ᠤᠷᠳᠤᠰ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠠᠢᠭᠤᠯᠭ᠎ᠠ ᠶᠢᠨ ᠨᠠᠮ ᠤᠨ ᠬᠤᠷᠢᠶᠠᠨ ᠤ ᠬᠤᠭᠤᠴᠠᠭ᠎ᠠ ᠰᠤᠯᠢᠬᠤ ᠰᠣᠩᠭᠤᠭᠤᠯᠢ ᠶᠢᠨ ᠠᠵᠢᠯ ᠤᠷᠤᠭᠰᠢᠲᠠᠢ ᠶᠠᠪᠤᠭᠳᠠᠪᠠ
2016.04.13 ᠲᠣᠰ ᠥᠷᠲᠡᠭᠡᠨ ᠦ ᠨᠠᠢᠷᠠᠭᠤᠯᠤᠭᠴᠢ

 

 

 

 

 

 

4 ᠰᠠᠷᠠᠢᠨ 12 ᠡᠳᠦᠷ ᠦᠨ ᠦᠳᠡ ᠶᠢᠨ ᠡᠮᠦᠨ᠎ᠠ ᠂ ᠤᠷᠳᠤᠰ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶ᠎ᠠ 《ᠳᠤᠮᠳᠠᠳᠤ ᠤᠯᠤᠰ ᠤᠨ ᠡᠪ ᠬᠠᠮᠳᠤ ᠨᠠᠮ ᠤᠨ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶ᠎ᠠ ᠪᠠᠢᠭᠤᠯᠤᠯᠭ᠎ᠠ ᠺᠤᠮᠢᠰ ᠤᠨ ᠬᠤᠭᠤᠴᠠᠭ᠎ᠠ ᠰᠤᠯᠢᠬᠤ ᠰᠣᠩᠭᠤᠭᠤᠯᠢ ᠪᠤᠯᠤᠨ ᠨᠠᠮ ᠤᠨ ᠪᠠᠢᠭᠤᠯᠤᠯᠲᠠ ᠶᠢᠨ ᠠᠵᠢᠯ ᠤᠨ ᠮᠡᠳᠡᠬᠦᠯᠦᠯᠲᠡ ᠬᠢᠬᠦ ᠶᠡᠬᠡ ᠬᠤᠷᠠᠯ》 ᠢ ᠬᠤᠷᠠᠯᠳᠠᠭᠤᠯᠵᠤ ᠂ ᠬᠤᠷᠠᠯ ᠠᠴᠠ ᠰᠢᠨ᠎ᠠ ᠬᠤᠭᠤᠴᠠᠭᠠᠨ ᠤ ᠪᠠᠢᠭᠤᠯᠭ᠎ᠠ ᠶᠢᠨ ᠨᠠᠮ ᠤᠨ ᠬᠤᠷᠢᠶᠠᠨ ᠤ ᠬᠡᠰᠢᠬᠦᠨ ᠢ ᠰᠤᠩᠭᠤᠵᠤ ᠭᠠᠷᠭᠠᠪᠠ᠃ ᠳᠤᠮᠳᠠᠳᠤ ᠤᠯᠤᠰ ᠡᠪ ᠬᠠᠮᠳᠤ ᠨᠠᠮ ᠤᠨ ᠤᠷᠳᠤᠰ ᠬᠤᠳᠠ ᠶᠢᠨ ᠰᠢᠭᠤᠳ ᠬᠠᠷᠢᠶ᠎ᠠ ᠪᠠᠢᠭᠤᠯᠭ᠎ᠠ ᠶᠢᠨ ᠬᠤᠷᠢᠶᠠᠨ ᠤ ᠳᠡᠳ᠋ ᠱᠦᠵᠢ ᠯᠢ ᠪᠦᠸᠸ ᠨᠦᠬᠦᠷ ᠬᠤᠷᠠᠯ ᠳᠤ ᠤᠷᠤᠯᠴᠠᠵᠤ᠂ ᠬᠤᠳᠠ ᠶᠢᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠬᠡᠰᠡᠭ ᠪᠦᠷᠢᠯᠳᠦᠬᠦᠨ ᠵᠢᠴᠢ ᠠᠵᠢᠯ  ᠤᠨ ᠪᠠᠢᠷᠢ ᠳᠤ ᠪᠠᠢᠭ᠎ᠠ ᠨᠠᠮ ᠤᠨ ᠬᠡᠰᠢᠬᠦᠨ ᠨᠡᠢᠲᠡ 112 ᠬᠦᠮᠦᠨ ᠬᠤᠷᠠᠯ ᠳᠤ ᠤᠷᠤᠯᠴᠠᠪᠠ ᠃

ᠬᠤᠷᠠᠯ ᠨᠢ ᠲᠦᠪ ᠶᠡᠬᠡᠮᠰᠦᠭ ᠂ ᠠᠤᠭ᠎ᠠ ᠶᠡᠬᠡ ᠳᠠᠭᠤᠨ ᠳᠤᠮᠳᠠ ᠡᠬᠢᠯᠡᠬᠦᠯᠪᠡ ᠃ ᠬᠤᠷᠠᠯ ᠤᠨ ᠡᠬᠢᠨ ᠳᠦ ᠳᠤᠰ ᠬᠤᠭᠤᠴᠠᠭᠠᠨ ᠤ ᠪᠠᠢᠭᠤᠯᠭ᠎ᠠ ᠶᠢᠨ ᠨᠠᠮ ᠤᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠤᠰᠪᠠ ᠃ ᠳᠠᠷᠠᠭ᠎ᠠ ᠨᠢ ᠂ ᠰᠤᠩᠭᠤᠭᠤᠯᠢ ᠶᠢᠨ ᠲᠦᠷᠢᠮ ᠳᠤᠭᠳᠠᠭᠠᠯ ᠪᠠ ᠠᠯᠬᠤᠮ ᠳᠠᠷᠠᠭ᠎ᠠ ᠶᠢ ᠴᠢᠩᠭ᠎ᠠ ᠬᠢᠨᠠᠮᠠᠭᠠᠢ ᠵᠢᠷᠦᠮᠯᠡᠵᠦ ᠂ ᠨᠡᠷ᠎ᠡ ᠳᠡᠮᠳᠡᠭᠯᠡᠬᠦ ᠦᠬᠡᠢ ᠫᠢᠶᠤᠤ ᠦᠭᠬᠦ ᠂ ᠲᠤᠭᠠᠨ ᠤ ᠵᠦᠷᠢᠶᠡᠲᠦ ᠰᠤᠩᠭᠤᠭᠤᠯᠢ ᠶᠢᠨ ᠠᠷᠭ᠎ᠠ ᠮᠠᠶᠢᠭ  ᠢ ᠬᠡᠷᠡᠭᠵᠢᠬᠦᠯᠵᠦ ᠂ ᠰᠣᠩᠭᠤᠭᠤᠯᠢ ᠪᠠᠷ ᠳᠠᠮᠵᠢᠵᠤ ᠰᠢᠨ᠎ᠠ ᠨᠢᠬᠡ ᠬᠤᠭᠤᠴᠠᠭᠠᠨ ᠤ ᠪᠠᠢᠭᠤᠯᠭ᠎ᠠ ᠶᠢᠨ ᠨᠠᠮ ᠤᠨ ᠬᠤᠷᠢᠶᠠᠨ ᠤ ᠺᠤᠮᠢᠰ ᠭᠠᠷᠤᠭᠰᠠᠨ ᠪᠠᠢᠨ᠎ᠠ ᠂ ᠸᠠᠩ ᡁᠢ ᠯᠠᠩ ᠂ ᠪᠢᠶᠠᠨ ᠰᠢᠶᠤᠤ ᠶᠠᠨ ᠂ ᠯᠢᠥ ᠵᠢᠶᠠᠨ ᠸᠸᠨ ᠂ ᠯᠢ ᠶᠠᠨ ᠂ ᠯᠢ ᠵᠢᠩ ᠭᠦᠸᠸ ᠂ ᠾᠸ ᠶᠠᠨ ᠴᠦᠨ ᠂ ᠢᠥᠢ ᠯᠢ 7 ᠨᠡᠷᠡᠰ ᠨᠦᠬᠦᠷ ᠰᠤᠩᠭᠤᠭᠳᠠᠪᠠ ᠃

ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠤᠳᠤᠷᠢᠳᠬᠤ ᠲᠤᠭᠤᠢᠯᠠᠩ ᠤᠨ ᠪᠦᠷᠢᠯᠳᠦᠬᠦᠨ᠂ ᠳᠡᠳ᠋ ᠬᠤᠷᠢᠶᠠᠨ ᠳᠠᠷᠤᠭ᠎ᠠ ᠂ ᠤᠯᠤᠰ ᠲᠦᠷᠦ ᠶᠢᠨ ᠬᠡᠯᠳᠡᠰ ᠦᠨ ᠡᠷᠬᠢᠯᠡᠭᠴᠢ ᠂ ᠪᠠᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ ᠯᠢ ᠵᠢᠩ ᠭᠦᠸᠸ ᠪᠠᠢᠭᠤᠯᠭ᠎ᠠ ᠶᠢᠨ ᠨᠠᠮ ᠤᠨ ᠬᠤᠷᠢᠶᠠᠨ ᠤ ᠠᠵᠢᠯ ᠤᠨ ᠮᠡᠳᠡᠭᠦᠯᠦᠯᠲᠡ ᠳᠦ ᠪᠠᠨ ᠳᠡᠭᠡᠷ᠎ᠠ ᠨᠢᠬᠡ ᠬᠤᠭᠤᠴᠠᠭᠠᠨ ᠤ ᠪᠠᠢᠭᠤᠯᠭ᠎ᠠ ᠶᠢᠨ ᠨᠠᠮ ᠢ ᠬᠤᠷᠢᠶᠠᠨ ᠤ ᠠᠵᠢᠯ ᠢ ᠳ᠋ᠦᠩᠨᠡᠵᠦ ᠂ ᠪᠠᠰᠠ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠪᠦᠲᠦᠬᠡᠨ ᠪᠠᠢᠭᠤᠯᠤᠯᠲᠠ ᠶᠢᠨ ᠠᠵᠢᠯ ᠳᠤ ᠰᠢᠨ᠎ᠠ ᠱᠠᠭᠠᠷᠳᠠᠯᠭ᠎ᠠ ᠳᠤᠷᠠᠳᠤᠪᠠ ᠄ ᠪᠠᠢᠭᠤᠯᠭ᠎ᠠ ᠶᠢᠨ ᠨᠠᠮ ᠤᠨ ᠬᠤᠷᠢᠶ᠎ᠠ ᠨᠢ ᠨᠠᠮ ᠤᠨ ᠪᠦᠲᠦᠬᠡᠨ ᠪᠠᠢᠭᠤᠯᠬᠤ ᠦᠵᠡᠯ ᠰᠠᠨᠠᠭ᠎ᠠ  ᠶᠢ ᠳᠤᠤᠱᠢᠯᠠᠭᠤᠯᠬᠤ ᠂ ᠲᠦᠪ ᠴᠢᠩᠭ᠎ᠠ ᠪᠠᠷ ᠨᠠᠮ ᠢ ᠵᠠᠰᠠᠬᠤ ᠶᠢ ᠳᠤᠤᠱᠢᠯᠠᠭᠤᠯᠬᠤ ᠂ ᠡᠩᠨᠡᠭᠡᠨ ᠦ ᠪᠦᠲᠦᠬᠡᠨ ᠪᠠᠢᠭᠤᠯᠤᠯᠲᠠ ᠶᠢ ᠴᠢᠩᠭᠠᠳᠬᠠᠬᠤ ᠂ ᠠᠵᠢᠯ ᠤᠨ ᠵᠠᠭᠤᠴᠢ  ᠳᠤ ᠰᠢᠨ᠎ᠠ ᠶᠢ ᠡᠭᠦᠳᠬᠦ ᠂ ᠨᠠᠮ ᠤᠨ ᠰᠤᠷᠳᠠᠯ ᠤᠨ ᠠᠷᠢᠭᠤᠨ ᠴᠢᠬᠡᠴᠢ ᠵᠠᠰᠠᠭ ᠤᠨ ᠪᠦᠲᠦᠬᠡᠨ ᠪᠠᠢᠭᠤᠯᠤᠯᠲᠠ ᠵᠡᠷᠬᠡ ᠳᠠᠪᠤᠨ ᠲᠠᠯ᠎ᠠ ᠶᠢ ᠴᠢᠬᠤᠯᠴᠢᠯᠠᠨ ᠨᠠᠮ ᠤᠨ ᠪᠦᠲᠦᠬᠡᠨ ᠪᠠᠢᠭᠤᠯᠤᠯᠲᠠ ᠶᠢ ᠠᠳᠬᠤᠨ᠎ᠠ ᠃ ᠡᠭᠦᠨ ᠦ ᠬᠠᠮᠳᠤ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠦᠬᠦ ᠨᠠᠮ ᠤᠨ ᠬᠡᠰᠢᠬᠦᠨ ᠺᠠᠲᠠᠷ《ᠨᠠᠮ ᠨᠢ ᠨᠠᠮ ᠢᠶᠠᠨ ᠬᠠᠮᠢᠶᠠᠷᠬᠤ ᠂ ᠲᠦᠪ ᠴᠢᠩᠭ᠎ᠠ ᠪᠠᠷ ᠨᠠᠮ ᠢ ᠵᠠᠰᠠᠬᠤ》 ᠪᠠᠷ ᠬᠠᠷᠠᠯᠲᠠ ᠪᠤᠯᠭᠠᠬᠤ ᠶᠢ ᠬᠦᠰᠡᠵᠦ ᠂ ᠰᠢᠨ᠎ᠠ ᠪᠠᠢᠳᠠᠯ ᠳᠤᠤᠷᠠᠬᠢ ᠨᠠᠮ ᠤᠨ ᠪᠦᠲᠦᠬᠡᠨ ᠪᠠᠢᠭᠤᠯᠤᠯᠲᠠ ᠶᠢᠨ ᠠᠵᠢᠯ ᠤᠨ ᠬᠦᠭᠵᠢᠯᠲᠡ ᠶᠢᠨ ᠬᠤᠪᠢᠷᠠᠯᠲᠠ ᠶᠢ ᠨᠠᠷᠢᠨ ᠬᠢᠨᠠᠮᠠᠭᠠᠢ ᠬᠢᠵᠦ ᠂ ᠰᠢᠬᠦᠬᠦ ᠬᠤᠷᠢᠶᠠᠨ ᠤ ᠤᠨᠴᠠᠯᠢᠭ ᠪᠦᠬᠦᠢ ᠨᠠᠮ ᠤᠨ ᠪᠦᠲᠦᠬᠡᠨ ᠪᠠᠢᠭᠤᠯᠤᠯᠲᠠ ᠶᠢᠨ ᠪᠡᠶᠡᠯᠡᠬᠦᠯᠬᠦ ᠵᠠᠮ ᠢ ᠢᠳᠡᠪᠬᠢᠲᠠᠢ ᠡᠷᠢᠯᠬᠢᠯᠡᠨ ᠂ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠨᠠᠮ ᠤᠨ ᠪᠦᠲᠦᠬᠡᠨ ᠪᠠᠢᠭᠤᠯᠤᠯᠲᠠ ᠶᠢᠨ  ᠠᠵᠢᠯ ᠤᠨ ᠰᠢᠨ᠎ᠠ ᠪᠠᠢᠳᠠᠯ ᠤᠨ ᠲᠦᠯᠦᠬᠡ ᠳᠡᠮᠡᠴᠡᠶ᠎ᠠ!

ᠬᠤᠳᠠ ᠶᠢᠨ ᠰᠢᠭᠤᠳ ᠬᠠᠷᠢᠶ᠎ᠠ ᠪᠠᠢᠭᠤᠯᠭ᠎ᠠ ᠶᠢᠨ ᠺᠤᠮᠢᠰ  ᠤᠨ ᠱᠦᠵᠢ ᠯᠢ ᠪᠦᠸᠸ ᠨᠦᠬᠦᠷ ᠬᠤᠷᠠᠯ ᠳᠡᠭᠡᠷ᠎ᠠ ᠮᠠᠨ ᠤ ᠬᠤᠷᠢᠶᠠᠨ ᠤ ᠨᠠᠮ ᠤᠨ ᠪᠦᠲᠦᠭᠡᠨ ᠪᠠᠢᠭᠤᠯᠤᠯᠲᠠ ᠶᠢᠨ ᠠᠵᠢᠯ ᠢ ᠦᠨᠳᠦᠷ ᠦᠨᠨᠡᠯᠡᠯᠲᠡ ᠦᠭᠴᠦ ᠂ ᠰᠢᠨ᠎ᠠ ᠨᠢᠬᠡ ᠬᠤᠭᠤᠴᠠᠭᠠᠨ ᠤ ᠪᠠᠢᠭᠤᠯᠭ᠎ᠠ ᠶᠢᠨ ᠬᠡᠰᠢᠬᠦᠨ ᠨᠢ ᠤᠯᠠᠮ ᠠᠴᠠ ᠤᠯᠠᠮ  ᠴᠢᠷᠮᠠᠢᠵᠤ ᠂ ᠰᠢᠨ᠎ᠠ ᠨᠢᠬᠡᠨ ᠵᠢᠯ ᠳᠦ ᠨᠡᠩ ᠰᠠᠢᠠ ᠨᠡᠩ ᠶᠡᠬᠡ ᠠᠮᠵᠢᠯᠲᠠ ᠤᠯᠬᠤ ᠶᠢ ᠬᠦᠰᠡᠵᠦ ᠪᠠᠢᠨ᠎ᠠ ᠃

ᠬᠤᠷᠠᠯ ᠤᠨ ᠳᠠᠷᠠᠭ᠎ᠠ ᠂ ᠰᠢᠨ᠎ᠠ ᠨᠢᠬᠡ ᠬᠤᠭᠤᠴᠠᠭᠠᠨ ᠤ ᠤᠷᠳᠤᠰ ᠬᠤᠳᠠ ᠶᠢᠨ ᠠᠷᠠᠳ ᠤᠨ ᠳᠤᠮᠳᠠ ᠵᠡᠷᠬᠡ ᠶᠢᠨ ᠰᠢᠬᠦᠬᠦ ᠬᠤᠷᠢᠶᠠᠨ ᠤ ᠪᠠᠢᠭᠤᠯᠭ᠎ᠠ ᠶᠢᠨ ᠨᠠᠮ ᠤᠨ ᠬᠤᠷᠢᠶ᠎ᠠ ᠨᠢ ᠠᠩᠬ᠎ᠠ ᠤᠳᠠᠭᠠᠨ ᠤ ᠪᠦᠬᠦ ᠬᠡᠰᠢᠬᠦᠨ ᠦ ᠬᠤᠷᠠᠯ ᠬᠢᠵᠦ ᠂ ᠯᠢ ᠵᠢᠩ ᠭᠦᠸᠸ ᠨᠦᠬᠦᠷ ᠪᠠᠢᠭᠤᠯᠭ᠎ᠠ ᠶᠢᠨ ᠨᠠᠮ ᠤᠨ ᠬᠤᠷᠢᠶᠠᠨ ᠤ ᠱᠦᠵᠢ ᠪᠡᠷ ᠰᠤᠩᠭᠤᠭᠳᠠᠵᠤ ᠂ ᠸᠠᠨ ᡁᠢ ᠯᠠᠩ ᠨᠦᠬᠦᠷ ᠪᠠᠢᠭᠤᠯᠭ᠎ᠠ ᠶᠢᠨ ᠨᠠᠮ ᠤᠨ ᠬᠤᠷᠢᠶᠠᠨ ᠤ ᠳᠤᠰᠬᠠᠢ ᠳᠤᠰᠢᠶᠠᠯᠲᠤ ᠱᠦᠵᠢ  ᠪᠡᠷ ᠰᠤᠩᠭᠤᠭᠳᠠᠵᠤ ᠂ ᠬᠤᠷᠠᠯ ᠳᠡᠭᠡᠷ᠎ᠠ ᠪᠠᠰᠠ ᠪᠠᠢᠭᠤᠯᠭ᠎ᠠ ᠶᠢᠨ ᠨᠠᠮ ᠤᠨ ᠬᠤᠷᠢᠶᠠᠨ ᠤ ᠬᠡᠰᠢᠭᠦᠳ ᠦᠨ ᠠᠵᠢᠯ ᠤᠨ ᠬᠤᠪᠢᠶᠠᠯᠲᠠ ᠵᠡᠷᠬᠡ ᠶᠠᠪᠤᠳᠠᠯ ᠢ ᠵᠦᠪᠳᠡᠪᠡ ᠃

ᠦᠨᠡᠯᠡᠬᠦ 0ᠦᠨᠡᠯᠡᠯᠲᠡ ᠲᠠᠢ


( ᠨᠧᠲ ᠨᠠᠢᠵᠠ ᠵᠢᠨ ᠦᠨᠡᠯᠡᠯᠲᠡ ᠨᠢ ᠵᠦᠪᠭᠡᠨ ᠲᠡᠭᠦᠨ ᠊ᠤ᠌ ᠬᠤᠪᠢ ᠭᠦᠮᠦᠨ ᠊ᠤ᠌ ᠦᠵᠡᠯᠲᠡ ᠲᠡᠳᠦᠢ᠂ ᠲᠤᠰ ᠨᠧᠲ ᠦᠷᠳᠡᠭᠡ ᠲᠡᠭᠦᠨ ᠊ᠤ᠌ ᠦᠵᠡᠯᠲᠡ ᠵᠢ ᠵᠦᠪᠰᠢᠶᠡᠷᠡᠭᠰᠡᠨ ᠶᠠᠪᠤᠳᠠᠯ ᠤᠭᠳᠤ ᠪᠢᠰᠢ ᠶᠤᠮ᠃ )