【ᠠᠵᠢᠯ ᠤ᠋ᠨ ᠪᠠᠢᠳᠠᠯ】ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠡᠷᠡᠭᠦᠦ ᠶ᠋ᠢᠨ ᠬᠡᠷᠡᠭ ᠤ᠋ᠨ ᠰᠢᠭᠦᠨ ᠲᠠᠰᠤᠯᠤᠯᠲᠠ ᠶ᠋ᠢᠨ ᠪᠠᠢᠴᠠᠭᠠᠨ ᠰᠤᠳᠤᠯᠬᠤ ᠳᠤᠭᠤᠢᠯᠠᠩ ᠣᠲᠣᠭ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠳ᠋ᠤ᠌ ᠬᠦᠷᠴᠦ ᠡᠷᠡᠭᠦᠦ ᠶ᠋ᠢᠨ ᠬᠡᠷᠡᠭ ᠤ᠋ᠨ ᠰᠢᠭᠦᠨ ᠲᠠᠰᠤᠯᠬᠤ ᠠᠵᠢᠯ ᠢ᠋ ᠪᠠᠢᠴᠠᠭᠠᠨ ᠰᠤᠳ
2023.11.07 ᠲᠣᠰ ᠥᠷᠲᠡᠭᠡᠨ᠎ᠦ ᠨᠠᠢᠷᠠᠭᠤᠯᠤᠭᠴᠢ

    10 ᠳ᠋ᠤᠭᠠᠷ ᠰᠠᠷ᠎ᠠ ᠶ᠋ᠢᠨ 25 ᠤ᠋ ᠡᠳᠦᠷ ᠂ ᠣᠷᠳᠣᠰ ᠬᠣᠲᠠ ᠶ᠋ᠢᠨ ᠠᠷᠠᠳ ᠤ᠋ᠨ ᠳᠤᠮᠳᠠ ᠵᠡᠷᠭᠡ ᠶ᠋ᠢᠨ ᠰᠢᠭᠦᠬᠦ ᠬᠣᠷᠢᠶ᠎ᠠ ᠶ᠋ᠢᠨ ᠨᠠᠮ ᠤ᠋ᠨ ᠤᠳᠤᠷᠢᠳᠬᠤ ᠳᠤᠭᠤᠢᠯᠠᠩ ᠤ᠋ᠨ ᠪᠦᠷᠢᠯᠳᠦᠬᠦᠨ ᠂ ᠳᠡᠳ᠋ ᠳᠠᠷᠤᠭ᠎ᠠ ᠴᠢᠶᠠᠨ ᠣᠶᠤᠨ ᠂ ᠰᠢᠭᠦᠨ ᠲᠠᠰᠤᠯᠬᠤ ᠵᠥᠪᠯᠡᠯ ᠤ᠋ᠨ ᠲᠤᠰᠬᠠᠢ ᠲᠤᠰᠢᠶᠠᠯᠲᠤ ᠭᠡᠰᠢᠭᠦᠨ ᠶᠠᠩ ᠴᠦᠨ ᠶᠠᠨ ᠬᠠᠮᠲᠤᠪᠠᠷ ᠣᠲᠣᠭ ᠬᠤᠰᠢᠭᠤᠨ ᠤ᠋ ᠰᠢᠭᠦᠬᠦ ᠬᠣᠷᠢᠶ᠎ᠠ ᠳ᠋ᠤ᠌ ᠬᠦᠷᠴᠦ ᠡᠷᠡᠭᠦᠦ ᠶ᠋ᠢᠨ ᠬᠡᠷᠡᠭ ᠤ᠋ᠨ ᠰᠢᠭᠦᠨ ᠲᠠᠰᠤᠯᠬᠤ ᠠᠵᠢᠯ ᠢ᠋ ᠪᠠᠢᠴᠠᠭᠠᠨ ᠰᠤᠳᠤᠯᠵᠤ ᠵᠢᠯᠣᠭᠣᠳᠪᠠ ᠃

 

   

    ᠶᠠᠷᠢᠯᠴᠠᠬᠤ ᠬᠤᠷᠠᠯ ᠳᠡᠭᠡᠷ᠎ᠡ ᠂ ᠣᠲᠣᠭ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶᠠᠨ ᠤ᠋ ᠨᠠᠮ ᠤ᠋ᠨ ᠳᠤᠭᠤᠢᠯᠠᠩ ᠤ᠋ᠨ ᠳᠡᠳ᠋ ᠱᠦᠵᠢ ᠂ ᠳᠡᠳ᠋ ᠳᠠᠷᠤᠭ᠎ᠠ ᠬᠠᠰᠪᠠᠶᠠᠷ ᠡᠷᠡᠭᠦᠦ ᠶ᠋ᠢᠨ ᠬᠡᠷᠡᠭ ᠤ᠋ᠨ ᠰᠢᠭᠦᠨ ᠲᠠᠰᠤᠯᠤᠯᠲᠠ ᠶ᠋ᠢᠨ ᠠᠵᠢᠯ ᠢ᠋ ᠥᠷᠨᠢᠭᠦᠯᠦᠭᠰᠡᠨ ᠪᠠᠢᠳᠠᠯ ᠵᠢᠴᠢ ᠣᠷᠣᠰᠢᠵᠤ ᠪᠠᠢᠭ᠎ᠠ ᠠᠰᠠᠭᠤᠳᠠᠯ ᠤ᠋ᠨ ᠲᠤᠬᠠᠢ ᠲᠣᠪᠴᠢ ᠬᠠᠷᠢᠭᠤ ᠮᠡᠳᠡᠭᠦᠯᠦᠯᠲᠡ ᠬᠢᠵᠦ ᠂ ᠪᠠᠢᠴᠠᠭᠠᠨ ᠰᠤᠳᠤᠯᠬᠤ ᠳᠤᠭᠤᠢᠯᠠᠩ ᠠ᠋ᠴᠠ ᠣᠲᠣᠭ ᠬᠤᠰᠢᠭᠤᠨ ᠤ᠋ ᠰᠢᠭᠦᠬᠦ ᠬᠣᠷᠢᠶᠠᠨ ᠤ᠋ ᠡᠷᠡᠭᠦᠦ ᠶ᠋ᠢᠨ ᠬᠡᠷᠡᠭ ᠤ᠋ᠨ ᠰᠢᠭᠦᠨ ᠲᠠᠰᠤᠯᠤᠯᠲᠠ ᠶ᠋ᠢᠨ ᠠᠵᠢᠯ ᠢ᠋ ᠨᠤᠲᠠᠯᠠᠵᠤ ᠂ ᠭᠤᠷᠪᠠᠨ ᠱᠠᠭᠠᠷᠳᠠᠯᠭ᠎ᠠ ᠳᠤᠷᠠᠳᠪᠠ ᠃

    ᠨᠢᠭᠡ ᠳ᠋ᠦ᠍ ᠬᠠᠤᠯᠢ ᠴᠠᠭᠠᠵᠠ ᠶ᠋ᠢᠨ ᠤᠯᠠᠭᠠᠨ ᠱᠤᠭᠤᠮ ᠢ᠋ ᠴᠢᠩᠭ᠎ᠠ ᠰᠠᠬᠢᠵᠤ ᠂ ᠬᠠᠤᠯᠢ ᠲᠣᠭᠲᠠᠭᠠᠯ ᠶᠣᠰᠣᠭᠠᠷ ᠡᠷᠡᠭᠦᠦ ᠶ᠋ᠢᠨ ᠬᠡᠷᠡᠭ ᠢ᠋ ᠰᠢᠢᠳᠪᠦᠷᠢᠯᠡᠬᠦ ᠬᠡᠷᠡᠭᠲᠡᠢ ᠃ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠪᠠᠷ ᠵᠢᠯᠣᠭᠣᠳᠤᠯᠭ᠎ᠠ ᠪᠣᠯᠭᠠᠨ ᠂ ᠬᠠᠤᠯᠢ ᠴᠠᠭᠠᠵᠠ ᠶ᠋ᠢᠨ ᠬᠠᠷᠢᠭᠤᠴᠠᠯᠭ᠎ᠠ ᠶ᠋ᠢᠨ ᠳᠦᠷᠢᠮ ᠢ᠋ ᠴᠢᠩᠭ᠎ᠠ ᠨᠠᠢᠳᠠᠪᠤᠷᠢᠵᠢᠭᠤᠯᠵᠤ ᠂ ᠬᠡᠷᠡᠭ ᠤ᠋ᠨ ᠪᠣᠳᠠᠲᠤ ᠶᠠᠪᠤᠳᠠᠯ ᠤ᠋ᠨ ᠦᠵᠡᠯᠲᠡ ᠂ ᠭᠡᠷᠡᠴᠢ ᠪᠠᠷᠢᠮᠲᠠ ᠶ᠋ᠢᠨ ᠪᠣᠭᠣᠮᠲᠠ ᠂ ᠳᠡᠰ ᠳᠠᠷᠠᠭᠠᠯᠠᠯ ᠤ᠋ᠨ ᠪᠣᠭᠣᠮᠲᠠ ᠪᠠ ᠬᠠᠤᠯᠢ ᠴᠠᠭᠠᠵᠠ ᠶ᠋ᠢᠨ ᠬᠡᠷᠡᠭᠯᠡᠭᠡᠨ ᠦ᠌ ᠪᠣᠭᠣᠮᠲᠠ ᠶ᠋ᠢ ᠰᠠᠢᠲᠤᠷ ᠠᠳᠬᠤᠵᠤ ᠂ ᠡᠷᠡᠭᠦᠦ ᠶ᠋ᠢᠨ ᠬᠡᠷᠡᠭ ᠨᠢᠭᠡᠪᠦᠷᠢ ᠶ᠋ᠢ 《 ᠲᠡᠮᠦᠷ ᠬᠡᠷᠡᠭ 》 ᠪᠣᠯᠭᠠᠨ ᠰᠢᠢᠳᠪᠦᠷᠢᠯᠡᠬᠦ ᠪᠡᠷ ᠴᠢᠷᠮᠠᠢᠬᠤ ᠬᠡᠷᠡᠭᠲᠡᠢ ᠃

    ᠬᠣᠶᠠᠷ ᠲᠤ᠌ ᠬᠡᠷᠡᠭ ᠰᠢᠢᠳᠪᠦᠷᠢᠯᠡᠭᠰᠡᠨ ᠲᠤᠷᠰᠢᠯᠭ᠎ᠠ ᠪᠠᠨ ᠳ᠋ᠦᠩᠨᠡᠵᠦ ᠂ ᠰᠢᠭᠦᠨ ᠲᠠᠰᠤᠯᠬᠤ ᠡᠭᠦᠷᠭᠡ ᠴᠢᠳᠠᠪᠤᠷᠢ ᠶ᠋ᠢᠨ ᠦᠢᠯᠡᠳᠦᠯ ᠢ᠋ ᠭᠦᠢᠴᠡᠳ ᠪᠠᠳᠠᠷᠠᠭᠤᠯᠬᠤ ᠬᠡᠷᠡᠭᠲᠡᠢ ᠃ ᠰᠢᠭᠦᠨ ᠲᠠᠰᠤᠯᠬᠤ ᠡᠭᠦᠷᠭᠡ ᠴᠢᠳᠠᠪᠤᠷᠢ ᠶ᠋ᠢᠨ ᠤᠷᠲᠤᠳᠬᠠᠯ ᠢ᠋ ᠦᠷᠭᠦᠯᠵᠢᠯᠡᠨ ᠰᠠᠢᠲᠤᠷ ᠬᠢᠵᠦ ᠂ ᠬᠡᠷᠡᠭ ᠢ᠋ ᠰᠢᠢᠳᠪᠦᠷᠢᠯᠡᠬᠦ ᠪᠡᠷ ᠳᠠᠮᠵᠢᠨ ᠨᠡᠢᠭᠡᠮ ᠤ᠋ᠨ ᠪᠠᠢᠳᠠᠯ ᠢ᠋ ᠣᠢᠯᠠᠭᠠᠵᠤ ᠂ ᠨᠡᠢᠲᠡᠯᠢᠭ ᠬᠡᠷᠡᠭ ᠢ᠋ ᠨᠡᠢᠲᠡᠯᠡᠬᠦ ᠪᠠ ᠰᠢᠭᠦᠨ ᠲᠠᠰᠤᠯᠬᠤ ᠲᠤᠷᠰᠢᠯᠭ᠎ᠠ ᠶ᠋ᠢ ᠳᠡᠯᠭᠡᠷᠡᠭᠦᠯᠬᠦ ᠶ᠋ᠢ ᠤᠯᠠᠮ ᠨᠢᠭᠡ ᠠᠯᠬᠤᠮ ᠴᠢᠩᠭᠠᠳᠬᠠᠵᠤ ᠂ ᠨᠡᠢᠲᠡᠯᠢᠭ ᠬᠡᠷᠡᠭ ᠢ᠋ ᠬᠣᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠦ᠍ ᠲᠠᠨᠢᠯᠴᠠᠭᠤᠯᠤᠨ ᠬᠦᠷᠭᠡᠵᠦ ᠂ ᠨᠢᠭᠡ ᠬᠡᠷᠡᠭ ᠢ᠋ ᠰᠢᠭᠦᠨ ᠰᠢᠢᠳᠪᠦᠷᠢᠯᠡᠬᠦ ᠂ ᠨᠢᠭᠡ ᠬᠡᠰᠡᠭ ᠢ᠋ ᠵᠠᠰᠠᠬᠤ ᠦᠷ᠎ᠡ ᠳ᠋ᠦᠩ ᠳ᠋ᠦ᠍ ᠬᠦᠷᠭᠡᠬᠦ ᠬᠡᠷᠡᠭᠲᠡᠢ ᠃

    ᠭᠤᠷᠪᠠ ᠳ᠋ᠤ᠌ ᠥᠪᠡᠷ ᠪᠡᠶ᠎ᠡ ᠶ᠋ᠢᠨ ᠪᠠᠢᠭᠤᠯᠤᠯᠲᠠ ᠪᠠᠨ ᠴᠢᠩᠭᠠᠷᠠᠭᠤᠯᠤᠨ ᠂ ᠬᠡᠷᠡᠭ ᠰᠢᠢᠳᠪᠦᠷᠢᠯᠡᠬᠦ ᠴᠢᠳᠠᠪᠤᠷᠢ ᠵᠢᠴᠢ ᠬᠡᠪ ᠴᠢᠨᠠᠷ ᠤ᠋ᠨ ᠬᠢᠷᠢ ᠬᠡᠮᠵᠢᠶ᠎ᠡ ᠪᠡᠨ ᠳᠡᠭᠡᠭᠰᠢᠯᠡᠭᠦᠯᠬᠦ ᠬᠡᠷᠡᠭᠲᠡᠢ ᠃ ᠡᠷᠡᠭᠦᠦ ᠶ᠋ᠢᠨ ᠬᠡᠷᠡᠭ ᠤ᠋ᠨ ᠬᠠᠤᠯᠢ ᠶ᠋ᠢᠨ ᠲᠤᠰᠢᠶᠠᠯᠲᠠᠨ ᠤ᠋ ᠭᠡᠷᠡᠴᠢ ᠪᠠᠷᠢᠮᠲᠠ ᠶ᠋ᠢ ᠬᠢᠨᠠᠨ ᠪᠠᠢᠴᠠᠭᠠᠬᠤ ᠂ ᠬᠠᠤᠯᠢ ᠴᠠᠭᠠᠵᠠ ᠶ᠋ᠢ ᠬᠡᠷᠡᠭᠯᠡᠬᠦ ᠂ ᠲᠠᠰᠤᠯᠤᠨ ᠲᠣᠭᠲᠠᠭᠠᠯᠲᠠ ᠶ᠋ᠢᠨ ᠪᠢᠴᠢᠭ ᠬᠠᠷ᠎ᠠ ᠶ᠋ᠢ ᠦᠢᠯᠡᠳᠬᠦ ᠂ ᠲᠢᠩᠬᠢᠮ ᠤ᠋ᠨ ᠰᠢᠭᠦᠯᠲᠡ ᠶ᠋ᠢ ᠡᠷᠬᠡᠰᠢᠶᠡᠬᠦ ᠵᠡᠷᠭᠡ ᠲᠠᠯ᠎ᠠ ᠶ᠋ᠢᠨ ᠴᠢᠳᠠᠪᠤᠷᠢ ᠪᠣᠯᠤᠨ ᠬᠢᠷᠢ ᠬᠡᠮᠵᠢᠶ᠎ᠡ ᠪᠡᠨ ᠳᠡᠭᠡᠭᠰᠢᠯᠡᠭᠦᠯᠵᠦ ᠂ ᠲᠥᠪ ᠭᠣᠣᠯᠴᠢ ᠳᠦᠷᠢ ᠲᠦᠷᠬᠦ ᠂ ᠴᠠᠭᠠᠷᠠᠭᠰᠠᠨ ᠴᠢᠳᠠᠪᠤᠷᠢ ᠂ ᠰᠢᠯᠢᠳᠡᠭ ᠰᠠᠢᠨ ᠬᠡᠪ ᠰᠤᠷᠲᠠᠯ ᠢ᠋ᠶ᠋ᠠᠷ ᠬᠠᠤᠯᠢ ᠴᠠᠭᠠᠵᠠ ᠶ᠋ᠢᠨ ᠣᠯᠠᠨ ᠨᠡᠢᠲᠡ ᠶ᠋ᠢᠨ ᠢᠲᠡᠭᠡᠮᠵᠢ ᠶ᠋ᠢᠨ ᠬᠦᠴᠦᠨ ᠢ᠋ ᠳᠡᠭᠡᠭᠰᠢᠯᠡᠭᠦᠯᠬᠦ  ᠬᠡᠷᠡᠭᠲᠡᠢ ᠃

    ᠳᠠᠷᠠᠭᠠᠴᠢ ᠢ᠋ᠢᠨ ᠠᠯᠬᠤᠮ ᠳ᠋ᠤ ᠂ ᠣᠲᠣᠭ ᠬᠤᠰᠢᠭᠤᠨ ᠤ᠋ ᠠᠷᠠᠳ ᠤ᠋ᠨ ᠰᠢᠭᠦᠬᠦ ᠬᠣᠷᠢᠶ᠎ᠠ ᠤᠯᠤᠰ ᠲᠥᠷᠥ ᠶ᠋ᠢᠨ ᠵᠣᠭᠰᠣᠴᠠ ᠪᠠᠨ ᠳᠡᠭᠡᠭᠰᠢᠯᠡᠭᠦᠯᠦᠨ ᠂ ᠬᠣᠷᠢᠭ᠎ᠠ ᠱᠤᠭᠤᠮ ᠤ᠋ᠨ ᠰᠡᠳᠬᠢᠬᠦᠢ ᠪᠡᠨ ᠪᠠᠲᠤᠳᠬᠠᠵᠤ ᠂ ᠲᠦᠭᠰᠢᠭᠦᠷᠢ ᠶ᠋ᠢᠨ ᠤᠬᠠᠮᠰᠠᠷ ᠢ᠋ᠶ᠋ᠠᠨ ᠴᠢᠩᠭᠠᠳᠬᠠᠨ ᠂ ᠠᠰᠠᠭᠤᠳᠠᠯ ᠢ᠋ᠶ᠋ᠠᠷ ᠤᠳᠤᠷᠢᠳᠤᠮᠵᠢ ᠪᠣᠯᠭᠠᠬᠤ ᠶ᠋ᠢ ᠪᠠᠷᠢᠮᠲᠠᠯᠠᠵᠤ ᠂ ᠤᠯᠤᠰ ᠣᠷᠣᠨ ᠤ᠋ ᠠᠮᠤᠷ ᠲᠦᠪᠰᠢᠨ ᠂ ᠨᠡᠢᠭᠡᠮ ᠤ᠋ᠨ ᠠᠮᠤᠷ ᠲᠦᠪᠰᠢᠨ ᠂ ᠠᠷᠠᠳ ᠲᠦᠮᠡᠨ ᠦ᠌ ᠠᠮᠤᠷ ᠲᠣᠭᠲᠠᠭᠤᠨ ᠢ᠋ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠨ ᠂ ᠡᠷᠡᠭᠦᠦ ᠶ᠋ᠢᠨ ᠬᠡᠷᠡᠭ ᠤ᠋ᠨ ᠰᠢᠭᠦᠨ ᠲᠠᠰᠤᠯᠤᠯᠲᠠ ᠶ᠋ᠢᠨ ᠠᠵᠢᠯ ᠢ᠋ ᠰᠢᠨ᠎ᠡ ᠳᠡᠭᠲᠡᠷ ᠲᠦ᠍ ᠭᠠᠷᠭᠠᠬᠤ ᠶ᠋ᠢ ᠠᠬᠢᠭᠤᠯᠤᠨ᠎ᠠ ᠃

ᠦᠨᠡᠯᠡᠬᠦ 0ᠦᠨᠡᠯᠡᠯᠲᠡ᠎ᠲᠠᠢ


( ᠨᠧᠲ ᠨᠠᠢᠵᠠ ᠵᠢᠨ ᠦᠨᠡᠯᠡᠯᠲᠡ᠎ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠱᠢᠶᠡᠷᠡᠭᠰᠡᠨ ᠶᠠᠪᠤᠳᠠᠯ ᠤᠭᠳᠤ ᠪᠢᠱᠢ᠎ᠶᠤᠮ᠃ )