ᠺᠠᠲᠷ ᠴᠠᠭᠳᠠᠭ᠎ᠠ ᠶ᠋ᠢᠨ ᠬᠠᠯᠠᠮᠰᠢᠯ ᠶᠠᠷᠢᠯᠴᠠᠭ᠎ᠠ
ᠰᠤᠷᠤᠯᠴᠠᠯᠭ᠎ᠠ ᠪᠠᠷ ᠰᠠᠭᠤᠷᠢ ᠪᠣᠯᠭᠠᠵᠤ᠂ ᠠᠷᠭ᠎ᠠ ᠰᠦᠪᠡᠭᠴᠢᠯᠡᠬᠦ ᠪᠡᠷ ᠤᠷᠢᠳᠠᠯ ᠪᠣᠯᠭᠠᠭᠰᠠᠨ
ᠰᠤᠷᠤᠯᠴᠠᠯᠭ᠎ᠠ ᠪᠠᠷ ᠰᠠᠭᠤᠷᠢ ᠪᠣᠯᠭᠠᠵᠤ᠂ ᠠᠷᠭ᠎ᠠ ᠰᠦᠪᠡᠭᠴᠢᠯᠡᠬᠦ ᠪᠡᠷ ᠤᠷᠢᠳᠠᠯ ᠪᠣᠯᠭᠠᠬᠤ ᠃ ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠬᠤᠷᠠᠯᠳᠤᠭᠰᠠᠨ ᠤ᠋ ᠳᠠᠷᠠᠭ᠎ᠠ ᠂ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠪᠦᠬᠦ ᠺᠠᠲᠷ ᠴᠠᠭᠳᠠᠭ᠎ᠠ ᠨᠠᠷ ᠢ ᠵᠣᠬᠢᠶᠠᠨ ᠪᠠᠢᠭᠤᠯᠤᠨ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠭᠤᠯᠵᠤ ᠂ ᠰᠤᠷᠤᠯᠴᠠᠬᠤ ᠥᠷᠨᠢᠯᠲᠡ ᠶ᠋ᠢ ᠦᠳᠲᠡᠷ ᠲᠦᠷᠭᠡᠨ ᠪᠣᠢ ᠪᠣᠯᠭᠠᠵᠤ ᠂ ᠰᠤᠷᠤᠯᠴᠠᠨ ᠲᠤᠤᠱᠯᠠᠭᠤᠯᠬᠤ ᠶ᠋ᠢ ᠭᠦᠨ ᠵᠦᠭ ᠂ ᠪᠣᠳᠠᠲᠠᠢ ᠵᠦᠭ᠂ ᠰᠡᠳᠭᠢᠯ ᠵᠦᠭ ᠠᠬᠢᠭᠤᠯᠤᠨ ᠂ ᠨᠡᠩ ᠥᠨᠳᠥᠷ ᠤᠯᠤᠰ ᠲᠥᠷᠥ ᠶ᠋ᠢᠨ ᠵᠣᠭᠰᠣᠴᠠ ᠪᠠᠷ ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ ᠠᠵᠢᠯ ᠤ᠋ᠨ ᠬᠤᠷᠠᠯᠳᠤᠭᠠᠨ ᠤ᠋ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠵᠤ ᠂ ᠨᠡᠩ ᠬᠦᠴᠦᠲᠡᠢ ᠠᠷᠭ᠎ᠠ ᠬᠡᠮᠵᠢᠶ᠎ᠡ ᠪᠡᠷ 《 ᠰᠠᠨᠠᠯ 》 ᠤ᠋ᠨ ᠡᠯ᠎ᠡ ᠵᠦᠢᠯ ᠦ᠋ᠨ ᠱᠠᠭᠠᠷᠳᠠᠯᠭ᠎ᠠ ᠶ᠋ᠢ ᠪᠥᠬᠥ ᠲᠠᠯ᠎ᠠ ᠪᠠᠷ ᠨᠠᠢᠳᠠᠪᠤᠷᠢᠵᠢᠭᠤᠯᠪᠠ ᠃
ᠡᠵᠡᠨ ᠬᠣᠷᠣᠭ᠎ᠠ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ ᠠ
ᠨᠠᠮ ᠤ᠋ᠨ ᠳᠤᠭᠤᠢᠯᠠᠩ ᠤ᠋ᠨ ᠬᠡᠰᠢᠭᠦᠨ ᠂ ᠳᠡᠳ᠋ ᠬᠣᠷᠢᠶᠠᠨ ᠳᠠᠷᠤᠭ᠎ᠠ ᠯᠢ ᠢᠦᠢ ᠬᠤᠸᠠ
ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠨᠢ ᠣᠳᠣᠬᠠᠨ ᠵᠢᠴᠢ ᠬᠣᠢᠰᠢᠳᠠ ᠶ᠋ᠢᠨ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋ ᠠᠵᠢᠯ ᠤ᠋ᠨ ᠴᠢᠭᠯᠡᠯ ᠵᠢᠷᠤᠮᠯᠡᠯ ᠢ ᠳᠤᠲᠤᠷᠬᠠᠢᠯᠠᠵᠦ ᠥᠭᠭᠦᠭᠰᠡᠨ ᠪᠠᠢᠨ᠎ᠠ ᠃ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠨᠢᠭᠡᠨ ᠳᠡᠳ᠋ ᠬᠣᠷᠢᠶᠠᠨ ᠳᠠᠷᠤᠭ᠎ᠠ ᠪᠣᠯᠤᠭᠰᠠᠨ ᠤ᠋ ᠬᠤᠪᠢ ᠳ᠋ᠤ᠌ ᠂ ᠪᠢ ᠯᠠᠪᠳᠠᠢ ᠬᠤᠷᠠᠯ ᠤ᠋ᠨ ᠵᠣᠷᠢᠭ ᠰᠠᠨᠠᠭ᠎ᠠ ᠶ᠋ᠢ ᠰᠠᠢᠲᠤᠷ ᠲᠤᠤᠱᠯᠠᠭᠤᠯᠤᠨ ᠨᠠᠢᠳᠠᠪᠥᠷᠢᠵᠢᠭᠤᠯᠤᠨᠠ ᠃ ᠺᠠᠲᠷ ᠴᠠᠭᠳᠠᠭ᠎ᠠ ᠶ᠋ᠢ ᠵᠣᠬᠢᠶᠠᠨ ᠪᠠᠢᠭᠤᠯᠵᠤ ᠪᠠᠢᠭᠠᠳ ᠣᠯᠠᠨ ᠵᠦᠢᠯ ᠦ᠋ᠨ ᠬᠡᠯᠪᠡᠷᠢ ᠮᠠᠶᠢᠭ ᠢᠶᠡᠷ ᠳᠠᠮᠵᠢᠭᠤᠯᠤᠨ᠂ ᠲᠤᠰ ᠤᠳᠠᠭᠠᠨ ᠤ᠋ ᠬᠤᠷᠠᠯ ᠤᠨ ᠵᠣᠷᠢᠭ ᠰᠠᠨᠠᠭᠠᠨ ᠤ᠋ ᠮᠥᠨ ᠴᠢᠨᠠᠷ ᠪᠠ ᠪᠠᠶᠠᠯᠢᠭ ᠠᠭᠤᠯᠤᠭᠳᠠᠬᠤᠨ ᠢ᠋ ᠣᠨᠤᠪᠴᠢᠲᠠᠢ ᠠᠳᠭᠤᠨ ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠲᠤᠰ ᠤᠳᠠᠭᠠᠨ ᠤ᠋ ᠬᠤᠷᠠᠯᠳᠤᠭᠠᠨ ᠤ᠋ ᠵᠣᠷᠢᠭ ᠰᠠᠨᠠᠭ᠎ᠠ ᠳᠡᠭᠡᠷ᠎ᠡ ᠦᠨᠡᠨ ᠬᠦ᠌ ᠨᠢᠭᠡᠳᠬᠡᠬᠦ ᠬᠡᠷᠡᠭᠲᠡᠢ ᠃ ᠰᠢᠭᠦᠬᠦ ᠬᠣᠷᠢᠶᠠᠨ ᠤ᠋ ᠠᠵᠢᠯ ᠳ᠋ᠠᠬᠢ ᠨᠠᠮ ᠤ᠋ᠨ ᠬᠠᠷᠢᠴᠠᠯᠠᠰᠢ ᠥᠬᠡᠢ ᠤᠳᠤᠷᠢᠳᠤᠯᠭ᠎ᠠ ᠶ᠋ᠢ ᠪᠠᠷᠢᠮᠲᠠᠯᠠᠵᠤ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠶ᠋ᠢ ᠬᠢᠨᠠᠮᠠᠭᠠᠢ ᠲᠤᠤᠱᠯᠠᠭᠤᠯᠵᠤ ᠂ ᠰᠢ ᠵᠢᠨ ᠫᠢᠩ ᠦ᠋ᠨ ᠬᠠᠤᠯᠢᠵᠢᠯ ᠤ᠋ᠨ ᠦᠵᠡᠯ ᠰᠠᠨᠠᠭ᠎ᠠ ᠶ᠋ᠢ ᠭᠦᠨᠵᠡᠭᠡᠢ ᠦᠢᠯᠡᠳᠦᠯᠭᠡᠵᠢᠭᠦᠯᠵᠦ ᠂ 《 ᠳᠤᠮᠳᠠᠳᠤ ᠤᠯᠤᠰ ᠤ᠋ᠨ ᠡᠪ ᠬᠠᠮᠲᠤ ᠨᠠᠮ ᠤᠨ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠳᠦᠷᠢᠮ 》 ᠵᠢᠴᠢ ᠥᠪᠡᠷᠲᠡᠭᠡᠨ ᠵᠠᠰᠠᠬᠤ ᠣᠷᠣᠨ ᠤ᠋ ᠬᠡᠷᠡᠭᠵᠢᠭᠦᠯᠬᠦ ᠠᠷᠭ᠎ᠠ ᠶ᠋ᠢ ᠪᠥᠬᠥ ᠲᠠᠯ᠎ᠠ ᠪᠠᠷ ᠲᠤᠤᠱᠯᠠᠭᠤᠯᠵᠤ ᠂ ᠤᠯᠤᠰ ᠲᠥᠷᠥ ᠶ᠋ᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶ᠋ᠢᠨ ᠣᠢᠯᠠᠭᠠᠬᠤ ᠴᠢᠳᠠᠪᠤᠷᠢ ᠂ ᠤᠯᠤᠰ ᠲᠥᠷᠥ ᠶ᠋ᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ ᠰᠢᠭᠦᠨ ᠲᠠᠰᠤᠯᠵᠤ ᠭᠦᠢᠴᠡᠳᠬᠡᠬᠦ ᠡᠭᠦᠷᠭᠡ ᠴᠢᠳᠠᠪᠤᠷᠢ ᠶ᠋ᠢᠨ ᠦᠢᠯᠡᠳᠦᠯ ᠢ᠋ᠶ᠋ᠡᠨ ᠭᠦᠢᠴᠡᠳ ᠪᠠᠳᠠᠷᠠᠭᠤᠯᠵᠤ ᠂ ᠠᠷᠠᠳ ᠤ᠋ᠨ ᠲᠥᠯᠥᠭᠡ ᠬᠠᠤᠯᠢ ᠪᠠᠷᠢᠬᠤ ᠣᠢᠯᠠᠭᠠᠭᠳᠠᠬᠤᠨ ᠢ᠋ ᠦᠢᠯᠡᠳᠦᠯᠭᠡᠵᠢᠭᠦᠯᠵᠦ ᠂ ᠡᠯ᠎ᠡ ᠲᠥᠷᠥᠯ ᠦ᠋ᠨ ᠬᠡᠷᠡᠭ ᠢ᠋ ᠬᠠᠤᠯᠢ ᠶᠣᠰᠣᠭᠠᠷ ᠲᠥᠪ ᠭᠣᠣᠯᠴᠢ ᠪᠠᠷ ᠰᠢᠭᠦᠨ ᠰᠢᠢᠳᠪᠦᠷᠢᠯᠡᠵᠦ ᠂ ᠰᠠᠢᠨ ᠰᠠᠨᠠᠭᠠᠨ ᠤ᠋ ᠡᠭᠦᠳᠡᠨ ᠡᠴᠡ ᠪᠣᠯᠪᠠᠰᠤᠨ ᠢ᠋ᠶ᠋ᠠᠷ ᠭᠦᠢᠴᠡᠳᠬᠡᠬᠦ ᠣᠢᠯᠠᠭᠠᠭᠳᠠᠬᠤᠨ ᠢ᠋ ᠪᠠᠷᠢᠮᠲᠠᠯᠠᠵᠤ ᠂ ᠠᠷᠠᠳ ᠣᠯᠠᠨ ᠤ᠋ ᠬᠠᠤᠯᠢ ᠶᠣᠰᠣᠨ ᠤ᠋ ᠡᠷᠬᠡ ᠠᠰᠢᠭ ᠢ᠋ ᠪᠠᠲᠤᠯᠠᠬᠤ ᠬᠡᠷᠡᠭᠲᠡᠢ ᠃
ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ ᠠ
ᠰᠢᠭᠦᠬᠦ ᠠᠵᠢᠯ ᠳᠦ ᠬᠢᠨᠠᠯᠳᠠ ᠲᠠᠯᠪᠢᠬᠤ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠦ᠋ᠨ ᠺᠠᠲᠷ ᠴᠠᠭᠳᠠᠭ᠎ᠠ ᠪᠠᠢ ᠷᠦ ᠯᠢᠨ
ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠬᠤ ᠪᠠᠷ ᠳᠠᠮᠵᠢᠨ ᠂ ᠪᠢ ᠰᠢᠭᠦᠬᠦ ᠠᠵᠢᠯ ᠳᠦ ᠬᠢᠨᠠᠯᠳᠠ ᠲᠠᠯᠪᠢᠬᠤ ᠦᠢᠯᠡᠴᠢᠯᠡᠭᠡᠨ ᠦ᠌ ᠪᠠᠲᠤᠯᠠᠭ᠎ᠠ ᠶ᠋ᠢᠨ ᠲᠥᠪ ᠦ᠋ᠨ ᠺᠠᠲᠷ ᠴᠠᠭᠳᠠᠭ᠎ᠠ ᠪᠣᠯᠤᠭᠰᠠᠨ ᠤ ᠬᠤᠪᠢ ᠳᠦ ᠂ ᠴᠠᠭᠠᠷᠠᠭᠰᠠᠨ ᠡᠷᠳᠡᠮ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠵᠤ ᠂ ᠬᠠᠤᠯᠢ ᠪᠠᠷᠢᠬᠤ ᠴᠢᠳᠠᠪᠤᠷᠢ ᠪᠠᠨ ᠳᠡᠭᠡᠭᠰᠢᠯᠡᠭᠦᠯᠵᠦ ᠂ ᠦᠢᠯᠡᠴᠢᠯᠡᠭᠡ ᠪᠠᠲᠤᠯᠠᠭ᠎ᠠ ᠶ᠋ᠢᠨ ᠡᠭᠦᠷᠭᠡ ᠴᠢᠳᠠᠪᠤᠷᠢ ᠶ᠋ᠢᠨ ᠡᠭᠦᠷᠭᠡᠯᠡᠯ ᠢ᠋ᠶ᠋ᠡᠨ ᠤᠯᠠᠮ ᠴᠢᠨᠠᠭᠰᠢᠳᠠ ᠴᠢᠩᠭᠠᠳᠬᠠᠨ ᠂ ᠴᠢᠳᠠᠮᠠᠭᠠᠢ ᠦᠵᠡᠯ ᠤᠬᠠᠮᠰᠠᠷ ᠪᠠ ᠠᠷᠠᠳ ᠤ᠋ᠨ ᠲᠥᠯᠥᠭᠡ ᠦᠢᠯᠡᠴᠢᠯᠡᠬᠦ ᠦᠵᠡᠯ ᠤᠬᠠᠮᠰᠠᠷ ᠢ᠋ᠶ᠋ᠠᠨ ᠴᠢᠩᠭᠠᠳᠬᠠᠵᠤ ᠂ ᠬᠠᠤᠯᠢ ᠪᠠᠷᠢᠬᠤ ᠦᠢᠯᠡᠴᠢᠯᠡᠭᠡᠨ ᠤ ᠪᠠᠲᠤᠯᠠᠭ᠎ᠠ ᠶ᠋ᠢᠨ ᠠᠷᠭ᠎ᠠ ᠬᠡᠮᠵᠢᠶ᠎ᠡ ᠪᠡᠨ ᠢᠳᠡᠪᠬᠢᠲᠡᠢ ᠰᠢᠨ᠎ᠡ ᠪᠡᠷ ᠡᠭᠦᠳᠴᠦ ᠂ ᠠᠷᠠᠳ ᠤ᠋ᠨ ᠲᠥᠯᠥᠭᠡ ᠬᠠᠤᠯᠢ ᠪᠠᠷᠢᠬᠤ ᠰᠢᠨ᠎ᠡ ᠠᠷᠭ᠎ᠠ ᠵᠠᠮ ᠢ᠋ ᠥᠷᠭᠡᠳᠬᠡᠵᠦ ᠂ ᠰᠢᠭᠦᠬᠦ ᠬᠣᠷᠢᠶᠠᠨ ᠤ᠋ ᠠᠵᠢᠯ ᠳ᠋ᠤ᠌ ᠣᠶᠤᠨ ᠤᠬᠠᠭᠠᠨ ᠪᠠ ᠬᠦᠴᠦᠨ ᠴᠢᠳᠠᠯ ᠢ᠋ᠶ᠋ᠠᠨ ᠡᠷᠭᠦᠬᠦ ᠬᠡᠷᠡᠭᠲᠡᠢ ᠭᠡᠳᠡᠭ ᠢ᠋ ᠭᠦᠨᠵᠡᠭᠡᠢ ᠲᠠᠨᠢᠵᠤ ᠣᠯᠪᠠ ᠃
ᠳᠠᠯᠠᠳ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ ᠠ
ᠶᠡᠷᠦᠩᠬᠡᠢ ᠠᠯᠪᠠᠨ ᠭᠡᠷ ᠦ᠋ᠨ ᠺᠠᠲᠷ ᠴᠠᠭᠳᠠᠭ᠎ᠠ ᠭᠣᠣ ᠯᠧ
ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠪᠣᠯ ᠺᠠᠲᠷ ᠴᠠᠭᠳᠠᠭ᠎ᠠ ᠨᠠᠷ ᠢ᠋ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠬᠦ ᠂ ᠬᠠᠷᠢᠭᠤᠴᠠᠯᠭ᠎ᠠ ᠡᠭᠦᠷᠭᠡᠯᠡᠯ ᠢ᠋ᠶ᠋ᠡᠨ ᠴᠢᠩᠭᠠᠳᠬᠠᠬᠤ ᠂ ᠠᠵᠢᠯ ᠤ᠋ᠨ ᠶᠠᠰᠤ ᠴᠢᠨᠠᠷ ᠢ᠋ᠶ᠋ᠠᠨ ᠰᠢᠯᠢᠳᠡᠭᠵᠢᠭᠦᠯᠬᠦ ᠳ᠋ᠦᠩᠨᠡᠯᠲᠡ ᠶ᠋ᠢᠨ ᠬᠤᠷᠠᠯ ᠂ ᠳᠠᠢᠴᠢᠯᠠᠯᠲᠠ ᠶ᠋ᠢᠨ ᠬᠤᠷᠠᠯ ᠪᠠ ᠪᠠᠢᠷᠢᠯᠠᠭᠤᠯᠤᠯᠲᠠ ᠶ᠋ᠢᠨ ᠬᠤᠷᠠᠯ ᠪᠣᠯᠤᠨ᠎ᠠ ᠃ ᠲᠤᠰ ᠤᠳᠠᠭᠠᠨ ᠤ᠋ ᠬᠤᠷᠠᠯ ᠨᠢ ᠪᠦᠬᠦ ᠰᠢᠭᠦᠬᠦ ᠬᠣᠷᠢᠶᠠᠨ ᠤ᠋ ᠺᠠᠲᠷ ᠴᠠᠭᠳᠠᠭ᠎ᠠ ᠶ᠋ᠢᠨ ᠭᠣᠣᠯᠳᠠᠯᠭ᠎ᠠ ᠶ᠋ᠢ ᠴᠢᠩᠭ᠎ᠠ ᠳᠠᠭᠠᠵᠤ ᠂ ᠴᠠᠭ ᠦᠶ᠎ᠡ ᠶ᠋ᠢ ᠰᠠᠯᠤᠯ ᠦᠭᠡᠢ ᠳᠠᠭᠠᠵᠤ ᠂ ᠡᠯ᠎ᠡ ᠲᠥᠷᠦᠯ ᠦ᠋ᠨ ᠠᠵᠢᠯ ᠢ᠋ᠶ᠋ᠠᠨ ᠨᠢᠭᠲᠠ ᠰᠠᠢᠲᠤᠷ ᠬᠢᠬᠦ ᠳ᠋ᠦ᠍ ᠴᠢᠭᠯᠡᠯ ᠦ᠋ᠨ ᠵᠢᠯᠣᠭᠣᠳᠤᠮᠵᠢ ᠪᠠ ᠠᠵᠢᠯᠯᠠᠭᠠᠨ ᠤ᠋ ᠵᠦᠭᠯᠡᠭᠦᠷ ᠬᠠᠩᠭᠠᠵᠠᠢ ᠃ ᠦᠨᠳᠦᠰᠦᠨ ᠱᠠᠲᠤᠨ ᠤ᠋ ᠺᠠᠲᠷ ᠴᠠᠭᠳᠠᠭ᠎ᠠ ᠪᠣᠯᠤᠭᠰᠠᠨ ᠤ᠋ ᠬᠤᠪᠢ ᠳ᠋ᠤ᠌ ᠂ ᠪᠢ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠣᠢᠯᠠᠭᠠᠵᠤ ᠂ ᠬᠤᠷᠠᠯ ᠤ᠋ᠨ ᠪᠠᠢᠷᠢᠯᠠᠭᠤᠯᠤᠯᠲᠠ ᠶᠣᠰᠣᠭᠠᠷ ᠬᠢᠨᠠᠮᠠᠭᠠᠢ ᠲᠣᠬᠢᠷᠠᠭᠤᠯᠵᠤ ᠂ ᠨᠠᠮ ᠳ᠋ᠠᠭᠠᠨ ᠦᠨᠡᠨᠴᠢ ᠰᠢᠳᠤᠷᠭᠤ ᠂ ᠠᠷᠠᠳ ᠲᠦᠮᠡᠨ ᠳ᠋ᠡᠭᠡᠨ ᠲᠠᠯᠠᠷᠬᠠᠬᠤ ᠂ ᠠᠵᠢᠯ ᠦᠢᠯᠡᠰ ᠲᠡᠭᠡᠨ ᠴᠢᠷᠮᠠᠢᠨ ᠳᠠᠪᠰᠢᠬᠤ ᠂ ᠬᠠᠤᠯᠢ ᠰᠠᠬᠢᠯᠭ᠎ᠠ ᠶ᠋ᠢ ᠬᠦᠨᠳᠦᠳᠭᠡᠨ ᠪᠢᠰᠢᠷᠡᠬᠦ ᠰᠡᠳᠬᠢᠯᠭᠡ ᠶ᠋ᠢ ᠢᠮᠠᠭᠲᠠ ᠪᠠᠲᠤᠯᠠᠵᠤ ᠂ ᠲᠤᠬᠠᠢᠯᠠᠭᠰᠠᠨ ᠠᠵᠢᠯ ᠢ᠋ᠶ᠋ᠠᠨ ᠥᠨᠢ ᠡᠭᠦᠷᠢᠳᠡ ᠰᠠᠢᠲᠤᠷ ᠬᠢᠬᠦ ᠶᠢ ᠪᠠᠲᠤᠯᠠᠶ᠎ᠠ ᠃ ᠡᠭᠦᠨ ᠦ᠌ ᠬᠠᠮᠲᠤ ᠂ ᠲᠡᠷᠢᠭᠦᠨ ᠤᠨ ᠲᠥᠯᠥᠭᠡ ᠡᠭᠦᠳᠬᠦ ᠪᠡᠷ ᠴᠢᠷᠮᠠᠢᠵᠦ ᠂ ᠦᠢᠯᠡ ᠠᠵᠢᠯᠯᠠᠭ᠎ᠠ ᠳ᠋ᠠᠭᠠᠨ ᠬᠠᠷᠢᠭᠤᠴᠠᠬᠤ ᠲᠡᠮᠡᠴᠡᠬᠦ ᠤᠷᠮ᠎ᠠ ᠰᠡᠳᠭᠢᠯᠭᠡ᠂ ᠠᠷᠠᠳ ᠤ᠋ᠨ ᠲᠥᠯᠥᠭᠡ ᠬᠠᠤᠯᠢ ᠪᠠᠷᠢᠬᠤ ᠤᠭ ᠰᠠᠨᠠᠭ᠎ᠠ ᠪᠠᠨ ᠬᠠᠳᠠᠭᠤᠵᠢᠭᠤᠯᠬᠤ ᠂ ᠰᠢᠨ᠎ᠡ ᠴᠠᠭ ᠦᠶ᠎ᠡ ᠂ ᠰᠢᠨ᠎ᠡ ᠪᠠᠢᠳᠠᠯ ᠂ ᠰᠢᠨ᠎ᠡ ᠪᠠᠢᠷᠢᠰᠢᠯ ᠤ᠋ᠨ ᠳᠣᠣᠷ᠎ᠠ ᠬᠦᠴᠢᠷ ᠢ ᠰᠥᠷᠦᠨ ᠤᠷᠤᠭᠰᠢᠯᠠᠵᠤ ᠂ ᠵᠣᠷᠢᠭᠲᠠᠢ ᠪᠡᠷ ᠤᠷᠤᠭᠰᠢᠯᠠᠵᠤ ᠂ ᠲᠠᠰᠤᠷᠠᠯᠲᠠ ᠦᠭᠡᠢ ᠤᠷᠤᠭᠰᠢᠯᠠᠨ ᠲᠠᠪᠰᠢᠵᠤ ᠂ ᠪᠣᠳᠠᠲᠤ ᠠᠵᠢᠯᠯᠠᠭ᠎ᠠ ᠪᠠᠷ ᠢ᠋ᠶ᠋ᠠᠨ ᠰᠢᠭᠦᠬᠦ ᠬᠣᠷᠢᠶᠠᠨ ᠤ ᠲᠤᠬᠠᠢᠯᠠᠭᠰᠠᠨ ᠠᠵᠢᠯ ᠤᠨ ᠡᠭᠦᠷᠭᠡ ᠳᠤᠰᠢᠶᠠᠯ ᠢᠶᠡᠨ ᠪᠡᠶᠡᠯᠡᠭᠦᠯᠦᠨ᠎ᠡ᠃
ᠦᠦᠰᠢᠨ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ ᠠ
ᠶᠡᠷᠦᠩᠬᠡᠢ ᠠᠯᠪᠠᠨ ᠭᠡᠷ ᠦ᠋ᠨ ᠺᠠᠲᠷ ᠴᠠᠭᠳᠠᠭ᠎ᠠ ᠴᠢ ᠰᠢᠶᠠᠩ ᠶᠤᠸᠠᠨ
ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯᠳᠤᠭᠠᠨ ᠤ᠋ ᠭᠣᠣᠯ ᠰᠡᠳᠦᠪ ᠨᠢ ᠲᠣᠳᠣᠷᠬᠠᠢ ᠂ ᠵᠣᠭᠰᠣᠴᠠ ᠨᠢ ᠥᠨᠳᠥᠷ ᠂ ᠪᠦᠬᠦ ᠲᠠᠯ᠎ᠠ ᠪᠠᠷ ᠨᠠᠷᠢᠨ ᠪᠣᠳᠠᠲᠠᠢ ᠂ ᠬᠥᠮᠦᠰ ᠢ᠋ ᠡᠷᠡᠯᠬᠡᠭᠯᠡᠨ ᠤᠷᠤᠭᠰᠢᠯᠠᠭᠤᠯᠵᠤ ᠂ ᠮᠠᠨ ᠳ᠋ᠤ᠌ ᠣᠳᠣᠬᠢᠴᠢᠯᠠᠭᠰᠠᠨ ᠰᠢᠭᠦᠬᠦ ᠬᠣᠷᠢᠶ᠎ᠠ ᠶ᠋ᠢ ᠪᠦᠲᠦᠭᠡᠨ ᠪᠠᠢᠭᠤᠯᠬᠤ ᠤᠷᠢᠶᠠᠯᠠᠭ᠎ᠠ ᠶ᠋ᠢ ᠬᠠᠩᠭᠢᠨᠠᠭᠤᠯᠵᠤ ᠂ ᠨᠠᠳᠠ ᠳᠦ ᠭᠦᠨ ᠵᠣᠷᠢᠭᠵᠢᠭᠤᠯᠤᠯ ᠪᠠ ᠤᠷᠮᠠᠰᠢᠯ ᠬᠦᠷᠲᠡᠪᠡ ᠃ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠨᠢᠭᠡᠨ ᠵᠠᠯᠠᠭᠤ ᠺᠠᠲᠷ ᠴᠠᠭᠳᠠᠭ᠎ᠠ ᠪᠣᠯᠤᠭᠰᠠᠨ ᠤ᠋ ᠬᠤᠪᠢ ᠳ᠋ᠤ᠌ ᠂ ᠪᠢ ᠬᠤᠷᠠᠯ ᠤ᠋ᠨ ᠵᠣᠷᠢᠭ ᠰᠠᠨᠠᠭ᠎ᠠ ᠶ᠋ᠢ ᠬᠢᠨᠠᠮᠠᠭᠠᠢ ᠰᠤᠷᠤᠯᠴᠠᠨ ᠲᠤᠤᠱᠯᠠᠭᠤᠯᠵᠤ ᠂ ᠠᠵᠢᠯ ᠤ᠋ᠨ ᠪᠠᠢᠷᠢᠯᠠᠭᠤᠯᠤᠯᠲᠠ ᠶ᠋ᠢᠨ ᠱᠠᠭᠠᠷᠳᠠᠯᠭ᠎ᠠ ᠶ᠋ᠢ ᠭᠦᠨᠵᠡᠭᠡᠢ ᠣᠢᠯᠠᠭᠠᠵᠤ ᠂ ᠲᠤᠬᠠᠢᠯᠠᠭᠰᠠᠨ ᠠᠵᠢᠯ ᠳ᠋ᠠᠭᠠᠨ ᠰᠠᠭᠤᠷᠢᠯᠠᠨ ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠡᠷ ᠭᠦᠢᠴᠡᠳᠬᠡᠵᠦ ᠂ ᠰᠤᠷᠤᠯᠴᠠᠬᠤ ᠬᠦᠴᠦᠨ ᠂ ᠳᠠᠯᠳᠠ ᠬᠦᠴᠦᠨ ᠂ ᠤᠷᠢᠳᠠᠯ ᠬᠦᠴᠦᠨ ᠢ᠋ᠶ᠋ᠡᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠴᠢᠩᠭ᠎ᠠ ᠬᠦᠴᠦᠲᠡᠢ ᠤᠯᠤᠰ ᠲᠥᠷᠥ ᠶ᠋ᠢᠨ ᠡᠭᠦᠷᠭᠡᠯᠡᠯ ᠂ ᠪᠣᠳᠠᠲᠠᠢ ᠠᠵᠢᠯᠯᠠᠬᠤ ᠠᠵᠢᠯ ᠤ᠋ᠨ ᠰᠤᠷᠲᠠᠯ ᠂ ᠡᠷᠡᠰ ᠬᠠᠲᠠᠭᠤ ᠲᠡᠮᠡᠴᠡᠬᠦ ᠵᠣᠷᠢᠭ ᠰᠠᠨᠠᠭ᠎ᠠ ᠪᠠᠷ ᠬᠢᠨᠠᠮᠠᠭᠠᠢ ᠠᠵᠢᠯᠯᠠᠵᠤ ᠂ ᠨᠠᠵᠠᠭᠠᠢᠷᠠᠨ ᠬᠣᠢᠷᠭᠣᠰᠢᠬᠤ ᠦᠭᠡᠢ ᠂ ᠦᠷᠭᠦᠯᠵᠢᠯᠡᠨ ᠲᠡᠮᠡᠴᠡᠵᠦ ᠂ ᠣᠳᠣᠬᠢᠴᠢᠯᠠᠭᠰᠠᠨ ᠰᠢᠭᠦᠬᠦ ᠬᠣᠷᠢᠶ᠎ᠠ ᠶ᠋ᠢ ᠪᠠᠢᠭᠤᠯᠬᠤ ᠳ᠋ᠤ᠌ ᠥᠪᠡᠷ ᠦ᠋ᠨ ᠬᠦᠴᠦᠨ ᠴᠢᠳᠠᠯ ᠢ᠋ᠶ᠋ᠠᠨ ᠡᠷᠭᠦᠨ᠎ᠡ ᠃
ᠬᠠᠩᠭᠢᠨ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ ᠠ
ᠪᠠᠯᠭᠤᠨ᠎ᠠ ᠪᠠᠯᠭᠠᠰᠦ ᠶᠢᠨ ᠠᠷᠠᠳ ᠤ᠋ᠨ ᠰᠢᠭᠦᠬᠦ ᠲᠢᠩᠬᠢᠮ ᠤᠨ ᠲᠢᠩᠬᠢᠮ ᠦ᠋ᠨ ᠳᠠᠷᠤᠭ᠎ᠠ ᠲᠦᠮᠡᠨᠪᠠᠶᠠᠷ
ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠪᠠᠷ ᠳᠠᠮᠵᠢᠨ ᠂ ᠪᠢ ᠦᠨᠳᠦᠰᠦᠨ ᠱᠠᠲᠤᠨ ᠤ᠋ ᠰᠢᠭᠦᠬᠦ ᠲᠢᠩᠬᠢᠮ ᠦ᠋ᠨ ᠺᠠᠲᠷ ᠴᠠᠭᠳᠠᠭ᠎ᠠ ᠪᠣᠯᠤᠭᠰᠠᠨ ᠤ᠋ ᠬᠤᠪᠢ ᠳ᠋ᠤ᠌ ᠂ ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢᠨ ᠳᠤᠮᠳᠠ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠵᠦ ᠂ ᠨᠠᠷᠢᠨ ᠬᠢᠨᠠᠮᠠᠭᠠᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ ᠃ ᠢᠮᠠᠭᠲᠠ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶ᠋ᠢ ᠡᠷᠬᠢᠮᠯᠡᠵᠦ ᠂ ᠰᠢᠭᠦᠬᠦ ᠬᠣᠷᠢᠶᠠᠨ ᠤ᠋ ᠠᠵᠢᠯ ᠳ᠋ᠠᠬᠢ ᠨᠠᠮ ᠤ᠋ᠨ ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠥᠴᠦᠬᠡᠨ ᠴᠦ᠍ ᠭᠤᠢᠪᠢᠰᠢ ᠦᠭᠡᠢ ᠪᠠᠷᠢᠮᠲᠠᠯᠠᠨ᠎ᠠ ᠃ ᠭᠣᠣᠯ ᠠᠵᠢᠯ ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠵᠦ ᠂ ᠭᠣᠣᠯᠳᠠᠯᠭ᠎ᠠ ᠲᠠᠢ ᠠᠵᠢᠯ ᠤ᠋ᠨ ᠲᠣᠭᠣᠷᠢᠨ ᠳ᠋ᠤ᠌ ᠶᠡᠬᠡ ᠲᠠᠯ᠎ᠠ ᠳ᠋ᠤ᠌ ᠨᠡᠩ ᠰᠠᠢᠲᠤᠷ ᠦᠢᠯᠡᠴᠢᠯᠡᠨ᠎ᠡ ᠃ ᠠᠷᠠᠳ ᠤ᠋ᠨ ᠲᠥᠯᠥᠭᠡ ᠬᠠᠤᠯᠢ ᠪᠠᠷᠢᠬᠤ ᠶ᠋ᠢ ᠪᠠᠲᠤ ᠴᠡᠭᠡᠵᠢᠯᠡᠵᠦ ᠂ ᠴᠢᠨᠠᠷ ᠰᠠᠢᠲᠠᠢ ᠬᠠᠤᠯᠢ ᠴᠠᠭᠠᠵᠠ ᠶ᠋ᠢᠨ ᠦᠢᠯᠡᠴᠢᠯᠡᠭᠡ ᠬᠠᠩᠭᠠᠵᠤ ᠂ ᠲᠥᠪ ᠭᠣᠣᠯᠴᠢ ᠰᠢᠳᠤᠷᠭᠤ ᠶᠣᠰᠣ ᠶ᠋ᠢ ᠵᠢᠷᠥᠮᠯᠡᠨᠡ᠃ ᠡᠷᠬᠡ ᠪᠣᠯᠤᠨ ᠬᠠᠷᠢᠭᠤᠴᠠᠯᠭ᠎ᠠ ᠢᠶᠡᠨ ᠪᠠᠲᠤ ᠴᠡᠭᠡᠵᠢᠯᠡᠵᠦ ᠂ ᠠᠷᠠᠳ ᠣᠯᠠᠨ ᠤ᠋ ᠬᠠᠤᠯᠢ ᠶᠣᠰᠣᠨ ᠤ᠋ ᠡᠷᠬᠡ ᠠᠰᠢᠭ ᠢ᠋ ᠬᠠᠮᠠᠭᠠᠯᠠᠵᠤ ᠂ ᠣᠳᠣᠬᠢᠴᠢᠯᠠᠭᠰᠠᠨ ᠣᠷᠳᠣᠰ ᠤ᠋ᠨ ᠪᠦᠲᠦᠭᠡᠨ ᠪᠠᠢᠭᠤᠯᠤᠯᠲᠠ ᠳ᠋ᠤ᠌ ᠰᠢᠨ᠎ᠡ ᠬᠠᠤᠯᠢ ᠪᠠᠷ ᠵᠠᠰᠠᠬᠤ ᠬᠥᠳᠡᠯᠭᠡᠬᠦ ᠬᠦᠴᠦᠨ ᠢ᠋ ᠬᠤᠷᠠᠮᠳᠤᠭᠤᠯᠤᠨ ᠴᠢᠬᠤᠯᠠ ᠦᠢᠯᠡᠳᠦᠯ ᠢ᠋ᠶ᠋ᠡᠨ ᠪᠠᠳᠠᠷᠠᠭᠤᠯᠤᠨ᠎ᠠ ᠭᠡᠪᠡ ᠃
ᠣᠲᠣᠭ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ ᠠ
ᠤᠯᠤᠰ ᠲᠥᠷᠥ ᠶ᠋ᠢᠨ ᠬᠡᠯᠲᠡᠰ ᠦ᠋ᠨ ᠺᠠᠲᠷ ᠴᠠᠭᠳᠠᠭ᠎ᠠ ᠸᠠᠩ ᠪᠦᠸᠧ
ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠨᠢ ᠣᠷᠳᠣᠰ ᠤ᠋ᠨ ᠰᠢᠭᠦᠬᠦ ᠬᠣᠷᠢᠶᠠᠨ ᠤ ᠠᠵᠢᠯ ᠳᠦ ᠰᠢᠨ᠎ᠡ ᠪᠣᠷᠣ ᠲᠥᠰᠥᠪ ᠢ᠋ ᠵᠢᠷᠤᠭᠯᠠᠵᠤ ᠂ ᠣᠷᠳᠣᠰ ᠤ᠋ᠨ ᠰᠢᠭᠦᠬᠦ ᠬᠣᠷᠢᠶᠠᠨ ᠤ᠋ ᠰᠢᠰᠲ᠋ᠧᠮ ᠦ᠋ᠨ ᠨᠢᠭᠡᠨ ᠺᠠᠲᠷ ᠴᠠᠭᠳᠠᠭ᠎ᠠ ᠪᠣᠯᠤᠭᠰᠠᠨ ᠤ᠋ ᠬᠤᠪᠢ ᠳ᠋ᠤ᠌ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠡᠷᠡ ᠳᠠᠷᠤᠢ ᠳ᠋ᠤᠨᠢ ᠬᠤᠷᠠᠯ ᠤ᠋ᠨ ᠵᠣᠷᠢᠭ ᠰᠠᠨᠠᠭ᠎ᠠ ᠪᠠ 《 ᠰᠠᠨᠠᠯ 》 ᠤ᠋ᠨ ᠱᠠᠭᠠᠷᠳᠠᠯᠭ᠎ᠠ ᠳᠡᠭᠡᠷ᠎ᠡ ᠨᠢᠭᠡᠳᠬᠡᠵᠦ ᠂ ᠰᠤᠷᠤᠯᠴᠠᠯᠭ᠎ᠠ ᠬᠥᠮᠦᠵᠢᠯ ᠪᠠ ᠠᠵᠢᠯ ᠤ᠋ᠨ ᠦᠢᠯᠡᠳᠦᠯᠭᠡ ᠪᠡᠷ ᠳᠠᠮᠵᠢᠨ ᠨᠠᠮ ᠤ᠋ᠨ ᠤᠳᠤᠷᠢᠳᠤᠯᠭ᠎ᠠ ᠶ᠋ᠢ ᠪᠠᠷᠢᠮᠲᠠᠯᠠᠬᠤ ᠪᠠ ᠴᠢᠩᠭᠠᠳᠬᠠᠬᠤ ᠶ᠋ᠢᠨ ᠭᠦᠨ ᠭᠦᠨᠵᠡᠭᠡᠢ ᠠᠭᠤᠯᠤᠭᠳᠠᠬᠤᠨ ᠢ᠋ ᠲᠠᠰᠤᠷᠠᠯᠲᠠ ᠦᠭᠡᠢ ᠣᠢᠯᠠᠭᠠᠵᠤ ᠂ ᠬᠠᠲᠠᠭᠤ ᠴᠢᠩᠭ᠎ᠠ ᠤᠯᠤᠰ ᠲᠥᠷᠥ ᠶ᠋ᠢᠨ ᠴᠢᠳᠠᠪᠤᠷᠢ ᠶ᠋ᠢ ᠳᠠᠪᠲᠠᠨ ᠪᠣᠯᠪᠠᠰᠤᠷᠠᠭᠤᠯᠵᠤ ᠂ ᠤᠯᠤᠰ ᠲᠥᠷᠥ ᠶ᠋ᠢᠨ ᠣᠢᠯᠠᠭᠠᠬᠤ ᠴᠢᠳᠠᠪᠤᠷᠢ ᠂ ᠤᠯᠤᠰ ᠲᠥᠷᠥ ᠶ᠋ᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶ᠋ᠢᠨ ᠭᠦᠢᠴᠡᠳᠬᠡᠬᠦ ᠬᠦᠴᠦᠨ ᠢ᠋ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠶᠡᠬᠡ ᠲᠠᠯ᠎ᠠ ᠳ᠋ᠤ᠌ ᠦᠢᠯᠡᠴᠢᠯᠡᠬᠦ ᠤᠬᠠᠮᠰᠠᠷ ᠢ᠋ᠶ᠋ᠠᠨ ᠴᠢᠩᠭᠠᠳᠬᠠᠵᠤ ᠂ 《 ᠶᠡᠬᠡ ᠲᠠᠯ᠎ᠠ ᠳ᠋ᠤ᠌ ᠦᠢᠯᠡᠴᠢᠯᠡᠬᠦ ᠂ ᠠᠷᠠᠳ ᠤᠨ ᠲᠥᠯᠦᠭᠡ ᠬᠠᠦᠯᠢ ᠬᠡᠷᠡᠭᠵᠢᠭᠦᠯᠬᠦ 》 ᠵᠣᠷᠢᠯᠲᠠ ᠶ᠋ᠢ ᠴᠢᠷᠮᠠᠢᠨ ᠦᠢᠯᠡᠳᠦᠯᠭᠡᠵᠢᠭᠦᠯᠵᠦ ᠂ ᠴᠠᠭᠠᠷᠠᠭᠰᠠᠨ ᠴᠢᠳᠠᠪᠤᠷᠢ ᠪᠡᠨ ᠳᠠᠪᠲᠠᠨ ᠪᠣᠯᠪᠠᠰᠤᠷᠠᠭᠤᠯᠵᠤ ᠂ ᠢᠲᠡᠭᠡᠯ ᠵᠣᠷᠢᠭ ᠪᠠᠲᠤ ᠴᠢᠩᠭ᠎ᠠ ᠂ ᠦᠢᠯᠡ ᠠᠵᠢᠯᠯᠠᠭ᠎ᠠ ᠳ᠋ᠠᠭᠠᠨ ᠬᠠᠷᠢᠭᠤᠴᠠᠬᠤ ᠂ ᠬᠦᠨᠳᠦ ᠡᠭᠦᠷᠭᠡ ᠶ᠋ᠢ ᠳᠠᠭᠠᠭᠠᠵᠤ ᠴᠢᠳᠠᠬᠤ ᠰᠢᠨ᠎ᠡ ᠴᠠᠭ ᠦᠶ᠎ᠡ ᠶ᠋ᠢᠨ ᠰᠢᠭᠦᠬᠦ ᠬᠣᠷᠢᠶᠠᠨ ᠤ᠋ ᠠᠵᠢᠯᠲᠠᠨ ᠪᠣᠯᠬᠤ ᠪᠠᠷ ᠴᠢᠷᠮᠠᠢᠵᠤ ᠂ ᠠᠵᠤ ᠠᠬᠤᠢ ᠨᠡᠢᠭᠡᠮ ᠦ᠋ᠨ ᠴᠢᠨᠠᠷ ᠰᠠᠢᠲᠠᠢ ᠬᠥᠭᠵᠢᠯᠲᠡ ᠳ᠋ᠦ᠍ ᠦᠢᠯᠡᠴᠢᠯᠡᠬᠦ ᠪᠠ ᠪᠠᠲᠤᠯᠠᠬᠤ ᠳ᠋ᠤ᠌ ᠥᠪᠡᠷ ᠦ᠋ᠨ ᠬᠦᠴᠦᠨ ᠴᠢᠳᠠᠯ ᠢ᠋ᠶ᠋ᠠᠨ ᠡᠷᠭᠦᠨ᠎ᠡ ᠭᠡᠵᠠᠢ ᠃
ᠦᠨᠡᠯᠡᠬᠦ 0ᠦᠨᠡᠯᠡᠯᠲᠡ᠎ᠲᠠᠢ