ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ  ᠠᠴᠠ《ᠭᠤᠷᠪᠠᠨ ᠴᠢᠩᠭ᠎ᠠ ᠭᠤᠷᠪᠠᠨ ᠪᠤᠳᠠᠳᠠᠢ》ᠳᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ 
2016.04.11 ᠲᠣᠰ ᠥᠷᠲᠡᠭᠡᠨ ᠦ ᠨᠠᠢᠷᠠᠭᠤᠯᠤᠭᠴᠢ

ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ  ᠠᠴᠠ《ᠭᠤᠷᠪᠠᠨ ᠴᠢᠩᠭ᠎ᠠ ᠭᠤᠷᠪᠠᠨ ᠪᠤᠳᠠᠳᠠᠢ》ᠳᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠪᠠ

2 ᠰᠠᠷᠠᠢᠨ 1 ᠡᠳᠦᠷ ᠦᠨ ᠦᠳᠡ ᠶᠢᠨ ᠡᠮᠦᠨ᠎ᠠ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ 《ᠭᠤᠷᠪᠠᠨ ᠴᠢᠩᠭ᠎ᠠ ᠭᠤᠷᠪᠠᠨ ᠪᠤᠳᠠᠳᠠᠢ》ᠳᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠬᠤᠷᠠᠯᠳᠤᠭᠤᠯᠪᠠ ᠃ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠤᠨ ᠬᠡᠰᠢᠬᠦᠨ ᠂ ᠪᠠᠢᠩᠭᠤ ᠶᠢᠨ ᠬᠤᠷᠢᠶᠠᠨ ᠤ ᠳᠡᠳ᠋ ᠳᠠᠷᠤᠭ᠎ᠠ ᠽᠠᠩ ᠵᠢᠶᠠᠨ ᠫᠢᠩ ᠂ ᠳᠡᠳ᠋ ᠬᠤᠷᠢᠶᠠᠨ ᠳᠠᠷᠤᠭ᠎ᠠ ᠯᠢ ᠮᠸᠢ ᠷᠦᠩ ᠂ ᠹᠠᠨ ᠶᠢᠥ ᠹᠦ᠋ ᠂ ᠯᠢ ᠵᠢᠩ ᠭᠦᠸᠸ ᠵᠢᠴᠢ ᠪᠤᠰᠤᠳ ᠰᠢᠶᠠᠨ  ᠭᠠᠵᠠᠷ ᠤᠨ ᠳᠡᠰ  ᠦᠨ ᠺᠠᠲᠠᠷ ᠬᠤᠷᠠᠯ ᠳᠤ ᠤᠷᠤᠯᠴᠠᠪᠠ ᠃ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠠᠢᠭᠤᠯᠭ᠎ᠠ ᠶᠢᠨ ᠨᠠᠮ ᠤᠨ ᠬᠤᠷᠢᠶᠠᠨ ᠤ ᠳᠤᠰᠬᠠᠢ ᠳᠤᠰᠢᠶᠠᠯᠳᠤ ᠱᠦᠵᠢ ᠸᠠᠩ ᡁᠢ ᠯᠠᠩ ᠨᠦᠬᠦᠷ ᠬᠤᠷᠠᠯ ᠳᠤ ᠰᠤᠯᠠ ᠤᠷᠤᠯᠴᠠᠪᠠ ᠃ ᠯᠢ ᠵᠢᠩ ᠭᠦᠸᠸ ᠳᠡᠳ᠋ ᠬᠤᠷᠢᠶᠠᠨ ᠳᠠᠷᠤᠭ᠎ᠠ ᠬᠤᠷᠠᠯ ᠡᠷᠬᠢᠯᠡᠪᠡ ᠃

ᠳᠤᠰᠬᠠᠢ ᠰᠡᠳᠦᠪᠳᠦ ᠠᠷᠠᠳᠴᠢᠯᠠᠯ ᠠᠮᠢᠳᠤᠷᠠᠯ ᠤᠨ ᠬᠤᠷᠠᠯ ᠢ ᠰᠠᠢᠨ ᠬᠤᠷᠠᠯᠳᠤᠬᠤ ᠶᠢᠨ ᠲᠦᠯᠦᠬᠡ ᠂ ᠬᠤᠷᠠᠯ ᠤᠨ ᠡᠮᠦᠨ᠎ᠠ ᠂ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠬᠤᠳᠠ ᠶᠢᠨ ᠨᠠᠮ ᠤᠨ ᠬᠤᠷᠢᠶᠠᠨ ᠤ ᠪᠠᠢᠷᠢᠯᠠᠭᠤᠯᠤᠲᠠ ᠶᠢᠨ ᠱᠠᠭᠠᠷᠳᠠᠯᠭ᠎ᠠ ᠶᠤᠰᠤᠭᠠᠷ ᠬᠦᠢᠴᠡᠳ ᠪᠡᠯᠡᠳᠭᠡᠯ ᠬᠢᠭᠰᠡᠨ ᠪᠠᠢᠨ᠎ᠠ ᠃ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠠᠩ ᠨᠢ ᠠᠵᠢᠯ ᠤᠨ ᠪᠤᠳᠠᠳᠠᠢ ᠪᠠᠢᠳᠠᠯ ᠲᠠᠢ ᠤᠶᠠᠯᠳᠠᠭᠤᠯᠤᠨ ᠠᠷᠠᠳᠴᠢᠯᠠᠯ ᠠᠮᠢᠳᠤᠷᠠᠯ ᠤᠨ ᠬᠤᠷᠠᠯ ᠤᠨ ᠲᠦᠰᠦᠯ  ᠢ ᠨᠠᠷᠢᠨ ᠬᠢᠨᠠᠮᠠᠭᠠᠢ ᠰᠤᠳᠤᠯᠤᠨ ᠳᠤᠭᠳᠠᠭᠠᠵᠤ ᠂ ᠳᠤᠰ ᠤᠳᠠᠭᠠᠨ ᠤ ᠠᠷᠠᠳᠴᠢᠯᠠᠯ ᠠᠮᠢᠳᠤᠷᠠᠯ ᠤᠨ ᠬᠤᠷᠠᠯ ᠤᠨ ᠶᠠᠪᠤᠭᠳᠠᠬᠤ ᠳᠤ ᠪᠦᠬᠦ ᠲᠠᠯ᠎ᠠ ᠶᠢᠨ ᠲᠤᠬᠢᠷᠠᠭᠤᠯᠤᠯᠲᠠ ᠬᠢᠪᠡ ᠃ ᠰᠢᠬᠦᠬᠦ ᠬᠤᠷᠢᠶᠠᠨ ᠤ ᠤᠳᠤᠷᠢᠳᠬᠤ ᠪᠠᠭ  ᠤᠨ ᠬᠡᠰᠢᠬᠦᠨ ᠦᠪᠡᠷᠲᠡᠭᠡᠨ ᠰᠤᠷᠤᠯᠴᠠᠬᠤ ᠪᠤᠯᠤᠨ ᠲᠦᠪᠯᠡᠷᠡᠭᠦᠯᠦᠨ ᠰᠤᠷᠤᠯᠴᠠᠬᠤ ᠶᠢ ᠤᠶᠠᠯᠳᠤᠭᠤᠯᠬᠤ ᠠᠷᠭ᠎ᠠ ᠬᠡᠯᠪᠡᠷᠢ  ᠠᠪᠴᠤ ᠂ ᠤᠯᠠᠮ ᠨᠢᠬᠡ ᠠᠯᠬᠤᠮ ᠰᠢ ᠵᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ᠂ ᠤᠨᠴᠠᠭᠠᠢᠯᠠᠨ ᠨᠠᠮ ᠤᠨ ᠬᠡᠰᠢᠬᠦᠨ ᠤᠳᠤᠷᠢᠳᠤᠯᠭ᠎ᠠ ᠺᠠᠲᠠᠷ 《ᠭᠤᠷᠪᠠᠨ ᠴᠢᠩᠭ᠎ᠠ ᠭᠤᠷᠪᠠᠨ ᠪᠤᠳᠠᠳᠠᠢ》 ᠶᠢᠨ ᠰᠢᠨ᠎ᠠ ᠦᠵᠡᠯ ᠰᠠᠨᠠᠭ᠎ᠠ ᠰᠢᠨ᠎ᠠ ᠦᠵᠡᠯᠲᠡ ᠰᠢᠨ᠎ᠠ ᠱᠠᠭᠠᠷᠳᠠᠯᠭ᠎ᠠ ᠶᠢ ᠪᠣᠳᠠᠲᠠᠢᠵᠢᠭᠤᠯᠵᠤ ᠂ ᠠᠷᠠᠳᠴᠢᠯᠠᠯ ᠠᠮᠢᠳᠤᠷᠠᠯ ᠤᠨ ᠬᠤᠷᠠᠯ ᠢ ᠰᠠᠢᠳᠤᠷ ᠬᠤᠷᠠᠯᠳᠤᠭᠤᠯᠬᠤ ᠳᠤ ᠪᠠᠳᠤ ᠪᠡᠬᠢ ᠦᠵᠡᠯ ᠰᠠᠨᠠᠭᠠᠨ ᠤ ᠰᠠᠭᠤᠷᠢ ᠳᠠᠯᠪᠢᠪᠠ ᠃ ᠰᠢᠭᠦᠬᠦ ᠬᠤᠷᠢᠶᠠᠨ ᠤ ᠤᠳᠤᠷᠢᠳᠬᠤ ᠪᠠᠭ ᠤᠨ ᠬᠡᠰᠢᠬᠦᠨ ᠵᠢᠣᠢ ᠪᠤᠰᠤᠳ ᠰᠢᠶᠠᠨ ᠭᠠᠵᠠᠷ ᠤᠨ ᠳᠡᠰ ᠦᠨ ᠤᠳᠤᠷᠢᠳᠤᠯᠭ᠎ᠠ ᠡᠮᠦᠨ᠎ᠠ ᠬᠤᠢᠨ᠎ᠠ 21 ᠨᠢᠬᠡᠴᠡ ᠪᠠ ᠬᠡᠯᠳᠡᠰ ᠡᠴᠡ ᠰᠠᠨᠠᠭᠤᠯᠭ᠎ᠠ ᠶᠢᠨ ᠪᠢᠴᠢᠭ ᠳᠠᠷᠬᠠᠬᠠᠬᠤ ᠵᠡᠷᠬᠡ ᠬᠡᠯᠪᠡᠷᠢ ᠦᠷᠬᠡᠨ ᠢᠶᠡᠷ ᠰᠠᠨᠠᠭᠤᠯᠭ᠎ᠠ ᠬᠤᠷᠢᠶᠠᠭᠰᠠᠨ ᠪᠠᠢᠨ᠎ᠠ ᠂ ᠠᠷᠠᠳᠴᠢᠯᠠᠯ ᠠᠮᠢᠳᠤᠷᠠᠯ ᠤᠨ ᠬᠤᠷᠠᠯ ᠤᠨ ᠪᠠᠢᠴᠠᠭᠠᠨ ᠰᠤᠳᠤᠯᠤᠬᠤ  ᠳᠤ ᠠᠩᠬᠠᠨ ᠤ ᠮᠠᠲ᠋ᠧᠷᠢᠶᠠᠯ ᠬᠠᠩᠭᠠᠵᠤ ᠦᠭᠭᠦᠭᠰᠡᠨ ᠪᠠᠢᠨ᠎ᠠ ᠃

ᠬᠤᠷᠠᠯ ᠳᠡᠭᠡᠷ᠎ᠠ ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠢᠯᠩ ᠤᠨ ᠬᠡᠰᠢᠬᠦᠨ ᠂ ᠪᠠᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠽᠠᠩ ᠵᠢᠶᠠᠨ ᠫᠢᠩ ᠤᠳᠤᠷᠢᠳᠬᠤ ᠪᠠᠭ ᠢ ᠲᠦᠯᠦᠭᠡᠯᠡᠨ ᠬᠠᠷᠢᠴᠠᠭᠤᠯᠤᠨ ᠪᠠᠢᠴᠠᠭᠠᠭᠰᠠᠨ ᠮᠦᠷᠲᠡᠭᠡᠨ ᠲᠤᠯᠤᠭᠠᠢ ᠲᠦᠷᠦᠭᠦᠯᠦᠨ ᠬᠤᠪᠢ ᠬᠦᠮᠦᠨ ᠦ ᠬᠠᠷᠢᠴᠠᠭᠤᠯᠤᠯ ᠪᠠᠢᠴᠠᠭᠠᠯᠲᠠ ᠬᠢᠭᠰᠡᠨ ᠪᠠᠢᠨ᠎ᠠ ᠃ ᠳᠠᠷᠠᠭᠠᠷ ᠨᠢ ᠂ ᠪᠤᠰᠤᠳ ᠤᠳᠤᠷᠢᠳᠬᠤ ᠪᠠᠭ ᠳᠡᠰ ᠳᠠᠷᠠᠭᠠᠯᠠᠨ ᠬᠤᠪᠢ ᠬᠦᠮᠦᠨ ᠦ ᠬᠠᠷᠢᠴᠠᠭᠤᠯᠤᠯ ᠪᠠᠢᠴᠠᠭᠠᠯᠲ᠎ᠠ ᠬᠢᠪᠡ ᠃ ᠬᠠᠮᠤᠭ ᠡᠴᠦᠰ ᠲᠦ ᠂ ᠶᠠᠷᠢᠶ᠎ᠠ ᠢᠯᠡᠳᠬᠡᠯ ᠦᠨ ᠪᠠᠢᠳᠠᠯ ᠲᠠᠢ ᠤᠶᠠᠯᠳᠠᠭᠤᠯᠤᠨ ᠂ ᠬᠤᠷᠠᠯ ᠳᠤ ᠤᠷᠤᠯᠴᠠᠭᠰᠠᠨ ᠤᠳᠤᠷᠢᠳᠤᠯᠭ᠎ᠠ ᠲᠦᠪ ᠴᠢᠩᠭ᠎ᠠ ᠨᠠᠷᠢᠨ ᠬᠢᠨᠠᠮᠠᠭᠠᠢ ᠰᠢᠬᠦᠮᠵᠢᠯᠡᠯ ᠪᠠ ᠦᠪᠡᠷ ᠦᠨ ᠰᠢᠬᠦᠮᠵᠢᠯᠡᠯ ᠬᠢᠪᠡ ᠃ ᠤᠯᠠᠨ  ᠤ ᠶᠠᠷᠢᠶ᠎ᠠ ᠨᠢ《ᠭᠤᠷᠪᠠᠨ ᠴᠢᠩᠭ᠎ᠠ ᠭᠤᠷᠪᠠᠨ ᠪᠤᠳᠠᠳᠠᠢ》ᠭᠤᠤᠯ ᠰᠡᠳᠦᠪ ᠲᠦ ᠲᠦᠪᠯᠡᠷᠡᠵᠦ ᠂ ᠦᠵᠡᠯ ᠰᠠᠨᠭ᠎ᠠ ᠂ ᠠᠵᠢᠯ ᠂ ᠠᠮᠢᠳᠤᠷᠠᠯ ᠪᠤᠯᠤᠨ ᠪᠤᠳᠠᠳᠠᠢ ᠬᠡᠪ ᠰᠤᠷᠳᠠᠯ ᠢ ᠬᠤᠯᠪᠤᠵᠤ ᠂ ᠨᠠᠮ ᠤᠨ ᠠᠷᠠᠳ ᠲᠦᠮᠡᠨᠴᠢ ᠱᠤᠭᠤᠮ ᠤᠨ ᠰᠤᠷᠭᠠᠨ ᠬᠦᠮᠦᠵᠢᠯ ᠦᠨ ᠦᠢᠯᠡᠳᠦᠯᠭᠡᠵᠢᠭᠦᠯᠦᠯᠲᠡ ᠶᠢᠨ ᠠᠵᠢᠯᠯᠠᠭᠠᠨ ᠤ ᠦᠬᠡᠷᠡᠴᠢᠯᠡᠯᠲᠡ ᠶᠢᠨ ᠪᠤᠳᠠᠳᠠᠢᠵᠢᠭᠤᠯᠤᠯᠲᠠ ᠶᠢᠨ ᠪᠠᠢᠳᠠᠯ ᠢ ᠬᠤᠯᠪᠤᠵᠤ ᠂ ᠨᠠᠷᠢᠨ ᠬᠢᠨᠠᠮᠠᠭᠠᠢ ᠬᠠᠷᠢᠴᠠᠭᠤᠯᠤᠨ ᠪᠠᠢᠴᠠᠭᠠᠵᠤ ᠂ ᠵᠠᠢᠯᠠᠬᠤ ᠦᠬᠡᠢ ᠪᠡᠷ ᠠᠰᠠᠭᠤᠳᠠᠯ ᠢ ᠡᠷᠢᠵᠦ ᠳᠡᠯᠭᠡᠭᠡᠬᠦ ᠂ ᠰᠢᠯᠳᠠᠭᠠᠨ ᠢ ᠬᠦᠨᠵᠡᠬᠡᠢ ᠵᠠᠳᠠᠯᠠᠵᠤ ᠂ ᠥᠭᠡᠷᠡᠴᠢᠯᠡᠯᠲᠡ ᠶᠢᠨ ᠠᠷᠭ᠎ᠠ ᠠᠪᠴᠢᠯ ᠪᠤᠳᠠᠳᠠᠢ ᠂ ᠰᠢᠬᠦᠮᠵᠢᠯᠡᠯ ᠪᠠ ᠦᠪᠡᠷ ᠦᠨ ᠪᠡᠶ᠎ᠠ ᠶᠢᠨ ᠰᠢᠬᠦᠮᠵᠢᠯᠡᠯ ᠨᠢ ᠠᠯᠢᠪᠠ ᠶᠢ ᠢᠯᠡ ᠪᠤᠯᠭᠠᠵᠤ ᠂ ᠬᠦᠮᠦᠨ ᠤᠴᠢᠷ ᠦᠵᠡᠯ ᠰᠠᠨᠠᠭ᠎ᠠ ᠶᠢ ᠦᠵᠡᠨ ᠂ ᠨᠢᠬᠡᠳᠦᠯᠲᠠᠢ ᠤᠢᠯᠭᠠᠯᠲᠠ ᠲᠠᠢ ᠪᠤᠯᠵᠤ ᠂ ᠬᠡᠪ ᠰᠤᠷᠳᠠᠯ ᠢ ᠰᠠᠢᠵᠢᠷᠠᠭᠤᠯᠵᠤ ᠂ ᠬᠠᠮᠲᠤᠷᠠᠯ ᠤᠨ ᠬᠠᠷᠠᠯᠲᠠ ᠶᠢ ᠠᠬᠢᠭᠤᠯᠤᠨ᠎ᠠ ᠃

ᠬᠠᠷᠢᠴᠠᠭᠤᠯᠤᠨ ᠪᠠᠢᠴᠠᠭᠠᠯᠲᠠ ᠬᠢᠵᠦ ᠪᠠᠷᠠᠭᠰᠠᠨ ᠤ ᠳᠠᠷᠠᠭ᠎ᠠ ᠂ ᠽᠠᠩ ᠵᠢᠶᠠᠨ ᠫᠢᠩ ᠳᠡᠳ᠋ ᠬᠤᠷᠢᠶᠠᠨ ᠳᠠᠷᠤᠭ᠎ᠠ ᠬᠠᠷᠢᠯᠴᠠᠨ ᠰᠢᠭᠦᠮᠵᠢᠯᠠᠯ ᠤᠨ ᠳᠤᠮᠳᠠᠬᠢ ᠠᠰᠠᠭᠤᠳᠠᠯ ᠳᠤ ᠬᠠᠨᠳᠤᠭᠤᠯᠤᠨ—— ᠬᠠᠷᠢᠭᠤᠯᠲᠠ ᠦᠭᠭᠦᠭᠰᠡᠨ ᠮᠦᠷᠲᠡᠭᠡᠨ ᠬᠠᠮᠢᠶ᠎ᠠ ᠪᠦᠬᠦᠢ ᠬᠠᠷᠢᠴᠠᠭᠤᠴᠠᠵᠤ ᠪᠠᠢᠭ᠎ᠠ ᠬᠦᠮᠦᠨ ᠦᠬᠡᠷᠡᠴᠢᠯᠡᠯᠲᠡ ᠶᠢ ᠳᠤᠤᠰᠢᠯᠠᠭᠤᠯᠬᠤ ᠶᠢ ᠱᠠᠭᠠᠷᠳᠠᠪᠠ ᠃ ᠡᠭᠦᠨ ᠦ ᠬᠠᠮᠳᠤ ᠽᠠᠩ ᠵᠢᠶᠠᠨ ᠫᠢᠩ ᠬᠤᠷᠢᠶᠠᠨ ᠳᠠᠷᠤᠭ᠎ᠠ ᠤᠳᠤᠷᠢᠳᠬᠤ ᠪᠠᠭ ᠵᠢᠴᠢ ᠰᠢᠶᠠᠨ ᠭᠠᠵᠠᠷ ᠤᠨ ᠳᠡᠰ ᠦᠨ ᠺᠠᠲᠠᠷ ᠲᠤ ᠬᠤᠶᠠᠷ ᠱᠠᠭᠠᠷᠳᠠᠯᠭ᠎ᠠ ᠳᠤᠷᠠᠳᠤᠪᠠ ᠄  ᠨᠢᠬᠡ ᠨᠢ ᠰᠢᠬᠦᠨ ᠳᠠᠰᠤᠯᠤᠯᠲᠠ ᠶᠢᠨ ᠠᠵᠢᠯ ᠢ ᠰᠠᠢᠨ ᠬᠢᠬᠦ ᠂ ᠬᠤᠶᠠᠷ  ᠲᠤ ᠡᠩᠨᠡᠭᠡ ᠪᠡᠨ ᠰᠠᠢᠨ ᠳᠠᠭᠠᠭᠤᠯᠬᠤ ᠬᠡᠷᠡᠭᠲᠡᠢ ᠃

ᠽᠠᠩ ᠵᠢᠶᠠᠨ ᠫᠢᠩ ᠳᠡᠳ᠋ ᠬᠤᠷᠢᠶᠠᠨ ᠳᠠᠷᠤᠭ᠎ᠠ ᠬᠠᠮᠤᠭ ᠡᠴᠦᠰ ᠲᠦ ᠴᠢᠩᠭᠠᠳᠬᠠᠭᠰᠠᠨ ᠨᠢ ᠂ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠬᠤᠳᠠ ᠶᠢᠨ ᠨᠠᠮ ᠤᠨ ᠬᠤᠷᠢᠶᠠᠨ ᠤ ᠱᠠᠭᠠᠷᠳᠠᠯᠭ᠎ᠠ ᠶᠤᠰᠤᠭᠠᠷ ᠂ ᠳᠤᠰ ᠤᠳᠠᠭᠠᠨ ᠤ ᠳᠤᠰᠬᠠᠢ ᠰᠡᠳᠦᠪᠲᠦ ᠠᠷᠠᠳᠴᠢᠯᠠᠯ ᠠᠮᠢᠳᠤᠷᠠᠯ ᠤᠨ ᠬᠤᠷᠠᠯ ᠢᠶᠠᠷ ᠰᠢᠨ᠎ᠠ ᠡᠬᠢᠯᠡᠯᠲᠡ ᠪᠤᠯᠭᠠᠨ ᠂ ᠤᠳᠤᠷᠢᠳᠬᠤ ᠪᠠᠭ ᠤᠨ ᠦᠵᠡᠯ ᠰᠠᠨᠠᠭ᠎ᠠ ᠤᠯᠤᠰ ᠲᠦᠷᠦ ᠶᠢᠨ ᠪᠠᠢᠭᠤᠯᠤᠯᠲᠠ ᠪᠠ ᠰᠢᠬᠦᠬᠦ ᠬᠤᠷᠢᠶᠠᠨ ᠤ ᠭᠡᠪ ᠰᠤᠷᠳᠠᠯ ᠤᠨ ᠪᠦᠲᠦᠭᠡᠨ ᠪᠠᠢᠭᠤᠯᠤᠯᠲᠠ ᠶᠢ ᠳᠠᠰᠤᠷᠤᠯᠲᠠ ᠦᠬᠡᠢ ᠬᠦᠨᠵᠡᠭᠡᠢᠷᠡᠭᠦᠯᠵᠦ ᠂ ᠢᠳᠡᠬᠡᠯ ᠬᠦᠰᠡᠯ ᠢᠶᠡᠨ ᠤᠯᠠᠮ ᠨᠢᠬᠡ ᠠᠯᠬᠤᠮ ᠪᠠᠳᠤᠳᠬᠠᠵᠤ ᠂ ᠨᠠᠮ ᠤᠨ ᠠᠮᠢᠳᠤᠷᠠᠯ ᠢ ᠴᠢᠩᠭ᠎ᠠ ᠪᠤᠯᠭᠠᠵᠤ ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠳᠤ ᠪᠠ ᠤᠯᠤᠰ ᠲᠦᠷᠦ ᠶᠢᠨ ᠲᠦᠷᠢᠮ ᠳᠤᠭᠳᠠᠭᠠᠯ ᠢ ᠴᠢᠩᠭ᠎ᠠ ᠪᠠᠷᠢᠮᠳᠠᠯᠠᠵᠤ ᠂ ᠨᠠᠮᠴᠢ ᠴᠢᠨᠠᠷ ᠤᠨ ᠪᠤᠯᠪᠠᠰᠤᠷᠠᠯ ᠢ ᠴᠢᠩᠭᠠᠳᠬᠠᠵᠤ ᠂ ᠠᠷᠠᠳ ᠤᠨ ᠲᠦᠯᠦᠬᠡ ᠬᠠᠤᠯᠢ ᠪᠠᠷᠢᠬᠤ ᠬᠠᠤᠯᠢ ᠴᠠᠭᠠᠵᠠ ᠶᠢᠨ ᠤᠢᠯᠭᠠᠯᠲᠠ ᠶᠢ ᠴᠢᠩᠭᠠᠳᠬᠠᠵᠤ ᠂ ᠤᠳᠤᠷᠢᠳᠬᠤ ᠪᠠᠭ ᠤᠨ ᠭᠤᠤᠯᠯᠠᠬᠤ ᠦᠢᠯᠡᠳᠦᠯ ᠢ ᠪᠠᠳᠠᠷᠠᠭᠤᠯᠤᠨ ᠂ ᠤᠳᠤᠷᠢᠳᠬᠤ ᠪᠠᠭ ᠤᠨ ᠲᠦᠪᠯᠡᠷᠡᠯ ᠦᠨ ᠬᠦᠴᠦᠨ ᠂ ᠤᠷᠢᠶᠠᠯᠠᠬᠤ ᠬᠦᠴᠦᠨ ᠂ ᠪᠠᠢᠯᠳᠤᠬᠤ ᠬᠦᠴᠦᠨ ᠳᠡᠭᠡᠰᠢᠯᠡᠬᠦᠯᠦᠨ᠎ᠠ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )