《 ᠨᠡᠷ᠎ᠡ ᠬᠠᠲᠠᠭᠰᠠᠨ ᠵᠣᠬᠢᠶᠠᠯ 》ᠴᠢ ᠵᠢᠶᠠᠨ ᠵᠢᠶᠦ᠋ᠨ ᠄ ᠬᠣᠲᠠ᠎ᠶ᠋ᠢᠨ ᠨᠠᠮ᠎ᠤ᠋ᠨ ᠬᠣᠷᠢᠶ᠎ᠠ ᠎ᠶ᠋ᠢᠨ ᠰᠢᠭᠦᠬᠦ ᠬᠣᠷᠢᠶ᠎ᠠ ᠎ᠶ᠋ᠢᠨ ᠠᠵᠢᠯ ᠎ᠤ᠋ᠨ ᠬᠤᠷᠠᠯᠳᠤᠭᠠᠨ ᠎ᠤ᠋ ᠵᠣᠷᠢᠭ ᠰᠠᠨᠠᠭ᠎ᠠ᠎ ᠶ᠋ᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠪᠦᠬᠦ ᠲᠠᠯ᠎ᠠ᠎ ᠳ᠋ᠤ᠌ ᠦᠢᠯᠡᠴᠢᠯᠡᠨ ᠠᠷᠠᠳ ᠲᠦᠮᠡᠨ ᠎ᠳ᠋ᠦ᠍ ᠬᠠᠤᠯᠢ ᠬᠡᠷᠡᠭᠵᠢᠭᠦᠯᠬᠦ ᠬᠡᠷᠡᠭᠲᠡᠢ
2023.09.26 ᠲᠣᠰ ᠥᠷᠲᠡᠭᠡᠨ᠎ᠦ ᠨᠠᠢᠷᠠᠭᠤᠯᠤᠭᠴᠢ

    8 ᠰᠠᠷ᠎ᠠ ᠶ᠋ᠢᠨ 4 ᠦ᠌ ᠡᠳᠦᠷ ᠂ ᠣᠷᠳᠣᠰ ᠬᠣᠲᠠ ᠶ᠋ᠢᠨ ᠨᠠᠮ ᠤ᠋ᠨ ᠬᠣᠷᠢᠶ᠎ᠠ ᠬᠣᠲᠠ ᠶ᠋ᠢᠨ ᠨᠠᠮ ᠤ᠋ᠨ ᠬᠣᠷᠢᠶᠠᠨ ᠤ᠋ ᠰᠢᠭᠦᠬᠦ ᠬᠣᠷᠢᠶ᠎ᠠ ᠶ᠋ᠢᠨ ᠠᠵᠢᠯ ᠤ᠋ᠨ ᠬᠤᠷᠠᠯ ᠢ᠋ ᠥᠨᠳᠥᠷ ᠪᠠᠷᠢᠮᠵᠢᠶ᠎ᠠ ᠪᠠᠷ ᠬᠤᠷᠠᠯᠳᠤᠭᠤᠯᠵᠤ ᠂ ᠰᠢᠭᠦᠬᠦ ᠬᠣᠷᠢᠶᠠᠨ ᠤ᠋ ᠠᠵᠢᠯ ᠤ᠋ᠨ ᠴᠢᠨᠠᠷ ᠰᠠᠢᠲᠠᠢ ᠬᠥᠭᠵᠢᠯᠲᠡ ᠳ᠋ᠦ᠍ ᠲᠤᠭ ᠡᠷᠭᠦᠵᠦ ᠂ ᠵᠠᠮ ᠵᠢᠭᠠᠵᠤ ᠠᠶᠠᠯᠠᠯ ᠢ᠋ ᠵᠢᠯᠣᠭᠣᠳᠪᠠ ᠃ ᠯᠢ ᠯᠢ ᠱᠦᠵᠢ ᠪᠣᠯᠤᠨ ᠳᠡᠳ᠋ ᠬᠣᠷᠢᠶᠠᠨ ᠳᠠᠷᠤᠭ᠎ᠠ ᠸᠠᠩ ᠰᠢᠦᠢ ᠵᠢᠶᠦ᠋ᠨ ᠦ᠌ ᠴᠢᠬᠤᠯᠠ ᠶᠠᠷᠢᠶ᠎ᠠ ᠨᠢ ᠰᠢᠭᠦᠬᠦ ᠬᠣᠷᠢᠶᠠᠨ ᠤ᠋ ᠣᠳᠣᠬᠠᠨ ᠤ᠋ ᠪᠠ ᠬᠣᠢᠰᠢᠳᠠ ᠶ᠋ᠢᠨ ᠨᠢᠭᠡ ᠬᠤᠭᠤᠴᠠᠭᠠᠨ ᠤ᠋ ᠠᠵᠢᠯ ᠢ᠋ ᠬᠥᠲᠥᠯᠦᠨ ᠳᠠᠭᠠᠭᠤᠯᠬᠤ ᠶ᠋ᠢ ᠠᠬᠢᠭᠤᠯᠬᠤ ᠳ᠋ᠤ᠌ ᠴᠢᠬᠤᠯᠠ ᠶᠡᠬᠡ ᠵᠢᠯᠣᠭᠣᠳᠬᠤ ᠠᠴᠢ ᠬᠣᠯᠪᠣᠭᠳᠠᠯ ᠲᠠᠢ ᠃ ᠵᠡᠭᠦᠨᠭᠠᠷ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠬᠣᠲᠠ ᠶ᠋ᠢᠨ ᠨᠠᠮ ᠤ᠋ᠨ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭ᠎ᠠ ᠶ᠋ᠢ ᠰᠢᠭᠦᠬᠦ ᠬᠣᠷᠢᠶᠠᠨ ᠤ᠋ ᠠᠵᠢᠯ ᠤ᠋ᠨ ᠪᠥᠬᠥ ᠶᠠᠪᠤᠴᠠ ᠳ᠋ᠤ᠌ ᠲᠤᠤᠱᠯᠠᠭᠤᠯᠤᠨ ᠨᠠᠢᠳᠠᠪᠤᠷᠢᠵᠢᠭᠤᠯᠵᠤ ᠂ ᠤᠬᠠᠮᠰᠠᠷ ᠠ᠋ᠴᠠ ᠪᠠᠨ ᠡᠯ᠎ᠡ ᠲᠥᠷᠥᠯ ᠦ᠋ᠨ ᠠᠵᠢᠯ ᠢ᠋ᠶ᠋ᠠᠨ ᠪᠥᠬᠥ ᠬᠣᠲᠠ ᠂ ᠪᠦᠬᠦ ᠬᠤᠰᠢᠭᠤᠨ ᠤ᠋ ᠬᠥᠭᠵᠢᠯᠲᠡ ᠶ᠋ᠢᠨ ᠪᠦᠬᠦ ᠲᠠᠯ᠎ᠠ ᠳ᠋ᠤ᠌ ᠰᠠᠭᠤᠷᠢᠯᠠᠭᠤᠯᠤᠨ ᠂ ᠰᠢᠭᠦᠬᠦ ᠬᠣᠷᠢᠶᠠᠨ ᠤ᠋ ᠬᠦᠴᠦᠨ ᠢ᠋ᠶ᠋ᠡᠨ ᠦᠷᠭᠦᠯᠵᠢᠯᠡᠨ ᠵᠣᠷᠢᠭᠤᠯᠵᠤ ᠂ ᠰᠢᠭᠦᠬᠦ ᠬᠣᠷᠢᠶᠠᠨ ᠤ᠋ ᠬᠠᠷᠢᠭᠤᠴᠠᠯᠭ᠎ᠠ ᠪᠠᠨ ᠳᠡᠯᠭᠡᠨ ᠦᠵᠡᠭᠦᠯᠪᠡ ᠃

 

 

    ᠵᠡᠭᠦᠨᠭᠠᠷ ᠬᠤᠰᠢᠭᠤᠨ ᠤ᠋ ᠠᠷᠠᠳ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠳᠤᠭᠤᠢᠯᠠᠩ ᠤ᠋ᠨ ᠱᠦᠵᠢ ᠂ ᠬᠣᠷᠢᠶᠠᠨ ᠳᠠᠷᠤᠭ᠎ᠠ  ᠴᠢ ᠵᠢᠶᠠᠨ ᠵᠢᠶᠦ᠋ᠨ

    《 ᠤᠯᠤᠰ ᠲᠥᠷᠥ ᠶ᠋ᠢ ᠡᠷᠬᠢᠮᠯᠡᠵᠦ ᠂ ᠦᠨᠡᠨᠴᠢ ᠰᠢᠳᠤᠷᠭᠤ ᠪᠠᠢᠬᠤ  ᠶ᠋ᠢ ᠴᠣᠭᠴᠠᠯᠠᠶ᠎ᠠ

    ᠤᠯᠤᠰ ᠲᠥᠷᠥ ᠶ᠋ᠢᠨ ᠬᠥᠲᠥᠯᠥᠨ ᠳᠠᠭᠠᠭᠤᠯᠬᠤ ᠲᠠᠯ᠎ᠠ ᠪᠠᠷ ᠰᠢᠨ᠎ᠡ ᠠᠬᠤᠢ ᠪᠠᠢᠳᠠᠯ ᠢ᠋ ᠨᠡᠬᠡᠭᠡᠶ᠎ᠡ

    ᠨᠠᠮ ᠤ᠋ᠨ ᠤᠳᠤᠷᠢᠳᠤᠯᠭ᠎ᠠ ᠳᠣᠣᠷᠠᠬᠢ ᠲᠥᠷᠥ ᠶ᠋ᠢᠨ ᠰᠢᠭᠦᠨ ᠲᠠᠰᠤᠯᠬᠤ ᠪᠠᠢᠭᠤᠯᠭ᠎ᠠ ᠪᠣᠯᠤᠭᠰᠠᠨ ᠤ᠋ ᠬᠤᠪᠢ ᠳ᠋ᠤ᠌ ᠂ ᠠᠷᠠᠳ ᠤ᠋ᠨ ᠰᠢᠭᠦᠬᠦ ᠬᠣᠷᠢᠶ᠎ᠠ ᠡᠷᠬᠡᠪᠰᠢ ᠨᠠᠮ ᠤ᠋ᠨ ᠤᠳᠤᠷᠢᠳᠤᠯᠭ᠎ᠠ ᠪᠣᠯ ᠮᠠᠨ ᠤ᠋ ᠤᠯᠤᠰ ᠤ᠋ᠨ ᠨᠡᠢᠭᠡᠮ ᠵᠢᠷᠤᠮ ᠤ᠋ᠨ ᠬᠠᠤᠯᠢ ᠪᠠᠷ ᠵᠠᠰᠠᠬᠤ ᠰᠦᠭ ᠰᠦᠨᠡᠰᠦ ᠮᠥᠨ ᠂ ᠠᠷᠠᠳ ᠤ᠋ᠨ ᠰᠢᠭᠦᠬᠦ ᠬᠣᠷᠢᠶ᠎ᠠ ᠪᠠᠢᠭᠤᠯᠤᠭᠳᠠᠭᠰᠠᠨ ᠦᠨᠳᠦᠰᠦ ᠮᠥᠨ ᠭᠡᠳᠡᠭ ᠢ᠋ ᠪᠠᠲᠤ ᠴᠡᠭᠡᠵᠢᠯᠡᠬᠦ ᠬᠡᠷᠡᠭᠲᠡᠢ ᠃ ᠶᠠᠮᠠᠷᠪᠠ ᠦᠶ᠎ᠡ ᠂ ᠶᠠᠮᠠᠷᠪᠠ ᠪᠠᠢᠳᠠᠯ ᠤ᠋ᠨ ᠳᠣᠣᠷ᠎ᠠ ᠴᠤ᠌ ᠭᠡᠰᠡᠨ ᠴᠥᠮ ᠨᠠᠮ ᠤ᠋ᠨ ᠬᠠᠷᠢᠴᠠᠯᠠᠰᠢ ᠦᠭᠡᠢ ᠤᠳᠤᠷᠢᠳᠤᠯᠭ᠎ᠠ ᠶ᠋ᠢ ᠬᠠᠮᠠᠭᠠᠯᠠᠵᠤ ᠂ ᠪᠠᠲᠤᠯᠠᠵᠤ ᠂ ᠠᠬᠢᠭᠤᠯᠬᠤ ᠶ᠋ᠢ ᠪᠣᠳᠠᠲᠠᠢ ᠨᠠᠢᠳᠠᠪᠤᠷᠢᠵᠢᠭᠤᠯᠵᠤ ᠂ 《 ᠤᠯᠤᠰ ᠲᠥᠷᠥ ᠶ᠋ᠢᠨ ᠲᠠᠯ᠎ᠠ ᠠ᠋ᠴᠠ ᠦᠵᠡᠬᠦ ᠂ ᠬᠠᠤᠯᠢ ᠪᠠᠷ ᠵᠠᠰᠠᠬᠤ ᠲᠠᠯ᠎ᠠ ᠠ᠋ᠴᠠ ᠡᠷᠬᠢᠯᠡᠬᠦ 》 ᠶ᠋ᠢ ᠪᠠᠷᠢᠮᠲᠠᠯᠠᠵᠤ ᠂ ᠨᠠᠮ ᠤ᠋ᠨ ᠲᠥᠷᠥ ᠪᠠᠷᠢᠬᠤ ᠰᠠᠭᠤᠷᠢ ᠶ᠋ᠢ ᠲᠠᠰᠤᠷᠠᠯᠲᠠ ᠦᠭᠡᠢ ᠪᠡᠬᠢᠵᠢᠭᠦᠯᠬᠦ ᠬᠡᠷᠡᠭᠲᠡᠢ ᠃ ᠰᠢᠭᠦᠬᠦ ᠬᠣᠷᠢᠶᠠᠨ ᠤ᠋ ᠠᠵᠢᠯ ᠢ᠋ ᠦᠨᠡᠨ ᠬᠦ᠌ ᠨᠠᠮ ᠤ᠋ᠨ ᠬᠣᠷᠢᠶᠠᠨ ᠤ᠋ ᠤᠳᠤᠷᠢᠳᠤᠯᠭ᠎ᠠ ᠶ᠋ᠢᠨ ᠳᠣᠣᠷ᠎ᠠ ᠪᠠᠢᠯᠭᠠᠵᠤ ᠂ 《 ᠳᠤᠮᠳᠠᠳᠤ ᠤᠯᠤᠰ ᠤ᠋ᠨ ᠡᠪ ᠬᠠᠮᠲᠤ ᠨᠠᠮ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠳᠦᠷᠢᠮ 》 ᠢ᠋ ᠴᠢᠩᠭ᠎ᠠ ᠬᠡᠷᠡᠭᠵᠢᠭᠦᠯᠵᠦ ᠂ ᠴᠢᠬᠤᠯᠠ ᠶᠡᠬᠡ ᠬᠡᠷᠡᠭ ᠶᠠᠪᠤᠳᠠᠯ ᠤ᠋ᠨ ᠵᠢᠭᠠᠪᠤᠷᠢ ᠠᠪᠴᠤ ᠮᠡᠳᠡᠭᠦᠯᠬᠦ ᠳᠦᠷᠢᠮ ᠢ᠋ ᠬᠢᠨᠠᠮᠠᠭᠠᠢ ᠨᠠᠢᠳᠠᠪᠤᠷᠢᠵᠢᠭᠤᠯᠵᠤ ᠂ ᠨᠠᠮ ᠤ᠋ᠨ ᠬᠠᠷᠢᠴᠠᠯᠠᠰᠢ ᠥᠬᠡᠢ ᠤᠳᠤᠷᠢᠳᠤᠯᠭ᠎ᠠ ᠶ᠋ᠢ ᠰᠢᠭᠦᠬᠦ ᠬᠣᠷᠢᠶᠠᠨ ᠤ᠋ ᠠᠵᠢᠯ ᠤ᠋ᠨ ᠡᠯ᠎ᠡ ᠲᠠᠯ᠎ᠠ ᠳ᠋ᠤ᠌ ᠪᠦᠬᠦ ᠲᠠᠯ᠎ᠠ ᠪᠠᠷ ᠂ ᠰᠢᠰᠲ᠋ᠸᠮ ᠲᠡᠢ ᠪᠡᠷ ᠂ ᠪᠦᠬᠦᠯᠢ ᠴᠣᠭᠴᠠ ᠪᠠᠷ  ᠨᠠᠢᠳᠠᠪᠤᠷᠢᠵᠢᠭᠤᠯᠬᠤ ᠬᠡᠷᠡᠭᠲᠡᠢ ᠃ ᠤᠯᠤᠰ ᠲᠥᠷᠥ ᠶ᠋ᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶ᠋ᠢᠨ ᠣᠢᠯᠠᠭᠠᠬᠤ ᠴᠢᠳᠠᠪᠤᠷᠢ ᠂ ᠤᠯᠤᠰ ᠲᠥᠷᠥ ᠶ᠋ᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠨᠠᠮ ᠤ᠋ᠨ ᠬᠣᠷᠢᠳᠤᠭᠠᠷ ᠶᠡᠬᠡ ᠬᠤᠷᠠᠯ ᠤ᠋ᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ ᠦ᠋ᠨ ᠥᠪᠥᠷ ᠮᠣᠩᠭᠣᠯ ᠳ᠋ᠤ᠌ ᠦᠭᠭᠦᠭᠰᠡᠨ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠤᠱᠯᠠᠭᠤᠯᠵᠤ ᠂ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠭᠦᠨᠵᠡᠭᠡᠢ ᠦᠢᠯᠡᠳᠦᠯᠭᠡᠵᠢᠭᠦᠯᠦᠨ ᠂ ᠪᠣᠳᠠᠲᠤ ᠠᠵᠢᠯᠯᠠᠭ᠎ᠠ ᠪᠠᠷ ᠢ᠋ᠶ᠋ᠠᠨ 《 ᠬᠣᠶᠠᠷ ᠢ᠋ ᠲᠣᠭᠲᠠᠭᠠᠬᠤ 》 ᠶ᠋ᠢ ᠬᠦᠷᠢᠶᠡᠯᠡᠵᠦ ᠂ 《 ᠬᠣᠶᠠᠷ ᠢ᠋ ᠬᠠᠮᠠᠭᠠᠯᠠᠬᠤ 》 ᠶ᠋ᠢ ᠪᠡᠶᠡᠯᠡᠭᠦᠯᠬᠦ ᠬᠡᠷᠡᠭᠲᠡᠢ ᠃

    《 ᠴᠢᠳᠠᠮᠠᠭᠠᠶ ᠪᠠᠷ ᠠᠵᠢᠯᠯᠠᠵᠤ ᠂ ᠲᠡᠷᠢᠭᠦᠨ ᠵᠢ ᠡᠭᠦᠳᠬᠦ  ᠢ᠋ ᠴᠣᠭᠴᠠᠯᠠᠶ᠎ᠠ

    ᠪᠦᠬᠦ ᠲᠠᠯ᠎ᠠ  ᠳ᠋ᠤ᠌ ᠦᠢᠯᠡᠴᠢᠯᠡᠬᠦ ᠪᠠᠷ ᠰᠢᠨ᠎ᠡ ᠬᠠᠷᠢᠭᠤᠴᠠᠯᠭ᠎ᠠ ᠡᠭᠦᠷᠭᠡᠯᠡᠬᠦ ᠵᠢ ᠢᠯᠡᠷᠡᠭᠦᠯᠦᠨ᠎ᠡ

    8 ᠰᠠᠷ᠎ᠠ ᠶ᠋ᠢᠨ 3 ᠤ᠋ ᠡᠳᠦᠷ ᠂ ᠬᠣᠲᠠ ᠶ᠋ᠢᠨ ᠨᠠᠮ ᠤ᠋ᠨ ᠬᠣᠷᠢᠶ᠎ᠠ ᠠ᠋ᠴᠠ 《 ᠰᠢᠨ᠎ᠡ ᠴᠠᠭ ᠦᠶ᠎ᠡ ᠶ᠋ᠢᠨ ᠪᠥᠬᠥ ᠬᠣᠲᠠ ᠶ᠋ᠢᠨ ᠰᠢᠭᠦᠬᠦ ᠬᠣᠷᠢᠶ᠎ᠠ ᠶ᠋ᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠲᠤᠬᠠᠢ ᠰᠠᠨᠠᠯ》ᠢ᠋ ᠵᠢᠩᠬᠢᠨᠢ ᠪᠡᠷ ᠨᠡᠢᠲᠡᠯᠡᠪᠡ ᠂ ᠡᠨᠡ ᠪᠣᠯ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠠᠩᠬᠠᠳᠠᠭᠴᠢ ᠠᠢᠮᠠᠭ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠨᠡᠷ᠎ᠡ ᠪᠡᠷ ᠨᠡᠢᠲᠡᠯᠡᠭᠰᠡᠨ ᠰᠢᠭᠦᠬᠦ ᠬᠣᠷᠢᠶ᠎ᠠ ᠶ᠋ᠢᠨ ᠠᠵᠢᠯ ᠤ᠋ᠨ ᠴᠢᠨᠠᠷ ᠰᠠᠢᠲᠠᠢ ᠬᠥᠭᠵᠢᠯᠲᠡ ᠶ᠋ᠢ ᠠᠬᠢᠭᠤᠯᠬᠤ ᠶ᠋ᠢ ᠲᠤᠰᠬᠠᠢ ᠳᠡᠮᠵᠢᠭᠰᠡᠨ ᠰᠢᠨ᠎ᠡ ᠶ᠋ᠢ ᠡᠭᠦᠳᠬᠦ ᠴᠢᠨᠠᠷᠲᠠᠢ ᠪᠢᠴᠢᠭ᠌ ᠮᠠᠲ᠋ᠧᠷᠢᠶᠠᠯ ᠪᠣᠯᠤᠨ᠎ᠠ ᠃ ᠵᠡᠭᠦᠨᠭᠠᠷ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠨᠢ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ《 ᠭᠤᠷᠪᠠᠨ ᠲᠦᠷᠪᠡ 》ᠶ᠋ᠢᠨ ᠬᠠᠷᠠᠯᠲᠠ ᠶ᠋ᠢᠨ ᠡᠭᠦᠷᠭᠡ ᠶ᠋ᠢ ᠴᠢᠩᠭ᠎ᠠ ᠡᠵᠡᠮᠳᠡᠵᠦ ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠥᠪᠡᠷᠲᠡᠭᠡᠨ ᠵᠠᠰᠠᠬᠤ ᠣᠷᠣᠨ ᠤ᠋《 ᠬᠣᠶᠠᠷ ᠶᠡᠬᠡ ᠶᠠᠪᠤᠳᠠᠯ 》ᠢ᠋ ᠪᠣᠳᠠᠲᠠᠢ ᠨᠠᠢᠳᠠᠪᠤᠷᠢᠵᠢᠭᠤᠯᠤᠨ ᠠᠬᠢᠭᠤᠯᠵᠤ ᠂ ᠣᠳᠣᠬᠢᠴᠢᠯᠠᠭᠰᠠᠨ ᠣᠷᠳᠣᠰ ᠤ᠋ᠨ ᠪᠦᠲᠦᠭᠡᠨ ᠪᠠᠢᠭᠤᠯᠤᠯᠲᠠ ᠶ᠋ᠢ ᠨᠡᠩ ᠰᠠᠢᠲᠤᠷ ᠪᠠᠲᠤᠯᠠᠬᠤ ᠳ᠋ᠤ᠌ ᠦᠢᠯᠡᠴᠢᠯᠡᠬᠦ ᠪᠣᠯᠤᠨ᠎ᠠ᠃ ᠪᠥᠬᠥ ᠤᠯᠤᠰ ᠤ᠋ᠨ ᠲᠡᠷᠢᠭᠦᠨ ᠵᠡᠷᠭᠡ ᠶ᠋ᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠢ᠋ ᠪᠣᠢ ᠪᠣᠯᠭᠠᠬᠤ ᠪᠠᠷ ᠲᠥᠪᠯᠡᠷᠡᠭᠦᠯᠵᠦ ᠂ ᠮᠠᠨ ᠤ᠋ ᠬᠣᠷᠢᠶ᠎ᠠ ᠶ᠋ᠢᠨ ᠲᠦᠷᠦᠭᠦᠯᠡᠨ ᠬᠢᠭᠰᠡᠨ 《 ᠬᠤᠳᠠᠯᠳᠤᠭᠠᠨ ᠤ᠋ ᠵᠢᠭᠤᠷᠠᠯᠳᠤᠭᠠᠨ ᠢ᠋ ᠰᠢᠢᠳᠪᠦᠷᠢᠯᠡᠬᠦ 》 ᠭᠦᠢᠴᠡᠳᠬᠡᠬᠦ ᠲᠣᠭ᠎ᠠ ᠨᠢ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠤ᠋ ᠦᠨᠡᠯᠡᠨ ᠵᠢᠱ᠌ᠢᠬᠦ ᠳᠤᠮᠳᠠ ᠨᠢᠭᠡᠳᠦᠭᠡᠷ ᠲᠦ᠍ ᠣᠷᠣᠪᠠ ᠃ ᠬᠠᠤᠯᠢ ᠴᠠᠭᠠᠵᠠ ᠪᠠᠷ ᠠᠵᠤ ᠠᠬᠤᠢᠯᠠᠯ ᠳ᠋ᠤ᠌ ᠠᠰᠢᠭ ᠬᠦᠷᠲᠡᠭᠡᠬᠦ ᠲᠥᠷᠥ ᠶ᠋ᠢᠨ ᠪᠣᠳᠣᠯᠭ᠎ᠠ ᠶ᠋ᠢ ᠦᠷᠭᠦᠯᠵᠢᠯᠡᠨ ᠲᠡᠭᠦᠯᠳᠡᠷᠵᠢᠭᠦᠯᠦᠨ ᠰᠠᠢᠲᠤᠷ ᠬᠡᠷᠡᠭᠯᠡᠵᠦ ᠂ ᠠᠷᠠᠳ ᠠ᠋ᠴᠠ ᠡᠵᠡᠩᠨᠡᠭᠰᠡᠨ ᠠᠵᠤ ᠠᠬᠤᠢᠯᠠᠯ ᠤ᠋ᠨ ᠥᠮᠴᠢᠯᠡᠬᠦ ᠡᠷᠬᠡ ᠪᠠ ᠠᠵᠤ ᠠᠬᠤᠢᠯᠠᠯᠲᠠᠨ ᠤ᠋ ᠬᠠᠤᠯᠢ ᠶᠣᠰᠣᠨ ᠤ᠋ ᠡᠷᠬᠡ ᠠᠰᠢᠭ ᠢ᠋ ᠬᠠᠤᠯᠢ ᠶᠣᠰᠣᠭᠠᠷ ᠬᠠᠮᠠᠭᠠᠯᠠᠵᠤ ᠂ ᠬᠠᠤᠯᠢ ᠶᠣᠰᠣᠭᠠᠷ ᠰᠢᠯᠢᠳᠡᠭ ᠪᠦᠲᠦᠮᠵᠢ ᠡᠭᠦᠳᠬᠦ ᠬᠠᠤᠯᠢ ᠪᠠᠷ ᠵᠠᠰᠠᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ ᠳ᠋ᠤ᠌ ᠪᠦᠬᠦ ᠬᠦᠴᠦ ᠪᠡᠷ ᠦᠢᠯᠡᠴᠢᠯᠡᠨ᠎ᠡ ᠃ ᠬᠠᠮᠤᠭ ᠤ᠋ᠨ ᠴᠢᠩᠭ᠎ᠠ ᠬᠠᠤᠯᠢ ᠪᠠᠷ ᠵᠠᠰᠠᠬᠤ ᠶ᠋ᠢ ᠪᠠᠷᠢᠮᠲᠠᠯᠠᠵᠤ ᠂ ᠴᠡᠩᠭᠡᠭ ᠤᠰᠤ ᠴᠡᠯᠡᠭᠡᠷ ᠠᠭᠤᠯᠠ ᠪᠠᠨ ᠰᠠᠬᠢᠨ ᠬᠠᠮᠠᠭᠠᠯᠠᠵᠤ ᠂ 《 ᠰᠡᠷᠭᠦᠭᠡᠯᠲᠡ ᠶ᠋ᠢᠨ ᠴᠢᠨᠠᠷᠲᠠᠢ ᠬᠠᠤᠯᠢ ᠴᠠᠭᠠᠵᠠ ᠶ᠋ᠢᠨ ᠦᠢᠯᠡᠳᠦᠯᠭᠡ + ᠨᠡᠢᠭᠡᠮᠴᠢᠯᠡᠭᠰᠡᠨ ᠶᠡᠷᠦᠩᠬᠡᠢᠯᠡᠭᠰᠡᠨ ᠵᠠᠰᠠᠯᠲᠠ 》ᠶ᠋ᠢᠨ ᠬᠡᠯᠪᠡᠷᠢ ᠶ᠋ᠢ ᠰᠦᠪᠡᠭᠴᠢᠯᠡᠵᠦ ᠂ 2022 ᠣᠨ ᠠ᠋ᠴᠠ ᠨᠡᠰᠢ ᠂ ᠨᠥᠬᠥᠵᠦ ᠲᠠᠷᠢᠵᠤ ᠨᠣᠭᠣᠭᠠᠷᠠᠭᠤᠯᠬᠤ ᠂ ᠦᠷᠡᠵᠢᠭᠦᠯᠬᠦ ᠪᠠ ᠴᠢᠯᠥᠭᠡᠲᠡᠢ ᠲᠠᠯᠪᠢᠬᠤ ᠂ ᠬᠥᠳᠡᠯᠮᠦᠷᠢ ᠦᠢᠯᠡᠴᠢᠯᠡᠭᠡ ᠶ᠋ᠢ ᠣᠷᠣᠯᠠᠨ ᠲᠥᠯᠥᠬᠦ ᠵᠡᠷᠭᠡ ᠰᠢᠭᠦᠨ ᠲᠠᠰᠤᠯᠤᠯᠲᠠ ᠶ᠋ᠢᠨ ᠠᠷᠭ᠎ᠠ ᠬᠡᠯᠪᠡᠷᠢ ᠪᠡᠷ ᠳᠠᠮᠵᠢᠨ ᠂ ᠡᠪᠳᠡᠭᠳᠡᠭᠰᠡᠨ ᠲᠠᠷᠢᠶᠠᠨ ᠭᠠᠵᠠᠷ ᠂ ᠣᠢ ᠰᠢᠭᠤᠢ ᠨᠤᠲᠤᠭ ᠪᠡᠯᠴᠢᠭᠡᠷ ᠦ᠋ᠨ 1.3 ᠲᠦᠮᠡᠨ ᠮᠦ ᠶ᠋ᠢ ᠵᠠᠰᠠᠨ ᠰᠡᠷᠭᠦᠭᠡᠬᠦ ᠶ᠋ᠢ ᠱᠠᠭᠠᠷᠳᠠᠨ᠎ᠠ ᠃ ᠪᠦᠬᠦ ᠬᠣᠲᠠ ᠳ᠋ᠤ᠌ 《 ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠶ᠋ᠢᠨ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠠᠵᠢᠯ ᠤ᠋ᠨ ᠥᠷᠲᠡᠭᠡ 》 ᠶ᠋ᠢ ᠤᠷᠢᠳᠠᠪᠡᠷ ᠪᠠᠢᠭᠤᠯᠵᠤ ᠂ ᠣᠷᠴᠢᠨ ᠲᠣᠭᠣᠷᠢᠨ ᠤ᠋ ᠡᠬᠢ ᠪᠠᠶᠠᠯᠢᠭ ᠤ᠋ᠨ ᠰᠢᠭᠦᠨ ᠲᠠᠰᠤᠯᠤᠯᠲᠠ ᠶ᠋ᠢᠨ ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ ᠴᠢᠳᠠᠮᠵᠢ ᠶ᠋ᠢ ᠴᠢᠩᠭᠠᠷᠠᠭᠤᠯᠤᠨ ᠂ ᠬᠠᠲᠤᠨ ᠭᠣᠣᠯ ᠤ᠋ᠨ ᠰᠠᠪᠠ ᠭᠠᠵᠠᠷ ᠤ᠋ᠨ ᠠᠮᠢ ᠠᠬᠤᠢ ᠶ᠋ᠢᠨ ᠬᠠᠮᠠᠭᠠᠯᠠᠯᠲᠠ ᠶ᠋ᠢᠨ ᠬᠠᠮᠲᠤ ᠪᠠᠷ ᠵᠠᠰᠠᠬᠤ ᠬᠠᠮᠲᠤ ᠪᠠᠷ ᠪᠠᠢᠭᠤᠯᠬᠤ ᠲᠣᠭᠲᠠᠴᠠ ᠶ᠋ᠢ ᠲᠠᠰᠤᠷᠠᠯᠲᠠ ᠦᠭᠡᠢ ᠪᠠᠢᠭᠤᠯᠤᠨ ᠲᠡᠭᠦᠯᠳᠡᠷᠵᠢᠭᠦᠯᠦᠨ᠎ᠡ ᠃

    《ᠲᠥᠪ ᠭᠣᠣᠯᠴᠢ ᠶ᠋ᠢ ᠠᠬᠢᠭᠤᠯᠵᠤ ᠂ ᠦᠷ᠎ᠡ ᠠᠰᠢᠭ ᠢ᠋ ᠳᠡᠭᠡᠭᠰᠢᠯᠡᠭᠦᠯᠬᠦᠢ᠋ ᠴᠣᠭᠴᠠᠯᠠᠶ᠎ᠠ

    ᠶᠠᠰᠤ ᠴᠢᠨᠠᠷ ᠢ᠋ ᠳᠡᠭᠡᠭᠰᠢᠯᠡᠭᠦᠯᠦᠨ ᠦᠷ᠎ᠡ ᠠᠰᠢᠭ ᠢ᠋ ᠨᠡᠮᠡᠭᠳᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠶ᠋ᠢ ᠪᠡᠶᠡᠯᠡᠭᠦᠯᠦᠨ᠎ᠡ

    ᠰᠢᠭᠦᠨ ᠲᠠᠰᠤᠯᠬᠤ ᠠᠵᠢᠯ ᠤ᠋ᠨ ᠣᠳᠣᠬᠢᠴᠢᠯᠠᠯᠲᠠ ᠪᠣᠯ ᠤᠯᠤᠰ ᠲᠥᠷᠥ ᠬᠠᠤᠯᠢ ᠴᠠᠭᠠᠵᠠ ᠶ᠋ᠢᠨ ᠠᠵᠢᠯ ᠤ᠋ᠨ ᠣᠳᠣᠬᠢᠴᠢᠯᠠᠯᠲᠠ ᠶ᠋ᠢᠨ ᠴᠢᠬᠤᠯᠠ ᠠᠭᠤᠯᠭ᠎ᠠ ᠪᠣᠯᠬᠤ ᠪᠥᠭᠡᠳ ᠪᠠᠰᠠ ᠴᠤ᠌ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠶ᠋ᠢᠨ ᠴᠢᠬᠤᠯᠠ ᠪᠠᠲᠤᠯᠠᠭ᠎ᠠ ᠮᠥᠨ᠃《 ᠲᠥᠪ ᠭᠣᠣᠯᠴᠢ ᠬᠢᠭᠡᠳ ᠦᠷ᠎ᠡ ᠪᠦᠲᠦᠮᠵᠢ 》ᠶ᠋ᠢᠨ ᠠᠵᠢᠯ ᠤ᠋ᠨ ᠭᠣᠣᠯ ᠰᠡᠳᠦᠪ ᠦ᠋ᠨ ᠲᠣᠭᠣᠷᠢᠨ ᠳ᠋ᠤ᠌ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠢ᠋ ᠪᠥᠬᠥ ᠲᠠᠯ᠎ᠠ ᠪᠠᠷ ᠣᠨᠣᠪᠴᠢᠲᠠᠢ ᠨᠠᠢᠳᠠᠪᠤᠷᠢᠵᠢᠭᠤᠯᠵᠤ ᠂ ᠬᠡᠷᠡᠭ ᠢ᠋ ᠰᠢᠭᠦᠨ ᠲᠠᠰᠤᠯᠬᠤ ᠳᠤᠮᠳᠠ ᠪᠠᠭ᠎ᠠ ᠠ᠋ᠴᠠ ᠶᠡᠬᠡ ᠶ᠋ᠢ ᠣᠯᠵᠤ ᠮᠡᠳᠡᠵᠦ ᠂ ᠰᠢ ᠵᠢᠨ ᠫᠢᠩ ᠦ᠋ᠨ ᠬᠠᠤᠯᠢ ᠪᠠᠷ ᠵᠠᠰᠠᠬᠤ ᠦᠵᠡᠯ ᠰᠠᠨᠠᠭ᠎ᠠ ᠶ᠋ᠢ ᠬᠠᠤᠯᠢ ᠴᠠᠭᠠᠵᠠ ᠶ᠋ᠢᠨ ᠰᠢᠭᠦᠨ ᠲᠠᠰᠤᠯᠤᠯᠲᠠ ᠳ᠋ᠤ᠌ ᠠᠭᠤᠰᠤᠯᠴᠠᠭᠤᠯᠵᠤ ᠂ ᠬᠠᠤᠯᠢ ᠴᠠᠭᠠᠵᠠ ᠶ᠋ᠢᠨ ᠰᠢᠭᠦᠨ ᠲᠠᠰᠤᠯᠤᠯᠲᠠ ᠶ᠋ᠢ ᠤᠯᠤᠰ ᠪᠠ ᠨᠡᠢᠭᠡᠮ ᠦ᠋ᠨ ᠵᠠᠰᠠᠯᠲᠠ ᠳ᠋ᠤ᠌ ᠠᠭᠤᠰᠤᠯᠴᠠᠭᠤᠯᠵᠤ ᠂ ᠰᠢᠭᠦᠨ ᠲᠠᠰᠤᠯᠬᠤ ᠠᠵᠢᠯ ᠤ᠋ᠨ ᠣᠳᠣᠬᠢᠴᠢᠯᠠᠭᠰᠠᠨ ᠦᠢᠯᠡᠴᠢᠯᠡᠭᠡ ᠪᠡᠷ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠲᠠ ᠶ᠋ᠢ ᠪᠠᠲᠤᠯᠠᠬᠤ ᠪᠠᠷ ᠴᠢᠷᠮᠠᠢᠬᠤ ᠬᠡᠷᠡᠭᠲᠡᠢ ᠃ ᠴᠢᠳᠠᠮᠠᠭᠠᠢ ᠬᠠᠤᠯᠢ ᠴᠠᠭᠠᠵᠠ ᠶ᠋ᠢᠨ ᠣᠢᠯᠠᠭᠠᠭᠳᠠᠬᠤᠨ ᠢ᠋ ᠡᠬᠢᠨ ᠡᠴᠡ ᠨᠢ ᠳᠠᠭᠤᠰᠲᠠᠯ᠎ᠠ ᠲᠤᠤᠱᠯᠠᠭᠤᠯᠬᠤ ᠶ᠋ᠢ ᠪᠠᠷᠢᠮᠲᠠᠯᠠᠵᠤ ᠂ ᠨᠡᠢᠭᠡᠮ ᠢ᠋ ᠭᠦᠨᠵᠡᠭᠡᠢ ᠣᠢᠯᠠᠭᠠᠬᠤ ᠂ ᠣᠯᠠᠨ ᠨᠡᠢᠲᠡ ᠶ᠋ᠢᠨ ᠬᠠᠢᠷ᠎ᠠ ᠰᠡᠳᠬᠢᠯᠭᠡ ᠶ᠋ᠢ ᠣᠨᠣᠪᠴᠢᠲᠠᠢ ᠡᠵᠡᠮᠰᠢᠬᠦ ᠂ ᠲᠤᠬᠠᠢ ᠶ᠋ᠢᠨ ᠬᠥᠮᠦᠨ ᠦ᠌ ᠱᠠᠭᠠᠷᠳᠠᠯᠭ᠎ᠠ ᠵᠢᠴᠢ ᠡᠰᠢ ᠪᠠᠷᠢᠮᠲᠠ ᠶ᠋ᠢ ᠣᠨᠣᠪᠴᠢᠲᠠᠢ ᠢᠯᠭᠠᠨ ᠲᠠᠨᠢᠬᠤ ᠂ ᠬᠠᠤᠯᠢ ᠴᠠᠭᠠᠵᠠ ᠶ᠋ᠢᠨ ᠳᠦᠷᠢᠮ ᠦ᠋ᠨ ᠲᠠᠰᠤᠯᠤᠯᠲᠠ ᠶ᠋ᠢᠨ ᠣᠷᠣᠨ ᠵᠠᠢ ᠶ᠋ᠢᠨ ᠳᠣᠲᠣᠷ᠎ᠠ ᠂ ᠬᠠᠮᠤᠭ ᠤ᠋ᠨ ᠰᠢᠯᠢᠳᠡᠭ ᠬᠠᠮᠤᠭ ᠰᠠᠢᠨ ᠰᠢᠢᠳᠪᠦᠷᠢᠯᠡᠬᠦ ᠲᠥᠰᠦᠯ ᠢ᠋ ᠲᠣᠭᠲᠠᠭᠠᠵᠤ ᠂ ᠤᠯᠤᠰ ᠲᠥᠷᠥ ᠶ᠋ᠢᠨ ᠦᠷ᠎ᠡ ᠪᠦᠲᠦᠮᠵᠢ ᠂ ᠨᠡᠢᠭᠡᠮ ᠦ᠋ᠨ ᠦᠷ᠎ᠡ ᠠᠰᠢᠭ ᠂ ᠬᠠᠤᠯᠢ ᠴᠠᠭᠠᠵᠠ ᠶ᠋ᠢᠨ ᠦᠷ᠎ᠡ ᠠᠰᠢᠭ ᠤ᠋ᠨ ᠣᠷᠭᠠᠨᠢᠭ ᠨᠢᠭᠡᠳᠦᠯ ᠢ᠋ ᠪᠡᠶᠡᠯᠡᠭᠦᠯᠬᠦ ᠬᠡᠷᠡᠭᠲᠡᠢ ᠃ ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠬᠢᠨᠠᠯᠲᠠ ᠲᠠᠯᠪᠢᠬᠤ ᠲᠣᠭᠲᠠᠴᠠ ᠶ᠋ᠢ ᠲᠠᠰᠤᠷᠠᠯᠲᠠ ᠦᠭᠡᠢ ᠪᠠᠢᠭᠤᠯᠤᠨ ᠲᠡᠭᠦᠯᠳᠡᠷᠵᠢᠭᠦᠯᠵᠦ ᠂ 2023 ᠣᠨ ᠤ᠋ ᠬᠡᠪᠯᠡᠯ ᠦ᠋ᠨ ᠰᠢᠰᠲ᠋ᠧᠮ ᠦ᠋ᠨ ᠱᠠᠭᠠᠷᠳᠠᠯᠭ᠎ᠠ ᠶ᠋ᠢ ᠪᠥᠬᠥ ᠲᠠᠯ᠎ᠠ ᠪᠠᠷ ᠣᠨᠣᠪᠴᠢᠲᠠᠢ ᠬᠡᠷᠡᠭᠵᠢᠭᠦᠯᠵᠦ ᠂ ᠰᠢᠭᠦᠨ ᠲᠠᠰᠤᠯᠤᠯᠲᠠ ᠶ᠋ᠢᠨ ᠭᠦᠢᠴᠡᠳᠬᠡᠬᠦ ᠠᠵᠢᠯ ᠤ᠋ᠨ ᠴᠢᠨᠠᠷ ᠪᠦᠲᠦᠮᠵᠢ ᠶ᠋ᠢ ᠦᠷᠭᠦᠯᠵᠢᠯᠡᠨ ᠪᠡᠬᠢᠵᠢᠭᠦᠯᠦᠨ ᠳᠡᠭᠡᠭᠰᠢᠯᠡᠭᠦᠯᠵᠦ ᠂ ᠡᠯ᠎ᠡ ᠲᠥᠷᠥᠯ ᠦ᠋ᠨ ᠭᠣᠣᠯᠳᠠᠯᠭ᠎ᠠ ᠲᠠᠢ ᠭᠦᠢᠴᠡᠳᠬᠡᠬᠦ ᠲᠣᠭ᠎ᠠ ᠶ᠋ᠢ ᠪᠥᠬᠥ ᠬᠣᠲᠠ ᠶ᠋ᠢᠨ ᠨᠢᠭᠡᠳᠦᠭᠡᠷ ᠪᠠᠢᠷᠢᠨ ᠳ᠋ᠤ᠌ ᠲᠠᠯᠪᠢᠬᠤ ᠶ᠋ᠢ ᠪᠠᠲᠤᠯᠠᠵᠤ ᠂ ᠬᠠᠤᠯᠢ ᠴᠠᠭᠠᠵᠠ ᠶ᠋ᠢᠨ ᠣᠯᠠᠨ ᠨᠡᠢᠲᠡ ᠶ᠋ᠢᠨ ᠢᠲᠡᠭᠡᠮᠵᠢ ᠶ᠋ᠢᠨ ᠬᠦᠴᠦᠨ ᠪᠠ ᠠᠷᠠᠳ ᠣᠯᠠᠨ ᠤ᠋ ᠬᠠᠨᠤᠮᠵᠢ ᠶ᠋ᠢᠨ ᠬᠡᠮᠵᠢᠶ᠎ᠡ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃

    《ᠤᠭ ᠰᠠᠨᠠᠭ᠎ᠠ ᠪᠠᠨ ᠰᠠᠬᠢᠨ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦᠢ᠋ ᠴᠣᠭᠴᠠᠯᠠᠶ᠎ᠠ

     ᠠᠷᠠᠳ ᠤ᠋ᠨ ᠲᠥᠯᠥᠭᠡ ᠬᠠᠤᠯᠢ ᠪᠠᠷᠢᠬᠤ ᠰᠢᠨ᠎ᠡ ᠬᠠᠭᠤᠳᠠᠰᠤ ᠶ᠋ᠢ ᠪᠢᠴᠢᠭᠯᠡᠶ᠎ᠡ

    ᠠᠷᠠᠳ ᠤ᠋ᠨ ᠰᠢᠭᠦᠬᠦ ᠬᠣᠷᠢᠶ᠎ᠠ  ᠶ᠋ᠢᠨ《 ᠠᠷᠠᠳ ᠲᠦᠮᠡᠨ 》 ᠭᠡᠬᠦ ᠬᠣᠶᠠᠷ ᠦᠭᠡ ᠶ᠋ᠢ ᠲᠡᠷᠢᠭᠦᠨ ᠳᠦ ᠲᠠᠯᠪᠢᠵᠤ ᠂ ᠦᠨᠳᠦᠰᠦᠨ ᠱᠠᠲᠤᠨ ᠤ᠋ ᠰᠢᠭᠦᠬᠦ ᠬᠣᠷᠢᠶ᠎ᠠ ᠪᠣᠯᠤᠭᠰᠠᠨ ᠤ᠋ ᠬᠤᠪᠢ ᠳ᠋ᠤ᠌ ᠂ ᠪᠢᠳᠡ ᠠᠷᠠᠳ ᠣᠯᠠᠨ ᠤ᠋ ᠬᠠᠮᠤᠭ ᠠ᠋ᠴᠠ ᠰᠡᠳᠬᠢᠯ ᠲᠠᠯᠪᠢᠵᠤ ᠪᠠᠢᠭ᠎ᠠ ᠬᠠᠮᠤᠭ ᠤ᠋ᠨ ᠰᠢᠭᠤᠳ ᠬᠠᠮᠤᠭ ᠤ᠋ᠨ ᠪᠣᠳᠠᠲᠠᠢ ᠠᠰᠢᠭ ᠲᠤᠰᠠ ᠶ᠋ᠢᠨ ᠠᠰᠠᠭᠤᠳᠠᠯ ᠢ᠋ ᠴᠢᠩᠭ᠎ᠠ ᠠᠳᠬᠤᠵᠤ ᠂ ᠠᠷᠠᠳ ᠤ᠋ᠨ ᠲᠥᠯᠥᠭᠡ ᠬᠠᠤᠯᠢ ᠪᠠᠷᠢᠬᠤ ᠵᠣᠷᠢᠯᠲᠠ ᠶ᠋ᠢ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠡᠯ᠎ᠡ ᠭᠣᠭᠴᠣᠭ᠎ᠠ ᠂ ᠪᠥᠬᠥ ᠶᠠᠪᠤᠴᠠ ᠳ᠋ᠤ᠌ ᠦᠨᠡᠨ ᠬᠦ᠌ ᠲᠤᠤᠱᠯᠠᠭᠤᠯᠤᠨ ᠨᠠᠢᠳᠠᠪᠤᠷᠢᠵᠢᠭᠤᠯᠬᠤ ᠬᠡᠷᠡᠭᠲᠡᠢ᠃ ᠵᠠᠭᠠᠯᠳᠤᠯᠭ᠎ᠠ ᠡᠴᠠ ᠡᠮᠦᠨ᠎ᠡ ᠡᠶᠡᠳᠡᠭᠦᠯᠬᠦ ᠂ ᠪᠠᠭᠲᠠᠭᠠᠮᠵᠢ ᠶ᠋ᠢ ᠨᠡᠮᠡᠭᠳᠡᠭᠦᠯᠦᠨ ᠳᠡᠰ ᠳᠡᠪᠰᠢᠭᠦᠯᠬᠦ ᠶ᠋ᠢ ᠲᠠᠰᠤᠷᠠᠯᠲᠠ ᠦᠭᠡᠢ ᠲᠦᠯᠬᠢᠨ ᠠᠬᠢᠭᠤᠯᠵᠤ ᠂ 《 ᠰᠢᠭᠦᠬᠦ ᠬᠣᠷᠢᠶ᠎ᠠ + ᠡᠮᠡᠭᠲᠡᠢᠴᠦᠳ ᠦ᠋ᠨ ᠬᠣᠯᠪᠣᠭᠠᠲᠤ ᠬᠤᠷᠠᠯ 》 ᠂ 《 ᠰᠢᠭᠦᠬᠦ ᠬᠣᠷᠢᠶ᠎ᠠ + ᠠᠵᠢᠯᠴᠢᠨ ᠤ᠋ ᠡᠪᠯᠡᠯ 》 ᠵᠢᠴᠢ ᠵᠠᠮ ᠬᠠᠷᠢᠯᠴᠠᠭᠠᠨ ᠤ᠋ ᠡᠨᠳᠡᠯ ᠦ᠋ᠨ ᠲᠤᠰᠬᠠᠢ ᠰᠢᠭᠦᠬᠦ ᠲᠢᠩᠬᠢᠮ ᠂ ᠵᠠᠮ ᠬᠠᠷᠢᠯᠴᠠᠭᠠᠨ ᠤ᠋ ᠬᠠᠮᠢᠶᠠᠷᠤᠯᠲᠠ ᠶ᠋ᠢᠨ ᠶᠡᠬᠡ ᠠᠩᠭᠢ ᠂ ᠠᠷᠠᠳ ᠤ᠋ᠨ ᠡᠶᠡᠳᠡᠭᠦᠯᠬᠦ ᠭᠡᠰᠢᠭᠦᠨ 《 ᠭᠤᠷᠪᠠᠨ ᠡᠶᠡᠳᠡᠭᠦᠯᠭᠡ ᠵᠢ ᠬᠣᠯᠪᠣᠭᠠᠲᠤ ᠬᠥᠳᠡᠯᠦᠯᠴᠡᠬᠦ 》 ᠵᠡᠷᠭᠡ ᠣᠯᠠᠨ ᠡᠰᠢᠲᠦ ᠵᠢᠭᠤᠷᠠᠯᠳᠤᠭᠠᠨ ᠢ᠋ ᠰᠢᠢᠳᠪᠦᠷᠢᠯᠡᠬᠦ ᠵᠠᠭᠪᠤᠷ ᠢ᠋ ᠭᠦᠨᠵᠡᠭᠡᠢᠷᠡᠭᠦᠯᠵᠦ ᠂ ᠣᠯᠠᠨ ᠲᠦᠮᠡᠨ ᠳ᠋ᠦ᠍ ᠨᠡᠩ ᠣᠯᠠᠨ ᠶᠠᠩᠵᠤ ᠶ᠋ᠢᠨ ᠂ ᠨᠡᠩ ᠣᠨᠣᠪᠴᠢᠲᠠᠢ ᠂ ᠨᠡᠩ ᠥᠨᠳᠥᠷ ᠪᠦᠲᠦᠮᠵᠢᠲᠡᠢ ᠵᠢᠭᠤᠷᠠᠯᠳᠤᠭᠠᠨ ᠢ᠋ ᠰᠢᠢᠳᠪᠦᠷᠢᠯᠡᠬᠦ ᠦᠢᠯᠡᠴᠢᠯᠡᠭᠡ ᠬᠠᠩᠭᠠᠬᠤ ᠬᠡᠷᠡᠭᠲᠡᠢ ᠃ ᠰᠢᠨ᠎ᠡ ᠴᠠᠭ ᠦᠶ᠎ᠡ ᠶ᠋ᠢᠨ 《 ᠹᠧᠩ ᠴᠢᠶᠣᠤ ᠵᠢᠨ ᠲᠤᠷᠰᠢᠯᠭ᠎ᠠ 》ᠶ᠋ᠢ ᠴᠣᠭᠴᠠᠯᠠᠨ ᠪᠠᠢᠭᠤᠯᠬᠤ ᠠᠵᠢᠯ ᠢ᠋ ᠶᠡᠬᠡᠪᠡᠷ ᠪᠠᠳᠠᠷᠠᠭᠤᠯᠵᠤ ᠂ ᠵᠡᠭᠦᠨᠭᠠᠷ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠶ᠋ᠢᠨ ᠬᠣᠲᠠ ᠶ᠋ᠢᠨ ᠬᠡᠪᠴᠢᠶᠡᠨ ᠦ᠌ ᠨᠡᠢᠭᠡᠮ ᠢ᠋ ᠵᠠᠰᠠᠬᠤ 《 579 》 ᠬᠠᠤᠯᠢ ᠴᠠᠭᠠᠵᠠ ᠶ᠋ᠢᠨ ᠦᠢᠯᠡᠴᠢᠯᠡᠭᠡᠨ ᠦ᠌ 《 ᠵᠢᠷᠭᠤᠭ᠎ᠠ ᠶ᠋ᠢ ᠣᠷᠣᠭᠤᠯᠬᠤ 》 ᠠᠵᠢᠯ ᠢ᠋ ᠦᠷᠭᠦᠯᠵᠢᠯᠡᠨ ᠠᠬᠢᠭᠤᠯᠵᠤ ᠂ 《 ᠹᠧᠩ ᠴᠢᠶᠣᠤ ᠵᠢᠨ ᠲᠤᠷᠰᠢᠯᠭ᠎ᠠ ᠬᠡᠯᠪᠡᠷᠢ ᠶ᠋ᠢᠨ ᠠᠷᠠᠳ ᠤ᠋ᠨ ᠰᠢᠭᠦᠬᠦ ᠲᠢᠩᠬᠢᠮ 》 ᠢ᠋ ᠴᠣᠭᠴᠠᠯᠠᠨ ᠪᠠᠢᠭᠤᠯᠬᠤ ᠠᠵᠢᠯ ᠢ᠋ ᠯᠠᠪᠳᠠᠭᠤᠨ ᠪᠠᠲᠤᠲᠠᠢ ᠥᠷᠨᠢᠭᠦᠯᠵᠦ ᠂ ᠱᠠᠭᠳᠠᠷ ᠬᠣᠲᠠ ᠶ᠋ᠢᠨ ᠠᠷᠠᠳ ᠤ᠋ᠨ ᠰᠢᠭᠦᠬᠦ ᠲᠢᠩᠬᠢᠮ ᠦ᠋ᠨ 《 12345 》 ᠬᠡᠯᠪᠡᠷᠢ ᠶ᠋ᠢᠨ ᠬᠣᠯᠪᠣᠭᠠᠯᠠᠨ ᠬᠥᠳᠡᠯᠦᠯᠴᠡᠵᠦ ᠡᠶᠡᠳᠡᠭᠦᠯᠬᠦ ᠠᠵᠢᠯ ᠤ᠋ᠨ ᠠᠷᠭ᠎ᠠ ᠪᠠᠷ ᠭᠣᠣᠯ ᠭᠠᠷᠳᠠᠴᠠ ᠪᠣᠯᠭᠠᠵᠤ ᠂ 《 ᠳᠡᠰ ᠳᠡᠪᠰᠢᠭᠰᠡᠨ ᠬᠡᠪᠯᠡᠯ ᠦ᠋ᠨ ᠰᠢᠭᠦᠭᠴᠢ ᠶ᠋ᠢᠨ ᠠᠵᠢᠯᠯᠠᠬᠤ ᠲᠠᠰᠤᠭ 》 ᠪᠠ 《 ᠵᠢᠷᠭᠤᠭ᠎ᠠ ᠶ᠋ᠢ ᠠᠬᠢᠭᠤᠯᠵᠤ ᠂ ᠬᠣᠶᠠᠷ ᠢ᠋ ᠬᠣᠯᠪᠣᠭᠠᠲᠤ ᠨᠢᠭᠡ ᠶ᠋ᠢ ᠬᠠᠮᠲᠤᠪᠠᠷ ᠠᠬᠢᠭᠤᠯᠬᠤ 》᠂ 《ᠨᠢᠭᠡ ᠴᠤᠭᠴᠠᠵᠢᠭᠤᠯᠤᠭᠰᠠᠨ ᠬᠣᠶᠠᠷ ᠵᠢᠭᠦᠷ 》 ᠵᠠᠷᠭᠤ ᠶ᠋ᠢᠨ ᠡᠬᠢ ᠢᠷᠡᠯᠲᠡ ᠶ᠋ᠢ ᠵᠠᠰᠠᠬᠤ ᠰᠢᠨ᠎ᠡ ᠵᠠᠭᠪᠤᠷ ᠢ᠋ ᠡᠭᠦᠳᠴᠦ ᠂ ᠱᠠᠭᠳᠠᠷ ᠠᠷᠠᠳ ᠤ᠋ᠨ ᠰᠢᠭᠦᠬᠦ ᠲᠢᠩᠬᠢᠮ ᠢ᠋ ᠵᠠᠭᠠᠯᠳᠤᠯᠭ᠎ᠠ ᠶ᠋ᠢᠨ ᠡᠬᠢ ᠰᠤᠷᠪᠤᠯᠵᠢ ᠪᠣᠯᠭᠠᠨ ᠵᠠᠰᠠᠨ ᠴᠡᠭᠴᠡᠯᠡᠬᠦ ᠪᠡᠷ ᠪᠣᠢ ᠪᠣᠯᠭᠠᠬᠤ ᠪᠠᠷ ᠬᠦᠴᠦᠯᠡᠨ ᠴᠢᠷᠮᠠᠢᠵᠤ ᠂ ᠦᠨᠳᠦᠰᠦᠨ ᠱᠠᠲᠤᠨ ᠤ᠋ ᠦᠯᠢᠭᠡᠷ ᠬᠡᠪ ᠵᠠᠭᠪᠤᠷ ᠢ᠋ ᠪᠣᠢ ᠪᠣᠯᠭᠠᠬᠤ ᠬᠡᠷᠡᠭᠲᠡᠢ ᠃ 《 ᠢᠨᠲ᠋ᠧᠷ ᠰᠦᠯᠵᠢᠶ᠎ᠡ + ᠭᠦᠢᠴᠡᠳᠬᠡᠬᠦ ᠰᠢᠭᠤᠳ ᠨᠡᠪᠲᠡᠷᠡᠭᠦᠯᠭᠡ 》 ᠶ᠋ᠢᠨ ᠠᠵᠢᠯ ᠤ᠋ᠨ ᠬᠡᠯᠪᠡᠷᠢ ᠶ᠋ᠢ ᠦᠷᠭᠦᠯᠵᠢᠯᠡᠨ ᠭᠦᠨᠵᠡᠭᠡᠢᠷᠡᠭᠦᠯᠵᠦ ᠂ ᠭᠦᠢᠴᠡᠳᠬᠡᠬᠦ ᠬᠡᠷᠡᠭ ᠦ᠋ᠨ 《 ᠰᠠᠨᠠᠭᠠᠴᠢᠯᠠᠭ᠎ᠠ ᠠ᠋ᠴᠠ ᠪᠠᠨ ᠭᠦᠢᠴᠡᠳᠬᠡᠬᠦ + ᠠᠯᠪᠠᠳᠠᠯᠭ᠎ᠠ ᠪᠠᠷ ᠭᠦᠢᠴᠡᠳᠬᠡᠬᠦ 》 ᠲᠣᠭᠲᠠᠴᠠ ᠶ᠋ᠢᠨ ᠪᠠᠢᠭᠤᠯᠤᠯᠲᠠ ᠶ᠋ᠢ ᠭᠦᠨᠵᠡᠭᠡᠢ ᠠᠬᠢᠭᠤᠯᠵᠤ ᠂ ᠵᠡᠭᠦᠨᠭᠠᠷ ᠬᠤᠰᠢᠭᠤᠨ ᠤ᠋ ᠰᠢᠭᠦᠬᠦ ᠬᠣᠷᠢᠶ᠎ᠠ ᠶ᠋ᠢᠨ 《 ᠭᠦᠢᠴᠡᠳᠬᠡᠬᠦ ᠳ᠋ᠦ᠍ ᠬᠦᠴᠢᠷ 》ᠠᠰᠠᠭᠤᠳᠠᠯ ᠢ᠋ ᠦᠨᠡᠨᠬᠦ ᠰᠢᠢᠳᠪᠦᠷᠢᠯᠡᠬᠦ ᠡᠷᠡᠰ ᠵᠣᠷᠢᠭ ᠢ᠋ ᠣᠯᠠᠨ ᠲᠦᠮᠡᠨ ᠳ᠋ᠦ᠍ ᠬᠠᠷᠠᠭᠤᠯᠬᠤ ᠬᠡᠷᠡᠭᠲᠡᠢ ᠃

    《ᠲᠥᠪ ᠰᠤᠷᠲᠠᠯ ᠂ ᠬᠡᠪ ᠴᠢᠨᠠᠷ ᠢ᠋ ᠴᠢᠩᠭᠠᠳᠬᠠᠬᠤᠢ᠋ ᠴᠣᠭᠴᠠᠯᠠᠶ᠎ᠠ ᠡᠩᠨᠡᠭᠡᠨ ᠦ᠌ ᠪᠠᠢᠭᠤᠯᠤᠯᠲᠠ ᠳ᠋ᠤ᠌ ᠰᠢᠨ᠎ᠡ ᠪᠠᠢᠳᠠᠯ ᠢ᠋ ᠦᠵᠡᠭᠦᠯᠬᠦ

    ᠪᠠᠲᠤ ᠢᠲᠡᠭᠡᠯ ᠲᠡᠢ ᠂ ᠠᠷᠠᠳ ᠤ᠋ᠨ ᠲᠥᠯᠥᠭᠡ ᠬᠠᠤᠯᠢ ᠪᠠᠷᠢᠭᠰᠠᠨ ᠂ ᠵᠣᠷᠢᠭᠲᠠᠢ ᠡᠭᠦᠷᠭᠡᠯᠡᠳᠡᠭ ᠂ ᠠᠷᠢᠭᠤᠨ ᠴᠢᠬᠡᠴᠢ ᠰᠢᠭᠦᠬᠦ ᠬᠣᠷᠢᠶᠠᠨ ᠤ᠋   ᠴᠡᠷᠢᠭ ᠠᠩᠭᠢ ᠢ᠋ ᠳᠠᠪᠲᠠᠨ ᠪᠣᠯᠪᠠᠰᠤᠷᠠᠭᠤᠯᠬᠤ ᠪᠣᠯ ᠬᠠᠤᠯᠢ ᠴᠠᠭᠠᠵᠠ ᠶ᠋ᠢᠨ ᠠᠵᠢᠯ ᠤ᠋ᠨ ᠲᠥᠪ ᠭᠣᠣᠯᠴᠢ ᠰᠢᠳᠤᠷᠭᠤ ᠶᠣᠰᠣ ᠶ᠋ᠢ ᠢᠮᠠᠭᠲᠠ ᠬᠠᠮᠠᠭᠠᠯᠠᠵᠤ ᠴᠢᠳᠠᠬᠤ ᠴᠢᠬᠤᠯᠠ ᠪᠠᠲᠤᠯᠠᠭ᠎ᠠ ᠮᠥᠨ ᠃ ᠨᠠᠮ ᠤ᠋ᠨ ᠤᠯᠤᠰ ᠲᠥᠷᠥ ᠶ᠋ᠢᠨ ᠪᠠᠢᠭᠤᠯᠤᠯᠲᠠ ᠪᠠᠷ ᠶᠡᠷᠦᠩᠬᠡᠢᠯᠡᠨ ᠳᠠᠭᠠᠭᠤᠯᠬᠤ ᠶ᠋ᠢ ᠢᠮᠠᠭᠲᠠ ᠪᠠᠷᠢᠮᠲᠠᠯᠠᠵᠤ ᠂ 《 ᠨᠠᠮ ᠤ᠋ᠨ ᠪᠠᠢᠭᠤᠯᠤᠯᠲᠠ ᠪᠠᠷ ᠵᠢᠯᠣᠭᠣᠳᠤᠮᠵᠢ ᠪᠣᠯᠭᠠᠬᠤ · ᠣᠨᠣᠪᠴᠢᠲᠠᠢ ᠠᠷᠭ᠎ᠠ ᠪᠠᠷ ᠬᠥᠭᠵᠢᠭᠦᠯᠬᠦ 》 ᠨᠠᠮ ᠤ᠋ᠨ ᠪᠠᠢᠭᠤᠯᠤᠯᠲᠠ ᠶ᠋ᠢᠨ ᠨᠡᠷᠡᠲᠦ ᠲᠡᠮᠳᠡᠭ ᠢ᠋ ᠰᠡᠳᠬᠢᠯ ᠲᠠᠯᠪᠢᠨ ᠪᠣᠢ ᠪᠣᠯᠭᠠᠵᠤ ᠂ ᠨᠠᠮ ᠤ᠋ᠨ ᠭᠡᠰᠢᠭᠦᠨ ᠦ᠌ ᠰᠤᠷᠭᠠᠨ ᠬᠥᠮᠦᠵᠢᠯ ᠦ᠋ᠨ ᠭᠣᠣᠯ ᠵᠢᠭᠰᠠᠭᠠᠯ ᠤ᠋ᠨ ᠭᠠᠵᠠᠷ ᠢ᠋ ᠰᠠᠢᠲᠤᠷ ᠪᠦᠲᠦᠭᠡᠨ ᠪᠠᠢᠭᠤᠯᠵᠤ ᠂ ᠨᠠᠮ ᠤ᠋ᠨ ᠪᠠᠢᠭᠤᠯᠤᠯᠲᠠ ᠪᠠᠷ ᠴᠡᠷᠢᠭ ᠠᠩᠭᠢ ᠳᠠᠭᠠᠭᠤᠯᠤᠨ ᠰᠢᠭᠦᠨ ᠲᠠᠰᠤᠯᠬᠤ ᠶ᠋ᠢ ᠠᠬᠢᠭᠤᠯᠬᠤ ᠠᠵᠢᠯ ᠢ᠋ ᠰᠠᠢᠲᠤᠷ ᠬᠢᠬᠦ ᠬᠡᠷᠡᠭᠲᠡᠢ ᠃ ᠰᠢᠭᠦᠬᠦ ᠬᠣᠷᠢᠶᠠᠨ ᠤ᠋ ᠴᠢᠳᠠᠪᠤᠷᠢᠲᠠᠨ ᠢ᠋ ᠬᠥᠮᠦᠵᠢᠭᠦᠯᠬᠦ《 ᠬᠥᠬᠡ ᠢᠨᠵᠧᠨᠧᠷᠢᠩ 》ᠪᠠ ᠪᠥᠬᠥ ᠬᠣᠲᠠ ᠶ᠋ᠢᠨ ᠰᠢᠭᠦᠬᠦ ᠬᠣᠷᠢᠶᠠᠨ ᠤ᠋《 ᠡᠩᠨᠡᠭᠡᠨ ᠦ᠌ ᠬᠡᠪ ᠪᠣᠯᠪᠠᠰᠤᠷᠠᠯ ᠢ᠋ ᠳᠡᠭᠡᠭᠰᠢᠯᠡᠭᠦᠯᠬᠦ ᠢᠨᠵᠧᠨᠧᠷᠢᠩ 》ᠢ᠋ ᠭᠦᠨᠵᠡᠭᠡᠢ ᠠᠬᠢᠭᠤᠯᠵᠤ ᠂ ᠵᠡᠭᠦᠨᠭᠠᠷ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ 《 ᠴᠠᠯᠢᠩ ᠡᠷᠳᠡᠮ ᠢ᠋ ᠤᠯᠠᠮᠵᠢᠯᠠᠬᠤ 》ᠦᠵᠡᠯ ᠰᠠᠨᠠᠭ᠎ᠠ ᠤᠯᠤᠰ ᠲᠥᠷᠥ ᠂ ᠬᠠᠤᠯᠢ ᠴᠠᠭᠠᠵᠠ ᠲᠤᠬᠠᠢᠯᠠᠭᠰᠠᠨ ᠠᠵᠢᠯ 《 ᠬᠣᠣᠰ ᠵᠢᠯᠣᠭᠣᠳᠤᠭᠴᠢ ᠪᠠᠭᠰᠢ 》ᠶ᠋ᠢ ᠡᠷᠴᠢᠮᠲᠡᠢ ᠠᠳᠬᠤᠴᠠ ᠪᠣᠯᠭᠠᠨ ᠂ ᠰᠢᠨ᠎ᠡ ᠴᠠᠭ ᠦᠶ᠎ᠡ ᠶ᠋ᠢᠨ ᠠᠷᠠᠳ ᠤ᠋ᠨ ᠰᠢᠭᠦᠬᠦ ᠬᠣᠷᠢᠶᠠᠨ ᠤ᠋ ᠠᠵᠢᠯ ᠤ᠋ᠨ ᠬᠥᠭᠵᠢᠯᠲᠡ ᠳ᠋ᠦ᠍ ᠨᠡᠢᠴᠡᠭᠰᠡᠨ ᠨᠢᠭᠡ ᠪᠦᠯᠦᠭ ᠨᠡᠢᠯᠡᠮᠡᠯ ᠬᠡᠯᠪᠡᠷᠢ ᠶ᠋ᠢᠨ ᠴᠢᠳᠠᠪᠤᠷᠢᠲᠠᠨ ᠢ᠋ ᠬᠦᠴᠦᠯᠡᠨ ᠬᠥᠮᠦᠵᠢᠭᠦᠯᠦᠨ᠎ᠡ ᠃ 《 ᠲᠡᠮᠦᠷ ᠳᠠᠪᠲᠠᠳᠠᠭ ᠬᠥᠮᠦᠨ 》 ᠨᠢ ᠶᠠᠭᠤᠨ ᠤ᠋ ᠡᠮᠦᠨ᠎ᠡ 《 ᠲᠡᠮᠦᠷ ᠳᠠᠪᠲᠠᠳᠠᠭ ᠬᠥᠮᠦᠨ 》ᠪᠠᠢᠬᠤ ᠬᠡᠷᠡᠭᠲᠡᠢ ᠃ ᠤᠯᠤᠰ ᠲᠥᠷᠥ ᠬᠠᠤᠯᠢ ᠴᠠᠭᠠᠵᠠ ᠶ᠋ᠢᠨ ᠡᠩᠨᠡᠭᠡᠨ ᠦ᠌ ᠬᠥᠮᠦᠵᠢᠯ ᠴᠡᠭᠴᠡᠯᠡᠯᠲᠡ ᠶ᠋ᠢᠨ ᠦᠷ᠎ᠡ ᠪᠦᠲᠦᠭᠡᠯ ᠢ᠋ ᠦᠷᠭᠦᠯᠵᠢᠯᠡᠨ ᠪᠠᠲᠤᠳᠬᠠᠨ ᠂ 《 ᠭᠤᠷᠪᠠᠨ ᠲᠣᠭᠲᠠᠭᠠᠯ 》 ᠢ᠋ ᠲᠠᠭᠯᠠᠵᠤ ᠮᠡᠳᠡᠭᠦᠯᠬᠦ ᠳᠦᠷᠢᠮ ᠢ᠋ ᠨᠠᠷᠢᠨ ᠬᠢᠨᠠᠮᠠᠭᠠᠢ ᠬᠡᠷᠡᠭᠵᠢᠭᠦᠯᠵᠦ ᠂ ᠰᠢᠨ᠎ᠡ ᠴᠠᠭ ᠦᠶ᠎ᠡ ᠶ᠋ᠢᠨ ᠤᠯᠤᠰ ᠲᠥᠷᠥ ᠬᠠᠤᠯᠢ ᠴᠠᠭᠠᠵᠠ ᠶ᠋ᠢᠨ ᠺᠠᠳ᠋ᠷ ᠴᠠᠭᠳᠠᠭ᠎ᠠ ᠶ᠋ᠢᠨ 《 ᠠᠷᠪᠠ ᠶ᠋ᠢ ᠴᠢᠩᠭ᠎ᠠ ᠴᠠᠭᠠᠵᠠᠯᠠᠬᠤ 》ᠶ᠋ᠢ ᠴᠢᠩᠭ᠎ᠠ ᠨᠠᠢᠳᠠᠪᠤᠷᠢᠵᠢᠭᠤᠯᠵᠤ᠂ ᠬᠡᠷᠡᠭ ᠢ᠋ ᠦᠨᠡᠯᠡᠨ ᠪᠠᠢᠴᠠᠭᠠᠬᠤ ᠂ ᠰᠢᠭᠦᠬᠦ ᠶᠠᠪᠤᠳᠠᠯ ᠤ᠋ᠨ ᠱᠠᠭᠠᠷᠳᠠᠨ ᠪᠠᠢᠴᠠᠭᠠᠬᠤ ᠶ᠋ᠢ ᠪᠠᠢᠩᠭᠤ ᠶ᠋ᠢᠨ ᠴᠢᠨᠠᠷᠲᠠᠢ ᠥᠷᠨᠢᠭᠦᠯᠦᠨ ᠂ ᠠᠷᠢᠭᠤᠨ ᠴᠢᠬᠡᠴᠢ ᠪᠡᠷ ᠪᠡᠶ᠎ᠡ ᠪᠡᠨ ᠪᠠᠷᠢᠬᠤ ᠤᠬᠠᠮᠰᠠᠷ ᠪᠠ ᠢᠯᠵᠠᠷᠠᠯ ᠢ᠋ ᠡᠰᠡᠷᠭᠦᠴᠡᠵᠦ ᠬᠤᠪᠢᠷᠠᠭᠤᠯᠤᠯᠲᠠ ᠶ᠋ᠢ ᠰᠡᠷᠭᠡᠢᠯᠡᠬᠦ ᠴᠢᠳᠠᠪᠤᠷᠢ ᠶ᠋ᠢ ᠦᠨᠡᠨᠬᠦ ᠳᠡᠭᠡᠭᠰᠢᠯᠡᠭᠦᠯᠵᠦ ᠂ ᠰᠢᠭᠦᠬᠦ ᠬᠣᠷᠢᠶᠠᠨ ᠤ᠋ ᠡᠩᠨᠡᠭᠡ ᠶ᠋ᠢᠨ ᠡᠷᠡᠰ ᠦᠨᠡᠨᠴᠢ ᠂ ᠡᠷᠡᠰ ᠠᠷᠢᠭᠤᠨ ᠴᠡᠪᠡᠷ ᠂ ᠡᠷᠡᠰ ᠪᠠᠲᠤ ᠂ ᠡᠷᠡᠰ ᠨᠠᠢᠳᠠᠪᠤᠷᠢᠲᠠᠢ ᠪᠠᠢᠬᠤ ᠶ᠋ᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃ ᠺᠠᠳ᠋ᠷ ᠴᠠᠭᠳᠠᠭ᠎ᠠ ᠳ᠋ᠤ᠌ ᠬᠠᠷᠠᠭᠠᠯᠵᠠᠯ ᠦᠵᠡᠭᠦᠯᠬᠦ ᠶ᠋ᠢ ᠪᠠᠷᠢᠮᠲᠠᠯᠠᠨ᠂ ᠬᠣᠲᠠ ᠶ᠋ᠢᠨ ᠨᠠᠮ ᠤ᠋ᠨ ᠬᠣᠷᠢᠶ᠎ᠠ ᠶ᠋ᠢᠨ ᠺᠠᠳ᠋ᠷ ᠤ᠋ᠨ ᠦᠢᠯᠡᠰ ᠪᠦᠲᠦᠭᠡᠬᠦ ᠳᠠᠷᠤᠭᠠᠰᠤ ᠶ᠋ᠢ ᠵᠣᠷᠢᠭᠵᠢᠭᠤᠯᠬᠤ ᠬᠣᠷᠢᠨ ᠵᠦᠢᠯ ᠤ᠋ᠨ ᠵᠤᠷᠪᠤᠰ ᠠᠷᠭ᠎ᠠ ᠬᠡᠮᠵᠢᠶ᠎ᠡ ᠶ᠋ᠢ ᠰᠠᠢᠲᠤᠷ ᠨᠠᠢᠳᠠᠪᠤᠷᠢᠵᠢᠭᠤᠯᠵᠤ ᠂ ᠰᠢᠯᠢᠳᠡᠭ ᠵᠠᠯᠠᠭᠤ ᠺᠠᠳ᠋ᠷ ᠴᠠᠭᠳᠠᠭ᠎ᠠ ᠶ᠋ᠢ ᠰᠣᠩᠭᠣᠨ ᠲᠣᠮᠢᠯᠠᠵᠤ ᠲᠤᠰᠢᠶᠠᠯ ᠡᠭᠦᠷᠭᠡᠯᠡᠭᠦᠯᠬᠦ ᠂ ᠺᠠᠳ᠋ᠷ ᠴᠠᠭᠳᠠᠭ᠎ᠠ ᠶ᠋ᠢᠨ ᠬᠦᠴᠢᠷ ᠪᠡᠷᠬᠡᠰᠢᠶᠡᠯ ᠢ᠋ ᠲᠤᠭᠤᠯᠬᠤ ᠂ ᠨᠡᠢᠭᠡᠮ ᠲᠡᠢ ᠠᠭᠤᠯᠵᠠᠬᠤ ᠳᠤᠮᠳᠠ ᠡᠷᠳᠡᠮ ᠴᠢᠳᠠᠪᠤᠷᠢ ᠲᠠᠢ ᠂ ᠢᠳᠡᠷᠡᠭᠦᠨ ᠶᠠᠰᠤ ᠴᠢᠨᠠᠷ ᠲᠠᠢ ᠪᠠᠢᠬᠤ ᠶ᠋ᠢ ᠵᠣᠷᠢᠭᠵᠢᠭᠤᠯᠤᠨ᠎ᠠ ᠃

