10 ᠰᠠᠷ᠎ᠠ ᠶ᠋ᠢᠨ 27 ᠤ᠋ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶᠠᠨ ᠤ᠋ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠤᠯᠤᠰ ᠲᠥᠷᠥ ᠶ᠋ᠢᠨ ᠬᠡᠯᠲᠡᠰ ᠦ᠋ᠨ ᠡᠷᠬᠢᠯᠡᠭᠴᠢ ᠨᠢᠦ ᠬᠠᠢ ᠯᠢᠶᠠᠩ ᠨᠠᠷ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠳ᠋ᠤ᠌ ᠬᠦᠷᠴᠦ ᠭᠣᠣᠯ ᠰᠡᠳᠦᠪᠲᠦ ᠬᠥᠮᠦᠵᠢᠯ ᠪᠠ ᠴᠢᠳᠠᠪᠤᠷᠢᠲᠠᠨ ᠤ᠋ ᠡᠩᠨᠡᠭᠡ ᠶ᠋ᠢᠨ ᠪᠠᠢᠭᠤᠯᠤᠯᠲᠠ ᠶ᠋ᠢᠨ ᠠᠵᠢᠯ ᠢ᠋ ᠪᠠᠢᠴᠠᠭᠠᠨ ᠰᠤᠳᠤᠯᠪᠠ ᠃
ᠰᠠᠭᠤᠳᠠᠯ ᠤ᠋ᠨ ᠬᠤᠷᠠᠯ ᠳᠡᠭᠡᠷ᠎ᠡ ᠂ ᠪᠠᠢᠴᠠᠭᠠᠨ ᠰᠤᠳᠤᠯᠬᠤ ᠳᠤᠭᠤᠢᠯᠠᠩ ᠨᠢ ᠡᠵᠡᠨ ᠬᠣᠷᠣᠭ᠎ᠠ ᠬᠤᠰᠢᠭᠤᠨ ᠤ᠋ ᠰᠢᠭᠦᠬᠦ ᠬᠣᠷᠢᠶᠠᠨ ᠤ᠋ ᠭᠣᠣᠯ ᠰᠡᠳᠦᠪᠲᠦ ᠰᠤᠷᠭᠠᠨ ᠬᠥᠮᠦᠵᠢᠯ ᠢ᠋ ᠥᠷᠨᠢᠭᠦᠯᠦᠭᠰᠡᠨ ᠪᠠᠢᠳᠠᠯ ᠪᠠ ᠴᠢᠳᠠᠪᠤᠷᠢᠲᠠᠨ ᠤ᠋ ᠡᠩᠨᠡᠭᠡ ᠶ᠋ᠢᠨ ᠪᠠᠢᠭᠤᠯᠤᠯᠲᠠ ᠶ᠋ᠢᠨ ᠪᠠᠢᠳᠠᠯ ᠤ᠋ᠨ ᠬᠠᠷᠢᠭᠤ ᠮᠡᠳᠡᠭᠦᠯᠦᠯᠲᠡ ᠶ᠋ᠢ ᠰᠣᠨᠣᠰᠴᠤ ᠂ ᠬᠤᠷᠠᠯ ᠳ᠋ᠤ᠌ ᠣᠷᠣᠯᠴᠠᠭᠰᠠᠨ ᠠᠵᠢᠯᠲᠠᠳ ᠲᠠᠢ ᠲᠤᠷᠰᠢᠯᠭ᠎ᠠ ᠪᠠᠨ ᠳ᠋ᠦᠩᠨᠡᠨ ᠵᠠᠳᠠᠯᠵᠤ ᠂ ᠳᠠᠷᠠᠭᠠᠴᠢ ᠶ᠋ᠢᠨ ᠠᠯᠬᠤᠮ ᠤ᠋ᠨ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠠᠵᠢᠯ ᠢ᠋ ᠥᠷᠨᠢᠭᠦᠯᠬᠦ ᠪᠠ ᠡᠩᠨᠡᠭᠡ ᠶ᠋ᠢᠨ ᠪᠠᠢᠭᠤᠯᠤᠯᠲᠠ ᠶ᠋ᠢᠨ ᠠᠵᠢᠯ ᠳ᠋ᠤ᠌ ᠪᠣᠳᠠᠲᠠᠢ ᠵᠢᠯᠣᠭᠣᠳᠬᠤ ᠰᠠᠨᠠᠯ ᠳᠤᠷᠠᠳᠪᠠ ᠃
ᠪᠠᠢᠴᠠᠭᠠᠨ ᠰᠤᠳᠤᠯᠬᠤ ᠳᠤᠭᠤᠢᠯᠠᠩ ᠨᠢ ᠡᠵᠡᠨ ᠬᠣᠷᠣᠭ᠎ᠠ ᠬᠤᠰᠢᠭᠤᠨ ᠤ᠋ ᠰᠢᠭᠦᠬᠦ ᠬᠣᠷᠢᠶᠠᠨ ᠤ᠋ ᠣᠢᠷ᠎ᠠ ᠶ᠋ᠢᠨ ᠵᠢᠯ ᠡᠴᠡ ᠨᠠᠰᠢᠬᠢ ᠴᠢᠳᠠᠪᠤᠷᠢᠲᠠᠨ ᠤ᠋ ᠡᠩᠨᠡᠭᠡᠨ ᠦ᠌ ᠪᠠᠢᠭᠤᠯᠤᠯᠲᠠ ᠶ᠋ᠢᠨ ᠠᠵᠢᠯ ᠳᠡᠭᠡᠷ᠎ᠡ ᠣᠯᠤᠭᠰᠠᠨ ᠦᠷ᠎ᠡ ᠪᠦᠲᠦᠮᠵᠢ ᠪᠣᠯᠤᠨ ᠬᠣᠶᠠᠳᠤᠭᠠᠷ ᠪᠦᠯᠦᠭ ᠦ᠋ᠨ ᠭᠣᠣᠯ ᠰᠡᠳᠦᠪᠲᠦ ᠬᠥᠮᠦᠵᠢᠯ ᠢ᠋ ᠥᠷᠨᠢᠭᠦᠯᠦᠭᠰᠡᠨ ᠡᠴᠡ ᠨᠠᠰᠢᠬᠢ ᠠᠵᠢᠯ ᠳᠦ ᠭᠦᠢᠴᠡᠳ ᠨᠤᠲᠠᠯᠠᠵᠤ ᠪᠠᠢᠬᠤ ᠪᠡᠨ ᠢᠯᠡᠷᠬᠡᠢᠯᠡᠵᠠᠢ᠃ ᠬᠡᠯᠪᠡᠷᠢ ᠶ᠋ᠢᠨ ᠠᠭᠤᠯᠭ᠎ᠠ ᠶ᠋ᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠶᠢ ᠱᠠᠭᠠᠷᠳᠠᠵᠤ ᠂ ᠭᠣᠣᠯ ᠰᠡᠳᠦᠪᠲᠦ ᠬᠥᠮᠦᠵᠢᠯ ᠢ ᠰᠢᠭᠦᠨ ᠲᠠᠰᠤᠯᠬᠤ ᠭᠦᠢᠴᠡᠳᠬᠡᠬᠦ ᠵᠡᠷᠭᠡ ᠡᠯ᠎ᠡ ᠵᠦᠢᠯ ᠦ᠋ᠨ ᠠᠵᠢᠯ ᠲᠠᠢ ᠤᠶᠠᠯᠳᠤᠭᠤᠯᠤᠨ ᠂ ᠤᠳᠤᠷᠢᠳᠬᠤ ᠪᠠᠭ ᠂ ᠨᠠᠮ ᠤ᠋ᠨ ᠡᠭᠦᠷ ᠦ᠋ᠨ ᠱᠦᠵᠢ ᠡᠴᠡ ᠨᠠᠮ ᠤ᠋ᠨ ᠬᠢᠴᠢᠶᠡᠯ ᠣᠷᠣᠬᠤ ᠠᠵᠢᠯᠯᠠᠭ᠎ᠠ ᠪᠠᠷ ᠳᠠᠮᠵᠢᠭᠤᠯᠤᠨ ᠺᠠᠲᠷ ᠴᠠᠭᠳᠠᠭ᠎ᠠ ᠶ᠋ᠢᠨ ᠣᠷᠣᠯᠴᠠᠬᠤ ᠢᠳᠡᠪᠬᠢᠵᠢᠯ ᠢ᠋ ᠬᠥᠭᠵᠢᠭᠡᠬᠦ ᠬᠡᠷᠡᠭᠲᠡᠢ ᠃ ᠨᠡᠢᠲᠡᠯᠢᠭ ᠲᠤᠷᠰᠢᠯᠭ᠎ᠠ ᠠᠷᠭ᠎ᠠ ᠪᠠᠷᠢᠯ ᠢ ᠢᠳᠡᠪᠬᠢᠲᠡᠢ ᠪᠡᠷ ᠪᠣᠯᠪᠠᠰᠤᠷᠠᠭᠤᠯᠤᠨ ᠂ ᠡᠯ᠎ᠡ ᠱᠠᠲᠤᠨ ᠤ᠋ ᠡᠯ᠎ᠡ ᠲᠥᠷᠥᠯ ᠦ᠋ᠨ ᠴᠢᠳᠠᠪᠤᠷᠢᠲᠠᠨ ᠤ᠋ ᠲᠣᠭ᠎ᠠ ᠪᠠᠷᠢᠮᠲᠠ ᠶ᠋ᠢ ᠴᠠᠭ ᠲᠤᠬᠠᠢ ᠳ᠋ᠤᠨᠢ ᠰᠢᠨᠡᠳᠬᠡᠵᠦ ᠂ ᠦᠢᠯᠡᠴᠢᠯᠡᠭᠡ ᠪᠠᠲᠤᠯᠠᠭ᠎ᠠ ᠶ᠋ᠢᠨ ᠠᠵᠢᠯ ᠢ᠋ ᠰᠠᠢᠲᠤᠷ ᠬᠢᠬᠦ ᠬᠡᠷᠡᠭᠲᠡᠢ ᠃ ᠡᠩᠨᠡᠭᠡᠨ ᠦ᠌ ᠪᠠᠢᠭᠤᠯᠤᠯᠲᠠ ᠶ᠋ᠢ ᠢᠮᠠᠭᠲᠠ ᠳᠣᠪᠣᠢᠮ᠎ᠠ ᠪᠠᠢᠷᠢᠨ ᠳ᠋ᠤ᠌ ᠲᠠᠯᠪᠢᠨ ᠠᠳᠬᠤᠵᠤ ᠂ ᠡᠩᠨᠡᠭᠡᠨ ᠦ᠌ ᠪᠦᠲᠦᠴᠡ ᠶ᠋ᠢ ᠰᠢᠯᠢᠳᠡᠭᠵᠢᠭᠦᠯᠬᠦ ᠶ᠋ᠢ ᠴᠢᠬᠤᠯᠠᠴᠢᠯᠠᠨ ᠂ ᠰᠢᠯᠢᠳᠡᠭ ᠵᠠᠯᠠᠭᠤ ᠺᠠᠲᠷ ᠠᠵᠢᠯᠲᠠᠨ ᠢ᠋ ᠰᠢᠯᠢᠨ ᠰᠣᠩᠭᠣᠬᠤ ᠡᠷᠴᠢᠮ ᠢ᠋ᠶ᠋ᠡᠨ ᠨᠡᠮᠡᠭᠳᠡᠭᠦᠯᠵᠦ ᠂ ᠺᠠᠲᠷ ᠴᠠᠭᠳᠠᠭ᠎ᠠ ᠶ᠋ᠢᠨ ᠲᠤᠬᠠᠢᠯᠠᠭᠰᠠᠨ ᠠᠵᠢᠯ ᠤ᠋ᠨ ᠬᠢᠷᠢ ᠬᠡᠮᠵᠢᠶ᠎ᠡ ᠪᠣᠯᠤᠨ ᠴᠢᠳᠠᠪᠤᠷᠢ ᠶ᠋ᠢ ᠲᠠᠰᠤᠷᠠᠯᠲᠠ ᠦᠭᠡᠢ ᠳᠡᠭᠡᠭᠰᠢᠯᠡᠭᠦᠯᠦᠨ ᠂ ᠡᠩᠨᠡᠭᠡᠨ ᠦ᠌ ᠡᠭᠦᠷᠭᠡᠯᠡᠯ ᠢ᠋ ᠬᠥᠲᠥᠯᠦᠨ ᠳᠠᠭᠠᠭᠤᠯᠬᠤ ᠶ᠋ᠢ ᠬᠢᠬᠦ ᠬᠡᠷᠡᠭᠲᠡᠢ ᠃
ᠳᠠᠷᠠᠭ᠎ᠠ ᠠᠯᠬᠤᠮ ᠳ᠋ᠤ᠌ ᠂ ᠡᠵᠡᠨ ᠬᠣᠷᠣᠭ᠎ᠠ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠲᠤᠰ ᠤᠳᠠᠭᠠᠨ ᠤ᠋ ᠪᠠᠢᠴᠠᠭᠠᠨ ᠰᠤᠳᠤᠯᠤᠯᠲᠠ ᠪᠠᠷ ᠲᠣᠬᠢᠶᠠᠯ ᠪᠣᠯᠭᠠᠨ ᠂ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠠᠵᠢᠯ ᠢ᠋ ᠤᠯᠠᠮ ᠴᠢᠨᠠᠭᠰᠢᠳᠠ ᠲᠦᠯᠬᠢᠨ ᠠᠬᠢᠭᠤᠯᠵᠤ ᠂ ᠦᠷ᠎ᠡ ᠪᠦᠲᠦᠭᠡᠯ ᠢ᠋ᠶ᠋ᠡᠨ ᠬᠤᠪᠢᠷᠠᠭᠤᠯᠬᠤ ᠶ᠋ᠢ ᠠᠬᠢᠭᠤᠯᠵᠤ ᠂ ᠺᠠᠲᠷ ᠴᠠᠭᠳᠠᠭ᠎ᠠ ᠶ᠋ᠢᠨ ᠠᠮᠢᠵᠢᠷᠠᠯ ᠤ᠋ᠨ ᠬᠦᠴᠦᠨ ᠢ᠋ ᠬᠥᠭᠵᠢᠶᠡᠨ ᠂ ᠺᠠᠲᠷ ᠴᠠᠭᠳᠠᠭ᠎ᠠ ᠶ᠋ᠢᠨ ᠳᠠᠯᠳᠠ ᠴᠢᠳᠠᠪᠤᠷᠢ ᠶ᠋ᠢ ᠪᠠᠳᠠᠷᠠᠭᠤᠯᠵᠤ ᠂ ᠪᠦᠬᠦ ᠬᠣᠷᠢᠶᠠᠨ ᠤ᠋ ᠺᠠᠲᠷ ᠴᠠᠭᠳᠠᠭ᠎ᠠ ᠶ᠋ᠢᠨ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠴᠢᠳᠠᠪᠤᠷᠢ ᠶ᠋ᠢ ᠦᠷᠭᠦᠯᠵᠢᠯᠡᠨ ᠳᠡᠭᠡᠭᠰᠢᠯᠡᠭᠦᠯᠵᠦ ᠂ ᠡᠩᠨᠡᠭᠡᠨ ᠦ᠌ ᠪᠠᠢᠭᠤᠯᠤᠯᠲᠠ ᠪᠠ ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶ᠋ᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠰᠢᠭᠦᠬᠦ ᠬᠣᠷᠢᠶᠠᠨ ᠤ᠋ ᠡᠩᠨᠡᠭᠡ ᠶ᠋ᠢᠨ ᠪᠠᠢᠭᠤᠯᠤᠯᠲᠠ ᠶ᠋ᠢᠨ ᠰᠠᠭᠤᠷᠢ ᠶ᠋ᠢ ᠪᠠᠲᠤᠳᠬᠠᠵᠤ ᠂ ᠰᠢᠭᠦᠬᠦ ᠬᠣᠷᠢᠶᠠᠨ ᠤ᠋ ᠬᠠᠲᠠᠭᠤ ᠴᠢᠩᠭ᠎ᠠ ᠲᠡᠮᠦᠷ ᠴᠡᠷᠢᠭ ᠤᠨ ᠡᠩᠨᠡᠭᠡ ᠶᠢ ᠴᠢᠷᠮᠠᠢᠨ ᠳᠠᠪᠲᠠᠨ ᠪᠣᠯᠪᠠᠰᠤᠷᠠᠭᠤᠯᠵᠤ ᠂ ᠰᠢᠨ᠎ᠡ ᠴᠠᠭ ᠦᠶ᠎ᠡ ᠶ᠋ᠢᠨ ᠰᠢᠭᠦᠬᠦ ᠬᠣᠷᠢᠶᠠᠨ ᠤ᠋ ᠡᠯ᠎ᠡ ᠲᠥᠷᠥᠯ ᠦ᠋ᠨ ᠠᠵᠢᠯ ᠤ᠋ᠨ ᠥᠨᠳᠥᠷ ᠴᠢᠨᠠᠷ ᠴᠢᠨᠰᠠᠭ᠎ᠠ ᠲᠠᠢ ᠬᠥᠭᠵᠢᠯᠲᠡ ᠶ᠋ᠢ ᠲᠦᠯᠬᠢᠨ ᠠᠬᠢᠭᠤᠯᠬᠤ ᠬᠡᠷᠡᠭᠲᠠᠢ ᠃
ᠦᠨᠡᠯᠡᠬᠦ 0ᠦᠨᠡᠯᠡᠯᠲᠡ᠎ᠲᠠᠢ