ᠰᠤᠷᠤᠯᠴᠠᠯᠭ᠎ᠠ ᠪᠠᠷ ᠰᠠᠭᠤᠷᠢ ᠪᠣᠯᠭᠠᠵᠤ᠂ ᠠᠷᠭ᠎ᠠ ᠰᠦᠪᠡᠭᠴᠢᠯᠡᠬᠦ ᠪᠡᠷ ᠤᠷᠢᠳᠠᠯ ᠪᠣᠯᠭᠠᠭᠰᠠᠨ — ᠺᠠᠲᠷ ᠴᠠᠭᠳᠠᠭ᠎ᠠ ᠤᠨ ᠬᠠᠯᠠᠮᠰᠢᠯ ᠶᠠᠷᠢᠯᠴᠠᠭ᠎ᠠ᠂ ᠬᠣᠲᠠ ᠶ᠋ᠢᠨ ᠨᠠᠮ ᠤ᠋ᠨ ᠬᠣᠷᠢᠶᠠᠨ ᠳᠦ ᠴᠤᠭᠯᠠᠷᠠᠵᠦ᠂ ᠰᠢᠭᠦᠬᠦ ᠬᠣᠷᠢᠶᠠᠨ ᠤ ᠠᠵᠢᠯ ᠤ᠋ᠨ ᠬᠤᠷᠠᠯ
2023.09.26 ᠲᠣᠰ ᠥᠷᠲᠡᠭᠡᠨ᠎ᠦ ᠨᠠᠢᠷᠠᠭᠤᠯᠤᠭᠴᠢ

    ᠺᠠᠲᠷ ᠴᠠᠭᠳᠠᠭ᠎ᠠ ᠶ᠋ᠢᠨ ᠬᠠᠯᠠᠮᠰᠢᠯ ᠶᠠᠷᠢᠯᠴᠠᠭ᠎ᠠ

    ᠰᠤᠷᠤᠯᠴᠠᠯᠭ᠎ᠠ ᠪᠠᠷ ᠰᠠᠭᠤᠷᠢ ᠪᠣᠯᠭᠠᠵᠤ ᠂ ᠠᠷᠭ᠎ᠠ ᠰᠦᠪᠡᠭᠴᠢᠯᠡᠬᠦ ᠪᠡᠷ ᠤᠷᠢᠳᠠᠯ ᠪᠣᠯᠭᠠᠭᠰᠠᠨ

 

    ᠰᠤᠷᠤᠯᠴᠠᠯᠭ᠎ᠠ ᠪᠠᠷ ᠰᠠᠭᠤᠷᠢ ᠪᠣᠯᠭᠠᠵᠤ ᠂ ᠠᠷᠭ᠎ᠠ ᠰᠦᠪᠡᠭᠴᠢᠯᠡᠬᠦ ᠪᠡᠷ ᠤᠷᠢᠳᠠᠯ ᠪᠣᠯᠭᠠᠭᠰᠠᠨ᠃ ᠬᠣᠲᠠ ᠶ᠋ᠢᠨ ᠨᠠᠮ ᠤ᠋ᠨ ᠬᠣᠷᠢᠶᠠᠨ ᠤ᠋ ᠰᠢᠭᠦᠬᠦ ᠬᠣᠷᠢᠶ ᠠ ᠶᠢᠨ ᠠᠵᠢᠯ ᠤ᠋ᠨ ᠬᠤᠷᠠᠯ ᠬᠤᠷᠠᠯᠳᠤᠭᠰᠠᠨ ᠤ᠋ ᠳᠠᠷᠠᠭ᠎ᠠ ᠂ ᠣᠷᠳᠣᠰ ᠬᠣᠲᠠ ᠶ᠋ᠢᠨ ᠬᠣᠶᠠᠷ ᠱᠠᠲᠤᠨ ᠤ᠋ ᠰᠢᠭᠦᠬᠦ ᠬᠣᠷᠢᠶ᠎ᠠ ᠪᠦᠬᠦ ᠺᠠᠳ᠋ᠷ ᠴᠠᠭᠳᠠᠭ᠎ᠠ ᠶ᠋ᠢ ᠵᠣᠬᠢᠶᠠᠨ ᠪᠠᠢᠭᠤᠯᠤᠨ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠭᠤᠯᠵᠤ ᠂ ᠰᠤᠷᠤᠯᠴᠠᠬᠤ ᠥᠷᠨᠢᠯᠲᠡ ᠶ᠋ᠢ ᠦᠳᠲᠡᠷ ᠲᠦᠷᠭᠡᠨ ᠪᠣᠢ ᠪᠣᠯᠭᠠᠵᠤ ᠂ ᠰᠤᠷᠤᠯᠴᠠᠨ ᠲᠤᠤᠱᠯᠠᠭᠤᠯᠬᠤ ᠶ᠋ᠢ ᠠᠬᠢᠭᠤᠯᠤᠨ ᠪᠣᠳᠠᠲᠠᠢ ᠳ᠋ᠤ᠌ ᠤᠷᠤᠭᠰᠢᠯᠠᠭᠤᠯᠵᠤ ᠂ ᠰᠡᠳᠬᠢᠯ ᠵᠦᠭ ᠵᠠᠮᠨᠠᠵᠤ ᠂ ᠨᠡᠩ ᠥᠨᠳᠥᠷ ᠤᠯᠤᠰ ᠲᠥᠷᠥ ᠶ᠋ᠢᠨ ᠵᠣᠭᠰᠣᠴᠠ ᠪᠠᠷ ᠬᠣᠲᠠ ᠶ᠋ᠢᠨ ᠨᠠᠮ ᠤ᠋ᠨ ᠬᠣᠷᠢᠶᠠᠨ ᠤ᠋ ᠰᠢᠭᠦᠬᠦ ᠬᠣᠷᠢᠶ ᠠ ᠶᠢᠨ ᠠᠵᠢᠯ ᠤ᠋ᠨ ᠬᠤᠷᠠᠯᠳᠤᠭᠠᠨ ᠤ᠋ ᠵᠣᠷᠢᠭ ᠰᠠᠨᠠᠭ᠎ᠠ ᠶ᠋ᠢ ᠰᠤᠷᠤᠯᠴᠠᠨ ᠲᠤᠤᠱᠯᠠᠭᠤᠯᠵᠤ ᠂ ᠨᠡᠩ ᠬᠦᠴᠦᠲᠡᠢ ᠠᠷᠭ᠎ᠠ ᠬᠡᠮᠵᠢᠶ᠎ᠡ ᠪᠡᠷ 《ᠰᠠᠨᠠᠯ》 ᠤ᠋ᠨ ᠡᠯ᠎ᠡ ᠵᠦᠢᠯ ᠦ᠋ᠨ ᠱᠠᠭᠠᠷᠳᠠᠯᠭ᠎ᠠ ᠶ᠋ᠢ ᠪᠥᠬᠥ ᠲᠠᠯ᠎ᠠ ᠪᠠᠷ ᠨᠠᠢᠳᠠᠪᠤᠷᠢᠵᠢᠭᠤᠯᠪᠠ ᠃

 

    ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ ᠠ

    ᠨᠠᠮ ᠤ᠋ᠨ ᠤᠳᠤᠷᠢᠳᠬᠤ ᠳᠤᠭᠤᠢᠯᠠᠩ ᠤ᠋ᠨ ᠬᠡᠰᠢᠭᠦᠨ ᠂ ᠳᠡᠳ᠋ ᠬᠣᠷᠢᠶᠠᠨ ᠳᠠᠷᠤᠭ᠎ᠠ ᠸᠠᠩ ᠷᠦᠢ ᠱᠠᠨ

    ᠬᠣᠲᠠ ᠶ᠋ᠢᠨ ᠨᠠᠮ ᠤ᠋ᠨ ᠬᠣᠷᠢᠶ᠎ᠠ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯᠳᠤᠭᠠᠨ ᠢ᠋ ᠥᠨᠳᠥᠷ ᠪᠠᠷᠢᠮᠵᠢᠶ᠎ᠠ ᠪᠠᠷ ᠬᠤᠷᠠᠯᠳᠤᠭᠤᠯᠵᠤ ᠂ ᠬᠣᠲᠠ ᠶ᠋ᠢᠨ ᠨᠠᠮ ᠤ᠋ᠨ ᠬᠣᠷᠢᠶᠠᠨ ᠠ᠋ᠴᠠ ᠰᠢᠭᠦᠬᠦ ᠬᠣᠷᠢᠶᠠᠨ ᠤ᠋ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠬᠠᠯᠠᠮᠵᠢᠯᠠᠵᠤ ᠳᠠᠮᠵᠢᠵᠤ ᠪᠠᠢᠬᠤ ᠶ᠋ᠢ ᠭᠦᠢᠴᠡᠳ ᠢᠯᠡᠷᠡᠭᠦᠯᠵᠦ ᠂ ᠰᠢᠭᠦᠬᠦ ᠬᠣᠷᠢᠶᠠᠨ ᠤ᠋ ᠺᠠᠲᠷ ᠴᠠᠭᠳᠠᠭ᠎ᠠ ᠶ᠋ᠢᠨ ᠠᠵᠢᠯ ᠬᠢᠵᠦ ᠦᠢᠯᠡᠰ ᠪᠦᠲᠦᠭᠡᠬᠦ ᠵᠣᠷᠢᠭ ᠰᠠᠨᠠᠭ᠎ᠠ ᠶ᠋ᠢ ᠬᠥᠭᠵᠢᠭᠡᠵᠦ ᠂ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢᠨ ᠰᠢᠨ᠎ᠡ ᠠᠶᠠᠨ ᠢ᠋ ᠡᠬᠢᠯᠡᠭᠦᠯᠵᠡᠢ ᠃

    ᠪᠢᠳᠡ ᠤᠯᠤᠰ ᠲᠥᠷᠥ ᠶ᠋ᠢ ᠡᠷᠬᠢᠮᠯᠡᠬᠦ ᠳᠡᠭᠡᠳᠦ ᠬᠡᠮᠵᠢᠶᠡᠨ ᠤ ᠬᠤᠷᠠᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠰᠢᠭᠦᠬᠦ ᠬᠣᠷᠢᠶᠠᠨ ᠤ᠋ ᠠᠵᠢᠯ ᠢ᠋ ᠳᠠᠬᠢᠨ ᠰᠢᠨ᠎ᠡ ᠳᠡᠭᠲᠡᠷ ᠲᠦ᠍ ᠭᠠᠷᠭᠠᠬᠤ ᠶᠠᠪᠤᠳᠠᠯ ᠢ᠋ ᠪᠦᠬᠦ ᠲᠠᠯ᠎ᠠ ᠪᠠᠷ ᠲᠦᠯᠬᠢᠨ ᠠᠬᠢᠭᠤᠯᠵᠤ ᠂ ᠰᠢᠯᠢᠳᠡᠭ ᠬᠢᠷᠢ ᠪᠦᠲᠦᠮᠵᠢ ᠪᠡᠷ ᠠᠵᠤ ᠠᠬᠤᠢ ᠨᠡᠢᠭᠡᠮ ᠦ᠋ᠨ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶ᠋ᠢ ᠪᠠᠲᠤᠯᠠᠬᠤ ᠳ᠋ᠤ᠌ ᠦᠢᠯᠡᠴᠢᠯᠡᠬᠦ ᠬᠡᠷᠡᠭᠲᠡᠢ ᠃ 《 ᠵᠢᠷᠭᠤᠭ᠎ᠠ ᠶ᠋ᠢ ᠪᠣᠳᠠᠲᠠᠢᠵᠢᠭᠤᠯᠬᠤ 》 ᠬᠡᠷᠡᠭᠲᠡᠢ ᠄ ᠨᠢᠭᠡ ᠳ᠋ᠦ᠍ ᠰᠤᠷᠤᠯᠴᠠᠵᠤ ᠤᠬᠠᠭᠤᠯᠬᠤ ᠠᠵᠢᠯ ᠢ᠋ ᠪᠣᠳᠠᠲᠠᠢᠵᠢᠭᠤᠯᠬᠤ ᠂ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠬᠦᠴᠦᠷᠬᠡᠭ ᠶᠡᠬᠡ ᠬᠦᠴᠦᠨ ᠢ᠋ ᠨᠢᠭᠲᠠᠷᠠᠭᠤᠯᠤᠨ᠎ᠠ ; ᠬᠣᠶᠠᠷ ᠲᠤ᠌ ᠤᠯᠤᠰ ᠲᠥᠷᠥ ᠶ᠋ᠢᠨ ᠪᠠᠢᠭᠤᠯᠤᠯᠲᠠ ᠶ᠋ᠢ ᠪᠣᠳᠠᠲᠠᠢᠵᠢᠭᠤᠯᠵᠤ ᠂ ᠰᠢᠭᠦᠬᠦ ᠬᠣᠷᠢᠶᠠᠨ ᠤ᠋ ᠠᠵᠢᠯ ᠳ᠋ᠠᠬᠢ ᠨᠠᠮ ᠤ᠋ᠨ ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠪᠠᠷᠢᠮᠲᠠᠯᠠᠨ ᠂ ᠪᠣᠳᠠᠲᠤ ᠠᠵᠢᠯᠯᠠᠭ᠎ᠠ ᠪᠠᠷ ᠢ᠋ᠶ᠋ᠠᠨ《 ᠬᠣᠶᠠᠷ ᠢ᠋ ᠲᠣᠭᠲᠠᠭᠠᠬᠤ 》 ᠶ᠋ᠢ ᠬᠦᠷᠢᠶᠡᠯᠡᠨ ᠂ 《 ᠬᠣᠶᠠᠷ ᠢ᠋ ᠬᠠᠮᠠᠭᠠᠯᠠᠬᠤ 》 ᠶ᠋ᠢ ᠪᠡᠶᠡᠯᠡᠭᠦᠯᠬᠦ ᠬᠡᠷᠡᠭᠲᠡᠢ᠃ ᠭᠤᠷᠪᠠ ᠳ᠋ᠤ᠌ ᠶᠡᠬᠡ ᠲᠠᠯ᠎ᠠ ᠶ᠋ᠢ ᠪᠣᠳᠠᠲᠠᠢ ᠭᠠᠵᠠᠷ ᠲᠤᠨᠢ ᠦᠢᠯᠡᠴᠢᠯᠡᠵᠦ ᠂ ᠴᠢᠨᠠᠷ ᠰᠠᠢᠲᠠᠢ ᠬᠥᠭᠵᠢᠯᠲᠡ ᠶ᠋ᠢ ᠰᠠᠨᠠᠭᠠᠴᠢᠯᠠᠭ᠎ᠠ ᠲᠠᠢ ᠪᠠᠷ ᠤᠭᠲᠤᠨ ᠠᠪᠴᠢᠷᠠᠵᠤ ᠂ 《 ᠬᠣᠶᠠᠷ ᠶᠡᠬᠡ ᠶᠠᠪᠤᠳᠠᠯ 》 ᠤ᠋ᠨ ᠲᠣᠭᠣᠷᠢᠨ ᠳ᠋ᠤ᠌ ᠶᠡᠬᠡ ᠲᠠᠯ᠎ᠠ ᠳ᠋ᠤ᠌ ᠦᠢᠯᠡᠴᠢᠯᠡᠬᠦ ᠤᠶᠠᠯᠳᠤᠯ ᠤ᠋ᠨ ᠴᠡᠭ ᠢ᠋ ᠣᠨᠣᠪᠴᠢᠲᠠᠢ ᠣᠯᠵᠤ ᠂ ᠶᠡᠬᠡ ᠲᠠᠯ᠎ᠠ ᠳ᠋ᠤ᠌ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ᠋ᠶ᠋ᠡᠨ ᠳᠡᠭᠡᠭᠰᠢᠯᠡᠭᠦᠯᠦᠨ᠎ᠡ᠃ ᠳᠥᠷᠪᠡ ᠳ᠋ᠦ᠍ ᠥᠭᠡᠷᠡᠴᠢᠯᠡᠯᠲᠡ ᠶ᠋ᠢ ᠭᠦᠨᠵᠡᠭᠡᠢᠷᠡᠭᠦᠯᠵᠦ ᠂ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠢ᠋ ᠪᠥᠬᠥ ᠲᠠᠯ᠎ᠠ ᠪᠠᠷ ᠣᠨᠣᠪᠴᠢᠲᠠᠢ ᠨᠠᠢᠳᠠᠪᠤᠷᠢᠵᠢᠭᠤᠯᠵᠤ ᠂ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠴᠢᠨᠠᠷ ᠴᠢᠨᠰᠠᠭ᠎ᠠ ᠪᠠ ᠦᠷ᠎ᠡ ᠠᠰᠢᠭ ᠢ᠋ ᠳᠡᠭᠡᠭᠰᠢᠯᠡᠭᠦᠯᠬᠦ ᠶ᠋ᠢ ᠪᠥᠬᠥ ᠲᠠᠯ᠎ᠠ ᠪᠠᠷ ᠠᠬᠢᠭᠤᠯᠤᠨ᠎ᠠ ᠃ ᠲᠠᠪᠤᠳ᠋ᠤ᠌ ᠠᠷᠠᠳ ᠤ᠋ᠨ ᠲᠥᠯᠥᠭᠡ ᠬᠠᠤᠯᠢ ᠴᠠᠭᠠᠵᠠ ᠶ᠋ᠢ ᠪᠣᠳᠠᠲᠠᠢ ᠨᠠᠢᠳᠠᠪᠤᠷᠢᠵᠢᠭᠤᠯᠵᠤ ᠂ ᠠᠷᠠᠳ ᠲᠦᠮᠡᠨ ᠢ᠋ᠶ᠋ᠡᠷ ᠭᠣᠣᠯ ᠪᠣᠯᠭᠠᠬᠤ ᠬᠥᠭᠵᠢᠯᠲᠡ ᠶ᠋ᠢᠨ ᠦᠵᠡᠯ ᠰᠠᠨᠠᠭ᠎ᠠ ᠶ᠋ᠢ ᠭᠦᠨᠵᠡᠭᠡᠢ ᠦᠢᠯᠡᠳᠦᠯᠭᠡᠵᠢᠭᠦᠯᠵᠦ ᠂ ᠠᠷᠠᠳ ᠣᠯᠠᠨ ᠳ᠋ᠤ᠌ ᠴᠢᠨᠠᠷ ᠰᠠᠢᠲᠠᠢ ᠬᠠᠤᠯᠢ ᠴᠠᠭᠠᠵᠠ ᠶ᠋ᠢᠨ ᠦᠢᠯᠡᠴᠢᠯᠡᠭᠡ ᠬᠠᠩᠭᠠᠨ᠎ᠠ ᠃ ᠵᠢᠷᠭᠤᠭ᠎ᠠᠳ᠋ᠤ᠌ ᠂ ᠨᠠᠮ ᠬᠠᠮᠢᠶᠠᠷᠴᠤ ᠬᠣᠷᠢᠶ᠎ᠠ ᠶᠢ ᠵᠠᠰᠠᠬᠤ ᠶᠢ ᠨᠠᠢᠳᠠᠪᠤᠷᠢᠵᠢᠭᠤᠯᠵᠤ  ᠂ ᠨᠠᠮ ᠬᠠᠮᠢᠶᠠᠷᠴᠤ ᠬᠣᠷᠢᠶ᠎ᠠ ᠶᠢ ᠵᠠᠰᠠᠬᠤ ᠤᠯᠤᠰ ᠲᠥᠷᠥ ᠶ᠋ᠢᠨ ᠬᠠᠷᠢᠭᠤᠴᠠᠯᠭ᠎ᠠ ᠶ᠋ᠢ ᠪᠥᠬᠥ ᠲᠠᠯ᠎ᠠ ᠪᠠᠷ ᠴᠢᠩᠭ᠎ᠠ ᠬᠠᠮᠢᠶᠠᠷᠬᠤ  ᠶᠢ  ᠪᠡᠬᠢᠵᠢᠭᠦᠯᠵᠦ ᠂ 《 ᠭᠤᠷᠪᠠ ᠶ᠋ᠢ ᠢᠯᠭᠠᠬᠤ 》 ᠶ᠋ᠢ ᠪᠠᠷᠢᠮᠲᠠᠯᠠᠬᠤ ᠂ ᠠᠷᠠᠳ ᠤ᠋ᠨ ᠰᠢᠭᠦᠬᠦ ᠬᠣᠷᠢᠶᠠᠨ ᠤ᠋ ᠲᠥᠪ ᠴᠢᠬᠡᠴᠢ ᠬᠡᠪ ᠰᠤᠷᠲᠠᠯ ᠲᠠᠢ ᠤᠯᠤᠰ ᠲᠥᠷᠥ ᠶ᠋ᠢᠨ ᠠᠮᠢ ᠠᠬᠤᠢ ᠪᠠ ᠬᠠᠤᠯᠢ ᠴᠠᠭᠠᠵᠠ ᠶ᠋ᠢᠨ ᠠᠮᠢ ᠠᠬᠤᠢ ᠶ᠋ᠢ ᠪᠦᠷᠢᠯᠳᠦᠭᠦᠯᠦᠨ᠎ᠡ ᠃

    ᠵᠡᠭᠦᠨᠭᠠᠷ ᠬᠤᠰᠢᠭᠤᠨᠤ᠋ ᠠᠷᠠᠳ ᠤ᠋ᠨ ᠰᠢᠭᠦᠬᠦ ᠬᠣᠷᠢᠶ ᠠ

    ᠨᠠᠮᠤ᠋ᠨ ᠳᠤᠭᠤᠢᠯᠠᠩᠤ᠋ᠨ ᠬᠡᠰᠢᠭᠦᠨ ᠂ ᠳᠡᠳ᠋ ᠬᠣᠷᠢᠶᠠᠨ ᠳᠠᠷᠤᠭ᠎ᠠ  ᠯᠢᠦ ᠬᠦᠢ ᠷᠦᠩ

    8 ᠰᠠᠷ᠎ᠠ ᠶ᠋ᠢᠨ 4 ᠦ᠌ ᠡᠳᠦᠷ ᠂ ᠬᠣᠲᠠ ᠶ᠋ᠢᠨ ᠨᠠᠮ ᠤ᠋ᠨ ᠬᠣᠷᠢᠶᠠᠨ ᠤ᠋ ᠠᠵᠢᠯ ᠤ᠋ᠨ ᠬᠤᠷᠠᠯ ᠬᠢᠶ᠎ᠡ ᠪᠠᠭᠰᠢ ᠲᠣᠭᠣᠷᠢᠭ ᠲᠤ᠌ ᠬᠤᠷᠠᠯᠳᠤᠪᠠ ᠃ ᠲᠤᠰ ᠤᠳᠠᠭᠠᠨ ᠤ᠋ ᠬᠤᠷᠠᠯ ᠤ᠋ᠨ ᠠᠭᠤᠯᠭ᠎ᠠ ᠨᠢ ᠰᠢᠭᠦᠬᠦ ᠬᠣᠷᠢᠶᠠᠨ ᠤ᠋ ᠠᠵᠢᠯ ᠤ᠋ᠨ ᠡᠯ᠎ᠡ ᠵᠠᠩᠭᠢᠯᠠᠭ᠎ᠠ ᠶ᠋ᠢ ᠲᠤᠤᠱᠯᠠᠭᠤᠯᠵᠤ ᠂ ᠪᠢᠳᠡᠨ ᠤ᠋ ᠬᠣᠢᠰᠢᠳᠠ ᠶ᠋ᠢᠨ ᠠᠵᠢᠯ ᠤ᠋ᠨ ᠵᠠᠮ ᠳ᠋ᠤ᠌ ᠴᠢᠭᠯᠡᠯ ᠢ᠋ ᠲᠣᠳᠣᠷᠬᠠᠢ ᠵᠢᠭᠠᠵᠤ ᠦᠭᠭᠦᠭᠰᠡᠨ ᠪᠥᠭᠡᠳ ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠢ᠋ ᠰᠠᠢᠲᠤᠷ ᠬᠢᠬᠦ ᠬᠠᠷᠢᠭᠤᠴᠠᠯᠭ᠎ᠠ ᠬᠦᠨᠳᠦ ᠶᠡᠬᠡ ᠭᠡᠳᠡᠭ ᠢ᠋ ᠪᠠᠰᠠ ᠭᠦᠨᠵᠡᠭᠡᠢ ᠲᠠᠨᠢᠵᠤ ᠣᠯᠭᠤᠪᠠ ᠂ ᠬᠣᠢᠰᠢᠳᠠ ᠶ᠋ᠢᠨ ᠠᠵᠢᠯ ᠤ᠋ᠨ ᠳᠤᠮᠳᠠ ᠪᠠᠨ ᠪᠢ ᠬᠤᠷᠠᠯ ᠤᠨ ᠵᠣᠷᠢᠭ ᠰᠠᠨᠠᠭ᠎ᠠ ᠶ᠋ᠢ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠥᠪᠡᠷ ᠦ᠋ᠨ ᠤᠯᠤᠰ ᠲᠥᠷᠥ ᠂ ᠲᠤᠬᠠᠢᠯᠠᠭᠰᠠᠨ ᠠᠵᠢᠯ ᠤ᠋ᠨ ᠬᠡᠪ ᠴᠢᠨᠠᠷ ᠢ᠋ᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠣᠳᠣᠬᠠᠨ ᠤ᠋ ᠣᠷᠴᠢᠨ ᠨᠥᠬᠥᠴᠡᠯ ᠳᠣᠣᠷ᠎ᠠ ᠠᠵᠢᠯ ᠢ᠋ᠶ᠋ᠠᠨ ᠭᠦᠢᠴᠡᠳᠬᠡᠬᠦ ᠰᠢᠨ᠎ᠡ ᠪᠠᠢᠳᠠᠯ ᠪᠠ ᠡᠭᠦᠷᠭᠡ ᠳ᠋ᠦ᠍ ᠴᠢᠭᠯᠡᠭᠦᠯᠦᠨ ᠂ ᠳᠠᠷᠤᠤ ᠬᠢᠴᠢᠶᠡᠩᠭᠦᠢ ᠠᠵᠢᠯ ᠤ᠋ᠨ ᠰᠤᠷᠲᠠᠯ ᠢ᠋ ᠪᠠᠷᠢᠮᠲᠠᠯᠠᠵᠤ ᠂ ᠠᠵᠢᠯ ᠤ᠋ᠨ ᠰᠢᠨ᠎ᠡ ᠠᠷᠭ᠎ᠠ ᠮᠠᠶᠢᠭ ᠢ᠋ ᠦᠷᠭᠦᠯᠵᠢᠯᠡᠨ ᠬᠠᠢᠨ ᠰᠦᠪᠡᠭᠴᠢᠯᠡᠵᠦ ᠂ ᠲᠥᠪ ᠭᠣᠣᠯᠴᠢ ᠥᠨᠳᠥᠷ ᠪᠦᠲᠦᠮᠵᠢᠲᠡᠢ ᠪᠠᠢᠬᠤ ᠶ᠋ᠢ ᠪᠠᠷᠢᠮᠲᠠᠯᠠᠨ ᠂ ᠵᠣᠷᠢᠭᠲᠠᠢ ᠪᠠᠷ ᠰᠢᠨ᠎ᠡ ᠶ᠋ᠢ ᠡᠭᠦᠳᠴᠦ ᠂ ᠤᠭ ᠰᠠᠨᠠᠭ᠎ᠠ ᠪᠠᠨ ᠥᠯᠥ ᠮᠠᠷᠲᠠᠨ ᠂ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠪᠠᠷᠢᠮᠲᠠᠯᠠᠵᠤ ᠂ ᠮᠠᠨ ᠤ᠋ ᠬᠣᠷᠢᠶᠠᠨ ᠤ᠋ ᠭᠦᠢᠴᠡᠳᠬᠡᠬᠦ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠦᠷᠭᠦᠯᠵᠢᠯᠡᠨ ᠠᠬᠢᠭᠤᠯᠵᠤ ᠂ ᠠᠵᠤ ᠠᠬᠤᠢ ᠨᠡᠢᠭᠡᠮ ᠦ᠋ᠨ ᠬᠥᠭᠵᠢᠯᠲᠡ ᠶ᠋ᠢᠨ ᠶᠡᠬᠡ ᠲᠠᠯ᠎ᠠ ᠳ᠋ᠤ᠌ ᠦᠢᠯᠡᠴᠢᠯᠡᠬᠦ ᠶᠠᠪᠤᠳᠠᠯ ᠳ᠋ᠤ᠌ ᠬᠤᠪᠢ ᠨᠡᠮᠡᠷᠢ ᠦᠵᠡᠭᠦᠯᠦᠨ᠎ᠡ ᠃

    ᠣᠷᠳᠣᠰ ᠬᠣᠲᠠᠶ᠋ᠢᠨ ᠳᠤᠮᠳᠠ ᠵᠡᠷᠭᠡᠶ᠋ᠢᠨ ᠰᠢᠭᠦᠬᠦ ᠬᠣᠷᠢᠶ᠎ᠠ

    ᠺᠠᠲᠷ ᠴᠠᠭᠳᠠᠭ᠎ᠠ   ᠰᠦᠨ ᠷᠦᠩ

    ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯᠳᠤᠭᠠᠨ ᠪᠣᠯ ᠮᠠᠨ ᠤ᠋ ᠰᠢᠭᠦᠬᠦ ᠬᠣᠷᠢᠶᠠᠨ ᠤ᠋ ᠠᠵᠢᠯ ᠢ᠋ ᠨᠤᠲᠠᠯᠠᠭᠰᠠᠨ ᠶᠠᠪᠤᠳᠠᠯ ᠪᠣᠯᠬᠤ ᠪᠥᠭᠡᠳ ᠪᠢᠳᠡᠨ ᠳ᠋ᠦ᠍ ᠰᠢᠨ᠎ᠡ ᠬᠦᠰᠡᠯ ᠡᠷᠡᠮᠡᠯᠵᠡᠯ ᠪᠠ ᠨᠡᠩ ᠥᠨᠳᠥᠷ ᠱᠠᠭᠠᠷᠳᠠᠯᠭ᠎ᠠ ᠲᠠᠯᠪᠢᠭᠰᠠᠨ ᠪᠠᠢᠨ᠎ᠠ ᠃ ᠨᠢᠭᠡᠨ ᠵᠠᠯᠠᠭᠤ ᠺᠠᠲᠷ ᠴᠠᠭᠳᠠᠭ᠎ᠠ ᠪᠣᠯᠤᠭᠰᠠᠨ ᠤ᠋ ᠬᠤᠪᠢ ᠳ᠋ᠤ᠌ ᠂ ᠬᠤᠷᠠᠯ ᠤ᠋ᠨ ᠵᠣᠷᠢᠭ ᠰᠠᠨᠠᠭ᠎ᠠ ᠶ᠋ᠢ ᠭᠦᠨᠵᠡᠭᠡᠢ ᠣᠢᠯᠠᠭᠠᠵᠤ ᠪᠠᠢᠬᠤ ᠨᠢ ᠲᠡᠷᠡ ᠶᠣᠰᠣᠭᠠᠷ ᠨᠢ ᠲᠤᠤᠱᠯᠠᠭᠤᠯᠤᠨ ᠨᠠᠢᠳᠠᠪᠤᠷᠢᠵᠢᠭᠤᠯᠬᠤ ᠶᠠᠪᠤᠳᠠᠯ ᠪᠣᠯᠬᠤ ᠪᠥᠭᠡᠳ ᠪᠢᠳᠡᠨ ᠦ᠌ ᠬᠢᠬᠦ ᠶᠣᠰᠣᠲᠠᠢ ᠪᠥᠭᠡᠳ ᠪᠦᠬᠦ ᠬᠦᠴᠦᠨ ᠢ᠋ᠶ᠋ᠡᠷ ᠢ᠋ᠶ᠋ᠡᠨ ᠬᠢᠬᠦ ᠬᠡᠷᠡᠭᠲᠡᠢ ᠠᠵᠢᠯ ᠪᠣᠯᠤᠨ᠎ᠠ ᠃ ᠬᠣᠢᠰᠢᠳᠠ ᠶ᠋ᠢᠨ ᠠᠵᠢᠯ ᠤ᠋ᠨ ᠳᠤᠮᠳᠠ ᠂ ᠪᠢ ᠲᠤᠰ ᠤᠳᠠᠭᠠᠨ ᠤ᠋ ᠬᠤᠷᠠᠯ ᠤ᠋ᠨ ᠵᠣᠷᠢᠭ ᠰᠠᠨᠠᠭ᠎ᠠ ᠪᠠᠷ ᠵᠢᠯᠣᠭᠣᠳᠤᠯᠭ᠎ᠠ ᠪᠣᠯᠭᠠᠵᠤ ᠂ ᠶᠡᠬᠡ ᠲᠠᠯ᠎ᠠ ᠳ᠋ᠤ᠌ ᠦᠢᠯᠡᠴᠢᠯᠡᠬᠦ ᠂ ᠠᠷᠠᠳ ᠤ᠋ᠨ ᠲᠥᠯᠥᠭᠡ ᠬᠠᠤᠯᠢ ᠪᠠᠷᠢᠬᠤ ᠬᠠᠷᠠᠯᠲᠠ ᠶ᠋ᠢ ᠦᠢᠯᠡᠳᠦᠯᠭᠡᠵᠢᠭᠦᠯᠦᠨ᠎ᠡ ᠃ ᠵᠣᠷᠢᠭᠲᠠᠢ ᠪᠠᠷ ᠡᠭᠦᠷᠭᠡᠯᠡᠵᠦ ᠂ ᠰᠠᠨᠠᠭᠠᠴᠢᠯᠠᠭ᠎ᠠ ᠠ᠋ᠴᠠ ᠪᠠᠨ ᠠᠵᠢᠯᠯᠠᠵᠤ ᠂ ᠠᠯᠪᠠᠨ ᠭᠡᠷ ᠦ᠋ᠨ ᠡᠳᠦᠷ ᠲᠤᠲᠤᠮ ᠤ᠋ᠨ ᠡᠭᠦᠷᠭᠡ ᠴᠢᠳᠠᠪᠤᠷᠢ ᠶ᠋ᠢᠨ ᠠᠵᠢᠯ ᠢ᠋ ᠨᠠᠷᠢᠯᠢᠭ ᠰᠠᠢᠲᠤᠷ ᠬᠢᠨ᠎ᠡ᠃ ᠵᠣᠷᠢᠭ ᠰᠠᠨᠠᠭ᠎ᠠ ᠪᠠᠨ ᠳᠠᠪᠲᠠᠨ ᠪᠣᠯᠪᠠᠰᠤᠷᠠᠭᠤᠯᠵᠤ ᠂ ᠡᠷᠡᠰ ᠵᠣᠷᠢᠭ ᠲᠡᠭᠦᠯᠳᠡᠷ ᠂ ᠡᠷᠡᠰ ᠰᠢᠭᠤᠷᠬᠠᠢ ᠂ ᠮᠣᠬᠣᠰᠢ ᠦᠭᠡᠢ ᠪᠠᠢᠵᠤ ᠂ ᠰᠢᠨ᠎ᠡ ᠴᠠᠭ ᠦᠶ᠎ᠡ ᠶ᠋ᠢᠨ ᠰᠢᠭᠦᠬᠦ ᠬᠣᠷᠢᠶᠠᠨ ᠤ᠋ ᠴᠢᠨᠠᠷ ᠰᠠᠢᠲᠠᠢ ᠬᠥᠭᠵᠢᠯᠲᠡ ᠳ᠋ᠦ᠍ ᠥᠪᠡᠷ ᠤ᠋ᠨ ᠵᠠᠯᠠᠭᠤ ᠨᠠᠰᠤᠨ  ᠤ᠋ ᠬᠦᠴᠦᠨ ᠴᠢᠳᠠᠯ  ᠢ᠋ᠶ᠋ᠡᠨ ᠵᠣᠷᠢᠭᠤᠯᠬᠤ ᠪᠠᠷ ᠴᠢᠷᠮᠠᠢᠬᠤ ᠬᠡᠷᠡᠭᠲᠡᠢ᠃

    ᠦᠦᠰᠢᠨ ᠬᠤᠰᠢᠭᠤᠨᠤ᠋ ᠠᠷᠠᠳ ᠤ᠋ᠨ ᠰᠢᠭᠦᠬᠦ ᠬᠣᠷᠢᠶ ᠠ

    ᠰᠢᠭᠦᠨ ᠲᠠᠰᠤᠯᠬᠤ ᠬᠠᠮᠢᠶᠠᠷᠤᠯᠲᠠᠶ᠋ᠢᠨ ᠠᠯᠪᠠᠨ ᠭᠡᠷᠦ᠋ᠨ ᠡᠷᠬᠢᠯᠡᠭᠴᠢ ᠶᠠᠩ ᠳ᠋ᠧ ᠯᠧᠢ

    8 ᠰᠠᠷ᠎ᠠ ᠶ᠋ᠢᠨ 4 ᠦ᠌ ᠡᠳᠦᠷ ᠂ ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠬᠢᠶ᠎ᠡ ᠪᠠᠭᠰᠢ ᠳ᠋ᠤ᠌ ᠬᠤᠷᠠᠯᠳᠤᠵᠤ ᠂ ᠬᠤᠷᠠᠯ ᠠ᠋ᠴᠠ ᠡᠮᠦᠨ᠎ᠡ ᠂ ᠣᠷᠳᠣᠰ ᠬᠣᠲᠠ ᠶ᠋ᠢᠨ ᠨᠠᠮ ᠤ᠋ᠨ ᠬᠣᠷᠢᠶ᠎ᠠ ᠲᠤᠰᠬᠠᠢᠯᠠᠨ 《 ᠰᠢᠨ᠎ᠡ ᠴᠠᠭ ᠦᠶ᠎ᠡ ᠶ᠋ᠢᠨ ᠪᠥᠬᠥ ᠬᠣᠲᠠ ᠶ᠋ᠢᠨ ᠰᠢᠭᠦᠬᠦ ᠬᠣᠷᠢᠶ᠎ᠠ ᠶᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠲᠤᠬᠠᠢ ᠰᠠᠨᠠᠯ 》 ᠢ᠋ ᠲᠣᠭᠲᠠᠭᠠᠨ ᠂ ᠪᠢ 《 ᠰᠠᠨᠠᠯ 》 ᠪᠣᠯᠤᠨ ᠤᠳᠤᠷᠢᠳᠤᠯᠭ᠎ᠠ ᠶ᠋ᠢᠨ ᠶᠠᠷᠢᠶ᠎ᠠ ᠶ᠋ᠢ ᠬᠢᠨᠠᠮᠠᠭᠠᠢ ᠰᠤᠷᠤᠯᠴᠠᠵᠤ ᠂ ᠮᠠᠰᠢ ᠶᠡᠬᠡ ᠵᠣᠷᠢᠭᠵᠢᠭᠤᠯᠤᠯ ᠪᠣᠯᠵᠤ ᠂ ᠬᠠᠤᠯᠢ ᠴᠠᠭᠠᠵᠠ ᠶ᠋ᠢᠨ ᠠᠵᠢᠯᠲᠠᠨ ᠪᠣᠯᠤᠭᠰᠠᠨ ᠤ᠋ ᠬᠤᠪᠢ ᠳ᠋ᠤ᠌ ᠂ ᠪᠢ ᠴᠢᠷᠮᠠᠢᠨ ᠬᠤᠷᠠᠯ ᠤ᠋ᠨ ᠵᠣᠷᠢᠭ ᠰᠠᠨᠠᠭ᠎ᠠ ᠶ᠋ᠢ ᠠᠷᠠᠳ ᠣᠯᠠᠨ ᠳ᠋ᠤ᠌ ᠦᠢᠯᠡᠴᠢᠯᠡᠬᠦ ᠴᠢᠳᠠᠪᠤᠷᠢ ᠯᠤᠭ᠎ᠠ ᠣᠷᠭᠠᠨᠢᠭ ᠢ᠋ᠶ᠋ᠠᠷ ᠤᠶᠠᠯᠳᠤᠭᠤᠯᠵᠤ ᠂ ᠬᠦᠰᠡᠯᠡᠩ ᠢᠲᠡᠭᠡᠯ ᠪᠢᠰᠢᠷᠡᠯ ᠢ᠋ᠶ᠋ᠡᠨ ᠤᠯᠠᠮ ᠴᠢᠨᠠᠭᠰᠢᠳᠠ ᠪᠠᠲᠤᠳᠬᠠᠵᠤ ᠂ ᠥᠪᠡᠷ ᠢ᠋ ᠪᠡᠨ ᠴᠢᠩᠭ᠎ᠠ ᠱᠠᠭᠠᠷᠳᠠᠨ ᠂ ᠪᠡᠶ᠎ᠡ ᠡᠴᠡ ᠪᠡᠨ ᠡᠬᠢᠯᠡᠨ ᠬᠢᠵᠦ ᠂  ᠵᠢᠵᠢᠭ᠌ ᠤᠴᠢᠷ ᠠ᠋ᠴᠠ ᠡᠬᠢᠯᠡᠨ ᠬᠢᠬᠦ ᠬᠡᠷᠡᠭᠲᠡᠢ ᠃ ᠠᠵᠢᠯ ᠤ᠋ᠨ ᠳᠤᠮᠳᠠ ᠂ ᠠᠳᠠᠯᠢ ᠪᠤᠰᠤ ᠂ ᠲᠦᠰᠢᠭᠯᠡᠬᠦ ᠦᠭᠡᠢ ᠂ ᠰᠠᠨᠠᠭᠠᠴᠢᠯᠠᠭ᠎ᠠ ᠠ᠋ᠴᠠ ᠪᠠᠨ ᠠᠵᠢᠯᠯᠠᠵᠤ ᠂ ᠪᠣᠳᠠᠲᠠᠢ ᠠᠰᠠᠭᠤᠳᠠᠯ ᠢ᠋ ᠰᠢᠢᠳᠪᠦᠷᠢᠯᠡᠬᠦ ᠪᠡᠷ ᠵᠣᠷᠢᠯᠲᠠ ᠪᠣᠯᠭᠠᠨ ᠂ ᠠᠵᠢᠯ ᠤ᠋ᠨ ᠦᠷ᠎ᠡ ᠪᠦᠲᠦᠮᠵᠢ ᠪᠡᠨ ᠳᠡᠭᠡᠭᠰᠢᠯᠡᠭᠦᠯᠬᠦ ᠪᠡᠷ ᠵᠣᠭᠰᠣᠴᠠ ᠪᠣᠯᠭᠠᠵᠤ ᠂ ᠰᠢᠨ᠎ᠡ ᠴᠠᠭ ᠦᠶ᠎ᠡ ᠶ᠋ᠢᠨ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠳ᠋ᠤ᠌ ᠥᠪᠡᠷ ᠦ᠋ᠨ ᠬᠤᠪᠢ ᠨᠡᠮᠡᠷᠢ ᠪᠡᠨ ᠦᠵᠡᠭᠦᠯᠤᠨ᠎ᠡ ᠃

    ᠬᠠᠩᠭᠢᠨ ᠬᠤᠰᠢᠭᠤᠨᠤ᠋ ᠠᠷᠠᠳ ᠤ᠋ᠨ ᠰᠢᠭᠦᠬᠦ ᠬᠣᠷᠢᠶ ᠠ

    ᠭᠦᠢᠴᠡᠳᠬᠡᠬᠦ ᠲᠣᠪᠴᠢᠶᠠᠨᠤ᠋ ᠳᠠᠷᠤᠭ᠎ᠠ ᠯᠧᠢ ᠭᠤᠸᠠᠩ ᠯᠢᠶᠠᠩ

    ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠴᠢᠬᠤᠯᠠ ᠡᠭᠦᠷᠭᠡ ᠲᠤᠰᠢᠶᠠᠯ ᠤ᠋ᠨ ᠦᠢᠯᠡᠳᠦᠯ ᠢ᠋ ᠭᠦᠢᠴᠡᠳ ᠲᠠᠨᠢᠵᠤ ᠂ ᠶᠠᠷᠢᠶᠠᠨ ᠤ᠋ ᠠᠭᠤᠯᠭ᠎ᠠ ᠶ᠋ᠢ ᠬᠢᠨᠠᠮᠠᠭᠠᠢ ᠰᠤᠷᠤᠯᠴᠠᠬᠤ ᠪᠠᠷ ᠳᠠᠮᠵᠢᠨ ᠂ ᠳᠥᠷᠪᠡᠨ ᠲᠥᠷᠥᠭᠳᠡᠯ ᠲᠡᠢ ᠄ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠲᠥᠷᠥ ᠶ᠋ᠢᠨ ᠣᠨᠣᠯ ᠤ᠋ᠨ ᠰᠤᠷᠤᠯᠴᠠᠯᠭ᠎ᠠ ᠪᠠᠨ ᠴᠢᠩᠭᠠᠳᠬᠠᠨ ᠂ ᠤᠯᠤᠰ ᠲᠥᠷᠥ ᠶ᠋ᠢᠨ ᠵᠣᠭᠰᠣᠯᠲᠠ ᠪᠠᠨ ᠪᠠᠲᠤᠳᠬᠠᠵᠤ ᠂ ᠤᠯᠤᠰ ᠲᠥᠷᠥ ᠶ᠋ᠢᠨ ᠴᠢᠭᠯᠡᠯ ᠢ᠋ ᠡᠵᠡᠮᠰᠢᠬᠦ ᠪᠣᠯ ᠵᠠᠩᠭᠢᠯᠠᠭ᠎ᠠ ᠪᠣᠯᠤᠨ᠎ᠠ ᠂ ᠰᠢ ᠵᠢᠨ ᠫᠢᠩ ᠦ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠵᠦ ᠂ ᠦᠢᠯᠡᠳᠦᠯᠭᠡ ᠪᠡᠨ ᠵᠢᠯᠣᠭᠣᠳᠤᠭᠤᠯᠬᠤ ᠬᠡᠷᠡᠭᠲᠡᠢ ᠃ ᠭᠦᠢᠴᠡᠳᠬᠡᠬᠦ ᠠᠵᠢᠯ ᠤ᠋ᠨ ᠬᠠᠷᠠᠯᠲᠠ ᠡᠭᠦᠷᠭᠡ ᠪᠡᠨ ᠲᠣᠳᠣᠷᠬᠠᠢᠯᠠᠵᠤ ᠂ ᠡᠬᠢ ᠡᠭᠦᠰᠦᠯ ᠡᠴᠡ ᠨᠢ ᠵᠠᠰᠠᠭᠰᠠᠨ ᠦᠷ᠎ᠡ ᠪᠦᠲᠦᠮᠵᠢ ᠶ᠋ᠢ ᠴᠢᠷᠮᠠᠢᠨ ᠪᠡᠶᠡᠯᠡᠭᠦᠯᠵᠦ ᠂ ᠤᠷᠲᠤ ᠬᠤᠭᠤᠴᠠᠭᠠᠨ ᠤ᠋ ᠪᠦᠲᠦᠮᠵᠢᠲᠦ ᠲᠣᠭᠲᠠᠴᠠ ᠳ᠋ᠤ᠌ ᠰᠢᠨ᠎ᠡ ᠶ᠋ᠢ ᠡᠭᠦᠳᠴᠦ ᠂ ᠭᠣᠣᠯ ᠭᠦᠢᠴᠡᠳᠬᠡᠬᠦ ᠲᠣᠭ᠎ᠠ ᠶ᠋ᠢ ᠪᠠᠭᠤᠷᠠᠭᠤᠯᠬᠤ ᠦᠭᠡᠢ ᠂ ᠪᠦᠯᠬᠦᠮ ᠨᠡᠢᠲᠡ ᠶ᠋ᠢᠨ ᠪᠠᠢᠭᠤᠯᠤᠯᠲᠠ ᠶ᠋ᠢ ᠨᠡᠩ ᠰᠢᠯᠢᠳᠡᠭᠵᠢᠭᠦᠯᠬᠦ ᠬᠡᠷᠡᠭᠲᠡᠢ ᠃ ᠭᠦᠢᠴᠡᠳᠬᠡᠬᠦ ᠠᠵᠢᠯ ᠤ᠋ᠨ ᠤᠷᠲᠤ ᠬᠤᠭᠤᠴᠠᠭᠠᠨ ᠤ᠋ ᠪᠦᠲᠦᠮᠵᠢᠲᠦ ᠲᠣᠭᠲᠠᠴᠠ ᠶ᠋ᠢᠨ ᠪᠠᠢᠭᠤᠯᠤᠯᠲᠠ ᠶ᠋ᠢ ᠲᠦᠯᠬᠢᠨ ᠠᠬᠢᠭᠤᠯᠬᠤ ᠡᠨᠡᠬᠦ ᠵᠠᠩᠭᠢᠯᠠᠭ᠎ᠠ ᠶ᠋ᠢ ᠠᠳᠬᠤᠨ ᠂ ᠶᠡᠬᠡ ᠪᠠᠢᠷᠢᠰᠢᠯ ᠲᠣᠭᠲᠠᠴᠠ ᠶ᠋ᠢ ᠬᠡᠷᠡᠭᠵᠢᠭᠦᠯᠬᠦ ᠲᠣᠭᠲᠠᠴᠠ ᠶ᠋ᠢᠨ ᠰᠢᠨ᠎ᠡ ᠶ᠋ᠢ ᠡᠭᠦᠳᠴᠦ ᠂ ᠮᠥᠩᠭᠥᠨ ᠭᠦᠢᠯᠭᠡᠭᠡᠨ ᠦ᠌ ᠠᠪᠴᠠᠭᠠᠨ ᠤ᠋ ᠬᠡᠷᠡᠭᠵᠢᠭᠦᠯᠦᠯᠲᠡ ᠂ ᠰᠤᠯᠠ ᠪᠠᠢᠭ᠎ᠠ ᠡᠳ᠋ ᠬᠥᠷᠥᠩᠭᠡ ᠶ᠋ᠢ ᠰᠢᠢᠳᠪᠦᠷᠢᠯᠡᠬᠦ ᠲᠣᠭᠲᠠᠴᠠ ᠶ᠋ᠢ ᠲᠡᠭᠦᠯᠳᠡᠷᠵᠢᠭᠦᠯᠬᠦ ᠬᠡᠷᠡᠭᠲᠡᠢ ᠃ ᠠᠯᠪᠠᠲᠠᠨ ᠭᠦᠢᠴᠡᠳᠬᠡᠬᠦ ᠠᠷᠭ᠎ᠠ ᠬᠡᠮᠵᠢᠶ᠎ᠡ ᠶ᠋ᠢ ᠶᠡᠷᠦᠩᠬᠡᠢᠯᠡᠨ ᠬᠡᠷᠡᠭᠯᠡᠵᠦ ᠂ ᠭᠦᠢᠴᠡᠳᠬᠡᠬᠦ ᠠᠵᠢᠯ ᠤ᠋ᠨ ᠡᠷᠬᠡ ᠰᠦᠷᠲᠦ ᠴᠢᠨᠠᠷ ᠬᠢᠭᠡᠳ ᠨᠡᠢᠲᠡ ᠳ᠋ᠦ᠍ ᠢᠲᠡᠭᠡᠭᠦᠯᠬᠦ ᠬᠦᠴᠦᠨ ᠢ᠋ ᠳᠡᠭᠡᠭᠰᠢᠯᠡᠭᠦᠯᠬᠦ ᠬᠡᠷᠡᠭᠲᠡᠢ ᠃ ᠬᠡᠷᠡᠭᠵᠢᠭᠦᠯᠬᠦ ᠤᠬᠠᠭᠤᠯᠭ᠎ᠠ ᠪᠠᠨ ᠴᠢᠩᠭᠠᠳᠬᠠᠵᠤ ᠂ ᠪᠦᠬᠦ ᠨᠡᠢᠭᠡᠮ ᠦ᠋ᠨ ᠬᠠᠤᠯᠢ ᠴᠠᠭᠠᠵᠠ ᠶ᠋ᠢᠨ ᠦᠵᠡᠯ ᠤᠬᠠᠮᠰᠠᠷ ᠂ ᠲᠦᠭᠰᠢᠭᠦᠷᠢ ᠶ᠋ᠢ ᠰᠡᠷᠭᠡᠢᠯᠡᠬᠦ ᠦᠵᠡᠯ ᠤᠬᠠᠮᠰᠠᠷ ᠵᠢᠴᠢ ᠦᠨᠡᠨᠴᠢ ᠢᠲᠡᠭᠡᠮᠵᠢ ᠶ᠋ᠢᠨ ᠦᠵᠡᠯ ᠤᠬᠠᠮᠰᠠᠷ ᠢ᠋ ᠳᠡᠭᠡᠭᠰᠢᠯᠡᠭᠦᠯᠵᠦ ᠂ ᠨᠡᠢᠭᠡᠮ ᠦ᠋ᠨ ᠲᠥᠪ ᠭᠣᠣᠯᠴᠢ ᠰᠢᠳᠤᠷᠭᠤ ᠶᠣᠰᠣ ᠶ᠋ᠢ ᠪᠦᠬᠦ ᠬᠦᠴᠦᠨ ᠢ᠋ᠶ᠋ᠡᠷ ᠢ᠋ᠶ᠋ᠡᠨ ᠬᠠᠮᠠᠭᠠᠯᠠᠬᠤ ᠬᠡᠷᠡᠭᠲᠡᠢ ᠃

    ᠬᠢᠶ᠎ᠡ ᠪᠠᠭᠰᠢ ᠲᠣᠭᠣᠷᠢᠭᠤ᠋ᠨ ᠠᠷᠠᠳ ᠤ᠋ᠨ ᠰᠢᠭᠦᠬᠦ ᠬᠣᠷᠢᠶ ᠠ

    ᠰᠢᠭᠦᠬᠦ ᠲᠤᠰᠢᠶᠠᠯᠲᠠᠨ  ᠵᠣᠣ ᠴᠢᠶᠠᠨ ᠢᠦᠢ

    ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯᠳᠤᠭᠠᠨ ᠢ᠋ ᠬᠤᠷᠠᠯᠳᠤᠭᠤᠯᠤᠭᠰᠠᠨ ᠨᠢ ᠳᠠᠷᠠᠭᠠᠴᠢ ᠶ᠋ᠢᠨ ᠠᠯᠬᠤᠮ ᠤ᠋ᠨ ᠠᠵᠢᠯ ᠢ᠋ᠶ᠋ᠠᠨ ᠰᠠᠢᠲᠤᠷ ᠬᠢᠬᠦ ᠳ᠋ᠦ᠍ ᠰᠡᠳᠬᠢᠴᠡ ᠪᠡᠨ ᠲᠣᠳᠣᠷᠬᠠᠢᠯᠠᠵᠤ ᠂ ᠬᠥᠳᠡᠯᠭᠡᠭᠴᠢ ᠬᠦᠴᠦᠨ ᠨᠡᠮᠡᠭᠳᠡᠭᠦᠯᠦᠭᠰᠡᠨ᠃ ᠬᠣᠢᠰᠢᠳᠠ ᠶ᠋ᠢᠨ ᠠᠵᠢᠯ ᠤ᠋ᠨ ᠳᠤᠮᠳᠠ ᠂ ᠪᠢᠳᠡ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠬᠤ ᠶ᠋ᠢ ᠢᠮᠠᠭᠲᠠ ᠪᠠᠷᠢᠮᠲᠠᠯᠠᠵᠤ ᠂ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ 《 ᠬᠥᠲᠥᠯᠪᠦᠷᠢ 》 ᠪᠠ 《 ᠰᠦᠭ ᠰᠦᠨᠡᠰᠦ 》 ᠪᠣᠯᠭᠠᠨ ᠰᠢᠭᠦᠨ ᠲᠠᠰᠤᠯᠬᠤ ᠭᠦᠢᠴᠡᠳᠬᠡᠬᠦ ᠠᠵᠢᠯ ᠤ᠋ᠨ ᠪᠥᠬᠥ ᠶᠠᠪᠤᠴᠠ ᠂ ᠡᠯ᠎ᠡ ᠲᠠᠯ᠎ᠠ ᠳ᠋ᠤ᠌ ᠤᠬᠠᠮᠰᠠᠷ ᠠ᠋ᠴᠠ ᠪᠠᠨ ᠠᠭᠤᠰᠬᠠᠨ ᠣᠷᠣᠭᠤᠯᠵᠤ ᠂ ᠤᠯᠤᠰ ᠲᠥᠷᠥ ᠶ᠋ᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶ᠋ᠢᠨ ᠤᠬᠠᠬᠤ ᠴᠢᠳᠠᠪᠤᠷᠢ ᠂ ᠤᠯᠤᠰ ᠲᠥᠷᠥ ᠶ᠋ᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠬᠠᠤᠯᠢ ᠴᠠᠭᠠᠵᠠ ᠶ᠋ᠢᠨ ᠰᠢᠭᠦᠨ ᠲᠠᠰᠤᠯᠬᠤ ᠠᠵᠢᠯ ᠢ᠋ ᠰᠦᠭ ᠰᠦᠨᠡᠰᠦ ᠲᠡᠢ ᠂ ᠴᠢᠭᠯᠡᠯ ᠲᠡᠢ ᠪᠣᠯᠭᠠᠬᠤ ᠬᠡᠷᠡᠭᠲᠡᠢ ᠃ ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯᠳᠤᠭᠠᠨ ᠤ᠋ ᠵᠣᠷᠢᠭ ᠰᠠᠨᠠᠭ᠎ᠠ ᠶ᠋ᠢ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠰᠢᠭᠦᠨ ᠲᠠᠰᠤᠯᠬᠤ ᠠᠵᠢᠯ ᠤ᠋ᠨ ᠳᠤᠮᠳᠠ ᠲᠥᠪ ᠭᠣᠣᠯᠴᠢ ᠪᠠ ᠦᠷ᠎ᠡ ᠪᠦᠲᠦᠮᠵᠢ ᠶ᠋ᠢ ᠪᠣᠳᠠᠲᠠᠢ ᠪᠥᠭᠡᠳ ᠰᠠᠢᠲᠤᠷ ᠠᠳᠬᠤᠵᠤ ᠂ ᠮᠥᠨ ᠴᠢᠨᠠᠷ ᠤ᠋ᠨ ᠴᠢᠨᠠᠷᠲᠠᠢ ᠵᠥᠷᠢᠴᠡᠯ ᠢ᠋ ᠰᠢᠢᠳᠪᠦᠷᠢᠯᠡᠬᠦ ᠶ᠋ᠢ ᠰᠢᠭᠦᠨ ᠲᠠᠰᠤᠯᠬᠤ ᠠᠵᠢᠯ ᠤ᠋ᠨ ᠬᠠᠷᠠᠯᠲᠠ ᠶ᠋ᠢᠨ ᠤᠳᠤᠷᠢᠳᠤᠮᠵᠢ ᠪᠣᠯᠭᠠᠵᠤ ᠂ 《 ᠬᠡᠷᠪᠡ ᠪᠢ ᠵᠠᠭᠠᠯᠳᠤᠭᠰᠠᠨ ᠪᠠᠢᠪᠠᠯ 》 ᠭᠡᠬᠦ ᠦᠵᠡᠯ ᠤᠬᠠᠮᠰᠠᠷ ᠢ᠋ ᠬᠡᠷᠡᠭᠵᠢᠭᠦᠯᠵᠦ ᠂ ᠰᠢᠭᠦᠨ ᠲᠠᠰᠤᠯᠬᠤ ᠵᠠᠩᠭᠢᠯᠠᠭ᠎ᠠ ᠨᠢᠭᠡᠪᠦᠷᠢ ᠳ᠋ᠦ᠍ ᠴᠥᠮ ᠲᠠᠰᠤᠯᠤᠯᠲᠠ ᠶ᠋ᠢ ᠳᠠᠭᠠᠵᠤ ᠵᠠᠷᠭᠤᠯᠳᠤᠬᠤ ᠪᠠᠨ ᠵᠣᠭᠰᠣᠭᠠᠬᠤ ᠬᠢᠴᠢᠶᠡᠯ ᠢ᠋ ᠲᠤᠢᠯ ᠤ᠋ᠨ ᠰᠠᠢᠨ ᠬᠢᠵᠦ ᠂ ᠣᠯᠠᠨ ᠲᠦᠮᠡᠨ ᠦ᠌ ᠲᠤᠰᠬᠠᠭᠰᠠᠨ ᠲᠦᠪᠡᠭᠲᠡᠢ ᠠᠰᠠᠭᠤᠳᠠᠯ ᠪᠠ ᠲᠦᠭᠰᠢᠬᠥᠷᠥᠭᠡ ᠠᠰᠠᠭᠤᠳᠠᠯ ᠢ᠋ ᠤᠷᠲᠤ ᠬᠤᠭᠤᠴᠠᠭ᠎ᠠ ᠪᠠᠷ ᠴᠢᠷᠮᠠᠢᠨ ᠰᠢᠢᠳᠪᠦᠷᠢᠯᠡᠵᠦ ᠂ ᠬᠠᠤᠯᠢ ᠴᠠᠭᠠᠵᠠ ᠶ᠋ᠢᠨ ᠲᠠᠰᠤᠯᠤᠨ ᠲᠣᠭᠲᠠᠭᠠᠯᠲᠠ ᠪᠠ ᠠᠷᠠᠳ ᠲᠦᠮᠡᠨ ᠦ᠌ ᠵᠥᠪᠰᠢᠶᠡᠷᠡᠯ ᠢ᠋ ᠴᠢᠷᠮᠠᠢᠨ ᠰᠢᠢᠳᠪᠦᠷᠢᠯᠡᠵᠦ ᠂ ᠨᠡᠢᠭᠡᠮ ᠲᠡᠢ ᠬᠠᠮᠲᠤ ᠪᠠᠷ ᠬᠥᠭᠵᠢᠭᠡᠵᠦ ᠂ ᠬᠠᠤᠯᠢ ᠪᠠᠷ ᠦᠨᠳᠦᠰᠦ ᠪᠠᠷᠢᠮᠲᠠ ᠪᠣᠯᠭᠠᠵᠤ ᠂ ᠬᠥᠮᠦᠨ ᠢ᠋ ᠣᠢᠯᠠᠭᠠᠨ ᠂ ᠬᠠᠢᠷ᠎ᠠ ᠰᠡᠳᠬᠢᠯᠭᠡ ᠪᠡᠷ ᠬᠥᠮᠦᠨ ᠢ᠋ ᠪᠢᠰᠢᠷᠡᠭᠦᠯᠵᠦ ᠂《 ᠭᠤᠷᠪᠠᠨ ᠦᠷ᠎ᠡ ᠪᠦᠲᠦᠮᠵᠢ 》ᠶ᠋ᠢ ᠣᠷᠭᠠᠨᠢᠭ ᠢ᠋ᠶ᠋ᠠᠷ ᠨᠢᠭᠡᠳᠬᠡᠬᠦ ᠵᠢ ᠪᠡᠶᠡᠯᠡᠭᠦᠯᠪᠡ ᠃

    ᠳᠠᠯᠠᠳ ᠬᠤᠰᠢᠭᠤᠨᠤ᠋ ᠠᠷᠠᠳ ᠤ᠋ᠨ ᠰᠢᠭᠦᠬᠦ ᠬᠣᠷᠢᠶ᠎ᠡ

    ᠰᠢᠭᠦᠬᠦ ᠲᠤᠰᠢᠶᠠᠯᠲᠠᠨ  ᠬᠠᠨ ᠷᠦᠢ ᠷᠦᠩ

    ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠳᠡᠭᠡᠷ᠎ᠡ ᠳᠠᠷᠤᠮᠠᠯᠯᠠᠨ ᠲᠠᠷᠬᠠᠭᠠᠭᠰᠠᠨ《ᠣᠷᠳᠣᠰ ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠰᠢᠨ᠎ᠡ ᠴᠠᠭ ᠦᠶ ᠠ ᠶ᠋ᠢᠨ ᠪᠥᠬᠥ ᠬᠣᠲᠠ ᠶ᠋ᠢᠨ ᠰᠢᠭᠦᠬᠦ ᠬᠣᠷᠢᠶ᠎ᠡ  ᠶ᠋ᠢᠨ ᠠᠵᠢᠯ ᠤ᠋ᠨ ᠴᠢᠨᠠᠷ ᠰᠠᠢᠲᠠᠶ ᠬᠥᠭᠵᠢᠯᠲᠡ ᠵᠢ ᠠᠬᠢᠭᠤᠯᠬᠤ ᠲᠤᠬᠠᠶ ᠰᠠᠨᠠᠯ 》ᠨᠢ ᠬᠣᠲᠠ ᠶ᠋ᠢᠨ ᠨᠠᠮ ᠤ᠋ᠨ ᠬᠣᠷᠢᠶᠠᠨ ᠠ᠋ᠴᠠ ᠰᠢᠭᠦᠬᠦ ᠬᠣᠷᠢᠶᠠᠨ ᠤ᠋ ᠠᠵᠢᠯ ᠢ᠋ ᠳᠡᠭᠡᠳᠦ ᠬᠡᠮᠵᠢᠶ᠎ᠡ ᠪᠡᠷ ᠴᠢᠬᠤᠯᠠᠴᠢᠯᠠᠵᠤ ᠪᠠᠢᠬᠤ ᠪᠠ ᠰᠢᠭᠦᠬᠦ ᠬᠣᠷᠢᠶᠠᠨ ᠤ᠋ ᠺᠠᠲᠷ ᠴᠠᠭᠳᠠᠭ᠎ᠠ ᠶ᠋ᠢ ᠭᠦᠨ ᠬᠠᠯᠠᠮᠵᠢᠯᠠᠵᠤ ᠪᠠᠢᠬᠤ ᠶ᠋ᠢ ᠭᠦᠢᠴᠡᠳ ᠢᠯᠡᠷᠡᠭᠦᠯᠵᠡᠢ ᠃ ᠰᠢᠭᠦᠬᠦ ᠬᠣᠷᠢᠶᠠᠨ ᠤ᠋ ᠬᠡᠰᠢᠭᠦᠨ ᠪᠣᠯᠤᠭᠰᠠᠨ ᠤ᠋ ᠬᠤᠪᠢ ᠳ᠋ᠤ᠌ ᠂ ᠬᠠᠤᠯᠢ ᠴᠠᠭᠠᠵᠠ ᠶ᠋ᠢᠨ ᠶᠡᠬᠡ ᠲᠠᠯ᠎ᠠ  ᠳ᠋ᠤ᠌ ᠦᠢᠯᠡᠴᠢᠯᠡᠬᠦ ᠠᠵᠢᠯ ᠤ᠋ᠨ ᠳᠤᠮᠳᠠ ᠮᠠᠨ ᠤ᠋ ᠮᠥᠷᠦᠨ ᠳᠡᠭᠡᠷᠡᠬᠢ ᠬᠠᠷᠢᠭᠤᠴᠠᠯᠭ᠎ᠠ ᠬᠦᠨᠳᠦ ᠪᠠᠢᠬᠤ ᠶ᠋ᠢ ᠪᠢ ᠴᠦ᠍ ᠭᠦᠨᠵᠡᠭᠡᠢ ᠲᠠᠨᠢᠵᠤ ᠣᠯᠵᠠᠢ ᠃ ᠬᠣᠢᠰᠢᠳᠠ ᠶ᠋ᠢᠨ ᠠᠵᠢᠯ ᠤ᠋ᠨ ᠳᠤᠮᠳᠠ ᠂ ᠪᠢ ᠲᠦᠷᠭᠡᠨ ᠲᠠᠰᠤᠯᠬᠤ ᠠᠵᠢᠯ ᠤ᠋ᠨ ᠣᠨᠴᠠᠯᠢᠭ ᠪᠥᠬᠥᠢ ᠡᠭᠦᠷᠭᠡ ᠴᠢᠳᠠᠪᠬᠢ ᠲᠠᠢ ᠪᠠᠨ ᠤᠶᠠᠯᠳᠤᠭᠤᠯᠵᠤ ᠂ ᠤᠯᠤᠰ ᠲᠥᠷᠥ ᠪᠣᠯᠤᠨ ᠲᠤᠬᠠᠢᠯᠠᠭᠰᠠᠨ ᠠᠵᠢᠯ ᠤ᠋ᠨ ᠲᠠᠯ᠎ᠠ ᠳ᠋ᠠᠬᠢ ᠬᠣᠣᠰ ᠰᠤᠷᠤᠯᠴᠠᠯᠭ᠎ᠠ ᠪᠠᠨ ᠴᠢᠩᠭᠠᠳᠬᠠᠵᠤ ᠂ ᠡᠷᠳᠡᠮ ᠮᠡᠳᠡᠯᠭᠡ ᠪᠡᠷ ᠡᠭᠦᠷᠭᠡ ᠬᠠᠷᠢᠭᠤᠴᠠᠯᠭ᠎ᠠ ᠪᠠᠨ ᠰᠠᠢᠲᠤᠷ ᠭᠦᠢᠴᠡᠳᠬᠡᠵᠦ ᠂ ᠠᠷᠠᠳ ᠤ᠋ᠨ ᠲᠥᠯᠥᠭᠡ ᠬᠠᠤᠯᠢ ᠬᠡᠷᠡᠭᠵᠢᠭᠦᠯᠬᠦ 《 ᠲᠦᠷᠭᠡᠨ ᠵᠠᠮ 》 ᠢ᠋ ᠴᠢᠷᠮᠠᠢᠨ ᠪᠡᠶᠡᠯᠡᠭᠦᠯᠵᠦ ᠂ ᠲᠥᠪ ᠭᠣᠣᠯᠴᠢ ᠰᠢᠳᠤᠷᠭᠤ ᠶᠣᠰᠣ ᠶ᠋ᠢ ᠨᠡᠩ ᠰᠠᠢᠨ ᠨᠡᠩ ᠲᠦᠷᠭᠡᠨ ᠢ᠋ᠶ᠋ᠡᠷ ᠪᠣᠳᠠᠲᠠᠢ ᠳ᠋ᠤ᠌ ᠨᠠᠢᠳᠠᠪᠤᠷᠢᠵᠢᠭᠤᠯᠤᠨ᠎ᠠ ᠃ ᠠᠵᠢᠯ ᠤ᠋ᠨ ᠬᠡᠪ ᠵᠠᠭᠪᠤᠷ ᠢ᠋ᠶ᠋ᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠤᠭ ᠰᠠᠨᠠᠭ᠎ᠠ ᠪᠠᠨ ᠢᠮᠠᠭᠲᠠ ᠦᠢᠯᠡᠳᠦᠯᠭᠡᠵᠢᠭᠦᠯᠵᠦ ᠂ ᠠᠷᠠᠳ ᠣᠯᠠᠨ ᠤ᠋ ᠬᠠᠤᠯᠢ ᠶᠣᠰᠣᠨ ᠤ᠋ ᠡᠷᠬᠡ ᠠᠰᠢᠭ ᠢ᠋ ᠦᠨᠡᠨᠬᠦ ᠪᠠᠲᠤᠯᠠᠵᠤ ᠂ ᠲᠥᠪ ᠭᠣᠣᠯᠴᠢ ᠪᠠᠷ ᠬᠠᠤᠯᠢ ᠪᠠᠷᠢᠬᠤ ᠶ᠋ᠢ ᠪᠠᠲᠤᠯᠠᠵᠤ ᠂ ᠬᠠᠤᠯᠢ ᠴᠠᠭᠠᠵᠠ ᠶ᠋ᠢᠨ ᠣᠯᠠᠨ ᠨᠡᠢᠲᠡ ᠶ᠋ᠢᠨ ᠢᠲᠡᠭᠡᠮᠵᠢ ᠶ᠋ᠢᠨ ᠬᠦᠴᠦᠨ ᠢ᠋ ᠳᠡᠭᠡᠭᠰᠢᠯᠡᠭᠦᠯᠵᠦ ᠂ ᠨᠡᠩ ᠥᠨᠳᠥᠷ ᠲᠦᠪᠰᠢᠨ ᠪᠦᠬᠦᠢ ᠠᠮᠤᠷ ᠲᠦᠪᠰᠢᠨ ᠳᠠᠯᠠᠳ ᠬᠤᠰᠢᠭᠤᠨ ᠤ᠋ ᠪᠠᠢᠭᠤᠯᠬᠤ ᠳ᠋ᠤ᠌ ᠬᠠᠤᠯᠢ ᠴᠠᠭᠠᠵᠠ ᠶ᠋ᠢᠨ ᠣᠶᠤᠨ ᠤᠬᠠᠭᠠᠨ ᠪᠣᠯᠤᠨ ᠬᠦᠴᠦᠨ ᠴᠢᠳᠠᠯ ᠢ᠋ᠶ᠋ᠠᠨ ᠡᠷᠭᠦᠨ᠎ᠡ ᠃

    ᠣᠲᠣᠭᠤ᠋ᠨ ᠡᠮᠦᠨᠡᠲᠦ ᠬᠤᠰᠢᠭᠤᠨᠤ᠋ ᠠᠷᠠᠳ ᠤ᠋ᠨ ᠰᠢᠭᠦᠬᠦ ᠬᠣᠷᠢᠶ᠎ᠡ

    ᠪᠢᠴᠢᠭᠡᠴᠢ ᠠᠯᠲᠠᠨᠮᠢᠲᠠᠯ᠎ᠠ

    ᠬᠣᠲᠠ ᠶ᠋ᠢᠨ ᠨᠠᠮ ᠤ᠋ᠨ ᠬᠣᠷᠢᠶ᠎ᠠ ᠶᠢᠨ ᠰᠢᠭᠦᠬᠦ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠰᠤᠷᠤᠯᠴᠠᠨ ᠣᠢᠯᠠᠭᠠᠬᠤ ᠪᠠᠷ ᠳᠠᠮᠵᠢᠨ ᠂ ᠦᠨᠳᠦᠰᠦᠨ ᠱᠠᠲᠤᠨ ᠤ᠋ ᠰᠢᠭᠦᠬᠦ ᠬᠣᠷᠢᠶᠠᠨ ᠤ᠋ ᠭᠦᠢᠴᠡᠳᠬᠡᠬᠦ ᠺᠠᠲᠷ ᠴᠠᠭᠳᠠᠭ᠎ᠠ ᠪᠣᠯᠤᠭᠰᠠᠨ ᠤ᠋ ᠬᠤᠪᠢ ᠳ᠋ᠤ᠌ ᠂ ᠤᠭ ᠰᠠᠨᠠᠭ᠎ᠠ ᠪᠠᠨ ᠪᠠᠲᠤ ᠴᠡᠭᠡᠵᠢᠯᠡᠵᠦ ᠂ ᠢᠲᠡᠭᠡᠯ ᠵᠣᠷᠢᠭ ᠢ᠋ᠶ᠋ᠠᠨ ᠪᠠᠲᠤᠳᠬᠠᠨ ᠂ ᠯᠠᠪᠳᠠᠭᠤᠨ ᠪᠠᠲᠤᠲᠠᠢ ᠠᠵᠢᠯᠯᠠᠵᠤ ᠂ ᠠᠷᠠᠳ ᠣᠯᠠᠨ ᠳ᠋ᠤ᠌ ᠬᠠᠤᠯᠢ ᠬᠡᠷᠡᠭᠵᠢᠭᠦᠯᠬᠦ ᠥᠮᠥᠭ ᠲᠦᠰᠢᠭ ᠪᠣᠯᠵᠤ ᠂ ᠲᠤᠬᠠᠢ ᠶ᠋ᠢᠨ ᠬᠥᠮᠦᠨ ᠦ᠌ ᠬᠠᠤᠯᠢ ᠶᠣᠰᠣᠨ ᠤ᠋ ᠡᠷᠬᠡ ᠠᠰᠢᠭ ᠢ᠋ ᠦᠨᠡᠨ ᠬᠦ᠌ ᠪᠠᠲᠤᠯᠠᠬᠤ ᠬᠡᠷᠡᠭᠲᠡᠢ᠃ ᠲᠤᠰ ᠪᠡᠶ᠎ᠡ ᠶ᠋ᠢᠨ ᠴᠢᠳᠠᠪᠤᠷᠢ ᠪᠠᠨ ᠳᠡᠭᠡᠭᠰᠢᠯᠡᠭᠦᠯᠵᠦ ᠂ ᠵᠣᠷᠢᠭᠲᠠᠢ ᠪᠠᠷ ᠰᠢᠨ᠎ᠡ ᠶ᠋ᠢ ᠡᠭᠦᠳᠬᠦ ᠬᠡᠷᠡᠭᠵᠢᠭᠦᠯᠬᠦ ᠣᠢᠯᠠᠭᠠᠭᠳᠠᠬᠤᠨ ᠂ ᠥᠨᠳᠥᠷ ᠦᠷ᠎ᠡ ᠠᠰᠢᠭᠲᠤ ᠰᠢᠯᠢᠳᠡᠭ ᠬᠠᠤᠯᠢ ᠴᠠᠭᠠᠵᠠ ᠶ᠋ᠢᠨ ᠦᠢᠯᠡᠴᠢᠯᠡᠭᠡ ᠂ ᠡᠭᠦᠷᠭᠡ ᠲᠤᠰᠢᠶᠠᠯ ᠢ᠋ᠶ᠋ᠠᠨ ᠬᠢᠴᠢᠶᠡᠩᠭᠦᠢᠯᠡᠨ ᠭᠦᠢᠴᠡᠳᠬᠡᠬᠦ ᠱᠠᠭᠠᠷᠳᠠᠯᠭ᠎ᠠ ᠪᠠᠷ ᠬᠠᠤᠯᠢ ᠴᠠᠭᠠᠵᠠ ᠶ᠋ᠢᠨ ᠲᠥᠪ ᠭᠣᠣᠯᠴᠢ ᠪᠠ ᠰᠢᠳᠤᠷᠭᠤ ᠶᠣᠰᠣ ᠶ᠋ᠢ ᠠᠷᠠᠳ ᠣᠯᠠᠨ ᠳ᠋ᠤ᠌ ᠰᠡᠷᠡᠵᠦ ᠂ ᠰᠢᠭᠦᠬᠦ ᠬᠣᠷᠢᠶ᠎ᠠ ᠠ᠋ᠴᠠ ᠠᠮᠤᠷ ᠲᠦᠪᠰᠢᠨ ᠦ᠌ ᠲᠥᠷᠥᠭᠳᠡᠯ ᠪᠠ ᠵᠣᠯ ᠵᠢᠷᠭᠠᠯ ᠤ᠋ᠨ ᠲᠥᠷᠥᠭᠳᠡᠯ ᠢ᠋ ᠣᠯᠭᠤᠪᠠ᠃

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )