤᠯᠠ ᠰᠣᠨᠣᠰᠬᠤ ᠵᠢᠴᠢ ᠪᠠᠢᠴᠠᠭᠠᠨ ᠰᠤᠳᠤᠯᠬᠤ ᠰᠠᠭᠤᠳᠠᠯ ᠤ᠋ᠨ ᠬᠤᠷᠠᠯ ᠵᠡᠷᠭᠡ ᠠᠵᠢᠯᠯᠠᠭ᠎ᠠ ᠳ᠋ᠤ᠌ ᠭᠦᠨᠵᠡᠭᠡᠢ ᠣᠷᠣᠯᠴᠠᠵᠤ ᠂ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢᠳ ᠤ᠋ᠨ ᠡᠯ᠎ᠡ ᠵᠦᠢᠯ ᠤ᠋ᠨ ᠠᠵᠢᠯ ᠢ᠋ ᠣᠯᠠᠨ ᠳᠡᠰ ᠳᠠᠪᠬᠤᠷᠭ᠎ᠠ ᠂ ᠪᠦᠬᠦ ᠲᠠᠯ᠎ᠠ ᠂ ᠪᠦᠬᠦ ᠶᠠᠪᠤᠴᠠ ᠪᠠᠷ ᠣᠢᠯᠠᠭᠠᠵᠤ ᠬᠢᠨᠠᠬᠤ ᠪᠠ ᠰᠢᠭᠦᠬᠦ ᠬᠣᠷᠢᠶᠠᠨ ᠤ᠋ ᠡᠯ᠎ᠡ ᠵᠦᠢᠯ ᠤ᠋ᠨ ᠠᠵᠢᠯ ᠳ᠋ᠤ᠌ ᠠᠰᠢᠭᠲᠠᠢ ᠃
ᠬᠡᠷᠬᠢᠨ ᠲᠥᠯᠥᠭᠡᠯᠡᠭᠴᠢᠳ ᠤ᠋ᠨ 《 ᠪᠠᠢᠩᠭᠤ ᠰᠠᠭᠤᠬᠤ 》 ᠮᠥᠷᠲᠡᠭᠡᠨ 《 ᠰᠠᠭᠤᠭᠠᠳ 》 ᠦᠷ᠎ᠡ ᠪᠦᠲᠦᠮᠵᠢ ᠭᠠᠷᠭᠠᠬᠤ ᠶ᠋ᠢ ᠪᠠᠲᠤᠯᠠᠬᠤ ᠪᠣᠢ ︖ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ ᠸᠠᠩ ᠴᠢᠦᠢ ᠢᠯᠡᠷᠬᠡᠢᠯᠡᠬᠦ ᠳ᠋ᠡᠭᠡᠨ ᠂ ᠠᠵᠢᠯᠯᠠᠬᠤ ᠲᠠᠰᠤᠭ ᠤ᠋ᠨ ᠮᠥᠨ ᠴᠢᠨᠠᠷ ᠤ᠋ᠨ ᠠᠵᠢᠯᠯᠠᠭᠠᠨ ᠢ᠋ ᠠᠬᠢᠭᠤᠯᠬᠤ ᠲᠠᠯ᠎ᠠ ᠪᠠᠷ ᠂ ᠠᠵᠢᠯᠯᠠᠬᠤ ᠲᠠᠰᠤᠭ ᠤ᠋ᠨ ᠨᠡᠢᠭᠡᠮ ᠤ᠋ᠨ ᠪᠠᠢᠳᠠᠯ ᠠᠷᠠᠳ ᠤ᠋ᠨ ᠰᠠᠨᠠᠭ᠎ᠠ ᠶ᠋ᠢ ᠡᠵᠡᠮᠰᠢᠵᠦ ᠂ ᠲᠥᠷᠥ ᠶ᠋ᠢᠨ ᠪᠣᠳᠣᠯᠭ᠎ᠠ ᠬᠠᠤᠯᠢ ᠲᠣᠭᠲᠠᠭᠠᠯ ᠢ᠋ ᠲᠠᠢᠯᠪᠤᠷᠢᠯᠠᠨ ᠂ ᠵᠥᠷᠢᠴᠡᠯ ᠵᠢᠭᠤᠷᠠᠯᠳᠤᠭᠠᠨ ᠢ᠋ ᠨᠠᠮᠳᠠᠭᠤᠯᠬᠤ ᠶ᠋ᠢᠨ ᠴᠢᠬᠤᠯᠠ ᠦᠢᠯᠡᠳᠦᠯ ᠢ᠋ ᠲᠠᠰᠤᠷᠠᠯᠲᠠ ᠦᠭᠡᠢ ᠭᠦᠨᠵᠡᠭᠡᠢᠷᠡᠭᠦᠯᠵᠦ ᠂ 《 ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ + ᠰᠢᠭᠦᠬᠦ ᠬᠣᠷᠢᠶ᠎ᠠ 》 ᠪᠠᠷ ᠳᠠᠮᠵᠢᠨ ᠠᠷᠠᠳ ᠣᠯᠠᠨ ᠬᠠᠤᠯᠢ ᠶᠣᠰᠣ ᠡᠮᠬᠢ ᠵᠢᠷᠤᠮ ᠲᠠᠢ ᠪᠠᠷ ᠬᠦᠰᠡᠯ ᠱᠠᠭᠠᠷᠳᠠᠯᠭ᠎ᠠ ᠪᠠᠨ ᠲᠤᠰᠬᠠᠨ᠎ᠠ ᠃ ᠣᠯᠠᠨ ᠲᠦᠮᠡᠨ ᠦ᠌ ᠬᠦᠰᠡᠯ ᠡᠷᠡᠮᠡᠯᠵᠡᠯ ᠳ᠋ᠦ᠍ ᠥᠨᠳᠥᠷ ᠦᠷ᠎ᠡ ᠪᠦᠲᠦᠮᠵᠢᠲᠡᠢ ᠬᠠᠷᠢᠭᠤᠯᠲᠠ ᠥᠭᠬᠦ ᠲᠠᠯ᠎ᠠ ᠪᠠᠷ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ ᠣᠷᠣᠯᠴᠠᠨ ᠵᠠᠷᠭᠤᠯᠳᠤᠬᠤ ᠠ᠋ᠴᠠ ᠡᠮᠦᠨ᠎ᠡ ᠡᠶᠡᠳᠡᠭᠦᠯᠬᠦ ᠠᠵᠢᠯ ᠤ᠋ᠨ ᠠᠷᠭ᠎ᠠ ᠶ᠋ᠢ ᠪᠠᠢᠭᠤᠯᠵᠤ ᠂ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢᠨ ᠲᠤᠰ ᠪᠡᠶ᠎ᠡ ᠶ᠋ᠢᠨ ᠳᠠᠪᠠᠭᠤᠯᠢᠭ ᠢ᠋ᠶ᠋ᠠᠨ ᠨᠡᠩ ᠰᠠᠢᠨ ᠪᠠᠳᠠᠷᠠᠭᠤᠯᠵᠤ ᠂ ᠵᠥᠷᠢᠴᠡᠯ ᠢ᠋ ᠬᠠᠪᠰᠤᠷᠤᠨ ᠨᠠᠮᠳᠠᠭᠤᠯᠵᠤ ᠂ ᠵᠢᠭᠤᠷᠠᠯᠳᠤᠭᠠᠨ ᠢ᠋ ᠰᠢᠢᠳᠪᠦᠷᠢᠯᠡᠬᠦ ᠶ᠋ᠢ ᠠᠬᠢᠭᠤᠯᠤᠨ᠎ᠠ ᠃ ᠬᠠᠷᠢᠯᠴᠠᠬᠤ ᠠᠵᠢᠯ ᠢ᠋ ᠥᠨᠳᠥᠷ ᠪᠠᠷᠢᠮᠵᠢᠶ᠎ᠠ ᠪᠠᠷ ᠠᠬᠢᠭᠤᠯᠬᠤ ᠲᠠᠯ᠎ᠠ ᠪᠠᠷ ᠂ ᠦᠢᠯᠡᠴᠢᠯᠡᠭᠡᠨ ᠦ᠌ ᠪᠠᠲᠤᠯᠠᠭ᠎ᠠ ᠶ᠋ᠢ ᠲᠠᠰᠤᠷᠠᠯᠲᠠ ᠦᠭᠡᠢ ᠪᠠᠲᠤᠵᠢᠭᠤᠯᠵᠤ ᠂ ᠠᠷᠠᠳ ᠣᠯᠠᠨ ᠤ᠋ ᠲᠥᠯᠥᠭᠡᠯᠡᠭᠴᠢ ᠶ᠋ᠢᠨ ᠠᠵᠢᠯᠯᠠᠬᠤ ᠲᠠᠰᠤᠭ ᠢ᠋ᠶ᠋ᠠᠷ ᠳᠡᠮᠵᠢᠵᠦ ᠲᠤᠰᠬᠠᠭᠰᠠᠨ ᠰᠠᠨᠠᠯ ᠂ ᠰᠠᠨᠠᠭᠤᠯᠭ᠎ᠠ ᠶ᠋ᠢ ᠨᠠᠷᠢᠨ ᠬᠢᠨᠠᠮᠠᠭᠠᠢ ᠡᠮᠬᠢᠳᠬᠡᠨ ᠶᠡᠷᠦᠩᠬᠡᠢᠯᠡᠵᠦ ᠂ ᠴᠠᠭ ᠲᠤᠬᠠᠢ ᠳ᠋ᠤᠨᠢ ᠪᠠᠢᠴᠠᠭᠠᠨ ᠰᠤᠳᠤᠯᠤᠯᠲᠠ ᠬᠢᠵᠦ ᠂ ᠴᠡᠭᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠤᠨ ᠂ 《 ᠰᠡᠳᠬᠢᠯ ᠬᠣᠯᠪᠤᠨ ᠠᠵᠢᠯᠯᠠᠬᠤ ᠲᠠᠰᠤᠭ 》 ᠢ᠋ ᠦᠨᠡᠨᠬᠦ ᠰᠢᠨ᠎ᠡ ᠴᠠᠭ ᠦᠶ᠎ᠡ ᠶ᠋ᠢᠨ ᠠᠷᠠᠳ ᠤ᠋ᠨ ᠲᠥᠯᠥᠭᠡ ᠬᠠᠤᠯᠢ ᠪᠠᠷᠢᠬᠤ ᠰᠢᠨ᠎ᠡ ᠦᠵᠡᠰᠬᠦᠯᠡᠩᠲᠦ ᠰᠠᠢᠬᠠᠨ ᠦᠵᠡᠮᠵᠢ ᠶ᠋ᠢᠨ ᠱᠤᠭᠤᠮ ᠪᠣᠯᠭᠠᠨ ᠪᠦᠲᠦᠭᠡᠨ ᠪᠠᠢᠭᠤᠯᠵᠤ ᠂ ᠬᠢᠶ᠎ᠡ ᠪᠠᠭᠰᠢ ᠶ᠋ᠢᠨ ᠨᠡᠢᠭᠡᠮ ᠤ᠋ᠨ ᠵᠠᠰᠠᠯᠲᠠ ᠶ᠋ᠢᠨ ᠰᠢᠰᠲ᠋ᠧᠮ ᠪᠠ ᠵᠠᠰᠠᠯᠲᠠ ᠶ᠋ᠢᠨ ᠴᠢᠳᠠᠪᠤᠷᠢ ᠶ᠋ᠢᠨ ᠣᠳᠣᠬᠢᠴᠢᠯᠠᠯᠲᠠ ᠶ᠋ᠢ ᠪᠥᠬᠥ ᠬᠦᠴᠦᠨ ᠢ᠋ᠶ᠋ᠡᠷ ᠠᠬᠢᠭᠤᠯᠤᠨ᠎ᠠ ᠃
ᠲᠣᠭᠣᠷᠢᠭ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠡᠷᠬᠢᠯᠡᠭᠴᠢ ᠯᠢᠦ ᠵᠢᠶᠦ᠋ᠨ ᠵᠢᠶᠧ ᠵᠢᠭᠠᠬᠤ ᠳ᠋ᠠᠭᠠᠨ ᠂ 《 ᠰᠡᠳᠬᠢᠯ ᠬᠣᠯᠪᠤᠨ ᠠᠵᠢᠯᠯᠠᠬᠤ ᠲᠠᠰᠤᠭ 》 ᠢ᠋ ᠪᠠᠢᠭᠤᠯᠵᠤ ᠂ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠠ᠋ᠴᠠ ᠰᠢᠭᠦᠬᠦ ᠬᠣᠷᠢᠶ᠎ᠠ ᠳ᠋ᠤ᠌ ᠬᠢᠨᠠᠯᠲᠠ ᠲᠠᠯᠪᠢᠨ ᠬᠠᠷᠢᠯᠴᠠᠬᠤ ᠲᠣᠭᠲᠠᠴᠠ ᠶ᠋ᠢ 《 ᠥᠩᠭᠡᠨ ᠲᠠᠯ᠎ᠠ 》 ᠡᠴᠡ 《 ᠭᠦᠨᠵᠡᠭᠡᠢᠷᠡᠯ 》 ᠳᠠᠰᠢ ᠬᠤᠪᠢᠷᠠᠭᠤᠯᠬᠤ ᠶ᠋ᠢ ᠪᠡᠶᠡᠯᠡᠭᠦᠯᠵᠦ ᠂ ᠰᠢᠭᠦᠬᠦ ᠬᠣᠷᠢᠶᠠᠨ ᠤ᠋ ᠠᠵᠢᠯ ᠤ᠋ᠨ ᠠᠷᠠᠳ ᠲᠦᠮᠡᠨ ᠦ᠌ ᠬᠢᠨᠠᠯᠲᠠ ᠶ᠋ᠢ ᠨᠡᠩ ᠰᠠᠢᠲᠤᠷ ᠬᠦᠯᠢᠶᠡᠵᠦ ᠂ ᠬᠠᠤᠯᠢ ᠴᠠᠭᠠᠵᠠ ᠶ᠋ᠢᠨ ᠡᠷᠬᠡ ᠶ᠋ᠢ ᠢᠯᠡ ᠲᠣᠳᠣᠷᠬᠠᠢ ᠶᠠᠪᠤᠭᠳᠠᠭᠤᠯᠬᠤ ᠳ᠋ᠤ᠌ ᠠᠰᠢᠭᠲᠠᠢ ᠭᠡᠵᠡᠢ ᠃ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢᠳ ᠤ᠋ᠨ ᠲᠤᠰᠢᠶᠠᠯ ᠬᠠᠷᠢᠭᠤᠴᠠᠯᠭ᠎ᠠ ᠪᠠ ᠡᠭᠦᠷᠭᠡ ᠪᠡᠨ ᠦᠨᠡᠨ ᠬᠦ᠌ ᠡᠭᠦᠷᠭᠡᠯᠡᠵᠦ ᠂ ᠴᠢᠨᠠᠷ ᠰᠠᠢᠲᠠᠢ ᠰᠠᠨᠠᠯ ᠪᠠ ᠰᠠᠨᠠᠭᠤᠯᠭ᠎ᠠ ᠪᠠᠨ ᠴᠠᠭ ᠲᠤᠬᠠᠢ ᠳ᠋ᠤᠨᠢ ᠳᠤᠷᠠᠳᠬᠤ ᠶ᠋ᠢ ᠬᠦᠰᠡᠵᠦ ᠪᠠᠢᠨ᠎ᠠ ᠃ ᠰᠢᠭᠦᠬᠦ ᠬᠣᠷᠢᠶ᠎ᠠ ᠨᠢ ᠡᠯᠪᠡᠭ ᠪᠠᠶᠠᠯᠢᠭ ᠬᠡᠯᠪᠡᠷᠢ ᠪᠥᠬᠥᠢ ᠬᠠᠷᠢᠯᠴᠠᠭ᠎ᠠ ᠬᠣᠯᠪᠣᠭᠠᠨ ᠤ᠋ ᠠᠵᠢᠯᠯᠠᠭ᠎ᠠ ᠶ᠋ᠢ ᠢᠳᠡᠪᠬᠢᠲᠡᠢ ᠥᠷᠨᠢᠭᠦᠯᠵᠦ ᠂ 《 ᠰᠢᠭᠦᠭᠴᠢ + ᠠᠷᠠᠳ ᠤ᠋ᠨ ᠲᠥᠯᠥᠭᠡᠯᠡᠭᠴᠢ 》 ᠶ᠋ᠢᠨ ᠡᠶᠡᠳᠡᠭᠦᠯᠬᠦ ᠬᠡᠪ ᠵᠠᠭᠪᠤᠷ ᠢ᠋ ᠲᠠᠰᠤᠷᠠᠯᠲᠠ ᠦᠭᠡᠢ ᠰᠦᠪᠡᠭᠴᠢᠯᠡᠵᠦ ᠂ ᠣᠯᠠᠨ ᠲᠠᠯ᠎ᠠ ᠪᠠᠷ ᠬᠠᠮᠲᠤᠪᠠᠷ ᠠᠰᠢᠭ ᠬᠦᠷᠲᠡᠬᠦ ᠬᠠᠤᠯᠢ ᠴᠠᠭᠠᠵᠠ ᠶ᠋ᠢᠨ ᠦᠷ᠎ᠡ ᠪᠦᠲᠦᠮᠵᠢ ᠶ᠋ᠢ ᠪᠡᠶᠡᠯᠡᠭᠦᠯᠦᠨ᠎ᠡ ᠃ ᠲᠣᠭᠤᠷᠢᠭ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶ᠎ᠠ ᠨᠢ ᠲᠣᠭᠤᠷᠢᠭ ᠤ᠋ᠨ ᠰᠢᠭᠦᠬᠦ ᠬᠣᠷᠢᠶ᠎ᠠ ᠯᠤᠭ᠎ᠠ ᠶ᠋ᠢᠨ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ ᠂ 《 ᠰᠡᠳᠬᠢᠯ ᠬᠣᠯᠪᠤᠨ ᠠᠵᠢᠯᠯᠠᠬᠤ ᠲᠠᠰᠤᠭ 》 ᠢ᠋ᠢᠠᠷ ᠳᠠᠮᠵᠢᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢᠨ ᠣᠯᠠᠨ ᠲᠦᠮᠡᠨ ᠲᠡᠢ ᠬᠠᠷᠢᠯᠴᠠᠬᠤ ᠂ ᠬᠢᠨᠠᠯᠲᠠ ᠲᠠᠯᠪᠢᠵᠤ ᠠᠬᠢᠭᠤᠯᠬᠤ ᠡᠭᠦᠷᠭᠡ ᠬᠠᠷᠢᠭᠤᠴᠠᠯᠭ᠎ᠠ ᠪᠠ ᠰᠢᠭᠦᠬᠦ ᠬᠣᠷᠢᠶᠠᠨ ᠤ᠋ ᠣᠯᠠᠨ ᠡᠰᠢᠵᠢᠭᠦᠯᠦᠭᠰᠡᠨ ᠡᠶᠡᠳᠡᠭᠦᠯᠭᠡ ᠂ ᠵᠠᠬᠢᠳᠠᠯ ᠰᠤᠷᠪᠤᠯᠵᠢᠯᠠᠭ᠎ᠠ ᠶ᠋ᠢᠨ ᠡᠶᠡᠳᠡᠭᠦᠯᠦᠨ ᠰᠢᠢᠳᠪᠦᠷᠢᠯᠡᠬᠦ ᠂ ᠲᠥᠪ ᠭᠣᠣᠯᠴᠢ ᠪᠠᠷ ᠬᠠᠤᠯᠢ ᠪᠠᠷᠢᠬᠤ ᠵᠡᠷᠭᠡ ᠴᠢᠳᠠᠮᠵᠢ ᠶ᠋ᠢ ᠵᠣᠯᠭᠠᠭᠤᠯᠤᠨ ᠠᠭᠤᠰᠤᠯᠴᠠᠭᠤᠯᠵᠤ ᠂ ᠬᠠᠤᠯᠢ ᠴᠠᠭᠠᠵᠠ ᠶ᠋ᠢᠨ ᠬᠢᠨᠠᠯᠲᠠ ᠲᠠᠯᠪᠢᠬᠤ ᠴᠢᠨᠠᠷ ᠦᠷ᠎ᠡ ᠪᠦᠲᠦᠮᠵᠢ ᠪᠡᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠬᠠᠤᠯᠢᠵᠢᠭᠰᠠᠨ ᠬᠢᠶ᠎ᠡ ᠪᠠᠭᠰᠢ ᠶ᠋ᠢᠨ ᠪᠠᠢᠭᠤᠯᠤᠯᠲᠠ ᠶ᠋ᠢ ᠬᠠᠮᠲᠤᠪᠠᠷ ᠠᠬᠢᠭᠤᠯᠤᠨ᠎ᠠ ᠃
ᠫᠠᠢᠰᠠ ᠰᠡᠬᠦᠬᠦ ᠶᠣᠰᠣᠯᠠᠯ ᠳᠠᠭᠤᠰᠤᠭᠰᠠᠨ ᠤ᠋ ᠳᠠᠷᠠᠭ᠎ᠠ ᠂ ᠯᠢᠦ ᠵᠢᠶᠦ᠋ᠨ ᠵᠢᠶᠧ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠶ᠋ᠢᠨ ᠰᠢᠭᠦᠯᠲᠡ ᠬᠢᠵᠦ ᠭᠦᠢᠴᠡᠳᠬᠡᠬᠦ ᠠᠵᠢᠯ ᠤ᠋ᠨ ᠲᠠᠯᠠᠪᠠᠢ ᠵᠢᠴᠢ 《 ᠰᠡᠳᠬᠢᠯ ᠬᠣᠯᠪᠤᠨ ᠠᠵᠢᠯᠯᠠᠬᠤ ᠲᠠᠰᠤᠭ 》 ᠢ᠋ ᠪᠣᠳᠠᠲᠠᠢ ᠭᠠᠵᠠᠷ ᠲᠤᠨᠢ ᠪᠠᠢᠴᠠᠭᠠᠨ ᠦᠵᠡᠵᠦ ᠂ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠠᠵᠢᠯᠯᠠᠭᠠᠨ ᠤ᠋ ᠪᠠᠢᠳᠠᠯ ᠂ ᠣᠷᠣᠨ ᠪᠦᠰᠡ ᠠᠯᠤᠰᠯᠠᠨ ᠵᠠᠰᠠᠭ ᠵᠠᠬᠢᠷᠭᠠᠨ ᠤ᠋ ᠬᠡᠷᠡᠭ ᠢ᠋ ᠲᠥᠪᠯᠡᠷᠡᠭᠦᠯᠦᠨ ᠬᠠᠮᠢᠶᠠᠷᠬᠤ ᠥᠭᠡᠷᠡᠴᠢᠯᠡᠯᠲᠡ ᠶ᠋ᠢᠨ ᠠᠵᠢᠯ ᠂ 《 ᠨᠢᠭᠡ ᠥᠷᠲᠡᠭᠡᠨ ᠦ᠌ ᠮᠠᠶᠢᠭ 》 ᠤ᠋ᠨ ᠣᠯᠠᠨ ᠡᠰᠢᠲᠦ ᠲᠠᠢᠯᠪᠤᠷᠢᠯᠠᠬᠤ ᠲᠣᠭᠲᠠᠴᠠ ᠶ᠋ᠢᠨ ᠪᠠᠢᠭᠤᠯᠤᠯᠲᠠ ᠂ ᠵᠠᠷᠭᠤ ᠶ᠋ᠢᠨ ᠢᠷᠡᠯᠲᠡ ᠶ᠋ᠢ ᠵᠠᠰᠠᠬᠤ ᠵᠡᠷᠭᠡ ᠠᠵᠢᠯ ᠤ᠋ᠨ ᠪᠠᠢᠳᠠᠯ ᠢ᠋ ᠨᠠᠷᠢᠨ ᠬᠢᠨᠠᠮᠠᠭᠠᠢ ᠣᠢᠯᠠᠭᠠᠵᠠᠢ ᠃
ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢᠳ ᠤ᠋ᠨ 《 ᠰᠡᠳᠬᠢᠯ ᠬᠣᠯᠪᠤᠨ ᠠᠵᠢᠯᠯᠠᠬᠤ ᠲᠠᠰᠤᠭ 》 ᠢ᠋ ᠪᠠᠢᠭᠤᠯᠬᠤ ᠪᠣᠯ ᠬᠢᠶ᠎ᠡ ᠪᠠᠭᠰᠢ ᠲᠣᠭᠣᠷᠢᠭ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶ᠎ᠠ ᠪᠠ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠰᠢᠨ᠎ᠡ ᠴᠠᠭ ᠦᠶ᠎ᠡ ᠶ᠋ᠢᠨ 《 ᠹᠧᠩ ᠴᠢᠶᠣᠤ ᠲᠤᠷᠰᠢᠯᠭ᠎ᠠ 》 ᠶ᠋ᠢ ᠪᠠᠷᠢᠮᠲᠠᠯᠠᠨ ᠬᠥᠭᠵᠢᠭᠦᠯᠬᠦ ᠂ ᠣᠯᠠᠨ ᠲᠦᠮᠡᠨ ᠲᠡᠢ ᠬᠠᠷᠢᠯᠴᠠᠬᠤ ᠠᠷᠭ᠎ᠠ ᠵᠠᠮ ᠢ᠋ ᠰᠠᠭᠠᠳ ᠥᠬᠡᠢ ᠨᠡᠪᠲᠡᠷᠡᠭᠦᠯᠵᠦ ᠂ ᠣᠯᠠᠨ ᠲᠦᠮᠡᠨ ᠦ᠌ ᠬᠦᠰᠡᠯ ᠱᠠᠭᠠᠷᠳᠠᠯᠭ᠎ᠠ ᠶ᠋ᠢ ᠬᠠᠷᠢᠭᠤᠯᠵᠤ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠪᠦᠬᠦ ᠲᠠᠯ᠎ᠠ ᠶ᠋ᠢᠨ ᠂ ᠣᠯᠠᠨ ᠳᠡᠰ ᠳᠠᠪᠬᠤᠷᠭᠠᠲᠤ ᠂ ᠣᠯᠠᠨ ᠡᠰᠢᠵᠢᠭᠰᠡᠨ ᠰᠢᠰᠲ᠋ᠧᠮ ᠢ᠋ ᠪᠠᠢᠭᠤᠯᠵᠤ ᠂ ᠠᠷᠠᠳ ᠣᠯᠠᠨ ᠤ᠋ ᠬᠦᠷᠲᠡᠮᠵᠢ ᠶ᠋ᠢᠨ ᠲᠥᠷᠥᠭᠳᠡᠯ ᠂ ᠵᠣᠯ ᠵᠢᠷᠭᠠᠯ ᠤ᠋ᠨ ᠲᠥᠷᠥᠭᠳᠡᠯ ᠂ ᠠᠮᠤᠷ ᠲᠦᠪᠰᠢᠨ ᠦ᠌ ᠲᠥᠷᠥᠭᠳᠡᠯ ᠢ᠋ ᠲᠠᠰᠤᠷᠠᠯᠲᠠ ᠦᠭᠡᠢ ᠨᠡᠮᠡᠭᠳᠡᠭᠦᠯᠬᠦ ᠪᠠᠰᠠ ᠨᠢᠭᠡᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ ᠃ ᠳᠠᠷᠠᠭ᠎ᠠ ᠠᠯᠬᠤᠮ ᠳ᠋ᠤ᠌ ᠬᠢᠶ᠎ᠡ ᠪᠠᠭᠰᠢ ᠲᠣᠭᠣᠷᠢᠭ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠪᠠᠢᠩᠭᠤ ᠶ᠋ᠢᠨ ᠬᠣᠷᠢᠶ᠎ᠠ ᠪᠣᠯᠤᠨ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ 《 ᠰᠡᠳᠬᠢᠯ ᠬᠣᠯᠪᠤᠨ ᠠᠵᠢᠯᠯᠠᠬᠤ ᠲᠠᠰᠤᠭ 》 ᠢ᠋ ᠭᠦᠢᠴᠡᠳ ᠠᠰᠢᠭᠯᠠᠨ ᠂ ᠣᠯᠠᠨ ᠡᠰᠢᠴᠢᠯᠡᠭᠰᠡᠨ ᠵᠢᠭᠤᠷᠠᠯᠳᠤᠭᠠᠨ ᠢ᠋ ᠰᠢᠢᠳᠪᠦᠷᠢᠯᠡᠬᠦ ᠰᠢᠰᠲ᠋ᠧᠮ ᠢ᠋ ᠤᠯᠠᠮ ᠨᠢᠭᠡ ᠠᠯᠬᠤᠮ ᠪᠠᠢᠭᠤᠯᠵᠤ ᠂ ᠤᠭ ᠡᠬᠢ ᠡᠴᠡ ᠨᠢ ᠡᠶᠡᠳᠡᠭᠦᠯᠦᠨ ᠰᠢᠢᠳᠪᠦᠷᠢᠯᠡᠬᠦ ᠠᠵᠢᠯ ᠤ᠋ᠨ ᠬᠠᠮᠲᠤᠷᠠᠯ ᠤ᠋ᠨ ᠬᠦᠴᠦᠨ ᠢ᠋ ᠴᠢᠷᠮᠠᠢᠨ ᠪᠣᠢ ᠪᠣᠯᠭᠠᠵᠤ ᠂ ᠰᠢᠭᠦᠨ ᠲᠠᠰᠤᠯᠬᠤ ᠭᠦᠢᠴᠡᠳᠬᠡᠬᠦ ᠡᠯ᠎ᠡ ᠵᠦᠢᠯ ᠤ᠋ᠨ ᠠᠵᠢᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ᠶ᠋ᠠᠨ ᠨᠡᠮᠡᠭᠳᠡᠭᠦᠯᠬᠦ ᠶ᠋ᠢ ᠲᠠᠰᠤᠷᠠᠯᠲᠠ ᠦᠭᠡᠢ ᠠᠬᠢᠭᠤᠯᠵᠤ ᠂ ᠬᠢᠶ᠎ᠡ ᠪᠠᠭᠰᠢ ᠶ᠋ᠢᠨ ᠠᠵᠤ ᠠᠬᠤᠢ ᠨᠡᠢᠭᠡᠮ ᠤ᠋ᠨ ᠴᠢᠨᠠᠷ ᠰᠠᠢᠲᠠᠢ ᠬᠥᠭᠵᠢᠯᠲᠡ ᠳ᠋ᠦ᠍ ᠨᠡᠩ ᠬᠦᠴᠦᠲᠡᠢ ᠬᠠᠤᠯᠢ ᠴᠠᠭᠠᠵᠠ ᠶ᠋ᠢᠨ ᠪᠠᠲᠤᠯᠠᠭ᠎ᠠ ᠬᠠᠩᠭᠠᠬᠤ ᠪᠣᠯᠤᠨ᠎ᠠ ᠃
ᠦᠨᠡᠯᠡᠬᠦ 0ᠦᠨᠡᠯᠡᠯᠲᠡ᠎ᠲᠠᠢ