    ᠠᠶᠠᠨ ᠵᠠᠮ ᠳ᠋ᠤ᠌ ᠪᠠᠨ ᠮᠢᠩᠭᠠᠨ ᠠᠭᠤᠯᠠ ᠬᠣᠯᠠ ᠶ᠋ᠢ ᠬᠠᠷᠠᠵᠤ ᠂ ᠤᠷᠤᠭᠰᠢᠯᠠᠯᠲᠠ ᠶ᠋ᠢᠨ ᠵᠠᠮ ᠳ᠋ᠤ᠌ ᠪᠠᠨ ᠲᠦᠮᠡᠨ ᠣᠢ ᠰᠢᠭᠤᠢ ᠭᠠᠵᠠᠷ ᠢ᠋ ᠬᠠᠷᠠᠨ᠎ᠠ ᠃ ᠵᠡᠭᠦᠨᠭᠠᠷ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ  ᠬᠣᠲᠠ ᠶ᠋ᠢᠨ ᠨᠠᠮ ᠤ᠋ᠨ ᠬᠣᠷᠢᠶᠠᠨ ᠤ᠋ ᠠᠵᠢᠯ ᠤ᠋ᠨ ᠬᠤᠷᠠᠯ ᠤ᠋ᠨ ᠵᠣᠷᠢᠭ ᠰᠠᠨᠠᠭᠠᠨ ᠤ᠋ ᠵᠢᠯᠣᠭᠣᠳᠤᠯᠭ᠎ᠠ ᠳᠣᠣᠷ᠎ᠠ ᠂ ᠲᠡᠦᠬᠡ ᠶ᠋ᠢᠨ ᠢᠲᠡᠭᠡᠯ ᠵᠣᠷᠢᠭ ᠢ᠋ᠶ᠋ᠠᠨ ᠪᠠᠲᠤᠳᠬᠠᠵᠤ ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠥᠯᠥ ᠮᠠᠷᠲᠠᠨ ᠂ ᠲᠥᠪ ᠭᠣᠣᠯᠴᠢ ᠰᠢᠨ᠎ᠡ ᠶ᠋ᠢ ᠡᠭᠦᠳᠬᠦ ᠶ᠋ᠢ ᠪᠠᠷᠢᠮᠲᠠᠯᠠᠨ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠂ ᠠᠷᠠᠳ ᠤ᠋ᠨ ᠬᠠᠤᠯᠢ ᠴᠠᠭᠠᠵᠠ ᠶ᠋ᠢᠨ ᠰᠢᠨ᠎ᠡ ᠬᠠᠭᠤᠳᠠᠰᠤ ᠶ᠋ᠢ ᠴᠢᠷᠮᠠᠢᠨ ᠪᠢᠴᠢᠭᠯᠡᠬᠦ ᠶ᠋ᠢᠨ ᠲᠥᠯᠥᠭᠡ ᠰᠢᠭᠦᠬᠦ ᠬᠣᠷᠢᠶᠠᠨ ᠤ᠋ ᠬᠦᠴᠦᠨ ᠴᠢᠳᠠᠯ ᠢ᠋ᠶ᠋ᠠᠨ ᠡᠷᠭᠦᠶ᠎ᠡ︕

 

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )