ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠬᠣᠷᠢᠶ᠎ᠠ ᠶ᠋ᠢᠨ ᠳᠠᠷᠤᠭ᠎ᠠ ᠰᠦ ᠯᠢ ᠵᠢᠶᠦ᠋ᠨ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶᠠᠨ ᠳ᠋ᠤ᠌ ᠬᠦᠷᠴᠦ ᠪᠠᠢᠴᠠᠭᠠᠨ ᠰᠤᠳᠤᠯᠵᠤ ᠬᠢᠨᠠᠨ ᠵᠢᠯᠣᠭᠣᠳᠪᠠ
2023.11.06 ᠲᠣᠰ ᠥᠷᠲᠡᠭᠡᠨ᠎ᠦ ᠨᠠᠢᠷᠠᠭᠤᠯᠤᠭᠴᠢ

    10 ᠰᠠᠷ᠎ᠠ ᠶ᠋ᠢᠨ 26 ᠤ᠋ ᠡᠳᠦᠷ ᠂ ᠣᠷᠳᠣᠰ ᠬᠣᠲᠠ ᠶ᠋ᠢᠨ ᠠᠷᠠᠳ ᠤᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠱᠦᠵᠢ ᠂ ᠰᠢᠭᠦᠬᠦ ᠬᠣᠷᠢᠶ᠎ᠠ ᠶ᠋ᠢᠨ ᠬᠣᠷᠢᠶᠠᠨ ᠳᠠᠷᠤᠭ᠎ᠠ ᠰᠦ ᠯᠢ ᠵᠢᠶᠦ᠋ᠨ ᠂ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠰᠢᠭᠦᠬᠦ ᠬᠣᠷᠢᠶ᠎ᠠ ᠶ᠋ᠢᠨ ᠳᠡᠳ᠋ ᠬᠣᠷᠢᠶᠠᠨ ᠳᠠᠷᠤᠭ᠎ᠠ ᠵᠣ᠌ ᠭᠠᠩ ᠨᠠᠷ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠳ᠋ᠤ᠌ ᠬᠦᠷᠴᠦ ᠭᠣᠣᠯ ᠰᠡᠳᠦᠪᠲᠦ ᠰᠤᠷᠭᠠᠨ ᠬᠥᠮᠦᠵᠢᠯ ᠢ᠋ ᠠᠬᠢᠭᠤᠯᠵᠤ ᠪᠠᠢᠭ᠎ᠠ ᠪᠠᠢᠳᠠᠯ ᠵᠢᠴᠢ ᠵᠠᠷᠭᠤ ᠶ᠋ᠢᠨ ᠢᠷᠡᠯᠲᠡ ᠶ᠋ᠢ ᠵᠠᠰᠠᠬᠤ ᠠᠵᠢᠯ ᠤ᠋ᠨ ᠪᠠᠢᠳᠠᠯ ᠢ᠋ ᠪᠠᠢᠴᠠᠭᠠᠨ ᠰᠤᠳᠤᠯᠪᠠ ᠃

 

   

    ᠪᠠᠢᠴᠠᠭᠠᠨ ᠰᠤᠳᠤᠯᠤᠯᠲᠠ ᠶ᠋ᠢᠨ ᠳᠤᠮᠳᠠ ᠂ ᠰᠦ ᠯᠢ ᠵᠢᠶᠦ᠋ᠨ ᠨᠠᠷ ᠪᠣᠳᠠᠲᠤ ᠭᠠᠵᠠᠷ ᠲᠤᠨᠢ 《 ᠨᠢᠭᠡ  ᠥᠷᠳᠡᠭᠡᠴᠢᠯᠡᠭᠰᠡᠨ》 ᠵᠠᠷᠭᠤ ᠶ᠋ᠢᠨ ᠦᠢᠯᠡᠴᠢᠯᠡᠭᠡᠨ ᠦ᠌ ᠲᠥᠪ ᠂ ᠭᠦᠢᠴᠡᠳᠬᠡᠬᠦ ᠵᠢᠯᠣᠭᠣᠳᠬᠤ ᠲᠥᠪ ᠂ ᠠᠷᠠᠳ ᠤ᠋ᠨ ᠲᠥᠯᠥᠭᠡᠯᠡᠭᠴᠢᠳ ᠦ᠋ᠨ ᠶᠡᠬᠡ ᠬᠤᠷᠠᠯ ᠤ᠋ᠨ ᠲᠥᠯᠥᠭᠡᠯᠡᠭᠴᠢ ᠶ᠋ᠢᠨ ᠰᠢᠭᠦᠬᠦ ᠬᠣᠷᠢᠶᠠᠨ ᠳ᠋ᠤ᠌ ᠰᠠᠭᠤᠭ᠎ᠠ 《 ᠰᠡᠳᠬᠢᠯ ᠬᠣᠯᠪᠣᠬᠤ ᠠᠵᠢᠯᠯᠠᠬᠤ ᠲᠠᠰᠤᠭ 》 ᠵᠡᠷᠭᠡ ᠲᠠᠯᠠᠪᠤᠷ ᠢ᠋ ᠪᠠᠢᠴᠠᠭᠠᠨ ᠦᠵᠡᠵᠦ ᠂ ᠳᠠᠩᠰᠠ ᠡᠪᠬᠡᠮᠡᠯ ᠢ᠋ ᠪᠠᠢᠴᠠᠭᠠᠨ ᠦᠵᠡᠬᠦ ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠬᠡᠯᠪᠡᠷᠢ ᠪᠡᠷ ᠳᠠᠮᠵᠢᠨ ᠂ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶᠠᠨ ᠤ᠋ ᠭᠣᠣᠯ ᠰᠡᠳᠦᠪᠲᠦ ᠰᠤᠷᠭᠠᠨ ᠬᠥᠮᠦᠵᠢᠯ ᠢ᠋ ᠥᠷᠨᠢᠭᠦᠯᠦᠭᠰᠡᠨ ᠪᠠᠢᠳᠠᠯ ᠵᠢᠴᠢ ᠵᠥᠷᠢᠴᠡᠯ ᠵᠢᠭᠤᠷᠠᠯᠳᠤᠭᠠᠨ ᠢ᠋ ᠣᠯᠠᠨ ᠡᠰᠢᠵᠢᠭᠦᠯᠦᠨ ᠰᠢᠢᠳᠪᠦᠷᠢᠯᠡᠬᠦ ᠂ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠵᠡᠷᠭᠡ ᠲᠠᠯ᠎ᠠ ᠶ᠋ᠢᠨ ᠠᠵᠢᠯ ᠤ᠋ᠨ ᠪᠠᠢᠳᠠᠯ ᠢ᠋ ᠨᠠᠷᠢᠨ ᠬᠢᠨᠠᠮᠠᠭᠠᠢ ᠣᠢᠯᠠᠭᠠᠪᠠ ᠃

    ᠰᠦ ᠯᠢ ᠵᠢᠶᠦ᠋ᠨ ᠵᠢᠭᠠᠵᠤ ᠭᠠᠷᠭᠠᠭᠰᠠᠨ ᠨᠢ ᠂ ᠬᠣᠶᠠᠳᠤᠭᠠᠷ ᠪᠦᠯᠦᠭ ᠭᠣᠣᠯ ᠰᠡᠳᠦᠪᠲᠦ ᠬᠥᠮᠦᠵᠢᠯ ᠢ᠋ ᠥᠷᠨᠢᠭᠦᠯᠦᠭᠰᠡᠨ ᠡᠴᠡ ᠨᠡᠰᠢ ᠂ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠰᠢ ᠵᠢᠨ ᠫᠢᠩ ᠦ᠋ᠨ ᠬᠠᠤᠯᠢᠵᠢᠯ ᠤ᠋ᠨ ᠦᠵᠡᠯ ᠰᠠᠨᠠᠭ᠎ᠠ ᠶ᠋ᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ ᠂ ᠭᠣᠣᠯ ᠰᠡᠳᠦᠪᠲᠦ ᠬᠥᠮᠦᠵᠢᠯ ᠢ᠋ ᠭᠦᠨᠵᠡᠭᠡᠢ ᠥᠷᠨᠢᠭᠦᠯᠵᠦ ᠂ ᠳᠡᠭᠡᠳᠦ ᠱᠠᠲᠤᠨ ᠤ᠋ ᠲᠣᠬᠢᠷᠠᠭᠤᠯᠤᠯᠲᠠ ᠪᠠᠢᠷᠢᠯᠠᠭᠤᠯᠤᠯᠲᠠ ᠶ᠋ᠢ ᠪᠥᠬᠥ ᠲᠠᠯ᠎ᠠ ᠪᠠᠷ ᠨᠠᠢᠳᠠᠪᠤᠷᠢᠵᠢᠭᠤᠯᠵᠤ ᠂ ᠡᠯ᠎ᠡ ᠵᠦᠢᠯ ᠦ᠋ᠨ ᠠᠵᠢᠯ ᠤ᠋ᠨ ᠰᠠᠭᠤᠷᠢ ᠯᠠᠪᠳᠠᠭᠤᠨ ᠪᠠᠲᠤᠲᠠᠢ ᠪᠣᠯᠵᠤ ᠂ ᠨᠡᠯᠢᠶᠡᠳ ᠰᠠᠢᠨ ᠦᠷ᠎ᠡ ᠪᠦᠲᠦᠮᠵᠢ ᠣᠯᠵᠠᠢ ᠃ ᠤᠯᠤᠰ ᠲᠥᠷᠥ ᠶ᠋ᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ 《 ᠦᠵᠡᠯ ᠰᠠᠨᠠᠭ᠎ᠠ ᠶ᠋ᠢ ᠰᠤᠷᠤᠯᠴᠠᠬᠤ ᠂ ᠨᠠᠮᠴᠢ ᠴᠢᠨᠠᠷ ᠢ᠋ ᠴᠢᠩᠭᠠᠳᠬᠠᠬᠤ ᠂ ᠦᠢᠯᠡᠳᠦᠯᠭᠡ ᠶ᠋ᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠢᠭᠤᠯᠬᠤ 》 ᠶᠡᠷᠦᠩᠬᠡᠢ ᠱᠠᠭᠠᠷᠳᠠᠯᠭ᠎ᠠ ᠶ᠋ᠢ ᠢᠮᠠᠭᠲᠠ ᠭᠣᠣᠯ ᠰᠡᠳᠦᠪᠲᠦ ᠬᠥᠮᠦᠵᠢᠯ ᠦ᠋ᠨ ᠪᠦᠬᠦ ᠶᠠᠪᠤᠴᠠ ᠳ᠋ᠤ᠌ ᠲᠤᠤᠱᠯᠠᠭᠤᠯᠵᠤ ᠂ 《 ᠲᠥᠪ ᠭᠣᠣᠯᠴᠢ ᠬᠢᠭᠡᠳ ᠦᠷ᠎ᠡ ᠪᠦᠲᠦᠮᠵᠢ 》 ᠭᠡᠬᠦ ᠡᠨᠡᠬᠦ ᠭᠣᠣᠯ ᠰᠡᠳᠦᠪ ᠦ᠋ᠨ ᠲᠣᠭᠣᠷᠢᠨ ᠳ᠋ᠤ᠌ ᠂ ᠰᠤᠷᠤᠯᠴᠠᠵᠦ  ᠰᠡᠳᠭᠢᠬᠦ ᠠᠰᠢᠭᠯᠠᠬᠤ ᠶᠢ ᠲᠤᠤᠱᠯᠠᠭᠤᠯᠬᠤ ᠂  ᠮᠡᠳᠡᠭᠡ ᠵᠠᠬᠢᠳᠠᠯ ᠠᠵᠢᠯᠯᠠᠭ᠎ᠠ ᠢᠶᠡᠨ ᠨᠢᠭᠡᠳᠦᠭᠦᠯᠬᠦ ᠶ᠋ᠢ ᠪᠠᠷᠢᠮᠲᠠᠯᠠᠵᠤ ᠂ ᠭᠣᠣᠯ ᠰᠡᠳᠦᠪᠲᠦ ᠬᠥᠮᠦᠵᠢᠯ ᠢ᠋ ᠥᠷᠨᠢᠭᠦᠯᠬᠦ ᠶᠠᠪᠤᠳᠠᠯ ᠢ᠋ 《 ᠭᠤᠷᠪᠠᠨ  ᠬᠡᠰᠡᠭ ᠲᠠᠪᠤᠨ ᠰᠡᠷᠭᠡᠢᠯᠡᠯᠲᠡ ᠶ᠋ᠢᠨ ᠱᠤᠭᠤᠮ 》 ᠤ᠋ᠨ ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠠᠵᠢᠯ ᠤ᠋ᠨ ᠦᠷ᠎ᠡ ᠪᠦᠲᠦᠭᠡᠯ ᠢ᠋ ᠪᠡᠬᠢᠵᠢᠭᠦᠯᠬᠦ ᠂ 《 12345 》 ᠵᠠᠷᠭᠤ ᠶ᠋ᠢᠨ ᠢᠷᠡᠯᠲᠡ ᠶ᠋ᠢᠨ ᠵᠠᠰᠠᠯᠲᠠ ᠶ᠋ᠢᠨ ᠶᠡᠷᠦᠩᠬᠡᠢᠯᠡᠭᠰᠡᠨ ᠦᠢᠯᠡᠴᠢᠯᠡᠭᠡᠨ ᠦ᠌ ᠰᠢᠰᠲ᠋ᠧᠮᠵᠢ ᠶ᠋ᠢ ᠲᠡᠭᠦᠯᠳᠡᠷᠵᠢᠭᠦᠯᠬᠦ ᠂ ᠦᠢᠯᠡᠴᠢᠯᠡᠭᠡᠨ ᠦ᠌ ᠪᠠᠲᠤᠯᠠᠭ᠎ᠠ ᠶ᠋ᠢᠨ  ᠭᠠᠵᠠᠷ ᠤᠨ ᠲᠥᠪ ᠵᠡᠷᠭᠡ ᠶᠢ ᠤᠶᠠᠯᠳᠤᠭᠤᠯᠤᠨ ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶ᠋ᠢ ᠴᠢᠩᠭ᠎ᠠ ᠠᠳᠬᠤᠵᠤ ᠂ ᠡᠯ᠎ᠡ ᠵᠦᠢᠯ ᠦ᠋ᠨ ᠡᠭᠦᠷᠭᠡ ᠪᠡᠨ ᠪᠦᠬᠦ ᠲᠠᠯ᠎ᠠ ᠪᠠᠷ ᠪᠡᠶᠡᠯᠡᠭᠦᠯᠵᠦ ᠂  ᠦᠢᠯᠡᠴᠢᠯᠡᠭᠡᠨ ᠤ ᠭᠠᠵᠠᠷ ᠤᠨ ᠥᠨᠳᠥᠷ ᠶᠠᠰᠤ ᠴᠢᠨᠠᠷ ᠲᠠᠢ ᠬᠥᠭᠵᠢᠯᠲᠡ ᠳ᠋ᠦ᠍ ᠪᠣᠳᠠᠲᠤ ᠦᠷ᠎ᠡ ᠪᠦᠲᠦᠮᠵᠢ ᠣᠯᠬᠤ ᠶ᠋ᠢ ᠠᠬᠢᠭᠤᠯᠵᠤ ᠂ ᠦᠨᠡᠨᠬᠦ ᠠᠳᠬᠤᠵᠤ ᠪᠣᠳᠠᠲᠠᠢ ᠬᠢᠬᠦ ᠬᠠᠷᠢᠭᠤᠴᠠᠯᠭ᠎ᠠ ᠡᠭᠦᠷᠭᠡᠯᠡᠯ ᠂ ᠪᠣᠳᠠᠲᠠᠢ ᠶ᠋ᠢ ᠡᠷᠬᠢᠮᠯᠡᠬᠦ ᠬᠦᠴᠦᠨ ᠲᠡᠭᠦᠯᠳᠡᠷ ᠠᠵᠢᠯ ᠤ᠋ᠨ ᠠᠷᠭ᠎ᠠ ᠬᠡᠮᠵᠢᠶ᠎ᠡ ᠪᠠ ᠣᠯᠠᠨ ᠲᠦᠮᠡᠨ ᠳᠦ ᠬᠠᠨᠤᠮᠵᠢ ᠲᠠᠢ ᠲᠣᠪᠤᠢᠭᠰᠠᠨ ᠠᠵᠢᠯ ᠤ᠋ᠨ ᠠᠮᠵᠢᠯᠲᠠ ᠪᠦᠲᠦᠮᠵᠢ ᠶ᠋ᠢ ᠰᠢᠯᠭᠠᠨ ᠪᠠᠢᠴᠠᠭᠠᠬᠤ ᠲᠤᠰᠭᠠᠢ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠮᠵᠢ ᠬᠡᠷᠡᠭᠲᠡᠢ ᠃

    ᠳᠠᠷᠠᠭ᠎ᠠ ᠠᠯᠬᠤᠮ ᠳ᠋ᠤ᠌ ᠬᠢᠶ᠎ᠡ ᠪᠠᠭᠰᠢ ᠲᠣᠭᠣᠷᠢᠭ ᠤ᠋ᠨ ᠰᠢᠭᠦᠬᠦ ᠬᠣᠷᠢᠶ᠎ᠠ ᠲᠤᠰ ᠤᠳᠠᠭᠠᠨ ᠤ᠋ ᠪᠠᠢᠴᠠᠭᠠᠨ ᠰᠤᠳᠤᠯᠵᠤ ᠬᠢᠨᠠᠨ ᠵᠢᠯᠣᠭᠣᠳᠬᠤ ᠪᠠᠷ ᠲᠣᠬᠢᠶᠠᠯ ᠪᠣᠯᠭᠠᠨ ᠂ ᠳᠡᠭᠡᠳᠦ ᠱᠠᠲᠤᠨ ᠤ᠋ ᠰᠢᠭᠦᠬᠦ ᠬᠣᠷᠢᠶᠠᠨ ᠤ᠋ ᠬᠠᠮᠢᠶ᠎ᠠ ᠪᠥᠬᠥᠢ ᠵᠢᠯᠣᠭᠣᠳᠬᠤ ᠰᠠᠨᠠᠯ ᠢ᠋ ᠨᠠᠷᠢᠨ ᠬᠢᠨᠠᠮᠠᠭᠠᠢ ᠲᠤᠤᠱᠯᠠᠭᠤᠯᠤᠨ ᠨᠠᠢᠳᠠᠪᠤᠷᠢᠵᠢᠭᠤᠯᠵᠤ ᠂ ᠰᠠᠨᠠᠭᠠᠴᠢᠯᠠᠭ᠎ᠠ ᠠ᠋ᠴᠠ ᠪᠠᠨ ᠠᠷᠭ᠎ᠠ ᠤᠬᠠᠭᠠᠨ ᠰᠦᠪᠡᠭᠴᠢᠯᠡᠵᠦ ᠂ ᠨᠠᠷᠢᠨ ᠨᠢᠮᠪᠠᠢ ᠵᠣᠬᠢᠶᠠᠨ ᠪᠠᠢᠭᠤᠯᠵᠤ ᠂ ᠯᠠᠪᠳᠠᠭᠤᠨ ᠪᠠᠲᠤᠲᠠᠢ ᠪᠠᠷ ᠲᠦᠯᠬᠢᠨ ᠠᠬᠢᠭᠤᠯᠵᠤ ᠂ ᠭᠣᠣᠯ ᠰᠡᠳᠦᠪᠲᠦ ᠰᠤᠷᠭᠠᠨ ᠬᠥᠮᠦᠵᠢᠯ ᠦ᠋ᠨ ᠡᠯ᠎ᠡ ᠵᠦᠢᠯ ᠦ᠋ᠨ ᠡᠭᠦᠷᠭᠡ ᠶ᠋ᠢ ᠨᠠᠢᠳᠠᠪᠤᠷᠢᠵᠢᠭᠤᠯᠬᠤ ᠨᠠᠷᠢᠨ ᠪᠠᠢᠳᠠᠯ ᠢ᠋ ᠦᠨᠡᠨ ᠬᠦ᠌ ᠪᠠᠲᠤᠯᠠᠵᠤ ᠂ ᠭᠣᠣᠯ ᠰᠡᠳᠦᠪᠲᠦ ᠬᠥᠮᠦᠵᠢᠯ ᠦ᠋ᠨ ᠦᠷ᠎ᠡ ᠪᠦᠲᠦᠭᠡᠯ ᠪᠡᠷ ᠡᠭᠦᠷᠭᠡ ᠲᠤᠰᠢᠶᠠᠯ ᠢ᠋ᠶ᠋ᠠᠨ ᠭᠦᠢᠴᠡᠳᠬᠡᠬᠦ ᠴᠢᠳᠠᠪᠤᠷᠢ ᠶ᠋ᠢ ᠳᠡᠭᠡᠭᠰᠢᠯᠡᠭᠦᠯᠬᠦ ᠂ ᠰᠢᠭᠦᠨ ᠲᠠᠰᠤᠯᠤᠯᠲᠠ ᠶ᠋ᠢᠨ ᠴᠢᠨᠠᠷ ᠦᠷ᠎ᠡ ᠪᠦᠲᠦᠮᠵᠢ ᠶ᠋ᠢ ᠳᠡᠭᠡᠭᠰᠢᠯᠡᠭᠦᠯᠬᠦ ᠂ ᠦᠨᠳᠦᠰᠦᠨ ᠱᠠᠲᠤᠨ ᠤ᠋ ᠵᠠᠰᠠᠯᠲᠠ ᠶ᠋ᠢ ᠠᠬᠢᠭᠤᠯᠬᠤ ᠪᠦᠲᠦᠮᠵᠢᠲᠡᠢ ᠠᠷᠭ᠎ᠠ ᠮᠠᠶᠢᠭ ᠪᠣᠯᠭᠠᠨ ᠬᠤᠪᠢᠷᠠᠭᠤᠯᠵᠤ ᠂ 《 ᠲᠥᠪ ᠭᠣᠣᠯᠴᠢ ᠬᠢᠭᠡᠳ ᠦᠷ᠎ᠡ ᠪᠦᠲᠦᠮᠵᠢ 》 ᠳᠦ ᠨᠢᠭᠡᠳᠦᠯᠲᠡᠢ ᠬᠠᠷᠢᠭᠤᠯᠲᠠ ᠥᠭᠴᠦ ᠂ ᠰᠢᠭᠦᠨ ᠭᠦᠢᠴᠡᠳᠬᠡᠬᠦ ᠠᠵᠢᠯ ᠠᠷᠠᠳ ᠲᠦᠮᠡᠨ ᠦ᠌ ᠰᠡᠳᠬᠢᠯ ᠬᠠᠨᠤᠮᠵᠢᠲᠠᠢ ᠪᠠᠢᠬᠤ ᠴᠠᠭ ᠦᠶ᠎ᠡ ᠶ᠋ᠢᠨ ᠬᠠᠷᠢᠭᠤᠯᠲᠠ ᠶ᠋ᠢᠨ ᠬᠠᠭᠤᠳᠠᠰᠤ ᠪᠣᠯᠭᠠᠨ ᠥᠭᠬᠦ ᠬᠡᠷᠡᠭᠲᠡᠢ ᠭᠡᠵᠡᠢ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )