《 ᠳ᠋ᠢ ᠂ ᠳ᠋ᠢ ᠂ ᠳ᠋ᠢ ᠁ 》 ᠦᠦᠷ ᠤ᠋ᠨ ᠨᠢᠭᠡ ᠴᠠᠭ ᠤ᠋ᠨ ᠠᠵᠢᠯ ᠤ᠋ᠨ ᠬᠣᠯᠪᠤᠭᠠᠨ ᠳ᠋ᠤ ᠂ ᠭᠦᠢᠴᠡᠳᠬᠡᠬᠦ ᠴᠠᠭᠳᠠᠭ᠎ᠠ ᠶ᠋ᠢᠨ ᠬᠥᠮᠦᠨ ᠦ᠌ ᠰᠡᠳᠬᠢᠯ ᠢ᠋ ᠳᠣᠭᠳᠣᠯᠤᠭᠤᠯᠤᠮ᠎ᠠ ᠰᠠᠢᠨ ᠴᠢᠮᠡᠭᠡ ᠤᠯᠠᠮᠵᠢᠯᠠᠭᠳᠠᠨ ᠰᠣᠨᠤᠰᠳᠠᠨ᠎ᠠ ᠃ 《 ᠳᠥᠷᠪᠡᠨ ᠢᠵᠢ ᠭᠡᠷ ᠬᠥᠷᠥᠩᠭᠡ ᠶ᠋ᠢ ᠪᠦᠬᠦᠨ ᠢ᠋ ᠰᠤᠯᠠᠯᠠᠵᠤ ᠳᠠᠭᠤᠰᠬᠠᠪᠠ ᠂ ᠲᠤᠬᠠᠢ ᠶ᠋ᠢᠨ ᠭᠠᠵᠠᠷ ᠨᠢ ᠲᠣᠭᠲᠠᠭᠤᠨ ᠡᠮᠬᠢ ᠵᠢᠷᠤᠮ ᠲᠠᠢ ᠂ ᠰᠠᠨᠠᠭᠠᠨ ᠳ᠋ᠤ᠌ ᠦᠭᠡᠢ ᠪᠠᠢᠳᠠᠯ ᠭᠠᠷᠤᠭᠰᠠᠨ ᠦᠭᠡᠢ ᠃ 》
ᠭᠡᠷ ᠰᠤᠯᠠᠯᠠᠬᠤ ᠳ᠋ᠤ᠌ ᠬᠦᠴᠢᠷ ᠡᠨᠡ ᠬᠦ᠌ 《 ᠬᠠᠲᠠᠭᠤ ᠶᠠᠰᠤ 》 ᠶ᠋ᠢᠨ ᠡᠮᠦᠨ᠎ᠡ ᠂ ᠳ᠋ᠦᠩᠱᠧᠩ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠲᠠᠢ ᠨᠡᠢᠭᠡᠮ ᠵᠢᠷᠤᠮ ᠤ᠋ᠨ ᠦᠵᠡᠯ ᠰᠠᠨᠠᠭᠠᠨ ᠤ᠋ ᠭᠣᠣᠯ ᠰᠡᠳᠦᠪᠲᠦ ᠬᠥᠮᠦᠵᠢᠯ ᠢ᠋ ᠥᠷᠨᠢᠭᠦᠯᠬᠦ ᠪᠡᠷ ᠲᠣᠬᠢᠶᠠᠯ ᠪᠣᠯᠭᠠᠨ ᠂ 《 ᠦᠵᠡᠯ ᠰᠠᠨᠠᠭ᠎ᠠ ᠶ᠋ᠢ ᠰᠤᠷᠤᠯᠴᠠᠬᠤ ᠂ ᠨᠠᠮᠴᠢ ᠴᠢᠨᠠᠷ ᠢ᠋ ᠴᠢᠩᠭᠠᠳᠬᠠᠬᠤ ᠂ ᠦᠢᠯᠡᠳᠦᠯᠭᠡ ᠶ᠋ᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠢᠭᠤᠯᠬᠤ 》 ᠶᠡᠷᠦᠩᠬᠡᠢ ᠱᠠᠭᠠᠷᠳᠠᠯᠭ᠎ᠠ ᠶ᠋ᠢ ᠪᠠᠲᠤ ᠡᠵᠡᠮᠳᠡᠵᠦ ᠂ 《 ᠳ᠋ᠦᠩᠱᠧᠩ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠯᠠᠢᠮᠤᠤᠷᠴᠢ ᠶ᠋ᠢ ᠠᠩᠨᠠᠬᠤ 》 ᠲᠤᠰᠬᠠᠢ ᠪᠣᠭᠣᠮᠲᠠ ᠰᠢᠪᠲᠤᠯᠬᠤ ᠠᠵᠢᠯᠯᠠᠭ᠎ᠠ ᠶ᠋ᠢ ᠥᠷᠨᠢᠭᠦᠯᠬᠦ ᠪᠡᠷ ᠭᠠᠷᠳᠠᠴᠠ ᠪᠣᠯᠭᠠᠵᠤ ᠂ ᠭᠦᠢᠴᠡᠳᠬᠡᠬᠦ ᠳ᠋ᠦ᠍ ᠬᠦᠴᠢᠷᠲᠡᠢ ᠪᠠᠢᠭ᠎ᠠ ᠠᠵᠢᠯ ᠤ᠋ᠨ ᠠᠵᠠ ᠲᠣᠬᠢᠶᠠᠯ ᠢ᠋ ᠴᠢᠩᠭ᠎ᠠ ᠠᠳᠬᠤᠨ ᠂ ᠠᠯᠢᠪᠠ ᠬᠦᠴᠦᠨ ᠴᠢᠳᠠᠯ ᠢ᠋ ᠬᠤᠷᠠᠮᠳᠤᠭᠤᠯᠵᠤ ᠂ ᠪᠦᠷᠢᠶ᠎ᠡ ᠦᠯᠢᠶᠡᠵᠦ ᠬᠦᠷᠢᠶ᠎ᠡ ᠬᠣᠯᠪᠤᠯᠳᠤᠭᠰᠠᠨ ᠶᠠᠩᠵᠤ ᠪᠡᠷ ᠭᠡᠷ ᠰᠤᠯᠠᠯᠠᠬᠤ ᠳ᠋ᠤ᠌ ᠬᠦᠴᠢᠷ ᠪᠠᠢᠳᠠᠯ ᠳ᠋ᠤ ᠳᠠᠭᠠᠷᠢᠯᠲᠠ ᠬᠢᠪᠡ ᠃
ᠡᠨᠡ ᠤᠳᠠᠭ᠎ᠠ ᠶ᠋ᠢᠨ 17 ᠴᠠᠭ ᠦᠷᠭᠦᠯᠵᠢᠯᠡᠭᠰᠡᠨ ᠲᠥᠪᠯᠡᠷᠡᠭᠦᠯᠦᠨ ᠭᠡᠷ ᠰᠤᠯᠠᠯᠠᠬᠤ ᠠᠵᠢᠯᠯᠠᠭ᠎ᠠ ᠨᠢ ᠂ ᠨᠡᠢᠲᠡ 4 ᠢᠵᠢ ᠭᠡᠷ ᠬᠥᠷᠥᠩᠭᠡ ᠶ᠋ᠢ ᠰᠤᠯᠠᠯᠠᠵᠤ ᠪᠤᠴᠠᠭᠠᠨ ᠂ ᠭᠡᠷ ᠬᠥᠷᠥᠩᠭᠡ ᠶ᠋ᠢᠨ ᠲᠠᠯᠠᠪᠠᠢ ᠨᠢ 2000 ᠭᠠᠷᠤᠢ ᠲᠡᠭᠰᠢ ᠳᠥᠷᠪᠡᠯᠵᠢᠨ ᠮᠧᠲ᠋ᠷ ᠲᠦ᠍ ᠬᠦᠷᠴᠦ ᠂ ᠬᠡᠷᠡᠭ ᠲᠦ᠍ ᠬᠣᠯᠪᠣᠭᠳᠠᠭᠰᠠᠨ ᠮᠥᠩᠭᠥ ᠨᠢ 200 ᠭᠠᠷᠤᠢ ᠲᠦᠮᠡᠨ ᠲᠥᠭᠥᠷᠢᠭ ᠲᠦ᠍ ᠬᠦᠷᠴᠦ ᠂ ᠰᠤᠯᠠᠯᠠᠵᠤ ᠪᠤᠴᠠᠭᠠᠭᠰᠠᠨ ᠨᠣᠷᠮ᠎ᠠ ᠨᠢ 100 % ᠳ᠋ᠦ᠍ ᠬᠦᠷᠴᠡᠢ ᠃
ᠭᠡᠷ ᠬᠥᠷᠥᠩᠭᠡ ᠶ᠋ᠢᠨ ᠪᠠᠢᠳᠠᠯ ᠄ ᠬᠦᠴᠦᠷᠬᠡᠭᠯᠡᠨ ᠡᠵᠡᠯᠡᠬᠦ
ᠭᠡᠷ ᠰᠤᠯᠠᠯᠠᠬᠤ ᠠᠷᠭ᠎ᠠ ᠠᠪᠴᠢᠯ ᠄ ᠬᠠᠤᠯᠢ ᠶᠣᠰᠣᠭᠠᠷ ᠭᠦᠢᠴᠡᠳᠬᠡᠬᠦ
ᠬᠠᠤᠯᠢ ᠪᠤᠰᠤ ᠪᠠᠷ ᠪᠡᠯᠡ ᠬᠤᠷᠠᠮᠳᠤᠭᠤᠯᠤᠭᠰᠠᠨ ᠨᠢᠭᠡ ᠤᠳᠠᠭᠠᠨ ᠤ᠋ ᠬᠡᠷᠡᠭ ᠲᠦ᠍ ᠭᠦᠢᠴᠡᠳᠬᠡᠭᠳᠡᠭᠴᠢ ᠪᠣᠯᠤᠨ ᠲᠦᠷᠢᠶᠡᠰᠦᠨ ᠡᠷᠦᠬᠡ ᠠᠰᠲᠠᠭᠠᠨ ᠵᠣᠭᠣᠰ ᠤ᠋ᠨ ᠥᠷᠢᠲᠦᠭᠰᠡᠨ ᠵᠢᠭᠤᠷᠠᠯᠳᠤᠭᠠᠨ ᠪᠠᠢᠬᠤ ᠠ᠋ᠴᠠ ᠪᠣᠯᠵᠤ ᠂ ᠲᠦᠷᠢᠶᠡᠰᠦᠯᠡᠭᠰᠡᠨ ᠡᠷᠦᠬᠡ ᠨᠢ ᠨᠢᠭᠡᠨᠲᠡ ᠦᠨ᠎ᠡ ᠬᠠᠶᠠᠵᠤ ᠬᠤᠳᠠᠯᠳᠤᠭᠰᠠᠨ ᠬᠡᠷᠡᠭ ᠲᠦ᠍ ᠬᠣᠯᠪᠣᠭᠳᠠᠭᠰᠠᠨ ᠡᠳ᠋ ᠬᠥᠷᠥᠩᠭᠡ ᠶ᠋ᠢ ᠠᠯᠪᠠᠳᠠᠯᠭ᠎ᠠ ᠪᠠᠷ ᠡᠵᠡᠮᠰᠢᠵᠦ ᠂ ᠬᠤᠳᠠᠯᠳᠤᠨ ᠠᠪᠤᠭᠴᠢ ᠪᠣᠯᠤᠨ ᠪᠡᠯᠡ ᠬᠤᠷᠠᠮᠳᠤᠭᠤᠯᠬᠤ ᠳ᠋ᠤ᠌ ᠣᠷᠣᠯᠴᠠᠭᠰᠠᠳ ᠤ᠋ᠨ ᠠᠰᠢᠭ ᠲᠤᠰᠠ ᠶ᠋ᠢ ᠬᠣᠬᠢᠷᠠᠭᠤᠯᠤᠭᠰᠠᠨ ᠪᠠᠢᠨ᠎ᠠ ᠃ ᠠᠳᠠᠯᠢᠬᠠᠨ ᠨᠢᠭᠡ ᠵᠢᠭᠡᠯᠡᠯᠭᠡ ᠶ᠋ᠢᠨ ᠵᠢᠭᠤᠷᠠᠯᠳᠤᠭᠠᠨ ᠤ᠋ ᠬᠡᠷᠡᠭ ᠲᠦ᠍ ᠰᠢᠭᠦᠨ ᠲᠠᠰᠤᠯᠤᠯᠲᠠ ᠬᠦᠴᠦᠨ ᠲᠡᠢ ᠪᠣᠯᠤᠭᠰᠠᠨ ᠤ᠋ ᠳᠠᠷᠠᠭ᠎ᠠ ᠭᠦᠢᠴᠡᠳᠬᠡᠬᠦ ᠺᠠᠳ᠋ᠷ ᠴᠠᠭᠳᠠᠭ᠎ᠠ ᠤᠷᠢᠳ ᠬᠣᠵᠢᠳ ᠬᠤᠭᠤᠴᠠᠭ᠎ᠠ ᠲᠣᠭᠲᠠᠭᠠᠵᠤ ᠭᠦᠢᠴᠡᠳᠬᠡᠬᠦ ᠵᠠᠷ ᠂ ᠨᠡᠭᠦᠵᠦ ᠭᠠᠷᠬᠤ ᠵᠠᠷ ᠵᠡᠷᠭᠡ ᠶ᠋ᠢ ᠨᠠᠭᠠᠵᠤ ᠂ ᠭᠦᠢᠴᠡᠳᠬᠡᠭᠴᠢ ᠶ᠋ᠢᠨ ᠦᠷ᠎ᠡ ᠬᠡᠦᠬᠡᠳ ᠢ᠋ ᠲᠣᠭᠲᠠᠭᠰᠠᠨ ᠬᠤᠭᠤᠴᠠᠭᠠᠨ ᠳᠣᠲᠣᠷ᠎ᠠ ᠨᠡᠭᠦᠵᠦ ᠭᠠᠷᠭᠠᠬᠤ ᠪᠠᠷ ᠬᠢᠵᠠᠭᠠᠷᠯᠠᠭᠰᠠᠨ ᠪᠠᠢᠨ᠎ᠠ ᠃ ᠭᠡᠪᠡᠴᠦ ᠭᠦᠢᠴᠡᠳᠬᠡᠭᠳᠡᠭᠴᠢ ᠶ᠋ᠢᠨ ᠦᠷ᠎ᠡ ᠬᠡᠦᠬᠡᠳ ᠨᠢ ᠵᠦᠢ ᠶᠣᠰᠣᠨ ᠤ᠋ ᠰᠢᠯᠲᠠᠭᠠᠨ ᠥᠬᠡᠢ ᠡᠭᠦᠷᠭᠡ ᠭᠦᠢᠴᠡᠳᠬᠡᠬᠦ ᠥᠬᠡᠢ ᠮᠥᠷᠲᠡᠭᠡᠨ ᠬᠡᠷᠡᠭ ᠲᠦ᠍ ᠬᠣᠯᠪᠣᠭᠳᠠᠭᠰᠠᠨ ᠭᠡᠷ ᠡᠴᠡ ᠨᠡᠭᠦᠵᠦ ᠭᠠᠷᠤᠭᠰᠠᠨ ᠥᠬᠡᠢ ᠃
ᠭᠡᠷ ᠬᠥᠷᠥᠩᠭᠡ ᠶ᠋ᠢ ᠬᠦᠴᠦᠷᠬᠡᠭᠯᠡᠨ ᠡᠵᠡᠯᠡᠬᠦ ᠬᠣᠶᠠᠷ ᠤᠳᠠᠭᠠᠨ ᠤ᠋ ᠠᠵᠢᠯᠯᠠᠭ᠎ᠠ ᠳ᠋ᠤ᠌ ᠬᠠᠨᠳᠤᠭᠤᠯᠤᠨ ᠂ ᠳ᠋ᠦᠩᠱᠧᠩ ᠤ᠋ᠨ ᠰᠢᠭᠦᠬᠦ ᠬᠣᠷᠢᠶ᠎ᠠ ᠭᠡᠷ ᠰᠤᠯᠠᠯᠠᠬᠤ ᠠᠵᠢᠯ ᠢ᠋ ᠢᠳᠡᠪᠬᠢᠲᠡᠢ ᠪᠠᠢᠷᠢᠯᠠᠭᠤᠯᠵᠤ ᠂ ᠳᠣᠲᠣᠭᠠᠳᠤ ᠳ᠋ᠠᠭᠠᠨ ᠠᠷᠭ᠎ᠠ ᠪᠠᠷᠢᠯ ᠳᠤᠷᠠᠳᠤᠨ ᠂ ᠭᠦᠢᠴᠡᠳ ᠪᠡᠯᠡᠳᠬᠡᠯ ᠲᠥᠰᠦᠯ ᠲᠣᠭᠲᠠᠭᠠᠵᠤ ᠂ ᠭᠠᠳᠠᠭᠠᠳᠤ ᠳ᠋ᠠᠭᠠᠨ ᠠᠯᠪᠠᠨ ᠭᠡᠷᠡᠴᠢᠯᠡᠭᠡ ᠬᠢᠬᠦ ᠭᠠᠵᠠᠷ ᠂ ᠨᠡᠭᠦᠬᠦ ᠺᠣᠮᠫᠠᠨᠢ ᠂ ᠣᠨᠢᠰᠣ ᠨᠡᠭᠡᠭᠡᠬᠦ ᠺᠣᠮᠫᠠᠨᠢ ᠲᠠᠢ ᠬᠠᠷᠢᠴᠠᠵᠤ ᠳᠡᠮᠵᠢᠯᠭᠡ ᠪᠣᠯᠤᠨ ᠬᠠᠮᠵᠢᠯᠴᠠᠭᠤᠯᠬᠤ ᠪᠠᠷ ᠭᠤᠶᠤᠴᠢᠯᠠᠪᠠ ᠃
ᠭᠡᠷ ᠰᠤᠯᠠᠯᠠᠬᠤ ᠲᠤᠰ ᠡᠳᠦᠷ 4 ᠺᠠᠳ᠋ᠷ ᠴᠠᠭᠳᠠᠭ᠎ᠠ ᠬᠥᠳᠡᠯᠭᠡᠵᠦ ᠂ ᠠᠯᠪᠠᠨ ᠭᠡᠷᠡᠴᠢᠯᠡᠭᠡ ᠶ᠋ᠢᠨ ᠭᠠᠵᠠᠷ ᠤ᠋ᠨ 2 ᠠᠵᠢᠯᠲᠠᠨ ᠲᠠᠢ ᠬᠠᠮᠵᠢᠯᠴᠠᠨ ᠂ ᠣᠨᠢᠰᠤ ᠨᠡᠬᠡᠬᠦ 1 ᠠᠵᠢᠯᠲᠠᠨ ᠲᠣᠬᠢᠷᠠᠭᠤᠯᠵᠤ ᠂ ᠭᠡᠷ ᠨᠡᠭᠦᠬᠦ ᠠᠵᠢᠯᠴᠢᠨ 13 ᠬᠥᠮᠦᠨ ᠪᠠ ᠪᠠᠷᠠᠭ᠎ᠠ ᠵᠥᠭᠡᠭᠡᠪᠦᠷᠢᠯᠡᠬᠦ 4 ᠮᠠᠰᠢᠨ ᠲᠡᠷᠭᠡ ᠶ᠋ᠢ ᠲᠣᠬᠢᠷᠠᠭᠤᠯᠤᠨ ᠭᠡᠷ ᠰᠤᠯᠠᠯᠠᠬᠤ ᠲᠠᠯᠠᠪᠠᠢ ᠳ᠋ᠤ᠌ ᠬᠦᠷᠪᠡ ᠃ ᠡᠢᠮᠦ ᠶᠡᠬᠡ ᠲᠡᠢᠨ ᠦ᠌ ᠡᠮᠦᠨ᠎ᠡ ᠬᠡᠷᠡᠭ ᠤ᠋ᠨ ᠭᠠᠳᠠᠨᠠᠬᠢ ᠬᠥᠮᠦᠨ ᠬᠠᠢᠬᠤᠷᠬᠤ ᠦᠭᠡᠢ ᠪᠠᠢᠵᠤ ᠂ ᠭᠦᠢᠴᠡᠳᠬᠡᠭᠴᠢ ᠰᠢᠭᠦᠭᠴᠢ ᠭᠡᠷ ᠬᠥᠷᠥᠩᠭᠡ ᠶ᠋ᠢ ᠰᠤᠯᠠᠯᠠᠵᠤ ᠥᠭᠬᠦ ᠶ᠋ᠢ ᠲᠡᠪᠴᠢᠭᠰᠡᠨ ᠬᠠᠤᠯᠢ ᠴᠠᠭᠠᠵᠠ ᠶ᠋ᠢᠨ ᠦᠷ᠎ᠡ ᠳ᠋ᠦᠩ ᠢ᠋ ᠳᠠᠬᠢᠨᠲᠠ ᠲᠣᠳᠣᠷᠬᠠᠢᠯᠠᠭᠰᠠᠨ ᠤ᠋ ᠳᠠᠷᠠᠭ᠎ᠠ ᠬᠡᠷᠡᠭ ᠤ᠋ᠨ ᠭᠠᠳᠠᠨᠠᠬᠢ ᠬᠥᠮᠦᠨ ᠮᠥᠨ ᠯᠡ ᠬᠥᠳᠡᠯᠬᠦ ᠦᠭᠡᠢ ᠪᠠᠢᠭᠰᠠᠭᠠᠷ ᠃ ᠴᠠᠭᠳᠠᠭ᠎ᠠ ᠪᠣᠯᠤᠨ ᠬᠠᠪᠰᠤᠷᠤᠭᠴᠢ ᠬᠥᠮᠦᠰ ᠭᠡᠷ ᠲᠦ᠍ ᠣᠷᠣᠵᠤ ᠰᠡᠭᠦᠳᠡᠷ ᠲᠠᠲᠠᠵᠤ ᠂ ᠶᠠᠭᠤᠮ᠎ᠠ ᠬᠡᠦᠮ᠎ᠡ ᠪᠡᠨ ᠴᠡᠪᠡᠷᠯᠡᠵᠦ ᠪᠠᠷᠠᠭᠰᠠᠨ ᠤ᠋ ᠳᠠᠷᠠᠭ᠎ᠠ ᠂ ᠬᠡᠷᠡᠭ ᠤ᠋ᠨ ᠭᠠᠳᠠᠨᠠᠬᠢ ᠬᠥᠮᠦᠨ ᠰᠠᠶᠢ ᠰᠡᠳᠭᠢᠯ ᠳᠣᠭᠳᠤᠯᠤᠨ 《 ᠲᠠᠨᠤᠰ ᠶᠠᠭᠠᠬᠢᠵᠤ ᠬᠢᠭᠰᠡᠨ ᠴᠦ᠍ ᠪᠢ ᠨᠡᠭᠦᠬᠦ ᠦᠭᠡᠢ ︕ 》 ᠭᠡᠵᠦ ᠪᠠᠷᠬᠢᠷᠠᠨ᠎ᠠ ᠃ ᠨᠢᠭᠡ ᠲᠠᠯ᠎ᠠ ᠨᠢ ᠡᠷᠬᠡᠲᠦ ᠬᠥᠮᠦᠨ ᠦ᠌ ᠨᠢᠭᠡᠨᠲᠡ ᠲᠣᠭᠲᠠᠭᠰᠠᠨ ᠡᠷᠬᠡ ᠠᠰᠢᠭ ᠂ ᠨᠥᠭᠥᠭᠡ ᠲᠠᠯ᠎ᠠ ᠨᠢ ᠬᠡᠷᠡᠭ ᠤ᠋ᠨ ᠭᠠᠳᠠᠨᠠᠬᠢ ᠬᠥᠮᠦᠨ ᠦ᠌ ᠡᠰᠡᠷᠭᠦᠴᠡᠨ ᠭᠦᠢᠴᠡᠳᠬᠡᠬᠦ ᠶ᠋ᠢ ᠡᠰᠡᠷᠭᠦᠴᠡᠯ ᠂ ᠶᠠᠭᠠᠬᠢᠪᠠᠯ ᠵᠣᠬᠢᠬᠤ ᠪᠣᠢ︖ ᠬᠡᠷᠡᠭ ᠤ᠋ᠨ ᠭᠠᠳᠠᠨᠠᠬᠢ ᠬᠥᠮᠦᠨ ᠦ᠌ ᠤᠷᠮᠠᠰ ᠰᠡᠳᠬᠢᠯᠭᠡ ᠶ᠋ᠢ ᠬᠠᠷᠠᠭᠠᠳ ᠭᠦᠢᠴᠡᠳᠬᠡᠬᠦ ᠺᠠᠳ᠋ᠷ ᠴᠠᠭᠳᠠᠭ᠎ᠠ ᠲᠡᠷᠡ ᠳᠠᠷᠤᠢ ᠠᠷᠭ᠎ᠠ ᠬᠡᠮᠵᠢᠶ᠎ᠡ ᠠᠪᠴᠤ ᠂ ᠬᠠᠤᠯᠢ ᠶ᠋ᠢᠨ ᠴᠠᠭᠳᠠᠭ᠎ᠠ ᠶ᠋ᠢᠨ ᠠᠩᠭᠢ ᠶ᠋ᠢᠨ ᠡᠮᠡᠭᠲᠡᠢ ᠴᠠᠭᠳᠠᠭ᠎ᠠ ᠶ᠋ᠢ ᠲᠣᠬᠢᠷᠠᠭᠤᠯᠵᠤ ᠂ ᠬᠡᠷᠡᠭ ᠤ᠋ᠨ ᠭᠠᠳᠠᠨᠠᠬᠢ ᠬᠥᠮᠦᠨ ᠢ᠋ 《 ᠬᠠᠷᠠᠵᠤ ᠬᠠᠮᠢᠶᠠᠷᠠᠨ 》 ᠂ ᠮᠥᠷᠭᠥᠯᠳᠦᠬᠦ ᠡᠴᠡ ᠰᠡᠷᠭᠡᠢᠯᠡᠪᠡ ᠃ ᠳᠠᠷᠠᠭ᠎ᠠ ᠨᠢ ᠭᠦᠢᠴᠡᠳᠬᠡᠬᠦ ᠴᠠᠭᠳᠠᠭ᠎ᠠ ᠪᠣᠯᠤᠨ ᠬᠠᠪᠰᠤᠷᠬᠤ ᠠᠵᠢᠯᠲᠠᠨ ᠤ᠋ ᠠᠵᠢᠯ ᠤ᠋ᠨ ᠬᠤᠪᠢᠶᠠᠷᠢᠯᠠᠯ ᠲᠣᠳᠣᠷᠬᠠᠢ ᠪᠠᠢᠵᠤ ᠂ ᠡᠮᠬᠢ ᠵᠠᠮᠪᠠᠷᠠᠭ᠎ᠠ ᠲᠠᠢ ᠪᠠᠷ ᠬᠡᠢ ᠬᠣᠭᠣᠰᠣᠨ ᠢ᠋ᠶ᠋ᠠᠷ ᠪᠤᠴᠠᠭᠠᠨ ᠭᠠᠷᠭᠠᠬᠤ ᠠᠵᠢᠯ ᠢ᠋ ᠬᠢᠪᠡ ᠃
ᠭᠡᠷ ᠬᠥᠷᠥᠩᠭᠡ ᠶ᠋ᠢ ᠬᠦᠴᠦᠷᠬᠡᠭᠯᠡᠨ ᠡᠵᠡᠯᠡᠵᠦ ᠂ ᠰᠤᠯᠠᠯᠠᠵᠤ ᠥᠭᠬᠦ ᠶ᠋ᠢ ᠲᠡᠪᠴᠢᠭᠰᠡᠨ ᠡᠢᠮᠦᠷᠬᠦ ᠬᠡᠷᠡᠭ ᠲᠦ᠍ ᠴᠢᠭᠯᠡᠭᠦᠯᠵᠦ ᠂ ᠳ᠋ᠦᠩᠱᠧᠩ ᠤ᠋ᠨ ᠰᠢᠭᠦᠬᠦ ᠬᠣᠷᠢᠶ᠎ᠠ ᠬᠠᠤᠯᠢ ᠶᠣᠰᠣᠭᠠᠷ ᠭᠦᠢᠴᠡᠳᠭᠡᠵᠦ ᠂ ᠳᠦᠷᠢᠮᠵᠢᠭᠦᠯᠦᠨ ᠭᠦᠢᠴᠡᠳᠭᠡᠵᠦ ᠂ ᠪᠣᠯᠪᠠᠰᠤᠨ ᠢ᠋ᠶ᠋ᠠᠷ ᠭᠦᠢᠴᠡᠳᠭᠡᠵᠦ ᠂ ᠬᠠᠤᠯᠢ ᠶᠣᠰᠣᠭᠠᠷ ᠬᠠᠤᠯᠢ ᠭᠦᠢᠴᠡᠳᠭᠡᠬᠦ ᠪᠣᠯ ᠰᠠᠶᠢ ᠵᠢᠩᠬᠢᠨᠢ ᠪᠣᠯᠪᠠᠰᠤᠨ ᠬᠠᠤᠯᠢ ᠭᠦᠢᠴᠡᠳᠭᠡᠯᠲᠡ ᠮᠥᠨ ᠭᠡᠳᠡᠭ ᠢ᠋ ᠦᠢᠯᠡᠳᠦᠯᠭᠡᠵᠢᠭᠦᠯᠵᠦ ᠂ ᠬᠠᠤᠯᠢ ᠴᠠᠭᠠᠵᠠ ᠶ᠋ᠢᠨ ᠰᠢᠭᠦᠨ ᠲᠠᠰᠤᠯᠤᠯᠲᠠ ᠶ᠋ᠢᠨ ᠰᠦᠷ ᠬᠦᠴᠦᠨ ᠢ᠋ ᠬᠠᠮᠠᠭᠠᠯᠠᠪᠠ ᠃
ᠭᠡᠷ ᠬᠥᠷᠥᠩᠭᠡ ᠶ᠋ᠢᠨ ᠪᠠᠢᠳᠠᠯ ᠄ ᠬᠠᠷᠰᠢ ᠰᠠᠭᠠᠳ ᠢ᠋ ᠠᠷᠢᠯᠭᠠᠬᠤ
ᠭᠡᠷ ᠰᠤᠯᠠᠯᠠᠬᠤ ᠠᠷᠭ᠎ᠠ ᠠᠪᠴᠢᠯ ᠄ ᠭᠦᠢᠴᠡᠳᠬᠡᠬᠦ ᠶ᠋ᠢ ᠳᠦᠷᠢᠮᠵᠢᠭᠦᠯᠬᠦ
ᠭᠦᠢᠴᠡᠳᠬᠡᠭᠳᠡᠭᠴᠢ ᠨᠢ ᠨᠢᠭᠡᠨ ᠲᠣᠣᠷ ᠰᠦᠯᠵᠢᠶᠡᠨ ᠦ᠌ ᠴᠢᠮᠡᠭᠡ ᠬᠣᠯᠪᠣᠭᠠᠨ ᠤ᠋ ᠺᠣᠮᠫᠠᠨᠢ ᠪᠣᠯᠤᠨ᠎ᠠ ᠂ ᠲᠦᠷᠢᠶᠡᠰᠦᠯᠡᠬᠦ ᠭᠡᠷ᠎ᠡ ᠤ᠋ᠨ ᠲᠦᠷᠢᠶᠡᠰᠦᠯᠡᠬᠦ ᠰᠦᠢᠳᠬᠡᠯ ᠲᠤᠰᠢᠶᠠᠨ ᠭᠦᠢᠴᠡᠳᠬᠡᠭᠰᠡᠨ ᠥᠬᠡᠢ ᠤᠴᠢᠷ ᠠ᠋ᠴᠠ ᠂ ᠰᠢᠭᠦᠬᠦ ᠬᠣᠷᠢᠶ᠎ᠠ ᠠ᠋ᠴᠠ ᠰᠢᠭᠦᠨ ᠲᠠᠰᠤᠯᠤᠭᠰᠠᠨ ᠤ᠋ ᠳᠠᠷᠠᠭ᠎ᠠ ᠠᠯᠪᠠᠳᠠᠯᠭ᠎ᠠ ᠪᠠᠷ ᠭᠦᠢᠴᠡᠳᠬᠡᠬᠦ ᠱᠠᠲᠤᠨ ᠳ᠋ᠤ᠌ ᠣᠷᠤᠪᠠ ᠃ ᠲᠤᠰ ᠬᠡᠷᠡᠭ ᠢ᠋ ᠬᠡᠷᠡᠭ ᠪᠣᠯᠭᠠᠨ ᠳᠠᠩᠰᠠᠯᠠᠭᠰᠠᠨ ᠤ᠋ ᠳᠠᠷᠠᠭ᠎ᠠ ᠂ ᠮᠠᠨ ᠤ᠋ ᠬᠣᠷᠢᠶ᠎ᠠ ᠣᠯᠠᠨᠲᠠ ᠳᠠᠭᠤᠳᠠᠬᠤ ᠶ᠋ᠢᠨ ᠬᠠᠮᠲᠤ ᠵᠠᠷ ᠨᠠᠭᠠᠵᠤ ᠨᠡᠢᠲᠡᠯᠡᠭᠰᠡᠨ ᠴᠠᠭ ᠬᠤᠭᠤᠴᠠᠭ᠎ᠠ ᠬᠦᠷᠴᠦ ᠂ ᠭᠦᠢᠴᠡᠳᠬᠡᠭᠳᠡᠭᠴᠢ ᠬᠠᠤᠯᠢ ᠴᠠᠭᠠᠵᠠ ᠶ᠋ᠢᠨ ᠪᠢᠴᠢᠭ ᠤ᠋ᠨ ᠡᠭᠦᠷᠭᠡ ᠪᠡᠨ ᠪᠠᠰᠠ ᠭᠦᠢᠴᠡᠳᠬᠡᠭᠰᠡᠨ ᠦᠭᠡᠢ ᠃ ᠬᠡᠷᠬᠢᠨ ᠪᠠᠢᠳᠠᠯ ᠢ᠋ ᠡᠪᠳᠡᠬᠦ ᠪᠣᠢ ︖ ᠳ᠋ᠦᠩᠱᠧᠩ ᠤ᠋ᠨ ᠰᠢᠭᠦᠬᠦ ᠬᠣᠷᠢᠶ᠎ᠠ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠶᠠᠪᠤᠭᠤᠯᠵᠤ ᠂ ᠲᠦᠷᠭᠡᠨ ᠬᠤᠷᠳᠤᠴᠠ ᠪᠠᠷ ᠰᠤᠯᠠᠯᠠᠨ ᠬᠣᠭᠤᠰᠤᠯᠠᠵᠤ ᠂ ᠰᠢᠭᠤᠷᠮᠠᠭᠠᠢ ᠪᠡᠷ ᠠᠯᠪᠠᠨ ᠭᠡᠷᠡᠴᠢᠯᠡᠭᠡ ᠶ᠋ᠢᠨ ᠭᠠᠵᠠᠷ ᠂ ᠣᠨᠢᠰᠣ ᠨᠡᠭᠡᠭᠡᠬᠦ ᠺᠣᠮᠫᠠᠨᠢ ᠪᠠ ᠭᠡᠷ ᠨᠡᠭᠦᠯᠭᠡᠬᠦ ᠺᠣᠮᠫᠠᠨᠢ ᠲᠠᠢ ᠬᠠᠷᠢᠯᠴᠠᠨ ᠂ ᠭᠡᠷ ᠪᠠᠢᠰᠢᠩ ᠢ᠋ ᠨᠢ ᠠᠯᠪᠠᠳᠠᠯᠭ᠎ᠠ ᠪᠠᠷ ᠰᠤᠯᠠᠯᠠᠨ ᠬᠣᠭᠤᠰᠤᠯᠠᠪᠠ ᠃ ᠭᠡᠷ ᠪᠠᠢᠰᠢᠩ ᠤ᠋ᠨ ᠳᠣᠲᠣᠷᠠᠬᠢ ᠠᠯᠪᠠᠨ ᠭᠡᠷ ᠤ᠋ᠨ ᠬᠡᠷᠡᠭᠰᠡᠯ ᠪᠠ ᠲᠥᠷᠥᠯ ᠵᠦᠢᠯ ᠨᠢ ᠨᠡᠯᠢᠶᠡᠳ ᠣᠯᠠᠨ ᠂ ᠬᠡᠰᠡᠭ ᠡᠳ᠋ ᠪᠣᠳᠠᠰ ᠤ᠋ᠨ ᠡᠵᠡᠯᠡᠬᠦᠨ ᠨᠢ ᠨᠡᠯᠢᠶᠡᠳ ᠶᠡᠬᠡ ᠪᠣᠯᠬᠣᠷ ᠬᠡᠪ ᠤ᠋ᠨ ᠨᠡᠪᠲᠡᠷᠡᠬᠦ ᠵᠠᠮ ᠢ᠋ᠶ᠋ᠠᠷ ᠵᠥᠭᠡᠭᠡᠪᠦᠷᠢᠯᠡᠬᠦ ᠶ᠋ᠢᠨ ᠠᠷᠭ᠎ᠠ ᠦᠭᠡᠢ ᠪᠣᠯᠵᠤ ᠂ ᠺᠠᠳ᠋ᠷ ᠴᠠᠭᠳᠠᠭ᠎ᠠ ᠴᠠᠭ ᠲᠤᠬᠠᠢ ᠳ᠋ᠤᠨᠢ ᠠᠷᠭᠠᠴᠠᠬᠤ ᠠᠷᠭ᠎ᠠ ᠪᠣᠳᠣᠯᠭ᠎ᠠ ᠶ᠋ᠢ ᠵᠥᠪᠯᠡᠵᠦ ᠂ ᠠᠯᠪᠠᠨ ᠭᠡᠷᠡᠴᠢᠯᠡᠭᠡ ᠶ᠋ᠢᠨ ᠭᠠᠵᠠᠷ ᠲᠤ᠌ ᠲᠠᠰᠤᠷᠠᠯ ᠦᠭᠡᠢ ᠂ ᠮᠤᠬᠤᠷ ᠪᠤᠯᠤᠩ ᠦᠭᠡᠢ ᠳᠠᠭᠤ ᠰᠢᠩᠭᠡᠭᠡᠯᠲᠡ ᠳᠦᠷᠰᠦ ᠰᠢᠩᠭᠡᠯᠲᠡ ᠬᠢᠭᠰᠡᠨ ᠪᠠᠢᠳᠠᠯ ᠳᠣᠣᠷ᠎ᠠ ᠂ ᠭᠡᠷ ᠨᠡᠭᠦᠬᠦ ᠺᠣᠮᠫᠠᠨᠢ ᠡᠴᠡ ᠴᠣᠩᠬᠣ ᠶ᠋ᠢ ᠵᠠᠳᠠᠯᠤᠨ ᠰᠠᠯᠭᠠᠵᠤ ᠂ ᠭᠡᠷ ᠳᠣᠲᠣᠷᠠᠬᠢ ᠡᠳ᠋ ᠪᠣᠳᠠᠰ ᠢ᠋ ᠡᠭᠦᠯᠡᠨ ᠱᠠᠲᠤ ᠪᠠᠷ ᠳᠠᠮᠵᠢᠨ ᠭᠠᠵᠠᠷ ᠳᠡᠭᠡᠷ᠎ᠡ ᠵᠥᠭᠡᠭᠡᠵᠦ ᠂ ᠬᠠᠮᠤᠭ ᠡᠴᠦᠰ ᠲᠦ᠍ ᠲᠦᠷᠭᠡᠨ ᠥᠨᠳᠥᠷ ᠦᠷ᠎ᠡ ᠪᠦᠲᠦᠮᠵᠢᠲᠡᠢ ᠪᠡᠷ ᠭᠡᠷ ᠪᠠᠢᠰᠢᠩ ᠤ᠋ᠨ ᠰᠤᠯᠠᠯᠠᠨ ᠬᠣᠭᠤᠰᠤᠯᠠᠬᠤ ᠡᠭᠦᠷᠭᠡ ᠪᠡᠨ ᠪᠡᠶᠡᠯᠡᠭᠦᠯᠪᠡ ᠃
ᠡᠢᠮᠦᠷᠬᠦ ᠰᠤᠯᠠᠯᠠᠨ ᠪᠤᠴᠠᠭᠠᠬᠤ ᠶ᠋ᠢ ᠳᠠᠯᠳᠠᠭᠤᠷ ᠡᠰᠡᠷᠭᠦᠴᠡᠭᠰᠡᠨ ᠬᠡᠷᠡᠭ ᠲᠦ᠍ ᠴᠢᠭᠯᠡᠭᠦᠯᠦᠨ ᠂ ᠳ᠋ᠦᠩᠱᠧᠩ ᠤ᠋ᠨ ᠰᠢᠭᠦᠬᠦ ᠬᠣᠷᠢᠶ᠎ᠠ ᠢᠮᠠᠭᠲᠠ ᠠᠯᠬᠤᠮ ᠳᠠᠷᠠᠭᠠᠯᠠᠯ ᠳᠦᠷᠢᠮᠵᠢᠭᠰᠡᠨ ᠂ ᠲᠦᠷᠭᠡᠨ ᠥᠨᠳᠥᠷ ᠦᠷ᠎ᠡ ᠪᠦᠲᠦᠮᠵᠢᠲᠡᠢ ᠪᠠᠢᠬᠤ ᠶ᠋ᠢ ᠱᠠᠭᠠᠷᠳᠠᠵᠤ ᠂ ᠢᠯᠠᠭᠴᠢ ᠶ᠋ᠢᠨ ᠬᠠᠤᠯᠢ ᠶᠣᠰᠣᠨ ᠤ᠋ ᠡᠷᠬᠡ ᠠᠰᠢᠭ ᠤ᠋ᠨ ᠴᠠᠭ ᠲᠤᠬᠠᠢ ᠳ᠋ᠤᠨᠢ ᠪᠡᠶᠡᠯᠡᠭᠳᠡᠬᠦ ᠶ᠋ᠢ ᠪᠠᠲᠤᠯᠠᠵᠤ ᠪᠣᠢ ᠃
ᠭᠡᠷ ᠬᠥᠷᠥᠩᠭᠡ ᠶ᠋ᠢᠨ ᠪᠠᠢᠳᠠᠯ ᠄ ᠭᠦᠢᠴᠡᠳᠬᠡᠭᠳᠡᠭᠴᠢ ᠨᠢ ᠭᠦᠢᠴᠡᠳᠬᠡᠬᠦ ᠶ᠋ᠢ ᠲᠡᠪᠴᠢᠨ ᠭᠦᠢᠴᠡᠳᠭᠡᠬᠦ ᠶ᠋ᠢ ᠡᠰᠡᠷᠭᠦᠴᠡᠬᠦ
ᠭᠡᠷ ᠰᠤᠯᠠᠯᠠᠬᠤ ᠠᠷᠭ᠎ᠠ ᠪᠣᠳᠣᠯᠭ᠎ᠠ ᠄ ᠬᠠᠲᠠᠭᠤ ᠵᠥᠭᠡᠯᠡᠨ ᠢ᠋ ᠤᠶᠠᠯᠳᠤᠭᠤᠯᠬᠤ
ᠭᠦᠢᠴᠡᠳᠬᠡᠭᠳᠡᠭᠴᠢ ᠪᠣᠯᠤᠨ ᠨᠢᠭᠡᠨ ᠤᠯᠤᠰ ᠤ᠋ᠨ ᠥᠮᠴᠢᠯᠡᠯ ᠤ᠋ᠨ ᠠᠵᠤ ᠠᠬᠤᠢᠯᠠᠯ ᠨᠢ ᠪᠣᠷᠣᠯᠠᠭᠤᠯᠭ᠎ᠠ ᠶ᠋ᠢᠨ ᠭᠡᠷ᠎ᠡ ᠶ᠋ᠢᠨ ᠵᠢᠭᠤᠷᠠᠯᠳᠤᠭᠠᠨ ᠠ᠋ᠴᠠ ᠪᠣᠯᠵᠤ ᠰᠢᠭᠦᠬᠦ ᠬᠣᠷᠢᠶᠠᠨ ᠳ᠋ᠤ᠌ ᠵᠠᠭᠠᠯᠳᠤᠵᠤ ᠂ ᠰᠢᠭᠦᠨ ᠲᠠᠰᠤᠯᠤᠭᠰᠠᠨ ᠤ᠋ ᠳᠠᠷᠠᠭ᠎ᠠ ᠂ ᠲᠤᠰ ᠬᠡᠷᠡᠭ ᠭᠦᠢᠴᠡᠳᠬᠡᠬᠦ ᠵᠢᠷᠤᠮ ᠳ᠋ᠤ᠌ ᠣᠷᠣᠭᠰᠠᠨ ᠪᠠᠢᠨ᠎ᠠ ᠃ ᠭᠦᠢᠴᠡᠳᠬᠡᠭᠳᠡᠭᠴᠢ ᠨᠢ ᠲᠠᠰᠤᠯᠤᠯᠲᠠ ᠶ᠋ᠢ ᠵᠥᠪᠰᠢᠶᠡᠷᠡᠬᠦ ᠦᠭᠡᠢ ᠤᠴᠢᠷ ᠡᠴᠡ ᠭᠦᠢᠴᠡᠳᠬᠡᠬᠦ ᠶ᠋ᠢᠨ ᠣᠨᠳᠣᠣ ᠰᠠᠨᠠᠯ ᠨᠢᠴᠤᠭᠠᠭᠳᠠᠭᠰᠠᠨ ᠤ᠋ ᠳᠠᠷᠠᠭ᠎ᠠ ᠪᠠᠰᠠ ᠭᠦᠢᠴᠡᠳᠬᠡᠬᠦ ᠳ᠋ᠦ᠍ ᠣᠨᠳᠣᠣ ᠰᠠᠨᠠᠯ ᠳᠤᠷᠠᠳᠤᠭᠰᠠᠨ ᠵᠠᠷᠭᠤ ᠳᠤᠷᠠᠳᠴᠤ ᠂ ᠵᠠᠷᠭᠤ ᠢᠯᠠᠭᠳᠠᠭᠰᠠᠨ ᠤ᠋ ᠪᠠᠨ ᠳᠠᠷᠠᠭ᠎ᠠ ᠪᠠᠰᠠ ᠳᠤᠮᠳᠠ ᠰᠢᠭᠦᠬᠦ ᠬᠣᠷᠢᠶᠠᠨ ᠳ᠋ᠤ᠌ ᠳᠡᠭᠡᠭᠰᠢ ᠵᠠᠭᠠᠯᠳᠤᠵᠤ ᠂ ᠡᠴᠦᠰ ᠤ᠋ᠨ ᠬᠣᠶᠠᠳᠤᠭᠠᠷ ᠰᠢᠭᠦᠯᠲᠡ ᠳᠠᠭᠤᠰᠴᠤ ᠵᠠᠷᠭᠤ ᠢᠯᠠᠭᠳᠠᠭᠰᠠᠨ ᠪᠠᠢᠨ᠎ᠠ ᠃ ᠬᠤᠭᠤᠴᠠᠭᠠᠨ ᠳ᠋ᠤ᠌ ᠭᠦᠢᠴᠡᠳᠬᠡᠭᠳᠡᠭᠴᠢ ᠶ᠋ᠢᠨ ᠭᠦᠢᠴᠡᠳᠬᠡᠬᠦ ᠦᠭᠡᠢ ᠠᠵᠢᠯᠯᠠᠭ᠎ᠠ ᠶ᠋ᠢ ᠣᠯᠠᠨ ᠤᠳᠠᠭ᠎ᠠ ᠶᠠᠷᠢᠯᠴᠠᠵᠤ ᠰᠣᠯᠢᠯᠴᠠᠬᠤ ᠪᠠᠷ ᠲᠤᠷᠰᠢᠵᠤ ᠂ ᠭᠡᠪᠡᠴᠦ ᠭᠦᠢᠴᠡᠳᠬᠡᠭᠳᠡᠭᠴᠢ ᠨᠢ ᠰᠢᠭᠦᠬᠦ ᠬᠣᠷᠢᠶ᠎ᠠ ᠲᠠᠢ ᠮᠤᠤᠷ ᠨᠠᠭᠠᠳᠴᠤ ᠂ ᠡᠷᠲᠡ ᠭᠠᠷᠴᠤ ᠣᠷᠣᠢ ᠪᠤᠴᠠᠵᠤ ᠢᠷᠡᠬᠦ ᠪᠤᠶᠤ ᠡᠭᠦᠳᠡ ᠬᠠᠭᠠᠯᠭ᠎ᠠ ᠪᠠᠨ ᠬᠠᠭᠠᠵᠤ ᠭᠠᠷᠬᠤ ᠦᠭᠡᠢ ᠰᠢᠭᠦᠬᠦ ᠬᠣᠷᠢᠶ᠎ᠠ ᠭᠦᠢᠴᠡᠳᠬᠡᠭᠳᠡᠭᠴᠢ ᠲᠡᠢ ᠰᠢᠭᠤᠳ ᠠᠭᠤᠯᠵᠠᠵᠤ ᠳᠡᠢᠯᠬᠦ ᠦᠭᠡᠢ ᠪᠠᠢᠳᠠᠭ ᠃
ᠭᠦᠢᠴᠡᠳᠬᠡᠭᠳᠡᠭᠴᠢ ᠨᠠᠵᠠᠭᠠᠢ ᠭᠦᠢᠴᠡᠳᠬᠡᠬᠦ ᠪᠠ ᠬᠠᠭᠤᠷᠮᠠᠭ ᠪᠤᠶᠤ ᠮᠣᠭᠠᠢ ᠡᠪᠡᠳᠴᠢᠨ ᠦ᠌ ᠪᠠᠢᠳᠠᠯ ᠳ᠋ᠤ᠌ ᠴᠢᠭᠯᠡᠭᠦᠯᠦᠨ ᠂ ᠳ᠋ᠦᠩᠱᠧᠩ ᠤ᠋ᠨ ᠰᠢᠭᠦᠬᠦ ᠬᠣᠷᠢᠶ᠎ᠠ ᠭᠦᠢᠴᠡᠳᠬᠡᠭᠳᠡᠭᠴᠢ ᠳ᠋ᠦ᠍ ᠳᠠᠬᠢᠵᠤ ᠡᠭᠡᠯᠵᠢᠯᠡᠨ ᠡᠭᠦᠷᠭᠡ ᠲᠤᠰᠢᠶᠠᠯ ᠥᠭᠬᠦ ᠵᠠᠪᠰᠢᠶᠠᠨ ᠦᠯᠦ ᠥᠭᠴᠦ ᠂ ᠡᠴᠦᠰ ᠲᠦ᠍ ᠪᠡᠨ ᠭᠡᠷ ᠪᠠᠢᠰᠢᠩ ᠠᠯᠪᠠᠲᠠᠨ ᠰᠤᠯᠠᠯᠠᠬᠤ ᠪᠠᠷ ᠲᠣᠭᠲᠠᠪᠠ ᠃ ᠭᠦᠢᠴᠡᠳᠬᠡᠬᠦ ᠰᠢᠭᠦᠭᠴᠢ ᠣᠯᠠᠨ ᠤᠳᠠᠭ᠎ᠠ ᠡᠭᠦᠳᠡ ᠲᠣᠭᠰᠢᠵᠤ ᠰᠡᠷᠡᠮᠵᠢᠯᠡᠭᠦᠯᠦᠭᠰᠡᠨ ᠂ ᠭᠡᠷ ᠳᠣᠲᠣᠷᠠᠬᠢ ᠭᠦᠢᠴᠡᠳᠬᠡᠭᠳᠡᠭᠴᠢ ᠶ᠋ᠢ ᠢᠳᠡᠪᠬᠢᠲᠡᠢ ᠬᠠᠮᠵᠢᠯᠴᠠᠭᠠᠷᠠᠢ ᠭᠡᠵᠦ ᠰᠠᠨᠠᠭᠤᠯᠵᠠᠢ ᠃ ᠰᠢᠭᠦᠭᠴᠢ ᠦᠷᠭᠦᠯᠵᠢᠯᠡᠨ ᠡᠭᠦᠳᠡ ᠲᠣᠭᠰᠢᠵᠤ ᠰᠡᠷᠡᠮᠵᠢᠯᠡᠭᠦᠯᠦᠭᠰᠡᠨ ᠂ ᠡᠭᠦᠳᠡ ᠨᠡᠭᠡᠭᠡᠬᠦ ᠡᠴᠡ ᠲᠠᠲᠠᠭᠠᠯᠵᠠᠭᠰᠠᠨ ᠬᠠᠤᠯᠢ ᠶ᠋ᠢᠨ ᠦᠷ᠎ᠡ ᠳ᠋ᠦᠩ ᠳ᠋ᠦ᠍ ᠥᠨᠳᠥᠷ ᠳᠠᠭᠤᠨ ᠢ᠋ᠶ᠋ᠠᠷ ᠰᠡᠷᠡᠮᠵᠢᠯᠡᠭᠦᠯᠦᠭᠰᠡᠨ ᠪᠣᠯᠪᠠᠴᠤ ᠭᠡᠷ ᠳᠣᠲᠣᠷ᠎ᠠ ᠬᠠᠷᠢᠭᠤ ᠦᠭᠭᠦᠭᠰᠡᠨ ᠦᠭᠡᠢ ᠃ ᠡᠴᠦᠰ ᠲᠦ᠍ ᠭᠦᠢᠴᠡᠳᠬᠡᠬᠦ ᠰᠢᠭᠦᠭᠴᠢ ᠺᠣᠮᠫᠠᠨᠢ ᠡᠭᠦᠳᠡ ᠪᠡᠨ ᠨᠡᠭᠡᠭᠡᠬᠦ ᠶ᠋ᠢ ᠳᠣᠬᠢᠶ᠎ᠠ ᠥᠭᠴᠦ ᠂ ᠴᠠᠬᠢᠯᠭᠠᠨ ᠥᠷᠥᠮᠳᠡᠭᠦᠷ ᠳᠤᠤᠭᠠᠷᠬᠤ ᠶ᠋ᠢᠨ ᠭᠱᠠᠨ᠎ᠠ ᠭᠦᠢᠴᠡᠳᠬᠡᠭᠳᠡᠭᠴᠢ ᠪᠡᠶ᠎ᠡ ᠢᠯᠡᠷᠡᠵᠡᠢ ᠃
ᠭᠦᠢᠴᠡᠳᠬᠡᠬᠦ ᠰᠢᠭᠦᠭᠴᠢ 《 ᠨᠢᠭᠤᠷᠳᠠᠨ ᠶᠠᠷᠢᠯᠴᠠᠬᠤ 》 ᠠᠷᠭ᠎ᠠ ᠠᠪᠴᠤ ᠭᠦᠢᠴᠡᠳᠬᠡᠭᠳᠡᠭᠴᠢ ᠳ᠋ᠦ᠍ ᠢᠳᠬᠠᠨ ᠰᠠᠨᠠᠭᠤᠯᠵᠤ ᠂ ᠶᠣᠰᠣ ᠢ᠋ ᠨᠢ ᠬᠠᠤᠯᠢ ᠶ᠋ᠢ ᠮᠡᠳᠡᠵᠦ ᠂ ᠬᠠᠤᠯᠢ ᠶ᠋ᠢ ᠮᠡᠳᠡᠵᠦ ᠪᠠᠢᠭᠠᠳ ᠂ ᠰᠢᠭᠦᠬᠦ ᠬᠣᠷᠢᠶ᠎ᠠ ᠲᠤᠰ ᠭᠡᠷ ᠬᠥᠷᠥᠩᠭᠡ ᠶ᠋ᠢ ᠰᠤᠯᠠᠯᠠᠨ ᠪᠤᠴᠠᠭᠠᠬᠤ ᠢ᠋ ᠡᠷᠡᠰ ᠢᠯᠡᠷᠬᠡᠢᠯᠡᠵᠦ ᠂ ᠭᠦᠢᠴᠡᠳᠬᠡᠭᠳᠡᠭᠴᠢ ᠶ᠋ᠢ ᠠᠵᠠ ᠬᠦᠯᠢᠶᠡᠬᠦ ᠰᠡᠳᠬᠢᠯᠭᠡ ᠪᠡᠨ ᠲᠡᠪᠴᠢᠭᠦᠯᠵᠦ ᠂ ᠭᠦᠢᠴᠡᠳᠬᠡᠭᠳᠡᠭᠴᠢ ᠶ᠋ᠢᠨ ᠬᠠᠷᠰᠢᠯᠳᠤᠬᠤ ᠰᠡᠳᠬᠢᠯᠭᠡ ᠶ᠋ᠢ ᠠᠭᠠᠵᠢᠮ ᠢ᠋ᠶ᠋ᠠᠷ ᠦᠭᠡᠢᠰᠬᠡᠵᠦ ᠂ ᠭᠦᠢᠴᠡᠳᠬᠡᠭᠳᠡᠭᠴᠢ ᠨᠢ ᠢᠳᠡᠪᠬᠢᠲᠡᠢ ᠪᠡᠷ ᠰᠢᠭᠦᠬᠦ ᠬᠣᠷᠢᠶᠠᠨ ᠤ᠋ ᠭᠡᠷ ᠢ᠋ᠶ᠋ᠡᠨ ᠰᠤᠯᠠᠯᠠᠵᠤ ᠠᠵᠢᠯ ᠲᠠᠢ ᠡᠬᠢᠯᠡᠨ ᠬᠠᠮᠵᠢᠯᠴᠠᠵᠤ ᠂ ᠬᠠᠮᠤᠭ ᠡᠴᠦᠰ ᠲᠦ᠍ ᠭᠦᠢᠴᠡᠳᠬᠡᠭᠳᠡᠭᠴᠢ ᠨᠢ ᠭᠡᠷ ᠲᠡᠷᠭᠡ ᠶ᠋ᠢ ᠳᠠᠭᠠᠵᠤ ᠶᠠᠪᠤᠪᠠ ᠃
ᠡᠢᠮᠦᠷᠬᠦ ᠲᠦᠳᠡᠭᠡᠯᠵᠡᠯ ᠦᠭᠡᠢ ᠰᠤᠯᠠᠯᠠᠨ ᠪᠤᠴᠠᠭᠠᠬᠤ ᠶ᠋ᠢ ᠲᠡᠪᠴᠢᠭᠰᠡᠨ ᠬᠡᠷᠡᠭ ᠲᠤ ᠴᠢᠭᠯᠡᠭᠦᠯᠦᠨ ᠂ ᠳ᠋ᠦᠡᠭᠱᠸ᠋ᠡᠭ ᠤ᠋ᠨ ᠰᠢᠭᠦᠬᠦ ᠬᠣᠷᠢᠶ᠎ᠠ ᠬᠡᠵᠢᠶᠡᠳᠡ ᠬᠠᠲᠠᠭᠤ ᠵᠥᠭᠡᠯᠡᠨ ᠢ᠋ ᠤᠶᠠᠯᠳᠤᠭᠤᠯᠵᠤ ᠂ ᠲᠦᠭᠰᠢᠯ ᠢ᠋ ᠦᠭᠡᠢᠰᠬᠡᠵᠦ ᠵᠡᠷᠭᠡᠪᠡᠷ ᠶᠠᠪᠤᠭᠤᠯᠤᠨ ᠂ ᠬᠠᠤᠯᠢ ᠴᠠᠭᠠᠵᠠ ᠶ᠋ᠢᠨ ᠡᠷᠬᠡ ᠰᠦᠷ ᠢ᠋ ᠬᠠᠮᠠᠭᠠᠯᠠᠭᠰᠠᠨ ᠮᠥᠷᠲᠡᠭᠡᠨ ᠵᠥᠷᠢᠴᠡᠯ ᠮᠥᠷᠭᠥᠯᠳᠦᠭᠡᠨ ᠢ᠋ ᠨᠠᠮᠳᠠᠭᠠᠵᠠᠢ ᠃
2023 ᠣᠨ ᠪᠣᠯ ᠳ᠋ᠦᠡᠭᠱᠸ᠋ᠡᠭ ᠤ᠋ᠨ ᠰᠢᠭᠦᠬᠦ ᠬᠣᠷᠢᠶ᠎ᠠ ᠭᠦᠢᠴᠡᠳᠭᠡᠬᠦ ᠣᠨ ᠪᠣᠯᠤᠨ᠎ᠠ ᠂ ᠳ᠋ᠦᠩᠱᠧᠩ ᠲᠣᠭᠣᠷᠢᠭ ᠤ᠋ᠨ ᠠᠷᠠᠳ ᠤ᠋ᠨ ᠰᠢᠭᠦᠬᠦ ᠬᠣᠷᠢᠶ᠎ᠠ ᠢᠯᠡ ᠲᠣᠳᠣ ᠲᠥᠪ ᠭᠣᠣᠯᠴᠢ ᠣᠷᠣᠨ ᠰᠠᠭᠤᠴᠠ ᠬᠠᠷᠰᠢᠬᠤ ᠪᠦᠷᠢᠨ ᠲᠥᠬᠥᠷ ᠳᠦᠷᠢᠮ ᠢ᠋ ᠪᠠᠢᠭᠤᠯᠵᠤ ᠂ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ ᠂ ᠤᠯᠤᠰ ᠲᠥᠷᠥ ᠶ᠋ᠢᠨ ᠵᠥᠪᠯᠡᠯᠭᠡᠨ ᠦ᠌ ᠭᠡᠰᠢᠭᠦᠨ ᠂ ᠪᠠᠢᠴᠠᠭᠠᠬᠤ ᠬᠣᠷᠢᠶᠠᠨ ᠤ᠋ ᠬᠠᠮᠢᠶ᠎ᠠ ᠪᠦᠬᠦᠢ ᠠᠵᠢᠯᠲᠠᠨ ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ ᠢ᠋ ᠲᠤᠬᠠᠢ ᠶ᠋ᠢᠨ ᠲᠠᠯᠠᠪᠠᠢ ᠳ᠋ᠤ᠌ ᠤᠷᠢᠨ ᠲᠤᠬᠠᠢ ᠶ᠋ᠢᠨ ᠲᠠᠯᠠᠪᠠᠢ ᠳ᠋ᠤ᠌ ᠬᠦᠷᠴᠦ ᠬᠢᠨᠠᠯᠲᠠ ᠲᠠᠯᠪᠢᠭᠴᠢ ᠶ᠋ᠢᠨ ᠲᠤᠰᠢᠶᠠᠯ ᠢ᠋ ᠡᠭᠦᠷᠭᠡᠯᠡᠭᠦᠯᠦᠨ ᠂ ᠠᠯᠪᠠᠳᠠᠯᠭ᠎ᠠ ᠪᠠᠷ ᠭᠡᠷ ᠰᠤᠯᠠᠯᠠᠭᠤᠯᠬᠤ ᠠᠵᠢᠯ ᠳ᠋ᠤ᠌ ᠬᠢᠨᠠᠯᠲᠠ ᠲᠠᠯᠪᠢᠪᠠ ᠃ ᠭᠡᠷ ᠢ᠋ᠶ᠋ᠡᠨ ᠰᠤᠯᠠᠯᠠᠵᠤ ᠥᠭᠬᠦ ᠳ᠋ᠦ᠍ ᠬᠦᠴᠢᠷᠳᠡᠵᠦ ᠪᠠᠢᠭ᠎ᠠ ᠠᠰᠠᠭᠤᠳᠠᠯ ᠤ᠋ᠨ 《 ᠰᠢᠢᠳᠪᠦᠷᠢᠯᠡᠭᠳᠡᠵᠦ 》 ᠂ ᠣᠷᠣᠨ ᠰᠠᠭᠤᠴᠠ ᠰᠤᠯᠠᠯᠠᠵᠤ ᠥᠭᠬᠦ ᠶ᠋ᠢᠨ ᠨᠥᠯᠥᠭᠡᠯᠡᠬᠦ ᠬᠦᠴᠦᠨ ᠡᠳᠦᠷ ᠢᠷᠡᠬᠦᠶ᠎ᠡ ᠨᠡᠮᠡᠭᠳᠡᠵᠦ ᠂ ᠬᠠᠤᠯᠢ ᠴᠠᠭᠠᠵᠠ ᠶ᠋ᠢᠨ ᠣᠯᠠᠨ ᠨᠡᠢᠲᠡ ᠶ᠋ᠢᠨ ᠢᠲᠡᠭᠡᠭᠦᠯᠬᠦ ᠬᠦᠴᠦᠨ ᠪᠠ ᠬᠠᠤᠯᠢ ᠴᠠᠭᠠᠵᠠ ᠶ᠋ᠢᠨ ᠡᠷᠬᠡ ᠰᠦᠷ ᠴᠦ᠍ ᠲᠠᠰᠤᠷᠠᠯᠲᠠ ᠦᠭᠡᠢ ᠥᠷᠭᠡᠵᠢᠪᠡ ᠃
ᠣᠳᠣᠬᠠᠨ ᠳ᠋ᠤ᠌ ᠂ ᠰᠢ ᠵᠢᠨ ᠫᠢᠩ ᠤ᠋ᠨ ᠰᠢᠨ᠎ᠡ ᠴᠠᠭ ᠦᠶ᠎ᠡ ᠶ᠋ᠢᠨ ᠳᠤᠮᠳᠠᠳᠤ ᠤᠯᠤᠰ ᠤ᠋ᠨ ᠣᠨᠴᠠᠯᠢᠭ ᠪᠦᠬᠦᠢ ᠨᠡᠢᠭᠡᠮ ᠵᠢᠷᠤᠮ ᠤ᠋ᠨ ᠦᠵᠡᠯ ᠰᠠᠨᠠᠭ᠎ᠠ ᠶ᠋ᠢ ᠰᠤᠷᠤᠯᠴᠠᠨ ᠲᠤᠤᠱᠯᠠᠭᠤᠯᠬᠤ ᠭᠣᠣᠯ ᠰᠡᠳᠦᠪᠲᠦ ᠰᠤᠷᠭᠠᠨ ᠬᠥᠮᠦᠵᠢᠯ ᠶᠠᠭ ᠬᠥᠷ ᠬᠥᠭᠵᠢᠶᠡᠨ ᠲᠡᠢ ᠶᠠᠪᠤᠭᠳᠠᠵᠤ ᠪᠠᠢᠨ᠎ᠠ ᠂ ᠳ᠋ᠦᠩᠱᠧᠩ ᠤ᠋ᠨ ᠰᠢᠭᠦᠬᠦ ᠬᠣᠷᠢᠶ᠎ᠠ 《 ᠦᠵᠡᠯ ᠰᠠᠨᠠᠭ᠎ᠠ ᠶ᠋ᠢ ᠰᠤᠷᠤᠯᠴᠠᠬᠤ ᠂ ᠨᠠᠮᠴᠢ ᠴᠢᠨᠠᠷ ᠢ᠋ ᠴᠢᠩᠭᠠᠳᠬᠠᠬᠤ ᠂ ᠦᠢᠯᠡᠳᠦᠯᠭᠡ ᠶ᠋ᠢ ᠴᠢᠬᠤᠯᠠᠴᠢᠯᠠᠬᠤ ᠂ ᠰᠢᠨ᠎ᠡ ᠭᠠᠪᠢᠶ᠎ᠠ ᠪᠠᠢᠭᠤᠯᠬᠤ 》 ᠶᠡᠷᠦᠩᠬᠡᠢ ᠱᠠᠭᠠᠷᠳᠠᠯᠭ᠎ᠠ ᠶ᠋ᠢ ᠢᠳᠡᠪᠬᠢᠲᠡᠢ ᠦᠢᠯᠡᠳᠦᠯᠭᠡᠵᠢᠭᠦᠯᠵᠦ ᠂ 《 ᠲᠥᠪ ᠭᠣᠣᠯᠴᠢ ᠬᠢᠭᠡᠳ ᠦᠷ᠎ᠡ ᠪᠦᠲᠦᠮᠵᠢ 》 ᠶ᠋ᠢᠨ ᠭᠣᠣᠯ ᠰᠡᠳᠦᠪ ᠤ᠋ᠨ ᠲᠣᠭᠣᠷᠢᠨ ᠳ᠋ᠤ᠌ ᠰᠢᠭᠦᠨ ᠲᠠᠰᠤᠯᠵᠤ ᠭᠦᠢᠴᠡᠳᠬᠡᠬᠦ ᠠᠵᠢᠯ ᠤ᠋ᠨ ᠪᠠᠢᠷᠢ ᠳᠡᠭᠡᠷ᠎ᠡ ᠦᠨᠡᠨ ᠬᠦ᠌ ᠠᠳᠬᠤᠵᠤ ᠪᠣᠳᠠᠲᠠᠢ ᠠᠵᠢᠯᠯᠠᠨ ᠂ ᠦᠨᠡᠨ ᠢ᠋ ᠪᠠᠷᠢᠮᠲᠠᠯᠠᠨ ᠪᠣᠳᠠᠲᠤ ᠦᠷ᠎ᠡ ᠪᠦᠲᠦᠮᠵᠢ ᠣᠯᠵᠤ ᠂ ᠠᠰᠠᠭᠤᠳᠠᠯ ᠳ᠋ᠤ᠌ ᠠᠩᠬᠠᠷᠤᠯ ᠢ᠋ᠶ᠋ᠠᠨ ᠲᠥᠪᠯᠡᠷᠡᠭᠦᠯᠦᠨ ᠂ ᠬᠦᠴᠢᠷ ᠢ᠋ ᠮᠡᠳᠡᠵᠦ ᠪᠠᠢᠭᠠᠳ ᠤᠷᠤᠭᠰᠢᠯᠠᠵᠤ ᠂ ᠰᠢᠨ᠎ᠡ ᠠᠷᠭ᠎ᠠ ᠰᠢᠨ᠎ᠡ ᠠᠵᠢᠯ ᠢ᠋ᠶ᠋ᠠᠷ ᠡᠯ᠎ᠡ ᠵᠦᠢᠯ ᠤ᠋ᠨ ᠠᠵᠢᠯ ᠤ᠋ᠨ ᠬᠥᠭᠵᠢᠯᠲᠡ ᠶ᠋ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ ᠰᠢᠨ᠎ᠡ ᠦᠷ᠎ᠡ ᠪᠦᠲᠦᠮᠵᠢ ᠣᠯᠵᠤ ᠂ ᠨᠤᠭᠤᠷᠠᠰᠢ ᠦᠭᠡᠢ ᠲᠡᠮᠡᠴᠡᠯ ᠳ᠋ᠦ᠍ ᠲᠦᠰᠢᠭᠯᠡᠨ ᠬᠠᠤᠯᠢ ᠴᠠᠭᠠᠵᠠ ᠶ᠋ᠢᠨ ᠦᠢᠯᠡᠰ ᠤ᠋ᠨ ᠬᠥᠭᠵᠢᠯᠲᠡ ᠶ᠋ᠢᠨ ᠰᠢᠨ᠎ᠡ ᠪᠠᠢᠳᠠᠯ ᠢ᠋ ᠪᠣᠢ ᠪᠣᠯᠭᠠᠵᠤ ᠂ ᠲᠤᠬᠠᠢ ᠶ᠋ᠢᠨ ᠬᠥᠮᠦᠨ ᠦ᠌ ᠵᠠᠷᠭᠤ ᠢᠯᠠᠬᠤ ᠡᠷᠬᠡ ᠠᠰᠢᠭ ᠢ᠋ ᠪᠡᠶᠡᠯᠡᠭᠦᠯᠬᠦ 《 ᠬᠠᠮᠤᠭ ᠰᠡᠭᠦᠯᠴᠢ ᠶ᠋ᠢᠨ ᠨᠢᠭᠡ ᠺᠢᠯᠣᠮᠧᠲ᠋ᠷ 》 ᠢ᠋ ᠴᠢᠷᠮᠠᠢᠨ ᠶᠠᠪᠤᠭᠤᠯᠵᠤ᠂ 《 ᠦᠵᠡᠯ ᠰᠠᠨᠠᠭ᠎ᠠ ᠶ᠋ᠢ ᠰᠤᠷᠤᠯᠴᠠᠬᠤ 》᠂ 《 ᠨᠠᠮᠴᠢ ᠴᠢᠨᠠᠷ ᠢ᠋ ᠴᠢᠩᠭᠠᠳᠬᠠᠬᠤ 》 ᠢ᠋ᠢᠨ ᠦᠷ᠎ᠡ ᠪᠦᠲᠦᠮᠵᠢ ᠶ᠋ᠢ 《ᠦᠢᠯᠡᠳᠦᠯᠭᠡ ᠶ᠋ᠢ ᠴᠢᠬᠤᠯᠠᠴᠢᠯᠠᠬᠤ 》 ᠂ 《 ᠰᠢᠨ᠎ᠡ ᠭᠠᠪᠢᠶ᠎ᠠ ᠪᠠᠢᠭᠤᠯᠬᠤ 》 ᠢ᠋ᠢᠨ ᠪᠣᠳᠠᠲᠤ ᠠᠵᠢᠯᠯᠠᠭᠠᠨ ᠳ᠋ᠤ ᠢᠯᠡᠷᠡᠭᠦᠯᠵᠦ ᠂ ᠨᠡᠩ ᠰᠠᠢᠨ ᠴᠢᠨᠠᠷ ᠰᠠᠢᠲᠠᠢ ᠬᠠᠤᠯᠢ ᠪᠠᠷᠢᠬᠤ ᠦᠢᠯᠡᠴᠢᠯᠡᠭᠡᠨ ᠢ᠋ᠢᠠᠷ ᠴᠢᠨᠠᠷ ᠰᠠᠢᠲᠠᠢ ᠠᠵᠤ ᠠᠬᠤᠢ ᠨᠡᠢᠭᠡᠮ ᠤ᠋ᠨ ᠬᠥᠭᠵᠢᠯᠲᠡ ᠳ᠋ᠤ ᠪᠠᠲᠤᠯᠠᠭ᠎ᠠ ᠬᠠᠩᠭᠠᠨ᠎ᠠ ᠃
ᠦᠨᠡᠯᠡᠬᠦ 0ᠦᠨᠡᠯᠡᠯᠲᠡ᠎ᠲᠠᠢ