ᠠᠯᠪᠠᠨ ᠵᠠᠷ (ᠵᠠᠭᠠᠯᠳᠤᠭᠴᠢ ᠨᠢ ᠣᠷᠳᠣᠰ ᠤᠨ ᠬᠥᠳᠡᠭᠡ ᠲᠣᠰᠬᠣᠨ ᠤ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠪᠣᠯᠤᠨ ᠵᠠᠭᠠᠯᠳᠤᠭᠳᠠᠭᠴᠢ ᠤᠷᠠᠳ ᠤᠨ ᠳᠤᠮᠳᠠᠳᠤ ᠬᠣᠰᠢᠭᠤᠨ ᠤ ᠲᠠᠯᠠᠰᠲᠤ ᠴᠢᠯᠠᠭᠤ ᠶᠢᠨ ᠠᠭᠤᠷᠬᠠᠶ ᠶᠢᠨ ᠦᠢᠯᠡᠰ ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠳ᠋ᠸᠠᠨ ᠹᠦ᠋ ᠱᠧᠩ ᠂ ᠪᠠᠶ ᠬᠤᠤ ᠂ ᠵᠠᠩ ᠡᠢ ᠯᠢᠨ᠂ ᠨᠠᠷᠠᠨᠳᠠᠯᠠᠢ ᠂ ᠯᠢᠦ ᠾᠸ ᠬᠠᠶ ᠂ ᠱᠢ ᠾᠸ ᠫᠢᠩ᠂ ᠬᠤ ᠾᠸ ᠫᠢᠩ ᠂ᠯᠢ ᠫᠸᠩ ᠹᠧᠶ ᠂ ᠳ᠋ᠦ᠋ ᠯᠢᠨ ᠤ ᠮᠥᠩᠭᠥᠨ ᠭᠦᠢᠯᠭᠡᠭᠡᠨ ᠦ ᠵᠣᠭᠣᠰ ᠵᠢᠭᠡᠯᠡᠬᠦ ᠭᠡᠷ᠎ᠡ ᠶᠢᠨ ᠵᠠᠭᠤᠷᠠᠯᠳᠤᠭᠠᠨ ᠤ ᠬᠡᠷᠡᠭ ᠦᠨ ᠲᠤᠬᠠᠶ )
ᠤᠷᠠᠳ ᠤᠨ ᠳᠤᠮᠳᠠᠳᠤ ᠬᠣᠰᠢᠭᠤᠨ ᠤ ᠲᠠᠯᠠᠰᠲᠤ ᠴᠢᠯᠠᠭᠤ ᠶᠢᠨ ᠠᠭᠤᠷᠬᠠᠶ ᠶᠢᠨ ᠦᠢᠯᠡᠰ ᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠂ ᠳ᠋ᠸᠠᠨ ᠹᠦ᠋ ᠱᠧᠩ᠂ ᠨᠠᠷᠠᠨᠳᠠᠯᠠᠢ᠂ ᠳ᠋ᠦ᠋ ᠯᠢᠨ᠄
ᠲᠣᠰ ᠬᠣᠷᠢᠶᠠᠨ ᠤ ᠭᠦᠯᠢᠶᠡᠨ ᠠᠪᠴᠤ ᠰᠢᠶᠳᠪᠦᠷᠢᠯᠡᠭᠰᠡᠨ ᠣᠷᠳᠣᠰ ᠤᠨ ᠬᠥᠳᠡᠭᠡ ᠲᠣᠰᠬᠣᠨ ᠤ ᠬᠤᠳᠠᠯᠳᠤᠭᠠᠨ ᠤ ᠪᠠᠩᠬᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠡᠴᠡ ᠵᠠᠭᠠᠯᠳᠤᠭᠰᠠᠨ ᠲᠠᠨ ᠤ ᠮᠥᠩᠭᠥᠨ ᠭᠦᠢᠯᠭᠡᠭᠡᠨ ᠦ ᠵᠣᠭᠣᠰ ᠵᠢᠭᠡᠯᠡᠬᠦ ᠭᠡᠷ᠎ᠡ ᠶᠢᠨ ᠵᠠᠭᠤᠷᠠᠯᠳᠤᠭᠠᠨ ᠤ ᠬᠡᠷᠡᠭ ᠢ ᠨᠢᠭᠡᠨᠲᠡ ᠰᠢᠭᠦᠨ ᠲᠡᠭᠦᠰᠬᠡᠪᠡ᠃ ᠣᠳᠣ ᠲᠤᠰ ᠬᠣᠷᠢᠶᠠᠨ ᠤ( 2014 ) ᠣᠷᠳᠤᠰ ᠤᠨ ᠬᠤᠳᠠᠯᠳᠤᠭᠠᠨ ᠤ ᠠᠩᠬᠠᠨ ᠤ ᠦᠰᠦᠭ ᠦᠨ 46 ᠳ᠋ᠤᠭᠠᠷ ᠲᠣᠭᠠᠲᠤ ᠢᠷᠭᠡᠨ ᠦ ᠬᠡᠷᠡᠭ ᠦᠨ ᠰᠢᠭᠦᠨ ᠲᠠᠰᠤᠯᠤᠯᠲᠠ ᠶᠢᠨ ᠪᠢᠴᠢᠭ ᠢ ᠬᠦᠷᠭᠡᠭᠰᠡᠨ ᠢ ᠠᠯᠪᠠᠨ ᠶᠣᠰᠣᠭᠠᠷ ᠵᠠᠷᠯᠠᠪᠠ᠃ ᠠᠯᠪᠠᠨ ᠵᠠᠷ ᠢ ᠬᠦᠷᠭᠡᠭᠰᠡᠨ ᠡᠳᠦᠷ ᠡᠴᠡ ᠡᠬᠢᠯᠠᠨ60 ᠡᠳᠦᠷ ᠤᠨ ᠳᠣᠲᠤᠷ᠎ᠠ ᠲᠤᠰ ᠬᠣᠷᠢᠶᠠᠨ ᠳᠤ ᠢᠷᠡᠵᠦ ᠲᠤᠰ ᠰᠢᠭᠦᠨ ᠲᠠᠰᠤᠯᠠᠯᠲᠠ ᠶᠢ ᠠᠪᠬᠤ ᠬᠡᠷᠡᠭᠲᠠᠢ᠂ ᠬᠡᠷᠪᠡ ᠬᠤᠭᠤᠴᠠᠭ᠎ᠠ ᠬᠡᠲᠦᠷᠡᠪᠡᠯ ᠬᠦᠷᠭᠡᠭᠰᠡᠨ ᠢᠶᠡᠷ ᠪᠣᠳᠤᠨ᠎ᠠ᠃ ᠲᠤᠰ ᠰᠢᠭᠦᠨ ᠲᠠᠰᠤᠯᠠᠯᠲᠠ ᠶᠢ ᠥᠯᠥ ᠬᠦᠯᠢᠶᠡᠪᠡᠯ ᠂ ᠠᠯᠪᠠᠨ ᠵᠠᠷ ᠤᠨ ᠬᠤᠭᠤᠴᠠᠭ᠎ᠠ ᠳᠦᠭᠦᠷᠦᠭᠰᠡᠨ ᠦ ᠳᠠᠷᠠᠭ᠎ᠠ ᠡᠳᠦᠷ ᠡᠴᠡ ᠡᠬᠢᠯᠡᠵᠦ ᠠᠷᠪᠠᠨ ᠲᠠᠪᠤᠨ ᠡᠳᠦᠷ ᠦᠨ ᠳᠣᠲᠣᠷ᠎ᠠ ᠲᠤᠰ ᠬᠣᠷᠢᠶᠠᠨ ᠳᠤ ᠳᠡᠭᠡᠭᠰᠢ ᠵᠠᠭᠠᠯᠳᠤᠬᠤ ᠪᠢᠴᠢᠭ ᠢᠶᠡᠨ ᠬᠦᠷᠭᠡᠵᠦ᠂ ᠳᠠᠭᠠᠤ ᠳᠤ ᠨᠢ ᠡᠰᠡᠷᠭᠦ ᠡᠲᠡᠭᠡᠳ ᠤᠨ ᠬᠥᠮᠦᠨ ᠤ ᠲᠣᠭ᠎ᠠ ᠲᠠᠢ ᠬᠠᠷᠭᠠᠯᠵᠠᠭᠰᠠᠨ ᠬᠠᠭᠤᠯᠪᠤᠷᠢ ᠳᠡᠪᠲᠡᠷ ᠢᠶᠡᠨ ᠲᠤᠰᠢᠶᠠᠵᠤ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠣᠷᠢᠶᠠᠨ ᠳᠤ ᠳᠡᠭᠡᠭᠰᠢ ᠵᠠᠭᠠᠯᠳᠤᠵᠤ ᠪᠣᠯᠤᠨ᠎ᠠ᠃ ᠬᠤᠭᠤᠴᠠᠭ᠎ᠠ ᠬᠡᠲᠦᠷᠡᠲᠡᠯ᠎ᠡ ᠳᠡᠭᠡᠭᠰᠢ ᠵᠠᠭᠠᠯᠳᠤᠭᠰᠠᠨ ᠦᠭᠡᠢ ᠪᠠᠶᠢᠪᠠᠯ ᠂ ᠲᠤᠰ ᠲᠠᠰᠤᠯᠤᠯᠲᠠ ᠨᠢ ᠳᠠᠷᠤᠶ ᠬᠠᠤᠯᠢ ᠶᠢᠨ ᠬᠦᠴᠦᠨ ᠲᠡᠶ ᠪᠣᠯᠤᠨ᠎ᠠ ᠃
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠷᠳᠣᠰ ᠬᠣᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠣᠷᠢᠶ᠎ᠠ
ᠬᠤᠶᠠᠷ ᠮᠢᠩᠭ᠎ᠠ ᠪᠥᠭᠡᠳ ᠠᠷᠪᠠᠨ ᠳᠣᠯᠤᠭᠠᠨ ᠤᠨ ᠤ ᠬᠤᠶᠠᠷ ᠰᠠᠷ᠎ᠠ ᠶᠢᠨ ᠬᠣᠷᠢᠨ ᠤ ᠡᠳᠦᠷ
ᠦᠨᠡᠯᠡᠬᠦ 0ᠦᠨᠡᠯᠡᠯᠲᠡ᠎ᠲᠠᠢ