【ᠬᠠᠤᠯᠢ ᠴᠠᠭᠠᠵᠠ ᠶ᠋ᠢᠨ ᠶᠠᠰᠤ ᠴᠢᠨᠠᠷ ᠢ᠋ ᠳᠡᠭᠡᠭᠰᠢᠯᠡᠭᠦᠯᠬᠦ ᠣᠨ 】ᠳ᠋ᠦᠩᠱᠧᠩ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠢᠵᠢᠯ ᠪᠤᠰᠤ ᠠᠯᠬᠤᠮᠲᠦ ᠰᠢᠭᠦᠨ ᠲᠠᠰᠤᠯᠬᠤ ᠲᠠᠪᠴᠠᠩ ᠢ᠋ ᠠᠰᠢᠭᠯᠠᠨ ᠨᠢᠭᠡᠨ ᠫᠢᠶᠣᠣ ᠪᠠᠷᠢᠮᠲᠠ ᠶ᠋ᠢᠨ ᠵᠢᠭᠤᠷᠠᠯᠳᠤᠭᠠᠨ ᠤ᠋ ᠬᠡᠷᠡᠭ ᠢ᠋ ᠰᠢᠭᠦᠨ ᠳᠠᠭᠤᠰᠬᠠᠪᠠ
2023.11.06 ᠲᠣᠰ ᠥᠷᠲᠡᠭᠡᠨ᠎ᠦ ᠨᠠᠢᠷᠠᠭᠤᠯᠤᠭᠴᠢ

    ᠣᠷᠤᠨ ᠠᠯᠤᠰᠯᠠᠨ ᠰᠢᠭᠦᠯᠲᠡ ᠬᠢᠬᠦ ᠳᠦ ᠰᠢᠭᠦᠬᠦ ᠬᠡᠷᠡᠭ ᠬᠠᠷᠢᠨ ᠨᠢᠭᠡᠨ ᠲᠡᠷᠡ ᠪᠠᠢᠵᠤ᠂ ᠴᠠᠭ  ᠰᠤᠯᠢᠴᠠᠯᠳᠤᠭᠤᠯᠤᠨ ᠰᠢᠭᠦᠯᠲᠡ ᠬᠢᠬᠦ ᠳᠦ ᠲᠤᠯᠭᠠᠨ ᠭᠡᠷᠡᠴᠢᠯᠡᠯᠲᠡ ᠬᠠᠷᠢᠨ ᠰᠤᠯᠢᠯᠴᠠᠯᠳᠤᠬᠤ ᠦᠭᠡᠢ᠃ ᠡᠨᠡ ᠨᠢ ᠪᠠᠷᠤᠭ 《  ᠢᠵᠢᠯ ᠪᠤᠰᠤ ᠠᠯᠬᠤᠮᠲᠤ ᠰᠢᠭᠦᠨ ᠳᠠᠰᠤᠯᠬᠤ ᠲᠠᠪᠴᠠᠩ 》 ᠤ᠋ᠨ ᠬᠠᠮᠤᠭ ᠤ᠋ᠨ ᠳᠦᠷᠰᠦᠯᠢᠭ ᠲᠠᠢᠯᠪᠤᠷᠢ ᠪᠣᠯᠬᠤ ᠪᠠᠢᠬ᠎ᠠ ᠃ ᠢᠵᠢᠯ ᠪᠤᠰᠤ ᠠᠯᠬᠤᠮᠲᠤ ᠰᠢᠭᠦᠨ ᠲᠠᠰᠤᠯᠬᠤ ᠠᠷᠭ᠎ᠠ ᠮᠠᠶᠢᠭ ᠨᠢ AI ᠵᠣᠬᠢᠶᠠᠮᠠᠯ ᠣᠶᠤᠨ ᠴᠢᠳᠠᠪᠤᠷᠢ ᠶ᠋ᠢᠨ ᠮᠡᠷᠭᠡᠵᠢᠯ ᠦ᠋ᠨ ᠠᠷᠭ᠎ᠠ ᠪᠠᠷᠢᠯ ᠢ᠋ ᠬᠡᠷᠡᠭᠯᠡᠨ ᠂ ᠴᠠᠭ ᠪᠠ ᠣᠷᠣᠨ ᠵᠠᠢ ᠶ᠋ᠢᠨ ᠬᠢᠵᠠᠭᠠᠷᠯᠠᠯ ᠢ᠋ ᠳᠠᠪᠠᠵᠤ ᠂ ᠲᠢᠩᠬᠢᠮ ᠦ᠋ᠨ ᠰᠢᠭᠦᠯᠲᠡ ᠶ᠋ᠢᠨ ᠡᠯ᠎ᠡ ᠭᠣᠭᠴᠣᠭ᠎ᠠ ᠶ᠋ᠢ 《 ᠬᠡᠪ ᠪᠠᠷᠢᠮᠵᠢᠶ᠎ᠠ 》 ᠪᠣᠯᠭᠠᠨ ᠬᠤᠪᠢᠷᠠᠭᠤᠯᠵᠤ ᠂ ᠣᠯᠠᠨ ᠲᠦᠮᠡᠨ ᠦ᠌ ᠬᠡᠰᠡᠭ ᠴᠠᠭ ᠢ᠋ ᠠᠰᠢᠭᠯᠠᠨ ᠵᠠᠷᠭᠤ ᠶ᠋ᠢᠨ ᠠᠵᠢᠯᠯᠠᠭ᠎ᠠ ᠪᠠᠨ ᠪᠡᠶᠡᠯᠡᠭᠦᠯᠬᠦ ᠱᠠᠭᠠᠷᠳᠠᠯᠭ᠎ᠠ ᠶ᠋ᠢ ᠭᠦᠢᠴᠡᠳ ᠬᠠᠩᠭᠠᠭᠰᠠᠨ ᠪᠠᠢᠨ᠎ᠠ ᠃ ᠰᠢᠭᠦᠭᠴᠢ ᠬᠢᠭᠡᠳ ᠵᠠᠭᠠᠯᠳᠤᠭᠴᠢ ᠂ ᠵᠠᠭᠠᠯᠳᠤᠭᠳᠠᠭᠴᠢ ᠵᠡᠷᠭᠡ ᠵᠠᠷᠭᠤ ᠳ᠋ᠤ᠌ ᠣᠷᠣᠯᠴᠠᠭᠰᠠᠳ ᠠᠳᠠᠯᠢ ᠪᠤᠰᠤ ᠠᠷᠭ᠎ᠠ ᠪᠠᠷ ᠰᠢᠭᠦᠬᠦ ᠲᠢᠩᠬᠢᠮ ᠦ᠋ᠨ ᠪᠠᠢᠴᠠᠭᠠᠯᠲᠠ ᠂  ᠢᠵᠢᠯ ᠪᠤᠰᠤ ᠠᠯᠬᠤᠮᠲᠤ ᠭᠡᠷᠡᠴᠢ ᠳᠤᠷᠠᠳᠬᠤ ᠂ ᠲᠤᠯᠭᠠᠨ ᠭᠡᠷᠡᠴᠢᠯᠡᠬᠦ ᠂ ᠰᠢᠭᠦᠬᠦ ᠲᠢᠩᠬᠢᠮ ᠦ᠋ᠨ ᠮᠠᠷᠭᠤᠯᠳᠤᠭᠠᠨ ᠂ ᠡᠴᠦᠰ ᠦ᠋ᠨ ᠲᠣᠭᠠᠴᠢᠯᠲᠠ ᠵᠡᠷᠭᠡ ᠵᠠᠩᠭᠢᠯᠠᠭ᠎ᠠ ᠶ᠋ᠢ ᠲᠤᠰ ᠲᠤᠰ ᠪᠡᠶᠡᠯᠡᠭᠦᠯᠵᠦ ᠂ ᠰᠢᠭᠦᠨ ᠲᠠᠰᠤᠯᠤᠯᠲᠠ ᠶ᠋ᠢᠨ ᠴᠢᠨᠠᠷ ᠴᠢᠨᠰᠠᠭ᠎ᠠ ᠶ᠋ᠢ ᠳᠡᠭᠡᠭᠰᠢᠯᠡᠭᠦᠯᠦᠭᠰᠡᠨ ᠮᠥᠷᠲᠡᠭᠡᠨ ᠪᠠᠰᠠ ᠲᠤᠬᠠᠢ ᠶ᠋ᠢᠨ ᠬᠥᠮᠦᠨ ᠳ᠋ᠦ᠍ ᠵᠠᠷᠭᠤ ᠶ᠋ᠢᠨ ᠥᠪᠡᠷ ᠦ᠋ᠨ ᠥᠷᠲᠡᠭ ᠢ᠋ ᠬᠥᠩᠭᠡᠷᠡᠭᠦᠯᠪᠡ ᠃

    ᠣᠢᠷ᠎ᠠ ᠳ᠋ᠤ᠌ ᠂ ᠳ᠋ᠦᠩᠱᠧᠩ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠶ᠋ᠢᠨ ᠲᠣᠭᠣᠷᠢᠨ ᠰᠢᠭᠦᠬᠦ ᠲᠢᠩᠬᠢᠮ ᠦ᠋ᠨ ᠰᠢᠭᠦᠭᠴᠢ ᠲᠤᠰᠢᠶᠠᠯᠲᠠᠨ ᠢᠵᠢᠯ ᠪᠤᠰᠤ ᠠᠯᠬᠤᠮᠲᠦ ᠰᠢᠭᠦᠬᠦ ᠲᠠᠪᠴᠠᠩ ᠢ᠋ᠶ᠋ᠠᠷ ᠨᠢᠭᠡᠨ ᠪᠢᠯᠧᠲ ᠪᠠᠷᠢᠮᠲᠠ ᠶ᠋ᠢᠨ ᠵᠢᠭᠤᠷᠠᠯᠳᠤᠭᠠᠨ ᠤ᠋ ᠬᠡᠷᠡᠭ ᠢ᠋ ᠰᠢᠭᠦᠨ ᠲᠠᠰᠤᠯᠤᠭᠠᠳ ᠂ ᠪᠤᠭᠤᠲᠤ ᠬᠣᠲᠠ ᠶ᠋ᠢᠨ ᠵᠠᠭᠠᠯᠳᠤᠭᠴᠢ ᠪᠣᠯᠤᠨ ᠪᠠᠶᠠᠨᠨᠠᠭᠤᠷ ᠬᠣᠲᠠ ᠳ᠋ᠤ᠌ ᠪᠠᠢᠭ᠎ᠠ ᠵᠠᠭᠠᠯᠳᠤᠭᠳᠠᠭᠴᠢ ᠶ᠋ᠢᠨ ᠨᠠᠢᠳᠠᠭᠰᠠᠨ ᠣᠷᠣᠯᠠᠭᠴᠢ ᠳ᠋ᠤ᠌ ᠲᠤᠰ ᠲᠤᠰ ᠳᠥᠭᠥᠮ ᠦᠵᠡᠭᠦᠯᠪᠡ ᠃ ᠰᠢᠭᠦᠭᠴᠢ 《ᠢᠵᠢᠯ ᠪᠤᠰᠤ ᠠᠯᠬᠤᠮᠲᠦ ᠰᠢᠭᠦᠬᠦ ᠲᠠᠪᠴᠠᠩ 》 ᠳᠡᠭᠡᠷ᠎ᠡ ᠲᠤᠰ ᠬᠡᠷᠡᠭ ᠦ᠋ᠨ ᠰᠢᠭᠦᠬᠦ ᠲᠢᠩᠬᠢᠮ ᠦ᠋ᠨ ᠪᠠᠢᠴᠠᠭᠠᠯᠲᠠ ᠂ ᠢᠵᠢᠯ ᠪᠤᠰᠤ ᠠᠯᠬᠤᠮᠲᠤ ᠭᠡᠷᠡᠴᠢ ᠳᠤᠷᠠᠳᠬᠤ ᠂ ᠲᠤᠯᠭᠠᠨ ᠭᠡᠷᠡᠴᠢᠯᠡᠬᠦ ᠂ ᠰᠢᠭᠦᠬᠦ ᠲᠢᠩᠬᠢᠮ ᠦ᠋ᠨ ᠮᠠᠷᠭᠤᠯᠳᠤᠭᠠᠨ ᠂ ᠬᠠᠮᠤᠭ ᠡᠴᠦᠰ ᠦ᠋ᠨ ᠲᠣᠭᠠᠴᠢᠯᠲᠠ ᠵᠡᠷᠭᠡ ᠱᠠᠲᠤ ᠶ᠋ᠢ ᠪᠡᠶᠡᠯᠡᠭᠦᠯᠪᠡ ᠃ ᠬᠠᠤᠯᠢ ᠶ᠋ᠢᠨ ᠲᠤᠰᠢᠶᠠᠯᠲᠠᠨ ᠂ ᠲᠤᠬᠠᠢ ᠶ᠋ᠢᠨ ᠬᠥᠮᠦᠨ ᠤ《 ᠬᠡᠰᠡᠭ ᠪᠤᠰᠠᠭ 》 ᠴᠠᠭ ᠢ᠋ ᠠᠰᠢᠭᠯᠠᠨ ᠂ ᠢᠵᠢᠯ ᠪᠤᠰᠤ ᠠᠯᠬᠤᠮᠲᠤ ᠲᠢᠩᠬᠢᠮ ᠦ᠋ᠨ ᠰᠢᠭᠦᠯᠲᠡ ᠶ᠋ᠢᠨ ᠲᠠᠪᠴᠠᠩ ᠤ᠋ᠨ ᠪᠦᠬᠦ ᠠᠵᠢᠯᠯᠠᠭ᠎ᠠ ᠶ᠋ᠢ ᠤᠷᠤᠭᠰᠢᠲᠠᠢ ᠪᠡᠶᠡᠯᠡᠭᠦᠯᠪᠡ ᠃

    《 ᠣᠳᠣᠬᠢ ᠰᠢᠭᠦᠬᠦ ᠬᠣᠷᠢᠶᠠᠨ ᠤ᠋ ᠰᠢᠭᠦᠨ ᠲᠠᠰᠤᠯᠬᠤ ᠰᠢᠰᠲ᠋ᠧᠮ ᠡᠢᠮᠦ ᠳᠠᠪᠰᠢᠩᠭᠤᠢ ᠪᠣᠯᠤᠭᠰᠠᠨ ᠢ ᠦᠨᠡᠬᠡᠷ ᠪᠣᠳᠤᠵᠤ ᠣᠯᠤᠭᠰᠠᠨ ᠦᠭᠡᠢ ᠂ ᠲᠣᠭᠲᠠᠭᠰᠠᠨ ᠴᠠᠭ ᠲᠤᠭᠳᠠᠭᠰᠠᠨ ᠭᠠᠵᠠᠷ ᠢᠷᠡᠵᠦ ᠰᠢᠭᠦᠬᠦ ᠬᠣᠷᠢᠶᠠᠨ ᠳ᠋ᠤ᠌ ᠰᠢᠭᠦᠯᠲᠡ ᠬᠢᠬᠦ ᠴᠢᠬᠤᠯᠠ ᠦᠭᠡᠢ ᠂  ᠵᠥᠪᠬᠡᠨ ᠰᠢᠭᠦᠭᠴᠢ ᠲᠣᠭᠲᠠᠭᠰᠠᠨ ᠴᠠᠭ  ᠬᠤᠭᠤᠴᠠᠭᠠᠨ ᠳᠦ᠂ ᠬᠠᠮᠢᠶ᠎ᠠ ᠪᠦᠬᠦᠢ ᠮᠡᠳᠡᠭᠡ ᠵᠠᠩᠭᠢ ᠶ᠋ᠢ ᠬᠦᠰᠦᠨᠦᠭᠲᠦ ᠳᠦ ᠲᠠᠭᠯᠠᠵᠤ ᠲᠤᠰᠢᠶᠠᠪᠠᠯ ᠪᠣᠯᠴᠢᠬᠠᠨ᠎ᠠ ᠃ ᠭᠠᠯᠲᠤ ᠲᠡᠷᠭᠡᠨ ᠳᠡᠭᠡᠷ᠎ᠡ ᠰᠠᠭᠤᠵᠦ ᠪᠠᠢᠭᠰᠠᠨ ᠴᠦ᠍ ᠭᠡᠷ ᠲᠡᠭᠡᠨ ᠪᠠᠢᠭᠰᠠᠨ ᠴᠤ᠌ ᠂ ᠭᠠᠷ ᠤ᠋ᠨ ᠠᠶ᠎ᠠ ᠪᠠᠷ ᠢ᠋ᠶ᠋ᠠᠨ ᠲᠢᠩᠬᠢᠮ ᠦ᠋ᠨ ᠰᠢᠭᠦᠯᠲᠡ ᠶ᠋ᠢᠨ ᠶᠠᠪᠤᠴᠠ ᠶ᠋ᠢ ᠳᠠᠭᠤᠰᠬᠠᠵᠤ ᠴᠢᠳᠠᠨ᠎ᠠ ᠂ ᠦᠨᠡᠨ ᠬᠦ ᠲᠣᠩ ᠳᠥᠭᠥᠮ ᠪᠠᠢᠨ᠎ᠠ ︕ 》ᠬᠡᠷᠡᠭ ᠢ᠋ ᠰᠢᠭᠦᠵᠦ ᠳᠠᠭᠤᠰᠬᠠᠭᠰᠠᠨ ᠤ᠋ ᠳᠠᠷᠠᠭ᠎ᠠ ᠲᠤᠬᠠᠢ ᠶ᠋ᠢᠨ ᠬᠥᠮᠦᠨ ᠨᠢ ᠢᠩᠭᠢᠵᠦ ᠬᠡᠯᠡᠵᠦ ᠪᠠᠢᠨ᠎ᠠ ᠃

    ᠣᠳᠣᠬᠠᠨ ᠳ᠋ᠤ᠌ ᠂ ᠢᠵᠢᠯ ᠪᠤᠰᠤ ᠠᠯᠬᠤᠮᠲᠦ ᠰᠢᠭᠦᠨ ᠳᠠᠰᠤᠯᠬᠤ ᠳ᠋ᠦ᠍ ᠭᠣᠣᠯᠳᠠᠭᠤ ᠪᠣᠳᠠᠲᠤ ᠬᠡᠷᠡᠭ ᠨᠢ ᠲᠣᠳᠣᠷᠬᠠᠢ ᠂  ᠶᠠᠪᠤᠴᠠ ᠨᠢ ᠳᠥᠭᠥᠮ ᠢᠷᠭᠡᠨ ᠦ᠌ ᠬᠡᠷᠡᠭ ᠵᠢᠴᠢ ᠥᠭᠡᠷ᠎ᠡ ᠭᠠᠵᠠᠷ ᠪᠤᠶᠤ ᠭᠠᠳᠠᠭᠠᠳᠤ ᠲᠠᠢ ᠬᠣᠯᠪᠣᠭᠳᠠᠭᠰᠠᠨ ᠢᠷᠭᠡᠨ ᠦ᠌ ᠬᠡᠷᠡᠭ ᠲᠦ᠍ ᠬᠡᠷᠡᠭᠯᠡᠵᠦ ᠂ 《 ᠵᠠᠷᠭᠤ ᠶ᠋ᠢᠨ ᠦᠢᠯᠡᠴᠢᠯᠡᠭᠡ ᠡᠭᠦᠳᠡ ᠪᠡᠨ ᠬᠠᠭᠠᠬᠤ ᠦᠭᠡᠢ ᠂ ᠰᠢᠭᠦᠨ ᠲᠠᠰᠤᠯᠬᠤ ᠠᠵᠢᠯ ᠥᠯᠦ ᠰᠠᠭᠠᠲᠠᠬᠤ ᠦᠭᠡᠢ ᠂ ᠲᠥᠪ ᠭᠣᠣᠯᠴᠢ ᠰᠢᠳᠤᠷᠭᠤ ᠶᠣᠰᠣ ᠵᠣᠭᠰᠣᠰᠢ ᠦᠭᠡᠢ 》 ᠶ᠋ᠢ ᠪᠡᠶᠡᠯᠡᠭᠦᠯᠪᠡ ᠃ ᠳᠠᠷᠠᠭ᠎ᠠ ᠠᠯᠬᠤᠮ ᠳ᠋ᠤ᠌ ᠂ ᠳ᠋ᠦᠩᠱᠧᠩ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠡᠯᠧᠺᠲ᠋ᠷᠣᠨ ᠵᠠᠷᠭᠤ ᠶ᠋ᠢᠨ ᠬᠡᠷᠡᠭᠯᠡᠯᠲᠡ ᠶ᠋ᠢᠨ ᠭᠦᠨᠴᠡ ᠪᠣᠯᠤᠨ ᠥᠷᠭᠡᠴᠡ ᠶ᠋ᠢ ᠦᠷᠭᠦᠯᠵᠢᠯᠡᠨ ᠰᠦᠪᠡᠭᠴᠢᠯᠡᠵᠦ ᠂ 《  ᠢᠵᠢᠯ ᠪᠤᠰᠤ ᠠᠯᠬᠤᠮᠲᠤ ᠰᠢᠭᠦᠨ ᠲᠠᠰᠤᠯᠬᠤ 》 ᠪᠣᠯᠤᠨ 《  ᠴᠢᠬᠤᠯᠠ ᠬᠦᠴᠦᠨ ᠵᠦᠢᠯ ᠦ᠋ᠨ ᠬᠡᠯᠪᠡᠷᠢ ᠪᠡᠷ ᠰᠢᠭᠦᠨ ᠲᠠᠰᠤᠯᠬᠤ 》 ᠶ᠋ᠢ ᠠᠭᠤᠰᠤᠯᠴᠠᠨ ᠬᠡᠷᠡᠭᠯᠡᠬᠦ ᠶ᠋ᠢ ᠲᠠᠰᠤᠷᠠᠯᠲᠠ ᠦᠭᠡᠢ ᠥᠷᠭᠡᠳᠬᠡᠵᠦ ᠂ ᠰᠢᠭᠦᠨ ᠲᠠᠰᠤᠯᠤᠯᠲᠠ ᠶ᠋ᠢᠨ ᠬᠠᠮᠢᠶᠠᠷᠤᠯᠲᠠ ᠶ᠋ᠢᠨ ᠣᠳᠣᠬᠢᠴᠢᠯᠠᠯᠲᠠ ᠶ᠋ᠢ ᠲᠦᠯᠬᠢᠨ ᠠᠬᠢᠭᠤᠯᠵᠤ ᠰᠢᠨ᠎ᠡ ᠦᠷ᠎ᠡ ᠪᠦᠲᠦᠮᠵᠢ ᠣᠯᠬᠤ ᠪᠠᠷ ᠪᠠᠢᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )