〔 ᠭᠦᠢᠴᠡᠳᠬᠡᠬᠦ ᠪᠠᠢᠳᠠᠯ 〕《 ᠭᠦᠢᠴᠡᠳᠬᠡᠬᠦ ᠲᠣᠮᠤ ᠪᠦᠷᠢᠶ᠎ᠡ ᠶᠢᠨ ᠳᠠᠭᠤᠨ ᠂ ᠲᠠᠨ ᠢ ᠲᠦᠷᠭᠡᠨ ᠭᠦᠢᠴᠡᠳᠬᠡᠬᠦ ᠪᠡᠷ ᠳᠠᠭᠤᠳᠠᠵᠦ ᠪᠠᠢᠨ᠎ᠠ 》 — ᠳᠠᠯᠠᠳ ᠬᠤᠰᠢᠭᠤᠨ ᠤ᠋ ᠰᠢᠭᠦᠬᠦ ᠬᠣᠷᠢᠶ᠎ᠠ 2023 ᠣᠨ ᠤ᠋ ᠳᠣᠯᠣᠳᠤᠭᠠᠷ ᠤᠳᠠᠭᠠᠨ ᠤ᠋ ᠲᠥᠪᠯᠡᠷᠡᠭᠦᠯᠦᠨ ᠭᠦᠢᠴᠡᠳᠬᠡᠬᠦ ᠲᠤᠰᠬᠠᠢ ᠲᠥᠷᠥᠯ ᠦ᠋ᠨ ᠠᠵᠢᠯᠯᠠᠭ᠎ᠠ ᠥᠷᠨᠢᠭᠦᠯᠪᠡ
2023.09.25 ᠲᠣᠰ ᠥᠷᠲᠡᠭᠡᠨ᠎ᠦ ᠨᠠᠢᠷᠠᠭᠤᠯᠤᠭᠴᠢ

    ᠬᠠᠯᠠᠭᠤᠨ ᠭᠦᠢᠳᠡᠨ ᠢ ᠬᠠᠢᠬᠤᠷᠠᠯ ᠦᠭᠡᠢ ᠬᠦᠴᠦᠨ ᠴᠢᠳᠠᠯ ᠢᠶᠡᠨ ᠰᠢᠪᠬᠠᠵᠦ᠂ ᠠᠮᠠᠷᠠᠬᠤ ᠴᠢᠯᠦᠭᠡ ᠦᠭᠡᠢ ᠭᠦᠢᠴᠡᠳᠬᠡᠬᠦ ᠠᠵᠢᠯ ᠢᠶᠡᠨ ᠬᠢᠵᠦ ᠪᠠᠢᠭ᠎ᠠ᠃ 8 ᠰᠠᠷ᠎ᠠ ᠶ᠋ᠢᠨ 10 ᠤ᠋ ᠡᠳᠦᠷ ᠦ᠋ᠨ ᠥᠷᠯᠥᠭᠡ ᠶ᠋ᠢᠨ 05 ᠴᠠᠭ 30 ᠮᠢᠨᠦ᠋ᠲ ᠲᠦ᠍ ᠂ ᠪᠦᠬᠦ ᠭᠦᠢᠴᠡᠳᠬᠡᠭᠴᠢ ᠨᠠᠷ ᠪᠦᠬᠦᠨ ᠢᠶᠡᠷ ᠢᠶᠡᠨ ᠴᠤᠭᠯᠠᠷᠠᠵᠦ ᠂ ᠨᠢᠭᠡ ᠯᠡ ᠵᠠᠷᠯᠢᠭ ᠤᠨ ᠳᠠᠭᠤᠨ ᠢᠶᠡᠷ ᠂ ᠵᠢᠷᠭᠤᠭᠠᠨ ᠰᠣᠯᠤᠩᠭᠠᠨ ᠎ᠳ᠋ᠸᠩ ᠭᠢᠯᠠᠰᠴᠤ ᠪᠠᠢᠭ᠎ᠠ ᠴᠠᠭᠳᠠᠭᠠᠨ ᠲᠡᠷᠭᠡ ᠡᠮᠬᠢ ᠳᠠᠷᠠᠭ᠎ᠠ ᠲᠠᠢ ᠪᠡᠷ᠂ ᠬᠣᠶᠠᠷ ᠵᠠᠮ ᠬᠤᠪᠢᠶᠠᠵᠤ ᠂ ᠪᠠᠭ᠎ᠠ ᠲᠣᠭᠣᠷᠢᠭ ᠂ ᠬᠥᠷ ᠬᠥᠭᠵᠢᠶᠡᠨ ᠲᠡᠢ ᠵᠡᠭᠡᠯᠢ ᠭᠤᠳᠤᠮᠵᠢ ᠵᠢᠴᠢ ᠰᠢᠶᠠᠩ ᠪᠠᠯᠭᠠᠰᠤᠨ ᠳ᠋ᠤ᠌ ᠮᠣᠷᠳᠠᠨ ᠬᠦᠷᠴᠦ ᠶᠡᠬᠡ ᠪᠦᠷᠢᠶ᠎ᠡ  ᠶᠢᠨ ᠳᠠᠭᠤᠨ ᠢᠶᠡᠷ ᠬᠠᠤᠯᠢ ᠶᠢ ᠲᠠᠢᠯᠪᠤᠷᠢᠯᠠᠬᠤ + ᠪᠦᠬᠦ ᠲᠠᠯ᠎ᠠ ᠪᠠᠷ ᠭᠦᠢᠴᠡᠳᠬᠡᠬᠦ ᠶᠢ ᠬᠡᠷᠡᠭᠵᠢᠭᠦᠯᠬᠦ ᠠᠵᠢᠯᠯᠠᠭ᠎ᠠ ᠥᠷᠨᠢᠭᠦᠯᠪᠡ ᠃

 

 

    ᠴᠠᠭᠳᠠᠭᠠᠨ ᠲᠡᠷᠭᠡ 《 ᠪᠦᠷᠢᠶ᠎ᠡ 》 ᠪᠣᠯᠤᠨ ᠬᠤᠪᠢᠷᠠᠵᠦ

    ᠭᠦᠢᠴᠡᠳᠬᠡᠬᠦ ᠠᠵᠢᠯ ᠤᠨ ᠤᠬᠠᠭᠤᠯᠭ᠎ᠠ ᠶ᠋ᠢ ᠵᠡᠭᠡᠯᠢ ᠭᠤᠳᠤᠮᠵᠢ ᠳ᠋ᠤ᠌ ᠬᠦᠷᠭᠡᠬᠦ

    《 ᠠᠬ᠎ᠠ ᠳᠡᠭᠦᠦ ᠨᠠᠷ ᠠ᠋ ᠂ ᠪᠢᠳᠡ ᠪᠣᠯ ᠳᠠᠯᠠᠳ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠶ᠋ᠢᠨ ᠠᠵᠢᠯᠲᠠᠨ ᠂ ᠥᠨᠥᠳᠥᠷ 〈  ᠯᠠᠢᠢᠮᠤᠷᠴᠢᠨ ᠢ᠋ ᠪᠠᠷᠢᠬᠤ 〉ᠠᠵᠢᠯᠯᠠᠭ᠎ᠠ ᠥᠷᠨᠢᠭᠦᠯᠵᠦ ᠂ ᠳᠠᠲᠠᠨ ᠢ᠋ ᠵᠣᠭᠣᠰ ᠪᠤᠴᠠᠭᠠᠬᠤ ᠡᠭᠦᠷᠭᠡ ᠪᠡᠨ ᠢᠳᠡᠪᠬᠢᠲᠡᠢ ᠭᠦᠢᠴᠡᠳᠬᠡᠬᠦ ᠶ᠋ᠢ ᠢᠳᠬᠠᠵᠦ ᠪᠠᠢᠨ᠎ᠠ ᠂ ᠡᠰᠡ ᠲᠡᠭᠡᠪᠡᠯ ᠨᠡᠩ ᠬᠦᠨᠳᠦ ᠨᠣᠴᠢᠲᠠᠢ ᠰᠢᠢᠳᠭᠡᠯ ᠳᠦ ᠲᠤᠯᠭᠠᠷᠠᠬᠤ ᠪᠣᠯᠤᠨ᠎ᠠ ᠁ 》 ᠠᠵᠢᠯ ᠤ᠋ᠨ ᠬᠡᠪ ᠵᠠᠭᠪᠤᠷ ᠤ᠋ᠨ ᠰᠢᠨ᠎ᠡ ᠶ᠋ᠢ ᠡᠭᠦᠳᠬᠦ ᠪᠡᠷ ᠳᠠᠮᠵᠢᠨ ᠂ ᠢᠲᠡᠭᠡᠯ ᠠᠯᠳᠠᠭᠰᠠᠨ ᠬᠠᠮᠢᠶ᠎ᠠ ᠪᠦᠬᠦᠢ ᠬᠠᠤᠯᠢ ᠴᠠᠭᠠᠵᠠ ᠶ᠋ᠢᠨ ᠠᠰᠠᠭᠤᠳᠠᠯ ᠢ᠋ ᠳᠠᠭᠤ ᠰᠢᠩᠭᠡᠭᠡᠯᠲᠡ  ᠪᠡᠷ ᠳᠠᠮᠵᠢᠨ ᠂  ᠤᠬᠠᠭᠤᠯᠬᠤ ᠪᠦᠯᠬᠦᠮ ᠨᠢ ᠶᠡᠬᠡ ᠪᠦᠷᠢᠶ᠎ᠡ  ᠪᠡᠷ ᠦᠶᠡᠯᠡᠨ ᠨᠡᠪᠲᠡᠷᠡᠭᠦᠯᠬᠦ + ᠵᠡᠭᠡᠯᠢ ᠭᠤᠳᠤᠮᠵᠢ ᠪᠠᠷ ᠲᠣᠭᠣᠷᠢᠨ ᠨᠡᠪᠲᠡᠷᠡᠭᠦᠯᠬᠦ ᠠᠷᠭ᠎ᠠ ᠠᠪᠴᠤ ᠂ ᠴᠠᠭᠳᠠᠭᠠᠨ ᠲᠡᠷᠭᠡ ᠶ᠋ᠢ ᠥᠷᠯᠥᠭᠡ ᠶ᠋ᠢᠨ ᠵᠠᠬ᠎ᠠ ᠳᠡᠯᠭᠡᠭᠦᠷ ᠂ ᠵᠡᠭᠡᠯᠢ ᠭᠤᠳᠤᠮᠵᠢ ᠵᠢᠴᠢ ᠭᠦᠢᠴᠡᠳᠬᠡᠭᠳᠡᠭᠴᠢ ᠶ᠋ᠢᠨ ᠰᠠᠭᠤᠭ᠎ᠠ ᠪᠠᠭ᠎ᠠ ᠲᠣᠭᠣᠷᠢᠭ ᠲᠤ᠌ ᠣᠷᠣᠭᠤᠯᠵᠤ ᠂ ᠬᠠᠤᠯᠢ ᠶᠣᠰᠣ ᠶ᠋ᠢ ᠲᠠᠢᠯᠪᠤᠷᠢᠯᠠᠨ ᠶᠠᠷᠢᠨ᠎ᠠ ᠃ ᠨᠢᠭᠡ ᠲᠠᠯ᠎ᠠ ᠪᠠᠷ ᠣᠯᠠᠨ ᠲᠦᠮᠡᠨ ᠦ᠌ ᠢᠲᠡᠭᠡᠯ ᠢ᠋ ᠡᠷᠬᠢᠮᠯᠡᠬᠦ ᠂ ᠦᠨᠡᠨᠴᠢ ᠢᠲᠡᠭᠡᠯ ᠢ᠋ ᠪᠠᠷᠢᠮᠲᠠᠯᠠᠬᠤ ᠂ 《 ᠯᠠᠢᠢᠮᠤᠷᠴᠢ 》 ᠪᠣᠯᠬᠤ ᠠᠶᠤᠯ ᠲᠦᠭᠰᠢᠭᠦᠷᠢ ᠶ᠋ᠢ ᠲᠣᠳᠣᠷᠬᠠᠢ  ᠣᠢᠯᠠᠭᠠᠭᠤᠯᠤᠨ᠎ᠠ ︔ ᠨᠥᠭᠦᠭᠡ ᠲᠠᠯ᠎ᠠ ᠪᠠᠷ 《 ᠯᠠᠢᠢᠮᠤᠷᠴᠢ 》 ᠶ᠋ᠢᠨ ᠭᠡᠷ ᠳᠣᠲᠤᠷ᠎ᠠ ᠪᠡᠨ ᠴᠢᠮᠡᠭᠡ ᠶᠢ ᠨᠢ ᠰᠣᠨᠤᠰᠤᠮᠠᠭᠴᠠ ᠰᠥᠰᠦ ᠨᠢ ᠬᠡᠮᠬᠡᠷᠡᠬᠦ᠂ ᠨᠡᠢᠭᠡᠮ ᠳᠡᠭᠡᠷ᠎ᠡ 《 ᠨᠢᠭᠡ ᠡᠳᠦᠷ ᠢᠲᠡᠭᠡᠯ ᠢ᠋ᠶ᠋ᠡᠨ ᠠᠯᠳᠠᠵᠤ ᠂ ᠡᠳᠦᠷ ᠪᠦᠷᠢ ᠠᠶᠤᠵᠤ ᠡᠮᠢᠶᠡᠬᠦ 》 ᠭᠦᠢᠴᠡᠳᠬᠡᠬᠦ ᠣᠷᠴᠢᠨ ᠢ᠋ ᠪᠣᠢ ᠪᠣᠯᠭᠠᠭᠰᠠᠨ ᠪᠠᠢᠨ᠎ᠠ ᠃

 

    ᠠᠯᠲᠠᠨ ᠨᠠᠮᠤᠷ ᠤᠨ ᠴᠠᠭ ᠦᠶ᠎ᠡ ᠳᠦ ᠪᠡᠬᠢᠯᠡᠯᠳᠡ ᠶᠢ ᠡᠪᠳᠡᠨ ᠦᠷ᠎ᠡ ᠪᠦᠲᠦᠮᠵᠢ ᠶᠢ ᠳᠡᠭᠡᠭᠰᠢᠯᠡᠭᠦᠯᠵᠦ

    ᠭᠦᠢᠴᠡᠳᠬᠡᠬᠦ ᠶᠢ ᠲᠥᠪᠯᠡᠷᠡᠭᠦᠯᠦᠨ ᠠᠷᠠᠳ ᠢ ᠬᠠᠮᠠᠭᠠᠯᠠᠬᠤ

    ᠤᠬᠠᠭᠤᠯᠬᠤ ᠠᠩᠭᠢ  ᠪᠤᠴᠠᠬᠤ ᠶ᠋ᠢᠨ ᠬᠠᠮᠲᠤ ᠨᠥᠭᠥᠭᠡ ᠨᠢᠭᠡ ᠠᠩᠭᠢ ᠶ᠋ᠢᠨ ᠭᠦᠢᠴᠡᠳᠬᠡᠬᠦ ᠺᠠᠲᠷ ᠴᠠᠭᠳᠠᠭ᠎ᠠ ᠨᠠᠷᠢᠨ ᠨᠢᠭᠲᠠ ᠪᠠᠢᠷᠢᠯᠠᠭᠤᠯᠤᠯᠲᠠ ᠪᠠ ᠲᠣᠬᠢᠷᠠᠭᠤᠯᠤᠯᠲᠠ ᠪᠠᠷ ᠳᠠᠮᠵᠢᠨ ᠂ 《 ᠶᠡᠬᠡ ᠪᠦᠷᠢᠶ᠎ᠡ 》 ᠶᠢᠨ ᠰᠦᠷ ᠬᠦᠴᠦᠨ ᠳᠣᠣᠷ᠎ᠠ ᠂ 《 ᠴᠣᠴᠢᠮᠠᠭ ᠳᠤᠤᠭᠠᠷᠬᠤ ᠠᠶᠤᠩᠭ᠎ᠠ  ᠶᠢᠨ ᠳᠠᠭᠤᠨ ᠳᠦ ᠴᠢᠬᠢ ᠪᠡᠨ ᠪᠥᠭᠯᠡᠵᠦ ᠠᠮᠵᠢᠬᠤ ᠦᠭᠡᠢ 》ᠳᠠᠭᠠᠷᠢᠨ ᠤᠷᠤᠵᠦ᠂ ᠢᠲᠡᠭᠡᠯ ᠠᠯᠳᠠᠭᠰᠠᠨ ᠬᠥᠮᠦᠨ ᠦ᠌ ᠭᠡᠷ ᠲᠦ᠍ ᠬᠦᠷᠴᠦ ᠭᠦᠢᠴᠡᠳᠬᠡᠬᠦ ᠠᠵᠢᠯ ᠥᠷᠨᠢᠭᠦᠯᠵᠦ ᠂ 《 ᠯᠠᠢᠢᠮᠤᠷᠴᠢ 》 ᠢ᠋ ᠶᠠᠭᠠᠬᠢᠬᠤ ᠶᠢᠨ ᠵᠠᠪ ᠦᠭᠡᠢ ᠵᠠᠢᠯᠠᠵᠤ ᠵᠠᠪᠳᠤᠬᠤ ᠥᠬᠡᠢ  ᠪᠣᠯᠭᠠᠭᠰᠠᠨ ᠪᠠᠢᠨ᠎ᠠ ᠃ ᠳᠤᠳᠠᠭᠠᠬᠤ ᠂ ᠭᠦᠢᠴᠡᠳᠬᠡᠬᠦ ᠶ᠋ᠢ ᠡᠰᠡᠷᠭᠦᠴᠡᠬᠦ  ᠶᠢ ᠬᠠᠤᠯᠢ ᠶᠣᠰᠣᠭᠠᠷ ᠲᠦᠷ ᠬᠣᠷᠢᠬᠤ ᠠᠷᠭ᠎ᠠ ᠬᠡᠮᠵᠢᠶ᠎ᠡ ᠠᠪᠬᠤ ; ᠡᠳ᠋ ᠬᠥᠷᠥᠩᠭᠡ ᠪᠡᠨ ᠨᠢᠭᠤᠨ ᠳᠠᠷᠤᠵᠤ ᠂ ᠡᠭᠦᠷᠭᠡ ᠪᠡᠨ ᠭᠦᠢᠴᠡᠳᠬᠡᠬᠦ ᠶ᠋ᠢ ᠲᠡᠪᠴᠢᠭᠰᠡᠨ ᠪᠠᠢᠪᠠᠯ ᠂ ᠨᠡᠷ᠎ᠡ ᠳᠣᠣᠷᠠᠬᠢ ᠡᠳ᠋ ᠬᠥᠷᠥᠩᠭᠡ ᠶ᠋ᠢ ᠨᠢ ᠬᠠᠤᠯᠢ ᠶᠣᠰᠣᠭᠠᠷ ᠳᠠᠷᠤᠵᠤ ᠠᠪᠬᠤ ᠬᠡᠷᠡᠭᠲᠡᠢ ᠃ ᠡᠯ᠎ᠡ ᠳᠤᠭᠤᠢᠯᠠᠩ ᠨᠠᠷᠢᠨ ᠣᠨᠣᠪᠴᠢᠲᠠᠢ ᠠᠷᠭ᠎ᠠ ᠪᠣᠳᠣᠯᠭ᠎ᠠ ᠠᠪᠴᠤ ᠂ ᠣᠯᠠᠨ ᠲᠠᠯ᠎ᠠ ᠪᠠᠷ ᠵᠡᠷᠭᠡ ᠪᠡᠷ ᠠᠳᠬᠤᠨ ᠂ ᠬᠣᠢᠰᠢᠯᠠᠭᠤᠯᠬᠤ᠂ ᠳᠤᠳᠠᠭᠠᠬᠤ ᠂ ᠨᠢᠭᠤᠬᠤ᠂ ᠪᠤᠯᠢᠬᠠᠢᠯᠠᠬᠤ ᠵᠡᠷᠭᠡ  ᠭᠦᠢᠴᠡᠳᠬᠡᠭᠳᠡᠭᠴᠢ ᠳ᠋ᠦ᠍ ᠴᠢᠩᠭ᠎ᠠ ᠴᠣᠬᠢᠯᠲᠠ ᠥᠭᠴᠦ ᠂ ᠭᠦᠢᠴᠡᠳᠬᠡᠭᠳᠡᠭᠰᠡᠳ ᠦ᠋ᠨ ᠠᠵᠠ ᠪᠡᠷ ᠬᠡᠯᠳᠦᠷᠢᠬᠦ ᠪᠣᠳᠤᠯ ᠢ ᠰᠠᠷᠨᠢᠭᠤᠯᠵᠦ ᠂ ᠨᠠᠮᠤᠷ ᠤ᠋ᠨ ᠠᠭᠤᠷ ᠣᠷᠣᠭᠰᠠᠨ ᠤ᠋ ᠳᠠᠷᠠᠭ᠎ᠠ ᠭᠦᠢᠴᠡᠳᠬᠡᠬᠦ ᠠᠵᠢᠯᠯᠠᠭ᠎ᠠ ᠶ᠋ᠢᠨ ᠨᠢᠭᠡᠳᠦᠭᠡᠷ ᠠᠯᠬᠤᠮ ᠢᠶᠡᠨ ᠡᠬᠢᠯᠡᠭᠦᠯᠪᠡ ᠃

    ᠲᠤᠰ ᠤᠳᠠᠭᠠᠨ ᠤ᠋ ᠠᠵᠢᠯᠯᠠᠭ᠎ᠠ ᠨᠡᠢᠲᠡ 20 ᠬᠥᠮᠦᠨ ᠢ᠋ ᠠᠯᠪᠠᠲᠠᠨ ᠳᠠᠭᠤᠳᠠᠵᠤ ᠂ 13 ᠬᠡᠷᠡᠭ ᠢ᠋ ᠰᠢᠭᠦᠨ ᠳᠠᠭᠤᠰᠬᠠᠵᠤ ᠂ ᠪᠣᠳᠠᠲᠠᠢ ᠭᠦᠢᠴᠡᠳᠬᠡᠭᠰᠡᠨ ᠵᠣᠭᠣᠰ ᠤ᠋ᠨ ᠲᠣᠭ᠎ᠠ 160.1 ᠲᠦᠮᠡᠨ ᠲᠥᠭᠥᠷᠢᠭ ᠲᠦ᠍ ᠬᠦᠷᠪᠡ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )