ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠡᠷᠬᠢᠯᠡᠭᠰᠡᠨ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠬᠡᠰᠢᠬᠦᠨ ᠦ ᠪᠤᠯᠪᠠᠰᠤᠷᠠᠯ ᠤᠨ ᠠᠩᠬᠢ
2016.11.05 ᠲᠣᠰ ᠥᠷᠲᠡᠭᠡᠨ ᠦ ᠨᠠᠢᠷᠠᠭᠤᠯᠤᠭᠴᠢ

ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠡᠷᠬᠢᠯᠡᠭᠰᠡᠨ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠬᠡᠰᠢᠬᠦᠨ ᠦ ᠪᠤᠯᠪᠠᠰᠤᠷᠠᠯ ᠤᠨ ᠠᠩᠬᠢ

 ᠨᠠᠮ ᠤᠨ ᠬᠡᠰᠢᠭᠦᠨ ᠦ ᠲᠦᠪᠯᠡᠯ ᠦᠨ ᠬᠦᠴᠦᠨ᠂ ᠪᠠᠢᠯᠳᠤᠬᠤ ᠬᠦᠴᠦᠨ ᠢ ᠤᠯᠠᠮ ᠨᠢᠬᠡ ᠠᠯᠬᠤᠮ ᠳᠡᠭᠡᠭᠰᠢᠯᠡᠬᠦᠯᠵᠦ ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠢᠭᠤᠯᠤᠯᠲᠠ ᠶᠢᠨ ᠪᠠᠢᠯᠳᠤᠭᠠᠨ ᠤ ᠪᠡᠬᠢᠯᠡᠯᠲᠡ ᠶᠢᠨ ᠦᠢᠯᠡᠳᠦᠯ ᠢ ᠰᠠᠢᠲᠤᠷ ᠪᠠᠳᠠᠷᠠᠭᠤᠯᠬᠤ  ᠶᠢᠨ ᠲᠦᠯᠦᠭᠡ ᠂ 2 ᠰᠠᠷᠠᠢᠨ 16—17 ᠡᠳᠦᠷ ᠂ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ ᠬᠡᠰᠢᠬᠦᠨ ᠦ ᠪᠤᠯᠪᠠᠰᠤᠷᠠᠯ ᠤᠨ ᠠᠩᠬᠢ ᠶᠢ ᠡᠷᠬᠢᠯᠡᠵᠦ ᠂ ᠪᠦᠬᠦ ᠨᠠᠮ ᠤᠨ ᠬᠡᠰᠢᠬᠦᠨ ᠺᠠᠲᠠᠷ ᠴᠠᠭᠳᠠᠭ᠎ᠠ ᠪᠤᠯᠪᠠᠰᠤᠷᠠᠯ ᠳᠤ ᠤᠷᠤᠯᠴᠠᠪᠠ ᠃

     ᠪᠤᠯᠪᠠᠰᠤᠷᠠᠯ ᠳᠤ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ  ᠶᠢᠨ ᠴᠢ ᠬᠠᠢ ᠯᠢᠨ ᠫᠷᠤᠹᠸᠰᠰᠤᠷ  ᠢ ᠤᠨᠴᠠ ᠤᠷᠢᠵᠤ ᠳᠤᠰᠪᠤᠷᠢ《ᠨᠠᠮ ᠤᠨ ᠬᠡᠰᠢᠬᠦᠨ ᠺᠠᠲᠠᠷᠴᠤᠳ ᠤᠨ ᠠᠷᠢᠭᠤᠨ ᠴᠢᠬᠡᠴᠢ ᠶᠢᠨ ᠪᠠᠷᠢᠮᠵᠢᠶ᠎ᠠ》ᠪᠤᠯᠤᠨ《ᠨᠠᠮ ᠤᠨ ᠬᠡᠰᠢᠬᠦᠨ ᠺᠠᠲᠠᠷᠴᠤᠳ ᠤᠨ ᠰᠠᠬᠢᠯᠭ᠎ᠠ ᠪᠠᠲᠤ ᠶᠢᠨ ᠰᠢᠳᠬᠡᠯ ᠦᠭᠬᠦ ᠲᠦᠷᠢᠮ》ᠵᠢᠴᠢ ᠬᠤᠳᠠ ᠶᠢᠨ ᠨᠠᠮ ᠤᠨ ᠬᠤᠷᠢᠶᠠᠨ ᠤ ᠭᠤᠷᠪᠠᠨ ᠬᠤᠭᠤᠴᠠᠭᠠᠨ ᠲᠦᠪ ᠬᠤᠷᠢᠶᠠᠨ ᠤ ᠲᠤᠯᠤᠳᠤᠭᠠᠷ ᠤᠳᠠᠭᠠᠨ ᠤ ᠪᠦᠬᠦ ᠬᠡᠰᠢᠬᠦᠳ ᠦᠨ ᠬᠤᠷᠠᠯᠳᠤᠭᠠᠨ᠂ ᠬᠤᠳᠠ ᠶᠢᠨ ᠭᠤᠷᠪᠠᠨ  ᠬᠤᠭᠤᠴᠠᠭᠠᠨ ᠤ ᠲᠦᠷᠪᠡᠳᠦᠬᠡᠷ ᠤᠳᠠᠭᠠᠨ ᠤ ᠠᠷᠠᠳ ᠤᠨ ᠲᠦᠯᠦᠭᠡᠯᠡᠭᠴᠢᠳ ᠦᠨ ᠶᠡᠬᠡ ᠬᠤᠷᠠᠯ ᠤᠨ ᠬᠤᠷᠠᠯᠳᠤᠭᠠᠨ ᠤ ᠵᠤᠷᠢᠭ ᠰᠠᠨᠠᠭ᠎ᠠ ᠂ ᠪᠦᠬᠦ ᠬᠤᠳᠠ ᠶᠢᠨ ᠠᠵᠤ ᠠᠬᠤᠢ ᠶᠢᠨ ᠬᠦᠭᠵᠢᠯᠲᠡ ᠶᠢᠨ ᠪᠠᠢᠳᠠᠯ ᠳᠤ ᠳᠤᠰᠬᠠᠢ ᠰᠡᠳᠦᠪ ᠦᠨ ᠲᠠᠢᠯᠪᠤᠷᠢᠯᠠᠯᠲᠠ ᠬᠢᠪᠡ ᠃ ᠶᠠᠷᠢᠶ᠎ᠠ ᠢᠯᠡᠳᠬᠡᠯ ᠦᠨ ᠭᠤᠤᠯ ᠰᠡᠳᠦᠪ ᠢᠯᠡ ᠳᠤᠳᠤ ᠂ ᠠᠭᠤᠯᠭ᠎ᠠ ᠡᠯᠪᠡᠭ ᠂ ᠭᠤᠤᠯᠳᠠᠯᠭ᠎ᠠ ᠨᠢ ᠲᠤᠪᠤᠢᠮ᠎ᠠ ᠂ ᠴᠢᠩᠭ᠎ᠠ ᠬᠠᠨᠳᠤᠭᠤᠯᠬᠤ ᠴᠢᠨᠠᠷ ᠲᠠᠢ ᠂ ᠨᠠᠮ ᠤᠨ ᠰᠤᠷᠳᠠᠯ ᠤᠨ ᠠᠷᠢᠭᠤᠨ ᠴᠢᠬᠡᠴᠢ ᠶᠢᠨ ᠪᠦᠲᠦᠬᠡᠨ ᠪᠠᠢᠭᠤᠯᠤᠯᠲᠠ ᠪᠠ ᠬᠠᠤᠯᠢ ᠶᠢᠨ ᠠᠷᠢᠭᠤᠨ ᠴᠢᠬᠡᠴᠢ ᠰᠤᠷᠭᠠᠨ ᠬᠦᠮᠦᠵᠢᠯ ᠦᠨ ᠬᠦᠳᠡᠯᠭᠡᠭᠡᠨ ᠢ ᠲᠦᠯᠬᠢᠨ ᠠᠬᠢᠭᠤᠯᠬᠤ ᠳᠤ ᠴᠢᠬᠤᠯᠠ ᠤᠳᠤᠷᠢᠳᠤᠮᠵᠢ ᠶᠢᠨ ᠤᠳᠬ᠎ᠠ ᠠᠭᠤᠯᠭ᠎ᠠ ᠲᠠᠢ ᠶᠤᠮ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )